ᠬᠠᠮᠤᠭ ᠤᠨ ᠰᠢᠨ᠎ᠡ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2022 ᠣᠨ ᠤ 1︱11 ᠰᠠᠷ᠎ᠠ ᠳᠤ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ ᠠᠩᠬ᠎ᠠ ᠤᠳᠠᠭ᠎ᠠ ᠮᠢᠩᠭᠠᠨ ᠳ᠋ᠦᠩᠰᠢᠭᠤᠷ ᠲᠥᠭᠦᠷᠢᠭ ᠢ ᠳᠠᠪᠠᠵᠤ | ᠂ ᠠᠳᠠᠯᠢ ᠬᠤᠭᠤᠴᠠᠭᠠᠨ ᠤ ᠬᠢ ᠠᠴᠠ 58% ᠪᠠᠷ ᠨᠡᠮᠡᠭᠳᠡᠪᠡ ᠃ ᠪᠡᠶᠡᠯᠡᠭᠦᠯᠦᠭᠰᠡᠨ ᠠᠰᠢᠭ ᠬᠤᠨᠵᠢᠪᠤᠷᠢ ᠶᠢᠨ | ᠶᠡᠷᠦᠩᠬᠡᠢ ᠬᠡᠮᠵᠢᠶ᠎ᠡ 114.63 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20. | 1% ᠢᠶᠠᠷ ᠨᠡᠮᠡᠭᠳᠡᠪᠡ ᠃ ᠣᠷᠣᠯᠭ᠎ᠠ ᠶᠢᠨ ᠠᠰᠢᠭ ᠬᠤᠨᠵᠢᠪᠤᠷᠢ ᠶᠢᠨ ᠨᠣᠷᠮ᠎ᠠ 10.9% ᠳᠤ ᠬᠦᠷᠴᠦ᠂ ᠪᠤᠭᠤᠲᠤ | ᠬᠤᠲᠠ ᠶᠢᠨ ᠳᠤᠮᠳᠠᠴᠢ ᠬᠢᠷᠢ ᠲᠦᠪᠰᠢᠨ ᠠᠴᠠ 1.55 ᠵᠠᠭᠤᠨ ᠤ ᠨᠢᠭᠡᠴᠢ ᠥᠨᠳᠥᠷ ᠪᠣᠯᠪᠠ ᠃ ᠤᠯᠤᠰ ᠤᠨ | ᠳᠣᠲᠣᠭᠠᠳᠤ ᠶᠢᠨ ︵ᠣᠷᠣᠨ ᠤ ᠭᠠᠳᠠᠨᠠᠬᠢ︶ ᠶᠢᠨ ᠲᠥᠷᠥᠯ ᠵᠦᠢᠯ ᠢ ᠣᠷᠣᠭᠤᠯᠤᠨ ᠠᠪᠴᠢᠷᠠᠵᠤ ᠪᠣᠳᠠᠲᠠᠶᠢᠵᠢᠭᠤᠯᠬᠤ | ᠪᠡᠯᠡ ᠮᠥᠩᠭᠦ ᠶᠢ ᠵᠢᠱᠢᠯᠲᠡ ᠪᠠᠷ 73 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ ᠮᠠᠨ ᠤ | ᠬᠤᠲᠠ ᠶᠢᠨ ᠪᠠᠭᠤᠯᠭᠠᠭᠰᠠᠨ ᠪᠥᠬᠦ ᠵᠢᠯ ᠤᠨ ᠬᠠᠷᠠᠯᠲᠠ ᠶᠢᠨ ᠡᠭᠦᠷᠭᠡ ᠶᠢ 1 ᠰᠠᠷ᠎ᠠ ᠤᠷᠢᠳᠴᠢᠯᠠᠨ ᠪᠡᠶᠡᠯᠡᠭᠦᠯᠪᠠ᠃ | 2022 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠲᠦᠷᠦᠯ ᠵᠦᠢᠯ ᠢᠶᠠᠷ | ᠭᠤᠣᠯ ᠪᠣᠯᠭᠠᠬᠤ︾ ᠶᠢ ᠪᠠᠷᠢᠮᠲᠠᠯᠠᠵᠤ᠂ ᠲᠦᠷᠦᠯ ᠵᠦᠢᠯ ᠢ ᠠᠬᠢᠭᠤᠯᠬᠤ ᠶᠢ ᠨᠥᠯᠥᠭᠡᠯᠡᠬᠦ ᠪᠣᠳᠠᠲᠠᠢ ᠠᠰᠠᠭᠤᠳᠠᠯ ᠢ | ᠬᠠᠮᠤᠭ ᠤᠨ ᠲᠦᠷᠭᠡᠨ ᠬᠤᠷᠳᠤᠴᠠ ᠪᠠᠷ ᠰᠢᠢᠳᠪᠦᠷᠢᠯᠡᠵᠦ᠂ ︽ᠭᠠᠵᠠᠷ ᠰᠢᠷᠣᠢ ᠶᠢ ᠣᠯᠪᠠᠯ ᠳᠠᠷᠤᠢ ᠠᠵᠢᠯ | ᠡᠬᠢᠯᠡᠭᠦᠯᠬᠦ︾ ᠶᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠦᠷᠦᠯ ᠵᠦᠢᠯ ᠢ ᠠᠬᠢᠭᠤᠯᠬᠤ | ᠬᠡᠪ ᠤᠨ ᠪᠠᠶᠢᠳᠠᠯ ᠪᠣᠯᠭᠠᠪᠠ᠃2022 ᠣᠨ ᠤ 1 ︱ 11 ᠰᠠᠷ᠎ᠠ ᠳᠤ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠬᠢᠨ ᠰᠢᠯᠢᠳᠡᠭ ᠲᠦᠷᠦᠯ ᠵᠦᠢᠯ ᠢ ᠨᠡᠶᠢᠲᠡ 134 ᠡᠯᠰᠡᠵᠦ᠂ ᠭᠡᠷ᠎ᠡ ᠲᠣᠭᠲᠠᠭᠰᠠᠨ ᠲᠦᠷᠦᠯ ᠵᠦᠢᠯ ᠤᠨ ᠶᠡᠷᠦᠩᠬᠡᠢ | ᠪᠡᠯᠡ ᠣᠷᠣᠭᠤᠯᠤᠯᠲᠠ ᠨᠢ ᠪᠠᠷᠤᠭ 823.12 ᠳ᠋ᠦᠩᠰᠢᠭᠤᠷ ᠲᠥᠭᠦᠷᠢᠭ ᠲᠤ ᠬᠦᠷᠦᠨ ᠨᠢᠭᠡᠨᠲᠡ 116 ᠲᠦᠷᠦᠯ | ᠵᠦᠢᠯ ᠢ ᠨᠠᠶᠢᠳᠠᠪᠤᠷᠢᠵᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 466.82 ᠳ᠋ᠦᠩᠰᠢᠭᠤᠷ ᠲᠥᠭᠦᠷᠢᠭ ᠲᠤ | ᠬᠦᠷᠴᠦ᠂ 87% ᠤᠨ ᠨᠤᠷᠮ᠎ᠠ ᠪᠠᠷ ᠪᠦᠬᠦ ᠬᠤᠳᠠ ᠶᠢᠨ ᠨᠢᠭᠡᠳᠦᠭᠡᠷ ᠲᠤ ᠣᠷᠣᠵᠠᠢ᠃ | ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ 450 ᠳ᠋ᠦᠩᠰᠢᠭᠤᠷ ᠲᠥᠭᠦᠷᠢᠭ ᠢ | ᠳᠠᠪᠠᠵᠤ᠂ 2021 ᠣᠨ ᠤ ᠬᠢ ᠠᠴᠠ ᠳᠠᠬᠢᠨ ᠢᠶᠠᠷ ᠨᠡᠮᠡᠭᠳᠡᠭᠦᠯᠬᠦ ᠶᠢ ᠪᠡᠶᠡᠯᠡᠭᠦᠯᠪᠡ᠃ ᠲᠣᠭᠲᠠᠮᠠᠯ ᠰᠣᠷᠢᠨᠵᠢᠨ | ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ 15 ᠲᠦᠮᠡᠨ ᠲᠣᠨ ᠳᠤ ᠬᠦᠷᠴᠦ᠂ ᠪᠦᠬᠦ ᠤᠯᠤᠰ ᠤᠨ ᠭᠤᠷᠪᠠᠨ ᠤ | ᠨᠢᠭᠡ ᠬᠤᠪᠢ ᠶᠢ ᠡᠵᠡᠯᠡᠪᠡ ᠃ ᠤᠰᠤᠲᠥ᠋ᠷᠥᠭᠴᠢ ᠶᠢ ᠬᠠᠳᠠᠭᠠᠯᠠᠬᠤ᠂ ᠭᠢᠯᠠᠶᠢᠯᠭᠠᠬᠤ ᠮᠠᠲ᠋ᠧᠷᠢᠶᠠᠯ ᠤᠨ ᠭᠠᠷᠤᠯᠲᠠ | ᠪᠦᠬᠦ ᠤᠯᠤᠰ ᠲᠤ ᠨᠢᠭᠡᠳᠦᠭᠡᠷ ᠲᠤ ᠣᠷᠣᠪᠠ ᠃ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠢ ᠲᠤᠬᠠᠢ ᠶᠢᠨ | ᠭᠠᠵᠠᠷ ᠲᠤᠨᠢ ᠬᠤᠪᠢᠷᠠᠭᠤᠯᠬᠤ ᠨᠣᠷᠮ᠎ᠠ ᠶᠢ 80% ᠳᠤ ᠬᠦᠷᠦᠭᠦᠯᠵᠦ᠂ ᠬᠤᠪᠣᠷ ᠰᠢᠷᠣᠢ ᠶᠢᠨ ᠠᠵᠤ ᠦᠢᠯᠡᠰ ᠲᠤ | ᠲᠦᠰᠢᠭᠯᠡᠨ ᠪᠤᠭᠤᠲᠤ ᠬᠤᠲᠠ ᠶᠢ ᠠᠩᠬᠠᠨ ᠤ ᠪᠦᠯᠦᠭ ᠤᠯᠤᠰ ᠤᠨ ᠠᠵᠤ ᠦᠢᠯᠡᠰ ᠤᠨ ᠬᠡᠯᠬᠢᠶᠡᠨ ᠤ | ᠬᠠᠩᠭᠠᠯᠭ᠎ᠠ ᠶᠢᠨ ᠬᠡᠯᠬᠢᠶᠡᠨ ᠤ ᠠᠮᠢ ᠠᠬᠤᠢ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ | ᠴᠢᠭ᠋ ᠤᠨ ᠬᠤᠲᠠ ᠳᠤ ᠰᠣᠩᠭᠤᠨ ᠣᠷᠣᠭᠤᠯᠬᠤ ᠶᠢ ᠠᠬᠢᠭᠤᠯᠵᠤ᠂ ᠮᠠᠨ ᠤ ᠬᠤᠲᠠ ᠶᠢᠨ ︽ᠳᠡᠯᠡᠬᠡᠢ ᠶᠢᠨ ᠬᠤᠪᠣᠷ | ᠰᠢᠷᠣᠢ ᠶᠢᠨ ᠬᠤᠲᠠ︾ ᠶᠢ ᠪᠠᠶᠢᠭᠤᠯᠬᠤ ᠳᠤ ᠪᠠᠳᠣ ᠰᠠᠭᠤᠷᠢ ᠲᠠᠯᠪᠢᠪᠠ᠃ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠨᠢ ᠮᠠᠨ ᠤ ᠬᠤᠳᠠ ᠶᠢᠨ ᠪᠦᠬᠦ ᠤᠯᠤᠰ ᠤᠨ | ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠢᠶᠠᠷ ᠵᠢᠭᠰᠠᠭᠠᠭᠳᠠᠭᠰᠠᠨ ᠢᠶᠠᠷ | ᠠᠵᠠ ᠲᠣᠬᠢᠶᠠᠯ ᠪᠣᠯᠭᠠᠵᠤ᠂ ᠶᠡᠷᠦᠩᠬᠡᠢ ᠪᠡᠯᠡ ᠣᠷᠣᠭᠤᠯᠤᠯᠲᠠ ᠨᠢ 105 ᠳ᠋ᠦᠩᠰᠢᠭᠤᠷ ᠲᠥᠭᠦᠷᠢᠭ ᠲᠤ | ᠬᠦᠷᠦᠭᠰᠡᠨ ᠱᠤᠸᠠᠩ ᠯᠢᠶᠠᠩ 50GW ᠲᠣᠮᠣ ᠬᠡᠮᠵᠢᠶᠡᠨ ᠤ ᠲᠠᠩ ᠲᠠᠯᠠᠰᠲᠤ ᠴᠠᠬᠢᠭᠤᠷ ᠤᠨ ᠲᠠᠯᠠᠰᠲᠤ ᠲᠠᠲᠠᠬᠤ | ᠲᠦᠷᠦᠯ ᠵᠦᠢᠯ ᠤᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠵᠠᠢ᠃ ᠲᠦᠷᠦᠯ ᠵᠦᠢᠯ ᠢ ᠵᠠᠯᠭᠠᠪᠡᠷ ᠭᠠᠷ ᠤᠨ | ᠦᠰᠦᠭ ᠵᠢᠷᠤᠵᠤ ᠨᠠᠶᠢᠳᠠᠪᠤᠷᠢᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠷᠡᠯ ᠴᠡᠨᠡᠭ ᠤᠨ ᠠᠵᠤ | ᠦᠢᠯᠡᠰ ᠤᠨ ᠣᠬᠤᠷᠬᠠᠨ ᠬᠤᠭᠤᠴᠠᠭᠠᠨ ᠳᠤ ᠲᠠᠩ ᠲᠠᠯᠠᠰᠲᠤ ᠴᠠᠬᠢᠭᠤᠷ ᠠᠴᠠ ᠤᠭᠰᠠᠷᠠᠭ᠎ᠠ ᠲᠤᠨᠤᠭ ᠬᠦᠷᠲᠡᠯ᠎ᠡ | ᠬᠠᠮᠢᠶ᠎ᠠ ᠪᠦᠬᠦᠢ ᠢᠵᠢ ᠪᠦᠷᠢᠳᠦᠭᠰᠡᠨ ᠦᠢᠯᠡᠳᠬᠦᠨ ᠬᠦᠷᠲᠡᠯ᠎ᠡ᠂ ᠲᠠᠬᠢᠨ ᠬᠡᠷᠡᠯ ᠴᠡᠨᠡᠭ ᠤᠨ ᠴᠠᠬᠢᠯᠭᠠᠨ | ᠦᠷᠳᠡᠭᠡ ᠶᠢᠨ ᠪᠦᠬᠦ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠶᠢ ᠪᠡᠶᠡᠯᠡᠭᠦᠯᠵᠡᠢ᠃ | ᠰᠢᠨ᠎ᠡ ᠶᠢ ᠡᠭᠦᠳᠬᠦ ᠰᠠᠭᠤᠷᠢ ᠶᠢ ᠪᠠᠬᠢᠵᠢᠭᠦᠯᠵᠦ᠂ ᠰᠢᠨ᠎ᠡ ᠶᠢ ᠡᠭᠦᠳᠬᠦ ᠬᠥᠭᠵᠢᠯᠲᠡ ᠶᠢᠨ ᠲᠤᠯᠭᠠᠭᠤᠷᠢᠯᠠᠯ ᠢ | ᠴᠢᠩᠭᠠᠳᠬᠠᠪᠠ᠃ 2022 ᠣᠨ ᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨ᠎ᠡ ᠪᠠᠷ | ᠨᠡᠮᠡᠭᠳᠡᠭᠰᠡᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ | 133 ᠪᠠᠶᠢᠵᠤ᠂ ᠪᠦᠬᠦ ᠬᠤᠲᠠ ᠶᠢᠨ 65.2% ᠢ ᠡᠵᠡᠯᠡᠨ ᠪᠦᠬᠦ ᠬᠤᠲᠠ ᠶᠢᠨ ᠨᠢᠭᠡᠳᠦᠭᠡᠷ ᠲᠤ ᠣᠷᠣᠪᠠ᠃ | ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢᠨ ᠰᠢᠨ᠎ᠡ ᠡᠭᠦᠳᠦᠯᠲᠡ ᠥᠨᠳᠥᠷ᠂ | 111 ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠲᠠᠢ ᠪᠠᠶᠢᠵᠤ᠂ ᠤᠮᠠᠷᠠᠲᠤ ᠶᠢᠨ ᠬᠤᠪᠣᠷ ᠰᠢᠷᠣᠢ ᠶᠢ | ᠤᠯᠤᠰ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ ᠢᠶᠠᠷ ᠮᠠᠭᠠᠳᠯᠠᠨ ᠲᠣᠭᠲᠠᠭᠠᠵᠤ᠂ 4 ᠠᠵᠤ | ᠠᠬᠤᠶᠢᠯᠠᠯᠲᠠᠨ ᠠᠩᠬᠠᠳᠤᠭᠠᠷ ᠬᠤᠭᠤᠴᠠᠭᠠᠨ ᠤ ᠪᠤᠭᠤᠲᠤ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠱᠠᠩᠨᠠᠯ ᠂ 4 | ᠪᠦᠯᠬᠦᠮ ᠨᠡᠶᠢᠲᠡ ᠠᠩᠬᠠᠳᠤᠭᠠᠷ ᠬᠤᠭᠤᠴᠠᠭᠠᠨ ᠤ ᠪᠤᠭᠤᠲᠤ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠨᠡᠷ᠎ᠡ | ᠳᠤᠷᠠᠳᠤᠯᠭ᠎ᠠ ᠶᠢᠨ ᠱᠠᠩᠨᠠᠯ ᠢ ᠭᠥᠷᠳᠡᠪᠡ᠃ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ︽ᠡᠭᠦᠯᠡᠨ ᠪᠣᠳᠣᠯᠲᠠ ᠳᠤ ᠬᠡᠷᠡᠭᠯᠡᠬᠦ ᠲᠣᠭᠠᠨ ᠤ ᠤᠬᠠᠭᠠᠨ︾ | ᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠬᠢᠨ 2022 ᠣᠨ ᠤ ᠠᠵᠤ ᠦᠢᠯᠡᠳᠪᠦᠷᠢ ᠶᠢᠨ ᠳᠡᠭᠡᠳᠦ ᠲᠡᠰ ᠤᠨ᠂ ᠪᠣᠬᠢᠷᠳᠤᠯ ᠦᠭᠡᠢ᠂ ᠣᠶᠤᠨᠴᠢᠯᠠᠯᠲᠠ ᠶᠢᠨ | ᠬᠥᠭᠵᠢᠯᠲᠡ ᠶᠢᠨ ᠠᠵᠢᠯᠯᠠᠭ᠎ᠠ ᠶᠢᠨ ᠲᠥᠯᠥᠪᠯᠡᠭᠡ ᠶᠢ ᠲᠣᠭᠲᠠᠭᠠᠵᠤ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠲᠣᠭᠠᠴᠢᠯᠠᠯᠲᠠ ᠶᠢ ᠪᠦᠬᠦᠨ ᠢ ᠪᠦᠷᠬᠦᠬᠦᠯᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ | ᠲᠣᠭᠠᠴᠢᠯᠠᠯᠲᠠ ᠶᠢᠨ ᠥᠭᠡᠷᠡᠴᠢᠯᠡᠯᠲᠡ ᠶᠢᠨ ᠲᠡᠷᠢᠭᠦᠨ ᠤ ᠬᠤᠰᠢᠭᠤ ᠰᠢᠶᠠᠨ ᠲᠣᠭᠤᠷᠢᠭ ᠢᠶᠠᠷ ᠦᠨᠡᠯᠡᠭᠳᠡᠪᠡ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠪᠠᠶᠢᠳᠠᠯ ᠳᠣᠣᠷ᠎ᠠ᠂ ︽ᠳᠡᠭᠡᠳᠦ ᠰᠢᠨ᠎ᠡ ᠮᠡᠷᠭᠡᠵᠢᠯ︾ ᠨᠢ | ᠨᠡᠩ ᠨᠡᠷ᠎ᠡ ᠨᠢᠳᠡᠷ ᠲᠡᠭᠡᠨ ᠨᠡᠶᠢᠴᠡᠵᠦ᠂ 2022 ᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ | 52% ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠤᠮᠳᠠᠴᠢ ᠨᠡᠮᠡᠭᠳᠡᠯ ᠤᠨ | ᠬᠤᠷᠳᠤᠴᠠ ᠠᠴᠠ 21.8 ᠵᠠᠭᠤᠨ ᠤ ᠨᠢᠭᠡᠴᠢ ᠥᠨᠳᠥᠷ ᠪᠣᠯᠵᠤ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ 64.5% ᠢ ᠡᠵᠡᠯᠡᠵᠦ᠂ 2021 ᠣᠨ ᠤ ᠠᠳᠠᠯᠢ | ᠬᠤᠭᠤᠴᠠᠭᠠᠨ ᠤ ᠬᠢ ᠠᠴᠠ 14.3 ᠵᠠᠭᠤᠨ ᠤ ᠨᠢᠭᠡᠴᠢ ᠳᠡᠭᠡᠭᠰᠢᠯᠡᠵᠡᠢ᠃ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠠᠰᠠ ᠠᠷᠭ᠎ᠠ ᠪᠦᠬᠦᠨ ᠢ ᠰᠦᠪᠡᠭᠴᠢᠯᠡᠨ | ᠲᠦᠷᠦᠯ ᠵᠦᠢᠯ ᠤᠨ ᠪᠡᠯᠡ ᠬᠤᠷᠠᠮᠳᠤᠭᠤᠯᠬᠤ ᠠᠷᠭ᠎ᠠ ᠵᠠᠮ ᠢ ᠥᠷᠭᠡᠳᠬᠡᠵᠦ᠂ ᠤᠳᠤ ᠪᠣᠯᠲᠠᠯ᠎ᠠ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠪᠠᠨ ᠳᠠᠨᠵᠢᠯᠠᠵᠤ ᠪᠡᠯᠡ ᠬᠤᠷᠠᠮᠳᠤᠭᠤᠯᠬᠤ 8380 ᠲᠦᠮᠡᠨ ᠲᠥᠭᠦᠷᠢᠭ ᠲᠤ | ᠬᠦᠷᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠲᠦᠷᠦᠯ ᠤᠨ ᠪᠡᠯᠡ ᠮᠥᠩᠭᠦ ᠶᠢ ᠨᠡᠶᠢᠳᠡ 1.11 | ᠳ᠋ᠦᠩᠰᠢᠭᠤᠷ ᠲᠥᠭᠦᠷᠢᠭ ᠣᠯᠬᠤ ᠪᠠᠷ ᠴᠢᠷᠮᠠᠶᠢᠪᠠ᠃ ᠠᠵᠤ ᠠᠬᠤᠢ ᠶᠢᠨ ᠬᠠᠮ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠲᠣᠭᠲᠠᠪᠤᠷᠢᠲᠠᠢ ᠨᠠᠶᠢᠳᠠᠪᠤᠷᠢᠵᠢᠭᠤᠯᠵᠤ᠂ ᠨᠡᠶᠢᠲᠡ 620 ᠠᠵᠤ ᠠᠬᠤᠶᠢᠯᠠᠯ ᠳᠤ 6.1 ᠳ᠋ᠦᠩᠰᠢᠭᠤᠷ | ᠲᠥᠭᠦᠷᠢᠭ ᠤᠨ ᠦᠯᠡᠳᠡᠭᠡᠬᠦ ᠲᠤᠯᠭᠠᠨ ᠪᠤᠴᠠᠭᠠᠬᠤ ᠭᠠᠷᠳᠠᠮ ᠭᠦᠢᠴᠡᠳᠬᠡᠵᠦ᠂ 8555 ᠵᠠᠬ᠎ᠠ ᠳᠡᠯᠭᠡᠭᠦᠷ ᠤᠨ ᠭᠤᠣᠯ | ᠴᠣᠭᠴᠠ ᠳᠤ 3763.7 ᠲᠦᠮᠡᠨ ᠲᠥᠭᠦᠷᠢᠭ ᠤᠨ ︽ᠵᠢᠷᠭᠤᠭᠠᠨ ᠭᠠᠶᠢᠯᠢ ᠬᠤᠶᠠᠷ ᠰᠦᠢᠳᠬᠡᠯ︾ ᠢ ᠬᠠᠰᠤᠵᠤ | ᠬᠡᠯᠲᠦᠷᠢᠭᠦᠯᠵᠦ᠂ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠨᠥᠬᠦᠪᠦᠷᠢ ᠶᠢ ᠪᠡᠶᠡᠯᠡᠭᠦᠯᠵᠦ᠂ ᠭᠤᠣᠯᠯᠠᠬᠤ | ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠢᠴᠢ ᠲᠥᠷᠥᠯ ᠵᠦᠢᠯ ᠤᠨ ᠳᠡᠮᠵᠢᠯᠭᠡ ᠶᠢᠨ ᠪᠡᠯᠡ ᠮᠥᠩᠭᠦ | 6140 ᠲᠦᠮᠡᠨ ᠲᠥᠭᠦᠷᠢᠭ ᠲᠤ ᠬᠥᠷᠪᠡ᠃ | ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠭᠴᠢ ᠬᠦᠴᠦᠨ | ᠮᠥᠨ᠃ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠭᠡᠰᠢᠭᠦᠨ᠂ | ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ ᠵᠠᠩ ᠴᠢᠶᠠᠩ ᠰᠤᠷᠪᠤᠯᠵᠢᠯᠠᠭᠴᠢ ᠳᠤ᠂ 2023 ᠣᠨ ᠳᠤ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ︽ᠨᠢᠭᠡ ᠰᠢᠨ᠎ᠡ ᠡᠭᠦᠳᠦᠯᠲᠡ᠂ ᠭᠤᠷᠪᠠ ᠶᠢ | ᠪᠡᠶᠡᠯᠡᠭᠦᠯᠬᠦ︾ ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠰᠢᠨ᠎ᠡ ᠶᠢ ᠡᠭᠦᠳᠬᠦ ᠪᠠᠷ | ᠬᠥᠳᠡᠯᠭᠡᠭᠦᠷ ᠪᠣᠯᠭᠠᠬᠤ ᠬᠦᠴᠦᠨ ᠢ ᠨᠢᠭᠲᠠᠷᠠᠭᠤᠯᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠬᠥᠳᠡᠯᠭᠡᠭᠦᠷ ᠢ | ᠳᠠᠪᠲᠠᠨ ᠪᠣᠯᠪᠠᠰᠤᠷᠠᠭᠤᠯᠵᠤ᠂ ︽ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 | ᠬᠦᠴᠦᠷᠬᠡᠭ︾ ᠤᠨ ᠬᠠᠷᠠᠯᠲᠠ ᠶᠢ ᠵᠣᠭᠰᠣᠭᠠᠵᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠳᠠᠯᠠᠨ | ᠨᠡᠮᠡᠭᠳᠡᠯ ᠤᠨ ᠤᠬᠠᠮᠰᠠᠷ ᠢᠶᠠᠨ ᠴᠢᠩᠭᠠᠳᠬᠠᠵᠤ᠂ ︽ᠳᠡᠯᠡᠬᠡᠢ ᠶᠢᠨ ᠬᠤᠪᠣᠷ ᠰᠢᠷᠣᠢ ᠶᠢᠨ ᠬᠤᠳᠠ︾ ᠪᠣᠯᠣᠨ ︽ | ᠳᠡᠯᠡᠬᠡᠢ ᠶᠢᠨ ᠪᠣᠬᠢᠷᠳᠤᠯ ᠦᠭᠡᠢ ᠴᠠᠬᠢᠭᠤᠷ ᠤᠨ ᠬᠤᠳᠠ︾ ᠶᠢ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ | ᠬᠤᠪᠢ ᠨᠡᠮᠡᠷᠢ ᠬᠠᠨᠳᠢᠪᠯᠠᠨ᠎ᠠ ᠭᠡᠵᠣ ᠶᠠᠷᠢᠪᠠ᠃ |