ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠶᠠᠷ ᠠᠵᠤ ᠠᠬᠤᠶᠢᠯᠠᠯ ︽ᠥᠪᠥᠷ ᠮᠣᠩᠭᠤᠯ ᠤᠨ ᠵᠠᠭᠤᠨ ᠬᠦᠴᠦᠷᠬᠡᠭ ᠨᠠᠷᠠᠲᠤ ᠲᠡᠮᠳᠡᠭᠲᠦ ᠠᠵᠤ ᠠᠬᠤᠶᠢᠯᠠᠯ︾ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2023/3/29
   ᠣᠶᠢᠷ᠎ᠠ ᠳᠤ᠂ ᠥᠪᠥᠷ ᠮᠣᠩᠭᠤᠯ ᠤᠨ ᠨᠡᠷᠡᠲᠦ ᠲᠡᠮᠳᠡᠭ ᠤᠨ ᠪᠠᠶᠢᠭᠤᠯᠤᠯᠲᠠ  ᠶᠢ ᠠᠬᠢᠭᠤᠯᠬᠤ ᠬᠤᠷᠠᠯ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢᠨ ᠶᠡᠭᠡ ᠬᠤᠷᠠᠯ ᠤᠨ ᠵᠣᠬᠢᠶᠠᠨ ᠪᠠᠶᠢᠭᠤᠯᠬᠤ ᠺᠣᠮᠢᠰ᠂ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢᠨ ᠦᠨᠡᠯᠡᠯᠲᠡ ᠶᠢᠨ ᠲᠤᠰᠬᠠᠢ ᠮᠡᠷᠭᠡᠵᠢᠯ ᠤᠨ ᠺᠣᠮᠢᠰ᠂ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢ ᠮᠠᠭᠠᠳᠯᠠᠨ ᠲᠣᠭᠲᠠᠭᠠᠬᠤ ᠺᠣᠮᠢᠰ ᠤᠨ ᠳᠠᠭᠠᠭᠠᠨ ᠡᠷᠭᠢᠯᠡᠭᠰᠡᠨ ︽2022 ᠣᠨ ᠤ ᠥᠪᠥᠷ ᠮᠣᠩᠭᠤᠯ ᠤᠨ ᠨᠠᠷᠠᠲᠤ ᠲᠥᠷᠥᠯ ᠲᠡᠮᠳᠡᠭᠲᠦ ᠶᠢᠨ ᠥᠷᠲᠡᠭ ᠤᠨ ᠦᠨᠡᠯᠡᠯᠲᠡ ᠶᠢᠨ ᠮᠡᠳᠡᠭᠡ ᠵᠠᠩᠭᠢ ᠶᠢ ᠤᠬᠠᠭᠤᠯᠤᠨ ᠲᠠᠨᠢᠯᠴᠠᠭᠤᠯᠬᠤ ᠰᠣᠨᠢᠨ ᠮᠡᠳᠡᠭᠡ ᠨᠡᠶᠢᠲᠡᠯᠡᠬᠦ ᠬᠤᠷᠠᠯ︾ ᠬᠥᠬᠡᠬᠤᠲᠠ ᠳᠤ ᠶᠠᠪᠤᠭᠳᠠᠪᠠ᠃ ᠤᠮᠠᠷᠠᠲᠤ ᠶᠢᠨ ᠬᠤᠪᠢ ᠣᠷᠣᠭᠤᠯᠤᠭᠰᠠᠨ᠂ ᠳ᠋ᠦᠩ ᠪᠦᠦ ᠠᠮᠢᠳᠤ ᠪᠣᠳᠠᠰ  ᠨᠢ ︽ᠥᠪᠥᠷ ᠮᠣᠩᠭᠤᠯ ᠤᠨ ᠵᠠᠭᠤᠨ ᠬᠦᠴᠦᠷᠬᠡᠭ ᠨᠠᠷᠠᠲᠤ ᠲᠡᠮᠳᠡᠭ ᠤᠨ ᠠᠵᠤ ᠠᠬᠤᠶᠢᠯᠠᠯ︾ ᠢᠶᠠᠷ ᠦᠨᠡᠯᠡᠭᠳᠡᠵᠦ᠂  ᠶᠢᠨ ᠬᠠᠢ ᠰᠢᠨ᠎ᠡ ᠡᠨᠧᠷᠭᠢ ᠶᠢᠨ ᠰᠤᠷᠪᠤᠯᠵᠢ ᠨᠢ ︽2022 ᠣᠨ ᠤ ᠥᠪᠥᠷ ᠮᠣᠩᠭᠤᠯ ᠤᠨ ᠰᠢᠯᠢᠳᠡᠭ ᠨᠠᠷᠠᠲᠤ ᠲᠡᠮᠳᠡᠭ ᠤᠨ ᠨᠡᠷᠡᠰ ᠤᠨ ᠵᠢᠭᠰᠠᠭᠠᠯᠲᠠ ᠶᠢᠨ ᠠᠵᠤ ᠠᠬᠤᠶᠢᠯᠠᠯ︾ ᠢᠶᠠᠷ ᠦᠨᠡᠯᠡᠭᠳᠡᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号