ᠣᠶᠢᠷ᠎ᠠ ᠳᠤ᠂ ᠣᠷᠣᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠬᠠᠮᠲᠤᠷᠠᠨ | ᠪᠠᠶᠢᠭᠤᠯᠬᠤ ᠴᠡᠷᠢᠭ ᠠᠩᠭᠢ ᠶᠢᠨ ᠵᠡᠪᠰᠡᠭᠲᠦ ᠴᠠᠭᠳᠠᠭ᠎ᠠ ᠶᠢᠨ ᠵᠢᠵᠢᠭᠦᠷᠯᠡᠬᠦ ᠨᠢᠭᠡᠳᠦᠭᠡᠷ ᠶᠡᠭᠡ ᠠᠩᠭᠢ ᠶᠢᠨ ᠵᠢᠦ | ᠶᠤᠸᠠᠨ ᠳᠤᠮᠳᠠ ᠠᠩᠭᠢ ᠲᠠᠢ ᠬᠠᠮᠲᠤᠷᠠᠨ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠳᠤ ᠪᠠᠨ᠂ ᠳᠤᠮᠳᠠ | ᠠᠩᠭᠢ ᠶᠢᠨ ᠰᠠᠭᠤᠭ᠎ᠠ ᠭᠠᠵᠠᠷ ᠲᠤ ᠰᠢᠭᠤᠳ ᠤᠤᠭᠤᠬᠤ ᠤᠰᠤ ᠦᠭᠡᠢ ᠮᠥᠷᠲᠡᠭᠡᠨ ᠬᠠᠮᠤᠭ ᠤᠨ ᠣᠶᠢᠷ᠎ᠠ ᠪᠠᠶᠢᠭ᠎ᠠ | ᠤᠤᠭᠤᠬᠤ ᠤᠰᠤᠨ ᠤ ᠪᠣᠷᠤᠯᠠᠭᠤᠯᠭ᠎ᠠ ᠶᠢᠨ ᠭᠠᠵᠠᠷ ᠠᠴᠠ ᠨᠡᠯᠢᠶᠡᠳ ᠬᠤᠯᠠ ᠪᠠᠶᠢᠵᠤ᠂ ᠤᠳᠠᠭ᠎ᠠ ᠪᠦᠷᠢ ᠶᠢᠨ | ᠬᠦᠷᠭᠡᠬᠦ ᠤᠤᠭᠤᠬᠤ ᠤᠰᠤᠨ ᠤ ᠬᠡᠮᠵᠢᠶ᠎ᠡ ᠨᠢ ᠴᠦ ᠬᠢᠵᠠᠭᠠᠷ ᠲᠠᠢ᠂ ᠳᠠᠷᠤᠭ᠎ᠠ ᠪᠠᠶᠢᠯᠳᠤᠭᠴᠢᠳ ᠤᠨ ᠪᠣᠯᠪᠠᠰᠤᠷᠠᠯ ᠪᠠ | ᠠᠮᠢᠳᠤᠷᠠᠯ ᠢ ᠨᠥᠯᠥᠭᠡᠯᠡᠵᠦ ᠪᠠᠶᠢᠬᠤ ᠶᠢ ᠣᠶᠢᠯᠠᠭᠠᠭᠰᠠᠨ ᠪᠠᠶᠢᠨ᠎ᠠ᠃ | ᠬᠠᠷᠢᠴᠠᠭᠠᠯᠠᠭᠰᠠᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠢᠳᠡᠬᠦ ᠤᠰᠤᠨ ᠤ ᠬᠦᠴᠢᠷᠳᠡᠯ ᠤᠨ | ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠣᠷᠣᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ | ᠲᠥᠪ ᠤᠨ ᠬᠥᠮᠥᠰ ᠤᠯᠠᠨ ᠤᠳᠠᠭ᠎ᠠ ᠴᠡᠷᠢᠭ ᠠᠩᠭᠢ ᠳᠤ ᠬᠦᠷᠴᠦ᠂ ᠴᠡᠷᠢᠭ ᠠᠩᠭᠢ ᠪᠠ ᠣᠷᠣᠨ ᠨᠤᠲᠤᠭ ᠤᠨ | ᠰᠠᠭᠤᠳᠠᠯ ᠤᠨ ᠬᠤᠷᠠᠯ ᠬᠤᠷᠠᠯᠳᠤᠭᠤᠯᠬᠤ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ | ᠬᠡᠯᠪᠡᠷᠢ ᠪᠠᠷ ᠳᠠᠮᠵᠢᠭᠤᠯᠤᠨ᠂ ᠰᠠᠭᠤᠭ᠎ᠠ ᠭᠠᠵᠠᠷ ᠤᠨ ᠴᠡᠷᠢᠭ ᠠᠩᠭᠢ ᠶᠢ ᠢᠳᠡᠪᠬᠢᠲᠡᠢ ᠪᠥᠭᠡᠳ | ᠰᠠᠨᠠᠭᠠᠴᠢᠯᠠᠭ᠎ᠠ ᠠᠴᠠ ᠪᠠᠨ ᠬᠠᠪᠰᠤᠷᠤᠨ ᠠᠰᠠᠭᠤᠳᠠᠯ ᠢ ᠰᠢᠢᠳᠪᠦᠷᠢᠯᠡᠪᠡ᠃ ᠬᠤᠲᠠ ᠶᠢᠨ ᠠᠷᠠᠳ ᠲᠤ ᠠᠰᠢᠭ | ᠬᠦᠷᠲᠡᠭᠡᠬᠦ ᠤᠰᠤᠨ ᠤ ᠶᠠᠪᠤᠳᠠᠯ ᠤᠨ ᠺᠣᠮᠫᠠᠨᠢ ᠲᠠᠢ ᠵᠣᠬᠢᠴᠠᠭᠤᠯᠤᠨ ᠵᠦᠪᠳᠡᠯᠴᠡᠭᠦ ᠪᠠᠷ ᠳᠠᠮᠵᠢᠭᠤᠯᠤᠨ᠂ ᠣᠯᠠᠨ | ᠤᠳᠠᠭ᠎ᠠ ᠲᠤᠬᠠᠢ ᠶᠢᠨ ᠭᠠᠵᠠᠷ ᠲᠤᠨᠢ ᠬᠠᠶᠢᠨ ᠪᠠᠶᠢᠴᠠᠭᠠᠵᠤ᠂ ᠤᠰᠤ ᠬᠠᠩᠭᠠᠬᠤ ᠲᠥᠰᠥᠯ ᠢᠶᠠᠨ ᠲᠠᠰᠤᠷᠠᠯᠲᠠ ᠦᠭᠡᠢ | ᠰᠢᠯᠢᠳᠡᠭᠵᠢᠭᠦᠯᠪᠡ᠃ ᠣᠳᠣᠬᠠᠨ ᠳᠤ ᠨᠢᠭᠡᠨᠲᠡ ᠴᠡᠷᠢᠭ ᠠᠩᠭᠢ ᠶᠢᠨ ᠤᠰᠤᠨ ᠭᠡᠷ ᠲᠤ 2 ᠲᠣᠨ ᠤᠰᠤ ᠬᠠᠳᠠᠭᠠᠯᠠᠬᠤ | ᠰᠠᠪᠠ ᠪᠣᠯᠣᠨ ᠬᠤᠯᠪᠣᠭᠳᠠᠯ ᠪᠦᠬᠦᠢ ᠳᠠᠷᠤᠯᠲᠠ ᠥᠭᠴᠦ ᠠᠷᠢᠭᠤᠳᠬᠠᠬᠤ ᠲᠥᠬᠦᠭᠡᠷᠦᠮᠵᠢ ᠶᠢ ᠤᠭᠰᠠᠷᠠᠬᠤ ᠶᠢᠨ | ᠬᠠᠮᠲᠤ ᠬᠠᠯᠠᠭᠤᠯᠬᠤ ᠲᠥᠬᠦᠭᠡᠷᠦᠮᠵᠢ ᠶᠢ ᠵᠠᠯᠭᠠᠭ᠎ᠠ ᠪᠠᠷ ᠤᠭᠰᠠᠷᠠᠵᠤ᠂ ᠴᠡᠷᠢᠭ ᠠᠩᠭᠢ ᠶᠢᠨ ᠳᠠᠷᠤᠭ᠎ᠠ | ᠪᠠᠶᠢᠯᠳᠤᠭᠴᠢᠳ ᠤᠨ ᠤᠰᠤ ᠢᠳᠡᠬᠦ ᠳᠤ ᠬᠦᠴᠢᠷ ᠪᠠᠶᠢᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ᠂ | ᠥᠷᠭᠡᠨ ᠤᠯᠠᠨ ᠳᠠᠷᠤᠭ᠎ᠠ ᠪᠠᠶᠢᠯᠳᠤᠭᠴᠢᠳ ᠤᠨ ᠬᠤᠶᠢᠰᠢᠳᠠ ᠤᠰᠤ ᠢᠳᠡᠬᠦ ᠳᠤ ᠵᠣᠪᠠᠭ᠋ᠤ ᠦᠭᠡᠢ ᠪᠠᠶᠢᠬᠤ ᠶᠢ | ᠪᠠᠲᠤᠯᠠᠵᠠᠢ᠃ | ᠵᠡᠪᠰᠡᠭᠲᠦ ᠴᠠᠭᠳᠠᠭ᠎ᠠ ᠶᠢᠨ ᠡᠭᠦᠷᠭᠡ ᠭᠦᠢᠴᠡᠳᠬᠡᠬᠦ ᠨᠢᠭᠡᠳᠦᠭᠡᠷ ᠶᠡᠭᠡ ᠠᠩᠭᠢ ᠶᠢᠨ ᠬᠠᠷᠢᠭᠤᠴᠠᠯᠭᠠᠲᠠᠨ | ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠬᠦ ᠶᠢᠨ ᠬᠠᠮᠲᠤ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠦᠲᠦᠭᠡᠨ ᠪᠠᠶᠢᠭᠤᠯᠤᠯᠲᠠ ᠬᠥᠭᠵᠢᠯᠲᠡ᠂ ᠠᠮᠤᠷ | ᠲᠦᠪᠰᠢᠨ ᠲᠣᠭᠲᠠᠭᠤᠨ ᠢ ᠦᠷᠭᠦᠯᠵᠢᠯᠡᠨ ᠬᠠᠮᠠᠭᠠᠯᠠᠨ᠎ᠠ ᠭᠡᠵᠦ ᠢᠯᠡᠳᠬᠡᠪᠡ᠃ | ᠲᠠᠷᠠᠭᠠᠴᠢ ᠶᠢᠨ ᠠᠯᠬᠤᠮ ᠳᠤ᠂ ᠣᠷᠣᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ | ᠬᠤᠲᠠ ᠶᠢᠨ ᠬᠤᠶᠠᠷ ᠢ ᠬᠦᠷᠢᠶᠡᠯᠡᠬᠦ ᠠᠯᠪᠠᠨ ᠭᠡᠷ ᠤᠨ ᠬᠤᠶᠠᠷ ᠢ ᠬᠦᠷᠢᠶᠡᠯᠡᠬᠦ ᠬᠠᠮᠲᠤ ᠪᠠᠷ ᠪᠠᠶᠢᠭᠤᠯᠬᠤ ᠵᠢᠱᠢᠶ᠎ᠡ | ᠦᠵᠡᠭᠦᠯᠬᠦ ᠴᠡᠭ ᠢ ᠡᠭᠦᠳᠦᠨ ᠪᠠᠶᠢᠭᠤᠯᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠬᠤᠶᠠᠷ ᠢ ᠬᠦᠷᠢᠶᠡᠯᠡᠬᠦ | ᠬᠠᠮᠲᠤ ᠪᠠᠷ ᠪᠠᠶᠢᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ︽ᠬᠤᠶᠠᠷ ᠢ ᠬᠦᠷᠢᠶᠡᠯᠡᠬᠦ ᠨᠢ | ᠦᠨᠳᠦᠰᠦᠨ ᠱᠠᠲᠤᠨ ᠳᠤ ᠪᠠᠶᠢᠬᠤ︾ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ |