ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠣᠷᠣᠨᠠᠳᠠᠬᠢᠨ ᠤ ᠬᠦᠰᠡᠯᠡᠩᠲᠦ ᠪᠠᠭ᠎ᠠ ᠰᠤᠷᠭᠠᠭᠤᠯᠢ ᠣᠯᠠᠨ ᠲᠠᠯ᠎ᠠ ᠶᠢᠨ ᠬᠦᠮᠦᠵᠢᠭᠦᠯᠦᠯ ᠢ ᠠᠩᠬᠠᠷᠴᠣ ᠪᠦᠭᠦ ᠲᠠᠯ᠎ᠠ ᠶᠢᠨ ᠬᠦᠭᠵᠢᠯᠳᠡ ᠶᠢ ᠴᠢᠬᠤᠯᠠᠴᠢᠯᠠᠵᠣ ᠪᠣᠢ
ᠨᠡᠶᠢᠲᠡᠯᠡᠭᠰᠡᠨ ᠴᠠᠭ᠄
2023/3/29
    ᠬᠤᠳᠠ ᠬᠥᠳᠡᠭᠡ ᠶᠢᠨ ᠠᠭᠤᠯᠵᠠᠷ ᠤᠨ ᠰᠤᠷᠭᠠᠭᠤᠯᠢ ᠪᠣᠯᠤᠭᠰᠠᠨ ᠤ ᠬᠤᠪᠢ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠣᠷᠣᠨᠠᠳᠠᠬᠢᠨ ᠤ ᠬᠦᠰᠡᠯᠡᠩᠲᠦ ᠪᠠᠭ᠎ᠠ ᠰᠤᠷᠭᠠᠭᠤᠯᠢ ᠨᠢ ︽ᠬᠥᠮᠥᠨ ᠪᠣᠯᠭᠠᠨ ᠤ ᠰᠡᠳᠬᠢᠯ ᠳᠤ ᠬᠦᠰᠡᠯ ᠡᠷᠡᠮᠡᠯᠵᠡᠯ ᠤᠨ ᠦᠷ᠎ᠡ ᠶᠢ ᠰᠠᠴᠤᠬᠤ︾ ᠳᠣᠷᠣᠨᠠᠳᠠᠬᠢᠨ ᠤ ᠵᠣᠷᠢᠭ ᠰᠠᠨᠠᠭ᠎ᠠ ᠶᠢ ᠪᠠᠷᠢᠮᠲᠠᠯᠠᠵᠤ᠂ ︽ᠬᠦᠰᠡᠯᠳᠣ ᠪᠠᠭᠠᠴᠤᠳ︾ ᠨᠢᠭᠡᠪᠦᠷᠢ ᠶᠢ ᠳᠠᠰᠤᠷᠠᠯᠳᠠ ᠦᠭᠡᠢ ᠪᠦᠭᠦ ᠲᠠᠯ᠎ᠠ ᠪᠠᠷ ᠬᠦᠮᠦᠵᠢᠭᠦᠯᠭᠦ ᠶᠢ ᠠᠩᠬᠠᠷᠴᠣ ᠪᠣᠢ᠃     2018 ᠣᠨ ᠳᠤ᠂ ᠰᠤᠷᠭᠠᠭᠤᠯᠢ ᠨᠢ ᠰᠣᠷᠣᠭᠴᠢ ᠶᠢᠨ ᠢᠷᠡᠯᠲᠡ ᠵᠡᠷᠭᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠠᠴᠤᠳ ᠤᠨ ᠣᠷᠳᠣᠨ ᠤ ᠬᠤᠯᠤᠰᠤᠨ ᠯᠢᠮᠪᠦ ᠶᠢᠨ ᠬᠥᠭᠵᠢᠮ ᠤᠨ ᠪᠦᠯᠬᠦᠮ ᠢᠶᠠᠷ ᠲᠣᠬᠢᠶᠠᠯ ᠪᠣᠯᠭᠠᠵᠤ᠂ ᠭᠠᠳᠠᠨ᠎ᠠ ᠠᠴᠠ ᠲᠤᠰᠬᠠᠢ ᠮᠡᠷᠭᠡᠵᠢᠯ ᠤᠨ ᠬᠤᠯᠤᠰᠤᠨ ᠯᠢᠮᠪᠦ ᠶᠢᠨ ᠪᠠᠭᠰᠢ ᠤᠷᠢᠵᠤ᠂ ᠪᠥᠬᠦ ᠰᠤᠷᠭᠠᠭᠤᠯᠢ ᠶᠢᠨ 3 ︱ 6 ᠳ᠋ᠤᠭᠠᠷ ᠣᠨ ᠳᠤ ᠬᠤᠯᠤᠰᠤᠨ ᠯᠢᠮᠪᠦ ᠶᠢᠨ ᠬᠢᠴᠢᠶᠡᠯ ᠢ ᠪᠥᠬᠦ ᠲᠠᠯ᠎ᠠ ᠪᠠᠷ ᠳᠡᠯᠭᠡᠷᠡᠭᠦᠯᠪᠡ᠃ ᠪᠤᠶᠢᠳᠠ ᠪᠥᠭᠯᠡᠭᠦᠦ ᠬᠤᠳᠠ ᠬᠥᠳᠡᠭᠡ ᠶᠢᠨ ᠠᠭᠤᠯᠵᠠᠷ ᠲᠤ ᠪᠠᠶᠢᠭ᠎ᠠ ︽ᠬᠦᠰᠡᠯᠳᠣ ᠪᠠᠭᠠᠴᠤᠳ︾᠎ ᠲᠤ ᠠᠪᠴᠤ ᠬᠡᠯᠡᠪᠡᠯ᠂ ᠲᠡᠳᠡᠨ ᠳᠤ ᠠᠵᠠ ᠵᠠᠪᠰᠢᠶᠠᠨ ᠶᠤᠮ᠂ ᠤᠴᠢᠷ ᠨᠢ ᠲᠡᠳᠡ ᠪᠠᠭᠰᠢ ᠠᠴᠠ ᠪᠠᠨ ᠦᠨ᠎ᠡ ᠲᠥᠯᠥᠪᠦᠷᠢ ᠦᠭᠡᠢ ᠪᠠᠷ ᠦᠨᠳᠦᠰᠦᠲᠡᠨ ᠤ ᠬᠥᠭᠵᠢᠮ ᠢ ᠰᠤᠷᠴᠤ ᠪᠣᠯᠣᠨ᠎ᠠ᠂ ᠵᠠᠷᠢᠮ ᠰᠤᠷᠤᠭᠴᠢ ᠬᠥᠭᠵᠢᠮ ᠬᠤᠳᠠᠯᠳᠤᠨ ᠠᠪᠴᠤ ᠳᠡᠶᠢᠯᠬᠦ ᠦᠭᠡᠢ ᠪᠠᠶᠢᠭᠰᠠᠨ ᠴᠤ᠂ ᠬᠥᠭᠵᠢᠮ ᠢᠶᠠᠨ ᠭᠡᠷ ᠲᠡᠭᠡᠨ ᠠᠪᠠᠴᠢᠵᠤ ᠪᠣᠯᠪᠠᠰᠤᠷᠠᠬᠤ ᠨᠢ ᠴᠦ ᠶᠡᠷᠦᠳᠡ ᠶᠢᠨ ᠶᠠᠪᠤᠳᠠᠯ ᠶᠤᠮ᠃  ᠣᠯᠠᠨ ᠵᠢᠯ ᠤᠨ ᠲᠤᠷᠰᠢ᠂ ᠬᠤᠯᠤᠰᠤᠨ ᠯᠢᠮᠪᠦ ᠶᠢᠨ ᠬᠥᠭᠵᠢᠮ ᠤᠨ ᠪᠦᠯᠬᠦᠮ ᠤᠨ ᠰᠤᠷᠤᠭᠴᠢᠳ ᠡᠯ᠎ᠡ ᠲᠥᠷᠥᠯ ᠤᠨ ᠤᠯᠤᠰ ᠤᠨ ᠲᠠᠰ ᠤᠨ ᠤᠷᠤᠯᠳᠤᠭᠠᠨ ᠳᠤ ᠣᠷᠣᠯᠴᠠᠵᠤ᠂ ᠨᠡᠶᠢᠲᠡ 48 ᠠᠯᠲᠠᠨ ᠮᠧᠳᠠᠯ᠂ 76 ᠮᠥᠩᠭᠦᠨ ᠮᠧᠳᠠᠯ᠂ 89 ᠭᠠᠤᠯᠢᠨ ᠮᠧᠳᠠᠯ ᠣᠯᠣᠭᠰᠠᠨ ᠪᠠᠶᠢᠨ᠎ᠠ᠃ ᠡᠭᠦᠨ ᠤ ᠬᠠᠮᠲᠤ᠂ ᠰᠤᠷᠤᠭᠴᠢᠳ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠵᠣᠷᠢᠯᠲᠠ ᠪᠠᠷ ᠰᠤᠷᠭᠠᠭᠤᠯᠢ ᠨᠢ ᠪᠠᠰᠠ ᠶᠠᠲᠤᠭ᠎ᠠ ᠂ ᠫᠢᠫᠠ᠂ ᠬᠤᠶᠠᠷ ᠤᠲᠠᠰᠤᠲᠤ ᠬᠤᠭᠤᠷ᠂ ᠶᠠᠩᠴᠢᠨ᠂ ᠯᠢᠮᠪᠦ᠂ ᠪᠢᠰᠬᠢᠭᠦᠷ ᠵᠡᠷᠭᠡ ᠦᠨᠳᠦᠰᠦᠲᠡᠨ ᠤ ᠬᠥᠭᠵᠢᠮᠳᠡᠭᠦᠷ ᠎ ᠢᠶᠠᠷ ᠪᠦᠷᠢᠯᠳᠦᠭᠰᠡᠨ ︽ᠳᠣᠷᠣᠨᠠᠳᠠᠬᠢᠨ ᠤ ᠮᠧᠩ ᠮᠢᠨ ᠬᠥᠭᠵᠢᠮ ᠤᠨ ᠪᠦᠯᠬᠦᠮ︾  ᠎ ᠢ ᠪᠠᠶᠢᠭᠤᠯᠵᠤ᠂ ᠰᠤᠷᠤᠭᠴᠢᠳ ᠪᠠ ᠭᠡᠷ ᠤᠨ ᠠᠬᠠᠮᠠᠳ ᠤᠨ ᠬᠦᠷᠢᠶᠡᠯᠡᠯ  ᠎ ᠢ ᠣᠯᠪᠠ᠃ ᠡᠭᠦᠨ ᠳᠤ ᠤᠷᠠᠨ ᠵᠢᠷᠤᠭ ᠤᠷᠠᠨ ᠪᠢᠴᠢᠯᠭᠡ᠂ ᠭᠠᠷ ᠤᠷᠠᠯᠠᠯ᠂ ᠰᠢᠨᠵᠢᠯᠡᠬᠦ ᠤᠬᠠᠭᠠᠨ  ᠎ ᠢ ᠲᠦᠭᠡᠮᠡᠯᠵᠢᠭᠦᠯᠦᠨ ᠣᠶᠤᠨ  ᠎ ᠢ ᠰᠠᠶᠢᠵᠢᠷᠠᠭᠤᠯᠬᠤ᠂ ᠳᠠᠭᠤᠤ ᠬᠥᠭᠵᠢᠮ ᠤᠨ ᠤᠷᠠᠯᠢᠭ᠂ ᠪᠡᠶ᠎ᠡ  ᠎ ᠶᠢᠨ ᠲᠠᠮᠢᠷ ᠤᠨ ᠤᠷ᠎ᠠ ᠴᠢᠳᠠᠪᠤᠷᠢ᠂ ᠤᠳᠬ᠎ᠠ ᠵᠣᠬᠢᠶᠠᠯ ᠤᠨ ᠬᠡᠪ ᠪᠣᠯᠪᠠᠰᠤᠷᠠᠯ ᠵᠡᠷᠭᠡ ᠬᠥᠳᠡᠭᠡ ᠲᠣᠰᠬᠤᠨ ᠤ ᠵᠢᠷᠭᠤᠭᠠᠨ ᠶᠡᠭᠡ ᠲᠥᠷᠥᠯ ᠤᠨ ᠰᠤᠷᠭᠠᠭᠤᠯᠢ  ᠎ ᠶᠢᠨ ᠪᠠᠭᠠᠴᠤᠳ ᠤᠨ ᠣᠷᠳᠣᠨ ᠤ ᠬᠢᠴᠢᠶᠡᠯ  ᠎ ᠢ ᠬᠠᠮᠤᠷᠴᠤ᠂ ᠪᠦᠬᠦᠨ ᠎ ᠢ ᠠᠩᠭᠢ  ᠎ ᠶᠢᠨ ᠬᠡᠯᠪᠡᠷᠢ ᠪᠠᠷ ᠬᠢᠴᠢᠶᠡᠯᠯᠡᠵᠦ᠂ ᠰᠤᠷᠤᠭᠴᠢᠳ ᠤᠨ ᠥᠪᠡᠷᠮᠢᠴᠡ ᠬᠡᠷᠡᠭᠴᠡᠭᠡ ᠪᠣᠯᠣᠨ ᠪᠡᠶ᠎ᠡ ᠪᠠᠨ ᠳᠠᠭᠠᠭᠠᠵᠤ ᠬᠥᠭᠵᠢᠬᠦ ᠬᠡᠷᠡᠭᠴᠡᠭᠡ  ᠎ ᠶᠢ ᠨᠠᠩ ᠰᠠᠶᠢᠨ ᠬᠠᠩᠭᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠰᠤᠷᠭᠠᠭᠤᠯᠢ ᠶᠢᠨ ᠡᠯ᠎ᠡ ᠳᠠᠪᠬᠤᠷᠭ᠎ᠠ ᠳᠤ ᠨᠡᠭᠡᠭᠡᠯᠲᠡᠲᠤ ᠮᠠᠶ᠋ᠢᠭ ᠤᠨ ᠬᠠᠯᠠᠭᠤᠨ ᠳᠤᠯᠠᠭᠠᠨ ᠤᠩᠰᠢᠯᠭ᠎ᠠ ᠶᠢᠨ ᠪᠤᠯᠤᠩ ᠪᠠ ᠰᠤᠷᠤᠭᠴᠢᠳ ᠤᠨ ᠪᠦᠲᠦᠭᠡᠯ ᠤᠨ ᠦᠵᠡᠭᠦᠯᠦᠯᠭᠡ ᠶᠢᠨ ᠲᠣᠭᠤᠷᠢᠭ ᠢ ᠪᠠᠶᠢᠭᠤᠯᠵᠤ᠂ ᠰᠤᠷᠤᠭᠴᠢᠳ ᠤᠨ ᠨᠣᠮ ᠤᠩᠰᠢᠬᠤ ᠳᠠᠭᠠᠨ ᠴᠢᠳᠠᠮᠠᠭᠠᠢ᠂ ᠨᠣᠮ ᠢᠯᠡᠭᠦᠬᠡᠨ ᠤᠩᠰᠢᠬᠤ᠂ ᠰᠠᠶᠢᠨ ᠨᠣᠮ ᠤᠩᠰᠢᠬᠤ ᠶᠢ ᠢᠳᠡᠪᠬᠢᠲᠡᠢ ᠬᠥᠲᠥᠯᠥᠨ ᠵᠢᠯᠣᠭᠤᠳᠪᠠ᠃ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ  ᠎ ᠶᠢᠨ ᠬᠡᠷᠡᠮ᠂ ᠺᠦᠩᠽᠢ  ᠎ ᠶᠢᠨ ᠬᠡᠷᠡᠮ᠂ ᠡᠷᠬᠢᠮ ᠰᠤᠷᠲᠠᠯ  ᠲᠠᠢ ᠪᠠᠭᠠᠴᠤᠳ ᠤᠨ ᠬᠡᠷᠡᠮ᠂ ᠰᠤᠷᠭᠠᠭᠤᠯᠢ  ᠎ ᠶᠢᠨ ᠰᠤᠷᠭᠠᠯ ᠤᠨ ᠬᠡᠷᠡᠮ᠂ ᠪᠠᠭᠰᠢ  ᠎ ᠶᠢᠨ ᠮᠣᠷᠠᠯ ᠤᠨ ᠬᠡᠷᠡᠮ᠂ ᠪᠣᠯᠪᠠᠰᠤᠨ ᠤ ᠮᠦᠷᠦᠶᠢᠴᠡᠭᠡᠨ ᠤ ᠬᠡᠷᠡᠮ ᠵᠡᠷᠭᠡ ᠨᠢ ᠰᠤᠷᠭᠠᠭᠤᠯᠢ  ᠎ ᠶᠢᠨ ︽ᠬᠥᠯ ᠳᠣᠣᠷ᠎ᠠ ᠬᠦᠴᠦᠨ ᠴᠢᠳᠠᠯ  ᠲᠠᠢ᠂ ᠰᠡᠳᠬᠢᠯ ᠵᠢᠷᠦᠬᠡᠨ ᠳᠡᠭᠡᠨ ᠬᠦᠰᠡᠯ ᠡᠷᠡᠮᠡᠯᠵᠡᠯ ᠲᠠᠢ ᠴᠠᠭ ᠦᠶ᠎ᠡ  ᠎ ᠶᠢᠨ ᠬᠦᠰᠡᠯ ᠵᠡᠭᠦᠳᠦ  ᠎ ᠶᠢ ᠬᠥᠭᠡᠭᠡᠴᠡᠯᠳᠦᠭᠴᠢᠳ  ᠎ ᠢ ᠬᠥᠮᠥᠵᠢᠭᠦᠯᠬᠦ︾ ᠰᠤᠷᠭᠠᠨ ᠬᠥᠮᠦᠵᠢᠯ ᠤᠨ ᠠᠯᠬᠤᠮ  ᠎ ᠢ ᠨᠡᠩ ᠢᠳᠡᠷᠡᠭᠦᠨ ᠳᠣᠷᠪᠢᠲᠠᠢ ᠪᠣᠯᠭᠠᠵᠠᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号