ᠣᠷᠣᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠬᠠᠪᠰᠤᠷᠤᠨ ᠣᠰᠣᠨ ᠤ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/3/21
    ᠣᠶᠢᠷ᠎ᠠ ᠳᠤ᠂ ᠣᠷᠣᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠬᠠᠮᠲᠤᠷᠠᠨ ᠪᠠᠶᠢᠭᠤᠯᠬᠤ ᠴᠡᠷᠢᠭ ᠠᠩᠭᠢ ᠶᠢᠨ ᠵᠡᠪᠰᠡᠭᠲᠦ ᠴᠠᠭᠳᠠᠭ᠎ᠠ ᠶᠢᠨ ᠵᠢᠵᠢᠭᠦᠷᠯᠡᠬᠦ ᠨᠢᠭᠡᠳᠦᠭᠡᠷ ᠶᠡᠭᠡ ᠠᠩᠭᠢ ᠶᠢᠨ ᠵᠢᠦ ᠶᠤᠸᠠᠨ ᠳᠤᠮᠳᠠ ᠠᠩᠭᠢ ᠲᠠᠢ ᠬᠠᠮᠲᠤᠷᠠᠨ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠳᠤ ᠪᠠᠨ᠂ ᠳᠤᠮᠳᠠ ᠠᠩᠭᠢ ᠶᠢᠨ ᠰᠠᠭᠤᠭ᠎ᠠ ᠭᠠᠵᠠᠷ ᠲᠤ ᠰᠢᠭᠤᠳ ᠤᠤᠭᠤᠬᠤ ᠤᠰᠤ ᠦᠭᠡᠢ ᠮᠥᠷᠲᠡᠭᠡᠨ ᠬᠠᠮᠤᠭ ᠤᠨ ᠣᠶᠢᠷ᠎ᠠ ᠪᠠᠶᠢᠭ᠎ᠠ ᠤᠤᠭᠤᠬᠤ ᠤᠰᠤᠨ ᠤ ᠪᠣᠷᠤᠯᠠᠭᠤᠯᠭ᠎ᠠ ᠶᠢᠨ ᠭᠠᠵᠠᠷ ᠠᠴᠠ ᠨᠡᠯᠢᠶᠡᠳ ᠬᠤᠯᠠ ᠪᠠᠶᠢᠵᠤ᠂ ᠤᠳᠠᠭ᠎ᠠ ᠪᠦᠷᠢ ᠶᠢᠨ ᠬᠦᠷᠭᠡᠬᠦ ᠤᠤᠭᠤᠬᠤ ᠤᠰᠤᠨ ᠤ ᠬᠡᠮᠵᠢᠶ᠎ᠡ ᠨᠢ ᠴᠦ ᠬᠢᠵᠠᠭᠠᠷ ᠲᠠᠢ᠂ ᠳᠠᠷᠤᠭ᠎ᠠ ᠪᠠᠶᠢᠯᠳᠤᠭᠴᠢᠳ ᠤᠨ ᠪᠣᠯᠪᠠᠰᠤᠷᠠᠯ ᠪᠠ ᠠᠮᠢᠳᠤᠷᠠᠯ ᠢ ᠨᠥᠯᠥᠭᠡᠯᠡᠵᠦ ᠪᠠᠶᠢᠬᠤ ᠶᠢ ᠣᠶᠢᠯᠠᠭᠠᠭᠰᠠᠨ ᠪᠠᠶᠢᠨ᠎ᠠ᠃     ᠬᠠᠷᠢᠴᠠᠭᠠᠯᠠᠭᠰᠠᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠢᠳᠡᠬᠦ ᠤᠰᠤᠨ ᠤ ᠬᠦᠴᠢᠷᠳᠡᠯ ᠤᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠣᠷᠣᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠤᠨ ᠬᠥᠮᠥᠰ ᠤᠯᠠᠨ ᠤᠳᠠᠭ᠎ᠠ ᠴᠡᠷᠢᠭ ᠠᠩᠭᠢ ᠳᠤ ᠬᠦᠷᠴᠦ᠂ ᠴᠡᠷᠢᠭ ᠠᠩᠭᠢ ᠪᠠ ᠣᠷᠣᠨ ᠨᠤᠲᠤᠭ ᠤᠨ ᠰᠠᠭᠤᠳᠠᠯ ᠤᠨ ᠬᠤᠷᠠᠯ ᠬᠤᠷᠠᠯᠳᠤᠭᠤᠯᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠠᠭᠤᠭ᠎ᠠ ᠭᠠᠵᠠᠷ ᠤᠨ ᠴᠡᠷᠢᠭ ᠠᠩᠭᠢ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠠᠴᠠ ᠪᠠᠨ ᠬᠠᠪᠰᠤᠷᠤᠨ ᠠᠰᠠᠭᠤᠳᠠᠯ ᠢ ᠰᠢᠢᠳᠪᠦᠷᠢᠯᠡᠪᠡ᠃ ᠬᠤᠲᠠ ᠶᠢᠨ ᠠᠷᠠᠳ ᠲᠤ ᠠᠰᠢᠭ ᠬᠦᠷᠲᠡᠭᠡᠬᠦ ᠤᠰᠤᠨ ᠤ ᠶᠠᠪᠤᠳᠠᠯ ᠤᠨ ᠺᠣᠮᠫᠠᠨᠢ ᠲᠠᠢ ᠵᠣᠬᠢᠴᠠᠭᠤᠯᠤᠨ ᠵᠦᠪᠳᠡᠯᠴᠡᠭᠦ ᠪᠠᠷ ᠳᠠᠮᠵᠢᠭᠤᠯᠤᠨ᠂ ᠣᠯᠠᠨ ᠤᠳᠠᠭ᠎ᠠ ᠲᠤᠬᠠᠢ ᠶᠢᠨ ᠭᠠᠵᠠᠷ ᠲᠤᠨᠢ ᠬᠠᠶᠢᠨ ᠪᠠᠶᠢᠴᠠᠭᠠᠵᠤ᠂ ᠤᠰᠤ ᠬᠠᠩᠭᠠᠬᠤ ᠲᠥᠰᠥᠯ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠪᠡ᠃ ᠣᠳᠣᠬᠠᠨ ᠳᠤ ᠨᠢᠭᠡᠨᠲᠡ ᠴᠡᠷᠢᠭ ᠠᠩᠭᠢ ᠶᠢᠨ ᠤᠰᠤᠨ ᠭᠡᠷ ᠲᠤ 2 ᠲᠣᠨ ᠤᠰᠤ ᠬᠠᠳᠠᠭᠠᠯᠠᠬᠤ ᠰᠠᠪᠠ ᠪᠣᠯᠣᠨ ᠬᠤᠯᠪᠣᠭᠳᠠᠯ ᠪᠦᠬᠦᠢ ᠳᠠᠷᠤᠯᠲᠠ ᠥᠭᠴᠦ ᠠᠷᠢᠭᠤᠳᠬᠠᠬᠤ ᠲᠥᠬᠦᠭᠡᠷᠦᠮᠵᠢ ᠶᠢ ᠤᠭᠰᠠᠷᠠᠬᠤ ᠶᠢᠨ ᠬᠠᠮᠲᠤ ᠬᠠᠯᠠᠭᠤᠯᠬᠤ ᠲᠥᠬᠦᠭᠡᠷᠦᠮᠵᠢ ᠶᠢ ᠵᠠᠯᠭᠠᠭ᠎ᠠ ᠪᠠᠷ ᠤᠭᠰᠠᠷᠠᠵᠤ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠤᠰᠤ ᠢᠳᠡᠬᠦ ᠳᠤ ᠬᠦᠴᠢᠷ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ ᠥᠷᠭᠡᠨ ᠤᠯᠠᠨ ᠳᠠᠷᠤᠭ᠎ᠠ ᠪᠠᠶᠢᠯᠳᠤᠭᠴᠢᠳ ᠤᠨ ᠬᠤᠶᠢᠰᠢᠳᠠ ᠤᠰᠤ ᠢᠳᠡᠬᠦ ᠳᠤ ᠵᠣᠪᠠᠭ᠋ᠤ ᠦᠭᠡᠢ ᠪᠠᠶᠢᠬᠤ ᠶᠢ ᠪᠠᠲᠤᠯᠠᠵᠠᠢ᠃    ᠵᠡᠪᠰᠡᠭᠲᠦ ᠴᠠᠭᠳᠠᠭ᠎ᠠ ᠶᠢᠨ ᠡᠭᠦᠷᠭᠡ ᠭᠦᠢᠴᠡᠳᠬᠡᠬᠦ ᠨᠢᠭᠡᠳᠦᠭᠡᠷ ᠶᠡᠭᠡ ᠠᠩᠭᠢ ᠶᠢᠨ ᠬᠠᠷᠢᠭᠤᠴᠠᠯᠭᠠᠲᠠᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠦᠲᠦᠭᠡᠨ ᠪᠠᠶᠢᠭᠤᠯᠤᠯᠲᠠ ᠬᠥᠭᠵᠢᠯᠲᠡ᠂ ᠠᠮᠤᠷ ᠲᠦᠪᠰᠢᠨ ᠲᠣᠭᠲᠠᠭᠤᠨ ᠢ ᠦᠷᠭᠦᠯᠵᠢᠯᠡᠨ ᠬᠠᠮᠠᠭᠠᠯᠠᠨ᠎ᠠ ᠭᠡᠵᠦ ᠢᠯᠡᠳᠬᠡᠪᠡ᠃     ᠲᠠᠷᠠᠭᠠᠴᠢ ᠶᠢᠨ ᠠᠯᠬᠤᠮ ᠳᠤ᠂ ᠣᠷᠣᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠬᠤᠲᠠ ᠶᠢᠨ ᠬᠤᠶᠠᠷ ᠢ ᠬᠦᠷᠢᠶᠡᠯᠡᠬᠦ ᠠᠯᠪᠠᠨ ᠭᠡᠷ ᠤᠨ ᠬᠤᠶᠠᠷ ᠢ ᠬᠦᠷᠢᠶᠡᠯᠡᠬᠦ ᠬᠠᠮᠲᠤ ᠪᠠᠷ ᠪᠠᠶᠢᠭᠤᠯᠬᠤ ᠵᠢᠱᠢᠶ᠎ᠡ ᠦᠵᠡᠭᠦᠯᠬᠦ ᠴᠡᠭ ᠢ ᠡᠭᠦᠳᠦᠨ ᠪᠠᠶᠢᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠤᠶᠠᠷ ᠢ ᠬᠦᠷᠢᠶᠡᠯᠡᠬᠦ ᠬᠠᠮᠲᠤ ᠪᠠᠷ ᠪᠠᠶᠢᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ︽ᠬᠤᠶᠠᠷ ᠢ ᠬᠦᠷᠢᠶᠡᠯᠡᠬᠦ ᠨᠢ ᠦᠨᠳᠦᠰᠦᠨ ᠱᠠᠲᠤᠨ ᠳᠤ ᠪᠠᠶᠢᠬᠤ︾ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号