ᠥᠨᠳᠥᠷ ᠲᠦᠪᠰᠢᠨ ᠪᠦᠬᠦᠢ ᠰᠢᠨ᠎ᠡ ᠡᠭᠦᠳᠦᠯᠲᠡ ᠪᠠᠷ ᠬᠤᠪᠣᠷ ᠰᠢᠷᠣᠢ ᠶᠢᠨ ᠠᠵᠤ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠵᠣ ᠪᠣᠢ
ᠨᠡᠶᠢᠲᠡᠯᠡᠭᠰᠡᠨ ᠴᠠᠭ᠄
2023/3/9
   ᠤᠯᠤᠰ ᠤᠨ ᠬᠤᠪᠣᠷ ᠰᠢᠷᠣᠢ ᠶᠢᠨ ᠴᠢᠳᠠᠮᠵᠢ ᠶᠢᠨ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠥᠨᠳᠥᠷ ᠬᠢᠷᠢ ᠲᠦᠪᠰᠢᠨ ᠪᠦᠬᠦᠢ ᠰᠢᠨ᠎ᠡ ᠶᠢ ᠡᠭᠦᠳᠬᠦ ᠪᠠᠷ ᠬᠤᠪᠣᠷ ᠰᠢᠷᠣᠢ ᠶᠢᠨ ᠠᠵᠤ ᠦᠢᠯᠡᠰ ᠤᠨ ᠬᠦᠭᠵᠢᠯᠳᠡ ᠶᠢ ᠠᠬᠢᠭᠤᠯᠵᠣ ᠪᠣᠢ    ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ︽ᠺᠠᠷᠲ ᠤᠨ ᠬᠡᠯᠬᠢᠶ᠎ᠡ ᠶᠢᠨ ᠭᠠᠵᠠᠷ︾᠂ ︽ᠲᠠᠰᠤᠷᠬᠠᠢ ᠬᠡᠯᠬᠢᠶ᠎ᠡ ᠶᠢᠨ ᠴᠡᠭ︾  ᠢ ᠬᠠᠷᠠᠭᠠᠯᠠᠵᠤ᠂ ︽ᠤᠯᠤᠰ ᠤᠨ ᠲᠡᠰ ᠤᠨ ᠲᠠᠪᠴᠠᠩ᠂ ᠠᠵᠤ ᠠᠬᠤᠢᠢᠯᠠᠯᠴᠢᠯᠠᠬᠰᠠᠨ ᠠᠵᠢᠯᠯᠠᠭ᠎ᠠ︾ ᠶᠢᠨ ᠪᠠᠶᠢᠭᠤᠯᠤᠮᠵᠢ ᠲᠣᠭᠲᠠᠴᠠ᠂ ︽ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ + ᠪᠡᠶ᠎ᠡ ᠪᠠᠨ ᠳᠠᠭᠠᠭᠠᠵᠤ ᠪᠦᠲᠦᠭᠡᠨ ᠪᠠᠶᠢᠭᠤᠯᠬᠤ︾ ᠠᠵᠢᠯᠯᠠᠭᠠᠨ ᠤ ᠵᠠᠭᠪᠤᠷ ᠢ ᠰᠢᠨ᠎ᠡ ᠶᠢ ᠡᠭᠦᠳᠬᠦ ᠪᠠᠷ ᠳᠠᠮᠵᠢᠭᠤᠯᠵᠤ᠂ ᠠᠵᠤ ᠠᠬᠤᠶᠢᠯᠠᠯ ᠢᠶᠠᠷ ᠭᠤᠣᠯ ᠪᠣᠯᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠡᠪᠴᠢᠭᠦᠯᠬᠦ ᠰᠢᠰᠲ᠋ᠥᠮ ᠢ ᠪᠠᠶᠢᠭᠤᠯᠵᠤ᠂ ᠬᠦᠴᠦᠨ ᠢᠶᠠᠨ ᠲᠥᠪᠯᠡᠷᠡᠭᠦᠯᠦᠨ ᠠᠩᠬᠠᠨ ᠤ ᠡᠭᠦᠳᠦᠯᠲᠡ ᠶᠢᠨ ᠴᠢᠨᠠᠷᠲᠠᠢ  ᠬᠥᠲᠥᠯᠥᠨ ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠶᠠᠪᠤᠭᠳᠠᠭᠤᠯᠤᠨ᠎ᠠ ᠁    ᠣᠳᠣᠬᠠᠨ ᠳᠤ᠂ ᠬᠤᠶᠠᠷ ᠵᠢᠯ ᠭᠠᠷᠤᠢ ᠪᠠᠶᠢᠭᠤᠯᠤᠭᠳᠠᠭᠰᠠᠨ ᠤᠯᠤᠰ ᠤᠨ ᠬᠤᠪᠣᠷ ᠰᠢᠷᠣᠢ ᠶᠢᠨ ᠴᠢᠳᠠᠮᠵᠢ ᠶᠢᠨ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ︵ᠳᠣᠷᠣᠭᠰᠢ ︽ᠤᠯᠤᠰ ᠤᠨ ᠰᠢᠨ᠎ᠡ ᠶᠢ ᠡᠭᠦᠳᠬᠦ ᠲᠥᠪ︾ ᠭᠡᠵᠦ ᠲᠣᠪᠴᠢᠯᠠᠨ᠎ᠠ︶᠂ ᠰᠢᠨ᠎ᠡ ᠶᠢ ᠡᠭᠦᠳᠬᠦ ᠬᠥᠳᠡᠯᠭᠡᠭᠦᠷ ᠢ ᠢᠮᠠᠭᠲᠠ ᠪᠠᠷᠢᠮᠲᠠᠯᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠥᠨᠳᠥᠷ ᠨᠡᠮᠡᠯᠲᠡ ᠥᠷᠲᠡᠭ ᠢᠶᠠᠷ ᠬᠡᠯᠪᠡᠷᠢ ᠪᠠᠨ ᠬᠤᠪᠢᠷᠠᠭᠤᠯᠬᠤ ᠴᠢᠬᠤᠯᠠ ᠶᠡᠭᠡ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠭᠠᠷᠳᠠᠴᠠ ᠪᠣᠯᠭᠠᠵᠤ᠂ ᠨᠡᠭᠡᠭᠡᠯᠲᠡᠲᠡᠢ᠂ ᠬᠠᠮᠲᠤᠪᠠᠷ ᠭᠥᠷᠳᠡᠬᠦ ᠬᠠᠮᠲᠤᠷᠠᠭᠰᠠᠨ ᠪᠣᠭᠤᠮᠲᠠ ᠰᠢᠪᠲᠤᠯᠤᠨ ᠰᠢᠨ᠎ᠡ ᠶᠢ ᠡᠭᠦᠳᠬᠦ ᠲᠠᠪᠴᠠᠩ ᠢ ᠪᠣᠶ ᠪᠣᠯᠭᠠᠵᠤ᠂ ᠳᠡᠭᠡᠳᠦ ᠴᠢᠳᠠᠪᠬᠢᠲᠤ ᠰᠠᠮᠠᠷᠢ ᠺᠣᠪᠠᠯᠲ ᠤᠨ ᠲᠣᠭᠲᠠᠮᠠᠯ ᠰᠣᠷᠢᠨᠵᠢᠨ ᠮᠠᠲ᠋ᠧᠷᠢᠶᠠᠯ᠂ ᠬᠤᠪᠣᠷ ᠰᠢᠷᠣᠢ ᠶᠢᠨ ᠰᠢᠰᠲ᠋ᠧᠮ ᠤᠨ ᠬᠠᠲᠠᠭᠤ ᠪᠡᠶᠡᠲᠦ ᠤᠰᠤᠲᠥ᠋ᠷᠥᠭᠴᠢ ᠬᠠᠳᠠᠭᠠᠯᠠᠬᠤ ᠲᠣᠨᠣᠭᠯᠠᠯ ᠵᠡᠷᠭᠡ 12 ᠵᠤᠷᠪᠤᠰ ᠮᠡᠷᠭᠡᠵᠢᠯ ᠤᠨ ᠦᠷ᠎ᠡ ᠪᠦᠲᠦᠭᠡᠯ ᠤᠨ ᠠᠵᠤ ᠦᠶᠢᠯᠡᠰᠵᠢᠯᠲᠡ ᠶᠢᠨ ᠵᠢᠱᠢᠶ᠎ᠡ ᠦᠵᠡᠭᠦᠯᠬᠦ ᠱᠤᠭᠤᠮ ᠢ ᠲᠥᠪᠯᠡᠷᠡᠭᠦᠯᠦᠨ ᠪᠠᠶᠢᠭᠤᠯᠵᠤ᠂ ᠠᠵᠤ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ︽ᠪᠣᠭᠤᠮᠢᠯᠠᠬᠤ︾ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠨ᠂ ᠬᠤᠪᠣᠷ ᠰᠢᠷᠣᠢ ᠶᠢᠨ ᠠᠵᠤ ᠦᠢᠯᠡᠰ ᠤᠨ ᠥᠷᠭᠡᠨ ᠬᠦᠷᠢᠶ᠎ᠡ ᠴᠠᠷᠠᠭ᠎ᠠ᠂ ᠳᠡᠭᠡᠳᠦ ᠲᠠᠰ ᠳᠠᠰᠢ ᠤᠷᠤᠭᠰᠢᠯᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠣ ᠪᠣᠢ᠃     ︽ᠠᠮᠢᠳᠤᠯᠢᠭ ᠲᠣᠭᠲᠠᠴᠠ︾ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ     ᠡᠨᠡ ᠬᠡᠳᠦᠨ ᠡᠳᠦᠷ᠂ ᠤᠯᠤᠰ ᠤᠨ ᠰᠢᠨ᠎ᠡ ᠶᠢ ᠡᠭᠦᠳᠬᠦ ᠲᠥᠪ ᠤᠨ ᠮᠡᠷᠭᠡᠵᠢᠯ ᠤᠨ ᠭᠤᠣᠯᠯᠠᠭᠴᠢ ᠯᠢ ᠶᠠᠨ ᠯᠢ ᠮᠠᠰᠢ ᠶᠠᠭᠠᠷᠠᠯᠲᠠᠢ ᠪᠠᠶᠢᠵᠤ᠂ ᠲᠡᠭᠦᠨ ᠤ ᠪᠠᠶᠢᠭ᠎ᠠ ᠰᠤᠳᠤᠯᠤᠨ ᠨᠡᠭᠡᠭᠡᠬᠦ ᠪᠦᠯᠬᠦᠮ ᠨᠢ ᠵᠢᠯ ᠰᠢᠬᠠᠮ ᠤᠨ ᠮᠡᠷᠭᠡᠵᠢᠯ ᠤᠨ ᠪᠣᠭᠤᠮᠲᠠ ᠰᠢᠪᠲᠤᠯᠬᠤ ᠪᠠᠷ ᠳᠠᠮᠵᠢᠭᠤᠯᠵᠤ᠂ ᠤᠯᠤᠰ ᠤᠨ ᠳᠣᠲᠣᠭᠠᠳᠤ ᠳᠤ ᠲᠡᠷᠢᠭᠦᠯᠡᠵᠦ ᠪᠣᠯᠬᠤ᠂ ᠳᠡᠯᠡᠬᠡᠢ ᠶᠢᠨ ᠲᠡᠷᠢᠭᠦᠨ ᠤ ︽ᠥᠨᠳᠥᠷ ᠴᠢᠳᠠᠪᠬᠢᠲᠤ ᠰᠠᠮᠠᠷᠢ ᠺᠣᠪᠠᠯᠲ ᠤᠨ ᠲᠣᠭᠲᠠᠮᠠᠯ ᠰᠣᠷᠢᠨᠵᠢᠨ ᠮᠠᠲ᠋ᠧᠷᠢᠶᠠᠯ︾  ᠤᠨ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠱᠤᠭᠤᠮ ᠢ ᠪᠠᠶᠢᠭᠤᠯᠪᠠ᠃ ᠣᠳᠣᠬᠠᠨ ᠳᠤ᠂ ᠲᠣᠰ ᠵᠢᠱᠢᠶ᠎ᠡ ᠦᠵᠡᠭᠦᠯᠬᠦ ᠱᠤᠭᠤᠮ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ᠂ ᠨᠢᠭᠡᠨᠲᠡ ᠨᠢᠭᠡ ᠳᠡᠭᠡᠳᠦ ᠮᠡᠷᠭᠡᠵᠢᠯ ᠤᠨ ᠠᠵᠤ ᠠᠬᠤᠶᠢᠯᠠᠯ ᠢ ᠵᠡᠷᠭᠡ ᠪᠠᠷ ᠳᠠᠩᠰᠠᠯᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ ᠪᠣᠳᠠᠲᠤ ᠴᠣᠭᠴᠠᠵᠢᠭᠤᠯᠤᠨ ᠠᠵᠢᠯᠯᠠᠭᠤᠯᠪᠠ᠃     ᠤᠯᠤᠰ ᠤᠨ ᠰᠢᠨ᠎ᠡ ᠶᠢ ᠡᠭᠦᠳᠬᠦ ᠲᠥᠪ ᠤᠨ ᠳᠡᠳ᠋ ᠶᠡᠷᠦᠩᠬᠡᠢ ᠳᠠᠭᠠᠭᠠᠮᠠᠯ᠂ ᠥᠪᠥᠷ ᠮᠣᠩᠭᠤᠯ ᠤᠨ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠤᠨ ᠶᠡᠷᠦᠩᠬᠡᠢ ᠳᠠᠭᠠᠭᠠᠮᠠᠯ ᠳ᠋ᠧᠩ ᠶᠤᠸᠠᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠵᠢᠱᠢᠶ᠎ᠡ ᠦᠵᠡᠭᠦᠯᠬᠦ ᠱᠤᠭᠤᠮ ᠢ ᠲᠦᠷᠭᠡᠨ ᠢᠶᠠᠷ ᠡᠬᠢᠯᠡᠨ ᠪᠠᠶᠢᠭᠤᠯᠵᠤ ᠪᠠᠶᠢᠭ᠎ᠠ  ᠨᠢ ᠡᠯ᠎ᠡ ᠱᠠᠲᠤᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠵᠢᠴᠢ ᠬᠤᠪᠢ ᠣᠷᠣᠭᠤᠯᠤᠭᠴᠢ ᠨᠢᠭᠡᠴᠡ ᠶᠢᠨ ᠳᠡᠮᠵᠢᠯᠭᠡ ᠠᠴᠠ ᠪᠣᠯᠤᠭᠰᠠᠨ᠂ ᠲᠣᠰ ᠪᠡᠶ᠎ᠡ ᠶᠢᠨ ᠬᠠᠮᠢᠶᠠᠷᠤᠯᠲᠠ ᠶᠢᠨ ᠲᠣᠭᠲᠠᠴᠠ ᠶᠢᠨ ᠵᠠᠭᠪᠤᠷ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠠᠴᠠ ᠪᠣᠯᠤᠭᠰᠠᠨ ᠶᠤᠮ ᠭᠡᠵᠡᠢ᠃ ᠤᠯᠤᠰ ᠤᠨ ᠰᠢᠨ᠎ᠡ ᠶᠢ ᠡᠭᠦᠳᠬᠦ ᠲᠥᠪ ᠤᠨ ᠬᠢᠨ ᠲᠦᠷᠦᠯ ᠵᠦᠢᠯ ᠤᠨ ᠬᠠᠮᠲᠤᠷᠠᠯᠴᠠᠭ᠎ᠠ ᠪᠠᠷ ᠬᠤᠯᠪᠣᠭᠠᠰᠤ ᠪᠣᠯᠭᠠᠵᠤ᠂ ᠰᠣᠷᠢᠨᠵᠢᠨ ᠤᠬᠠᠭᠠᠨ ᠤ ᠲᠤᠰᠬᠠᠢ ᠮᠡᠷᠭᠡᠵᠢᠯᠲᠡᠨ ᠯᠢᠦ ᠭᠠ ᠵᠧᠨ ᠢᠶᠠᠷ ᠮᠡᠷᠭᠡᠵᠢᠯ ᠤᠨ ᠳᠠᠭᠠᠭᠤᠯᠤᠭᠴᠢ ᠪᠣᠯᠭᠠᠭᠰᠠᠨ ᠪᠥᠭᠡᠳ 10 ᠭᠠᠷᠤᠢ ᠵᠢᠯ ᠤᠨ ᠰᠣᠷᠢᠨᠵᠢᠨ ᠴᠢᠨᠠᠷᠲᠠᠢ ᠮᠠᠲ᠋ᠧᠷᠢᠶᠠᠯ ᠢ ᠰᠤᠳᠤᠯᠤᠨ ᠨᠡᠭᠡᠭᠡᠭᠰᠡᠨ ᠲᠤᠷᠰᠢᠯᠭ᠎ᠠ ᠲᠠᠢ ᠪᠣᠯᠪᠠᠰᠤᠷᠠᠩᠭᠤᠢ ᠪᠦᠯᠬᠦᠮ ᠢ ᠣᠷᠣᠭᠤᠯᠤᠨ ᠠᠪᠴᠢᠷᠠᠵᠤ᠂ ᠤᠤᠯ ᠤᠨ ᠰᠤᠳᠤᠯᠭᠠᠨ ᠤ ᠦᠷ᠎ᠡ ᠪᠦᠲᠦᠭᠡᠯ ᠤᠨ ᠲᠠᠯ᠎ᠠ ᠪᠠᠷ ᠰᠤᠳᠤᠯᠭᠠᠨ ᠢᠶᠠᠨ ᠥᠷᠭᠡᠳᠬᠡᠵᠦ᠂ ᠰᠠᠮᠠᠷᠢ ᠺᠣᠪᠠᠯᠲ ᠤᠨ ᠮᠠᠲ᠋ᠧᠷᠢᠶᠠᠯ ᠢ ᠴᠢᠨᠠᠭᠰᠢᠳᠠ ᠨᠡᠭᠡᠭᠡᠨ ᠠᠰᠢᠭᠯᠠᠵᠤ᠂ ᠦᠢᠯᠡᠳᠬᠦᠨ ᠤ ᠴᠢᠳᠠᠪᠬᠢ ᠶᠢ ᠳᠡᠭᠡᠭᠰᠢᠯᠡᠭᠦᠯᠵᠦ᠂ ᠤᠮᠠᠷᠠᠲᠤ ᠣᠷᠣᠨ ᠤ ᠰᠠᠮᠠᠷᠢ ᠺᠣᠪᠠᠯᠲ ᠤᠨ ᠠᠵᠤ ᠦᠢᠯᠡᠰ ᠤᠨ ᠬᠡᠯᠬᠢᠶ᠎ᠡ ᠶᠢᠨ ᠳᠤᠲᠠᠭᠤᠳᠠᠯ ᠢ ᠨᠥᠬᠦᠪᠦᠷᠢᠯᠡᠪᠡ᠃      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠤᠯᠤᠰ ᠤᠨ ᠰᠢᠨ᠎ᠡ ᠶᠢ ᠡᠭᠦᠳᠬᠦ ᠲᠥᠪ ᠪᠣᠯ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠲᠦᠷᠦᠭᠦᠸ ᠪᠦᠯᠦᠭ ᠪᠦᠲᠦᠭᠡᠨ ᠪᠠᠶᠢᠭᠤᠯᠬᠤ ᠪᠠᠷ ᠲᠥᠯᠥᠪᠯᠡᠵᠦ ᠪᠠᠶᠢᠭ᠎ᠠ 22 ᠭᠤᠣᠯᠳᠠᠯᠭ᠎ᠠ ᠲᠠᠢ ᠬᠦᠷᠢᠶᠡᠨ ᠤ ᠨᠢᠭᠡ ᠮᠥᠨ᠂ ᠬᠤᠪᠣᠷ ᠰᠢᠷᠣᠢ ᠶᠢᠨ ᠬᠦᠷᠢᠶ᠎ᠡ ᠮᠥᠨ᠂ ᠪᠠᠰᠠ ᠴᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ ᠤᠯᠤᠰ ᠤᠨ ᠲᠠᠰ ᠤᠨ ᠦᠶᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ 2020 ᠣᠨ ᠤ 3 ᠰᠠᠷ᠎ᠠ ᠳᠤ᠂ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠵᠢᠯᠲᠠ ᠶᠢᠨ ᠶᠠᠮᠤᠨ ᠠᠴᠠ ᠪᠤᠭᠤᠲᠤ ᠬᠤᠳᠠ ᠶᠢᠨ ᠳᠠᠩᠰᠠᠯᠠᠭᠤᠯᠵᠤ ᠪᠠᠶᠢᠭᠤᠯᠤᠭᠰᠠᠨ ᠭᠦᠸᠧ ᠷᠦᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠤᠯᠤᠰ ᠤᠨ ᠰᠢᠨ᠎ᠡ ᠶᠢ ᠡᠭᠦᠳᠬᠦ ᠲᠥᠪ ᠪᠠᠶᠢᠭᠤᠯᠬᠤ ᠶᠢ ᠵᠢᠩᠬᠢᠨᠢ ᠪᠠᠷ ᠴᠣᠬᠤᠯᠠᠪᠤᠷᠢᠯᠠᠨ ᠬᠠᠷᠢᠭᠤᠯᠤᠭᠰᠠᠨ ᠪᠥᠭᠡᠳ ᠲᠤᠰ ᠲᠤᠰ ᠪᠤᠭᠤᠲᠤ ᠬᠤᠳᠠ ᠪᠣᠯᠣᠨ ᠭᠠᠨᠵᠸᠦ ᠬᠤᠳᠠ ᠶᠢᠨ ᠬᠤᠶᠠᠷ ᠭᠠᠵᠠᠷ ᠲᠤ ᠬᠤᠪᠢᠶᠠᠷᠢ ᠺᠣᠮᠫᠠᠨᠢ ᠪᠠᠶᠢᠭᠤᠯᠵᠤ ᠪᠣᠳᠠᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠡᠢ᠃     ᠤᠯᠤᠰ ᠤᠨ ᠡᠭᠦᠳᠦᠯᠲᠡ ᠶᠢᠨ ᠲᠥᠪ ᠢ ᠪᠤᠭᠤᠲᠤ ᠳᠤ ᠪᠦᠲᠦᠭᠡᠨ ᠪᠠᠶᠢᠭᠤᠯᠵᠤ ᠬᠡᠷᠡᠭᠵᠢᠭᠦᠯᠦᠭᠰᠡᠨ ᠠᠴᠠ ᠨᠠᠰᠢ ᠂ ᠭᠤᠣᠯᠳᠠᠭᠤ ᠮᠡᠷᠭᠡᠵᠢᠯ ᠵᠢᠴᠢ ᠬᠡᠷᠡᠭᠯᠡᠭᠡᠨ ᠤ ᠳᠡᠯᠭᠡᠷᠡᠭᠦᠯᠦᠯᠲᠡ᠂ ᠬᠤᠪᠣᠷ ᠰᠢᠷᠣᠢ ᠶᠢᠨ ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠬᠡᠷᠡᠭᠯᠡᠭᠡᠨ ᠤ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ︽4 ᠲᠥᠪ᠂ 11 ᠲᠠᠪᠴᠠᠩ︾  ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠭᠥᠯᠢᠶᠡᠨ ᠠᠪᠴᠤ᠂ 12 ᠵᠤᠷᠪᠤᠰ ᠮᠡᠷᠭᠡᠵᠢᠯ ᠤᠨ ᠦᠷ᠎ᠡ ᠪᠦᠲᠦᠭᠡᠯ ᠤᠨ ᠠᠵᠤ ᠦᠢᠯᠡᠰᠵᠢᠯᠲᠡ ᠶᠢᠨ ᠵᠢᠱᠢᠶ᠎ᠡ ᠦᠵᠡᠭᠦᠯᠬᠦ ᠱᠤᠭᠤᠮ ᠢ ᠡᠬᠢᠯᠡᠨ ᠪᠦᠲᠦᠭᠡᠨ ᠪᠠᠶᠢᠭᠤᠯᠪᠠ᠂ ᠡᠭᠦᠨ ᠳᠤ᠂ 6 ᠵᠤᠷᠪᠤᠰ ᠵᠢᠱᠢᠶ᠎ᠡ ᠦᠵᠡᠭᠦᠯᠬᠦ ᠱᠤᠭᠤᠮ ᠢ ᠤᠮᠠᠷᠠᠲᠤ ᠶᠢᠨ ᠬᠤᠪᠣᠷ ᠰᠢᠷᠣᠢ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠤᠭᠤᠲᠤ ᠶᠢᠨ ᠬᠤᠪᠣᠷ ᠰᠢᠷᠣᠢ ᠶᠢᠨ ᠰᠤᠳᠤᠯᠤᠨ ᠨᠡᠭᠡᠭᠡᠬᠦ ᠲᠥᠪ ᠲᠠᠢ ᠬᠠᠮᠲᠤᠷᠠᠨ ᠪᠠᠶᠢᠭᠤᠯᠵᠤ᠂ ᠦᠯᠡᠳᠡᠭᠰᠡᠨ 6 ᠵᠤᠷᠪᠤᠰ ᠢᠶᠠᠷ ᠭᠤᠣᠯ ᠪᠣᠯᠭᠠᠨ ᠪᠡᠶ᠎ᠡ ᠪᠠᠨ ᠳᠠᠭᠠᠭᠠᠵᠤ ᠪᠡᠯᠡᠳᠬᠡᠨ ᠪᠠᠶᠢᠭᠤᠯᠵᠠᠢ᠃︽ᠪᠢᠳᠡᠨ ᠤ ᠥᠪᠡᠷ ᠢᠶᠠᠨ ᠪᠠᠶᠢᠭᠤᠯᠤᠭᠰᠠᠨ ᠵᠢᠱᠢᠶ᠎ᠡ ᠦᠵᠡᠭᠦᠯᠬᠦ ᠱᠤᠭᠤᠮ ᠤᠨ ᠮᠡᠷᠭᠡᠵᠢᠯ ᠤᠨ ᠣᠯᠣᠭᠰᠠᠨ ᠠᠷᠭ᠎ᠠ ᠬᠡᠯᠪᠡᠷᠢ ᠠᠳᠠᠯᠢ ᠦᠭᠡᠢ᠂ ᠵᠣᠬᠢᠴᠠᠩᠭᠤᠢ ᠠᠵᠢᠯᠯᠠᠭᠠᠨ ᠤ ᠲᠣᠭᠲᠠᠴᠠ ᠵᠢᠴᠢ ᠬᠥᠭᠵᠢᠯᠲᠡ ᠶᠢᠨ ᠵᠠᠭᠪᠤᠷ ᠴᠤ ᠠᠳᠠᠯᠢ ᠦᠭᠡᠢ᠂ ᠨᠢᠭᠡ ᠬᠡᠰᠡᠭ ᠨᠢ ᠮᠡᠷᠭᠡᠵᠢᠯ ᠢᠶᠠᠷ ᠲᠦᠰᠢᠭ ᠪᠣᠯᠭᠠᠨ ᠨᠡᠪᠴᠢᠭᠦᠯᠦᠨ ᠳᠡᠭᠡᠳᠦ ᠮᠡᠷᠭᠡᠵᠢᠯ ᠤᠨ ᠠᠵᠤ ᠠᠬᠤᠶᠢᠯᠠᠯ ᠢ ᠪᠠᠶᠢᠭᠤᠯᠵᠤ᠂ ᠪᠣᠳᠠᠲᠠᠢ ᠠᠵᠤ ᠠᠬᠤᠢ ᠶᠢᠨ ᠦᠷ᠎ᠡ ᠠᠰᠢᠭ ᠪᠣᠯᠭᠠᠨ ᠬᠤᠪᠢᠷᠠᠭᠤᠯᠬᠤ ᠶᠢᠨ ᠬᠠᠮᠲᠤ ᠪᠠᠲᠤ ᠪᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠪᠠᠲᠤᠯᠠᠭ᠎ᠠ ᠶᠢ ᠬᠠᠩᠭᠠᠨ᠎ᠠ᠃ ᠨᠢᠭᠡ ᠪᠦᠯᠦᠭ ᠨᠢ ᠵᠠᠬ᠎ᠠ ᠳᠡᠯᠭᠡᠭᠦᠷ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠰᠢᠨ᠎ᠡ ᠮᠠᠲ᠋ᠧᠷᠢᠶᠠᠯ᠂ ᠰᠢᠨ᠎ᠡ ᠦᠢᠯᠡᠳᠬᠦᠨ᠂ ᠰᠢᠨ᠎ᠡ ᠲᠣᠨᠤᠭ ᠲᠥᠬᠦᠭᠡᠷᠦᠮᠵᠢ ᠶᠢ ᠲᠠᠰᠤᠷᠠᠯᠲᠠ ᠦᠭᠡᠢ ᠨᠡᠭᠡᠭᠡᠨ ᠬᠥᠭᠵᠢᠭᠦᠯᠵᠦ᠂ ᠠᠵᠤ ᠠᠬᠤᠢ ᠶᠢᠨ ᠦᠷ᠎ᠡ ᠠᠰᠢᠭ + ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠪᠠᠷ ᠬᠥᠳᠡᠯᠭᠡᠭᠦᠷ ᠪᠣᠯᠭᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠪᠠᠶᠢᠨ᠎ᠠ︾ ᠭᠡᠵᠦ ᠳ᠋ᠧᠩ ᠶᠤᠸᠠᠨ ᠬᠡᠯᠡᠵᠡᠢ᠃    ︽ᠬᠤᠯᠪᠤᠭᠠᠯᠠᠨ ᠰᠢᠨ᠎ᠡ ᠶᠢ ᠡᠭᠦᠳᠬᠦ︾ ᠪᠠᠷ ᠭᠤᠣᠯᠯᠠᠭᠴᠢ ᠮᠡᠷᠭᠡᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠪᠡ    ᠬᠤᠪᠣᠷ ᠰᠢᠷᠣᠢ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠮᠥᠨ᠂ ᠤᠯᠤᠰ ᠤᠨ ᠰᠢᠨ᠎ᠡ ᠶᠢ ᠡᠭᠦᠳᠬᠦ ᠲᠥᠪ ᠢ ᠰᠠᠶᠢᠲᠤᠷ ᠪᠦᠲᠦᠭᠡᠨ ᠪᠠᠶᠢᠭᠤᠯᠵᠤ᠂ ᠬᠤᠪᠣᠷ ᠰᠢᠷᠣᠢ ᠶᠢᠨ ᠬᠦᠷᠢᠶ᠎ᠡ ᠴᠠᠷᠠᠭ᠎ᠠ ᠶᠢᠨ ᠵᠠᠩᠭᠢᠯᠠᠭ᠎ᠠ ᠶᠢᠨ ᠮᠡᠷᠭᠡᠵᠢᠯ ᠢ ᠰᠢᠪᠲᠤᠯᠤᠨ᠂ ᠳᠤᠮᠳᠠ ᠵᠡᠷᠭᠡ ᠶᠢᠨ ᠲᠤᠷᠰᠢᠯᠲᠠ ᠶᠢᠨ ᠥᠷᠭᠡᠳᠬᠡᠯ ᠢ ᠢᠨᠵᠧᠨᠧᠷᠢᠩᠵᠢᠬᠦᠯᠦᠨ ᠰᠢᠯᠭᠠᠨ ᠭᠡᠷᠡᠴᠢᠯᠡᠬᠦ ᠶᠢ ᠪᠡᠶᠡᠯᠡᠭᠦᠯᠬᠦ ᠶᠢᠨ ᠬᠠᠮᠲᠤ ᠮᠡᠷᠭᠡᠵᠢᠯ ᠤᠨ ᠦᠷ᠎ᠡ ᠪᠦᠲᠦᠭᠡᠯ ᠢ ᠠᠩᠬ᠎ᠠ ᠤᠳᠠᠭ᠎ᠠ ᠬᠤᠳᠠᠯᠳᠤᠭᠠᠴᠢᠯᠠᠨ ᠳᠡᠯᠭᠡᠷᠡᠭᠦᠯᠦᠨ ᠬᠡᠷᠡᠭᠯᠡᠬᠦ ᠶᠢ ᠪᠡᠶᠡᠯᠡᠭᠦᠯᠬᠦ ᠪᠣᠯ ᠤᠯᠤᠰ ᠤᠨ ᠰᠢᠨ᠎ᠡ ᠶᠢ ᠡᠭᠦᠳᠬᠦ ᠲᠥᠪ ᠤᠨ ᠪᠥᠬᠦ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠡᠭᠦᠷᠭᠡᠯᠡᠵᠦ ᠪᠠᠶᠢᠭ᠎ᠠ ᠤᠯᠤᠰ ᠤᠨ ᠡᠭᠦᠷᠭᠡ ᠬᠠᠷᠢᠭᠤᠴᠠᠯᠭ᠎ᠠ ᠮᠥᠨ᠃     ︽ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠪᠠᠷᠠᠬᠤ ᠦᠭᠡᠢ᠂ ᠴᠢᠳᠠᠪᠤᠷᠢᠲᠠᠨ ᠢ ᠴᠤᠭᠯᠠᠷᠠᠭᠤᠯᠤᠨ ᠰᠢᠨ᠎ᠡ ᠶᠢ ᠡᠭᠦᠳᠬᠦ ᠪᠣᠯ ᠪᠠᠰᠠ ᠴᠤ ᠵᠠᠩᠭᠢᠯᠠᠭ᠎ᠠ ᠮᠥᠨ᠂ ︿ᠭᠤᠷᠪᠠᠨ ᠰᠢᠨ᠎ᠡ ᠶᠢ ᠡᠭᠦᠳᠬᠦ﹀ ᠶᠢ ᠵᠡᠷᠭᠡᠪᠡᠷ ᠪᠦᠷᠢᠯᠳᠦᠭᠦᠯᠪᠡᠯ᠂ ᠰᠢᠨ᠎ᠡ ᠶᠢ ᠡᠭᠦᠳᠬᠦ ᠬᠥᠭᠵᠢᠯᠲᠡ ᠰᠠᠶ᠋ᠢ ᠠᠶᠠᠨᠳᠠᠭᠠᠨ ᠪᠡᠶᠡᠯᠡᠭᠳᠡᠵᠦ ᠴᠢᠳᠠᠨ᠎ᠠ︾ ᠭᠡᠵᠦ ᠳ᠋ᠧᠩ ᠶᠤᠸᠠᠨ  ᠶᠠᠷᠢᠪᠠ᠃     ᠤᠯᠤᠰ ᠤᠨ ᠡᠭᠦᠳᠦᠯᠲᠡ ᠶᠢᠨ ᠲᠥᠪ ᠨᠢ ︽ᠠᠺᠠᠳᠧᠮᠢᠴᠢ ᠪᠠᠷ ᠲᠦᠷᠦᠭᠦᠯᠡᠭᠦᠯᠦᠭᠰᠡᠨ᠂ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠢᠶᠠᠷ ᠭᠤᠣᠯᠯᠠᠭᠤᠯᠤᠭᠰᠠᠨ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢᠶᠠᠷ ᠨᠥᠬᠦᠪᠦᠷᠢᠯᠡᠭᠰᠡᠨ ᠂ ᠤᠷ᠎ᠠ ᠴᠢᠳᠠᠪᠤᠷᠢ ᠲᠠᠢ ᠴᠢᠳᠠᠪᠤᠷᠢᠲᠠᠨ ᠢᠶᠠᠷ ᠬᠠᠪᠰᠤᠷᠤᠮᠵᠢ ᠪᠣᠯᠭᠠᠭᠰᠠᠨ︾ ᠳᠥᠷᠪᠡᠨ ᠱᠠᠲᠤᠨ ᠤ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠬᠤᠪᠣᠷ ᠰᠢᠷᠣᠢ ᠶᠢᠨ ᠠᠵᠢᠯ ᠲᠥᠷᠥᠯ ᠤᠨ ᠳᠡᠭᠡᠳᠦ ᠲᠠᠰ ᠤᠨ ᠵᠠᠭᠤ ᠭᠠᠷᠤᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠴᠤᠭᠯᠠᠷᠠᠭᠤᠯᠤᠨ᠂ ᠠᠺᠠᠳᠧᠮᠢᠴᠢ ᠵᠠᠩ ᠬᠤᠩ ᠵᠢᠶᠧ᠂ ᠠᠺᠠᠳᠧᠮᠢᠴᠢ ᠱᠧᠨ ᠪᠦᠦ ᠭᠧᠨ ᠢᠶᠠᠷ ᠲᠦᠷᠦᠭᠦᠯᠡᠭᠦᠯᠦᠭᠰᠡᠨ ᠲᠤᠰᠬᠠᠢ ᠮᠡᠷᠭᠡᠵᠢᠯᠲᠡᠨ ᠤ ᠵᠥᠪᠯᠡᠯ ᠢ ᠪᠦᠷᠢᠯᠳᠦᠭᠦᠯᠵᠦ᠂ ᠲᠥᠪ ᠤᠨ ᠬᠥᠭᠵᠢᠯᠲᠡ ᠶᠢᠨ ᠴᠢᠭᠯᠡᠯ ᠵᠢᠴᠢ ᠪᠠᠶᠢᠯᠳᠤᠬᠤ ᠪᠣᠳᠣᠯᠭ᠎ᠠ ᠶᠢ ᠰᠤᠳᠤᠯᠤᠨ ᠮᠠᠭᠠᠳᠯᠠᠬᠤ ᠠᠵᠢᠯ ᠢ ᠬᠠᠷᠢᠭᠤᠴᠠᠭᠤᠯᠪᠠ  ᠃ ᠤᠯᠤᠰ ᠤᠨ ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠳᠡᠳ᠋ ᠡᠷᠬᠢᠯᠡᠭᠴᠢ᠂ ᠪᠡᠭᠡᠵᠢᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠶᠤᠸᠠᠢ ᠮᠢᠩ ᠤᠨ ᠪᠦᠯᠬᠦᠮ᠂ ᠠᠩᠭ᠍ᠯᠢ ᠶᠢᠨ ᠠᠪᠧ ᠶᠡᠭᠡ ᠰᠤᠷᠭᠠᠭᠤᠯᠢ ᠶᠢᠨ ᠹᠢᠽᠢᠺ ᠤᠨ ᠰᠠᠯᠪᠤᠷᠢ ᠶᠢᠨ ᠰᠤᠳᠤᠯᠭᠠᠨ ᠤ ᠫᠷᠤᠹᠧᠰᠰᠤᠷ ᠪᠥᠭᠡᠳ ᠲᠡᠷᠢᠭᠦᠨ ᠰᠤᠳᠤᠯᠤᠭᠴᠢ ᠵᠧᠦ ᠵᠥᠩ ᠹᠦ᠋ ᠶᠢᠨ ᠪᠦᠯᠬᠦᠮ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠥ᠋ ᠰᠢᠶᠣᠣ ᠵᠢᠶᠦ᠋ᠨ ᠤ ᠪᠦᠯᠬᠦᠮ ᠵᠡᠷᠭᠡ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠤ ᠪᠦᠯᠬᠦᠮ ᠢ ᠤᠶᠠᠨ ᠴᠢᠨᠠᠷᠲᠠᠢ ᠪᠠᠷ ᠣᠷᠣᠭᠤᠯᠤᠨ ᠠᠪᠴᠢᠷᠠᠵᠤ᠂ ᠲᠥᠷᠥᠯ ᠵᠦᠢᠯ ᠤᠨ ᠡᠳᠦᠷ ᠲᠤᠲᠤᠮ ᠤᠨ ᠮᠡᠷᠭᠡᠵᠢᠯ ᠤᠨ ᠲᠥᠰᠥᠯ ᠢ ᠲᠣᠭᠲᠠᠭᠠᠬᠤ ᠪᠠ ᠬᠡᠷᠡᠭᠵᠢᠭᠦᠯᠬᠦ ᠶᠢ ᠬᠠᠷᠢᠭᠤᠴᠠᠭᠤᠯᠤᠨ᠎ᠠ  ᠃ ᠬᠤᠷᠰᠢᠨ ᠨᠡᠭᠡᠭᠡᠨ ᠬᠥᠭᠵᠢᠭᠦᠯᠬᠦ ᠠᠷᠭ᠎ᠠ ᠮᠠᠶ᠋ᠢᠭ ᠢᠶᠠᠷ ᠣᠷᠣᠭᠤᠯᠤᠨ ᠠᠪᠴᠢᠷᠠᠭᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠤᠷ᠎ᠠ ᠴᠢᠳᠠᠪᠤᠷᠢ ᠶᠢᠨ ᠴᠢᠳᠠᠪᠤᠷᠢᠲᠠᠨ ᠨᠢ 12 ᠵᠤᠷᠪᠤᠰ ᠦᠷ᠎ᠡ ᠪᠦᠲᠦᠭᠡᠯ ᠤᠨ ᠠᠵᠤ ᠦᠶᠢᠯᠡᠰᠵᠢᠯᠲᠡ ᠶᠢᠨ ᠵᠢᠱᠢᠶ᠎ᠡ ᠦᠵᠡᠭᠦᠯᠬᠦ ᠱᠤᠭᠤᠮ ᠤᠨ ᠪᠣᠳᠠᠲᠠᠢ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃    ᠤᠯᠤᠰ ᠤᠨ ᠰᠢᠨ᠎ᠡ ᠶᠢ ᠡᠭᠦᠳᠬᠦ ᠲᠥᠪ ᠤᠨ ᠬᠢᠨ ᠤᠯᠤᠰ ᠤᠨ ᠳᠣᠲᠣᠭᠠᠳᠤ ᠶᠢᠨ ᠡᠯ᠎ᠡ ᠬᠦᠷᠢᠶᠡᠨ ᠤ ᠪᠦᠯᠬᠦᠮ ᠲᠠᠢ ᠨᠢᠭᠡᠨᠲᠡ ᠣᠯᠣᠭᠰᠠᠨ ᠰᠤᠳᠤᠯᠭᠠᠨ ᠤ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ ᠬᠠᠮᠲᠤᠷᠠᠯᠴᠠᠭ᠎ᠠ ᠥᠷᠨᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ︽ᠬᠠᠭᠤᠴᠢᠨ ᠵᠠᠮ︾ ᠢᠶᠠᠷ ᠵᠠᠮᠨᠠᠬᠤ ᠦᠭᠡᠢ᠂ ︽ᠬᠡᠳᠦ ᠴᠢᠩᠭ᠎ᠠ ᠶᠡᠭᠡ ᠲᠠᠷᠢᠬᠢ︾ ᠪᠠ ᠠᠮᠢᠳᠤᠯᠢᠭ ︽ᠬᠠᠮᠢᠶᠠᠷᠤᠯᠲᠠ ᠶᠢᠨ ᠲᠣᠭᠲᠠᠴᠠ︾ ᠶᠢ ᠰᠤᠳᠤᠯᠤᠨ ᠨᠡᠭᠡᠭᠡᠬᠦ ᠳᠤ ᠲᠦᠰᠢᠭᠯᠡᠵᠦ᠂ ᠤᠶᠤᠨ ᠴᠢᠳᠠᠯ ᠢᠶᠠᠨ ᠲᠥᠪᠯᠡᠷᠡᠭᠦᠯᠦᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠬᠢᠨ᠎ᠡ᠃     ᠡᠭᠦᠨ ᠳᠤ᠂ ᠬᠤᠪᠣᠷ ᠰᠢᠷᠣᠢ ᠶᠢᠨ ᠴᠢᠳᠠᠮᠵᠢᠲᠤ ᠨᠡᠶᠢᠯᠡᠮᠡᠯ ᠮᠠᠲ᠋ᠧᠷᠢᠶᠠᠯ ᠤᠨ ᠬᠦᠷᠢᠶᠡᠨ ᠳᠤ ᠣᠷᠣᠭᠤᠯᠤᠨ ᠠᠪᠴᠢᠷᠠᠭᠰᠠᠨ ᠵᠧᠦ ᠵᠥᠩ ᠹᠦ᠋ ᠶᠢᠨ ᠪᠦᠯᠬᠦᠮ ᠨᠡᠶᠢᠲᠡ ᠨᠢ ᠲᠡᠩᠴᠡᠭᠦᠦ ᠢᠶᠤᠨᠲᠤ ᠮᠡᠷᠭᠡᠵᠢᠯ ᠢᠶᠠᠷ ᠰᠠᠭᠤᠷᠢ ᠪᠣᠯᠭᠠᠭᠰᠠᠨ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠪᠣᠬᠢᠷᠳᠤᠯ ᠦᠭᠡᠢ ᠦᠶᠯᠡᠳᠬᠦ ᠤᠷᠠᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠪᠣᠷ ᠰᠢᠷᠣᠢ ᠬᠢᠭᠡᠳ ᠪᠥᠭᠡᠭᠡᠨᠡᠷᠡᠯ ᠠᠰᠢᠯ ᠢᠮᠢᠳ᠋᠂ ᠪᠠᠯ ᠴᠢᠯᠠᠭᠤᠨ ᠠᠯᠺᠧᠨ ᠵᠡᠷᠭᠡ ᠴᠢᠳᠠᠮᠵᠢᠲᠤ ᠨᠡᠶᠢᠯᠡᠮᠡᠯ ᠮᠠᠲ᠋ᠧᠷᠢᠶᠠᠯ ᠤᠨ ᠵᠢᠷᠤᠭ ᠲᠥᠯᠥᠪᠯᠡᠭᠡ ᠪᠠ ᠲᠤᠷᠰᠢᠨ ᠦᠶᠯᠡᠳᠬᠦ ᠠᠵᠢᠯ ᠢ ᠥᠷᠨᠢᠭᠦᠯᠵᠦ᠂ ᠬᠤᠪᠣᠷ ᠰᠢᠷᠣᠢ ᠶᠢᠨ ᠥᠨᠳᠥᠷ ᠥᠷᠲᠡᠭᠲᠦ ᠠᠰᠢᠭᠯᠠᠯᠲᠠ ᠶᠢ ᠨᠡᠭᠡᠭᠡᠨ ᠬᠥᠭᠵᠢᠭᠦᠯᠬᠦ ᠶᠢᠨ ᠬᠠᠮᠲᠤ ᠬᠠᠮᠢᠶ᠎ᠠ ᠪᠦᠬᠦᠢ ᠬᠡᠷᠡᠭᠯᠡᠭᠡᠨ ᠤ ᠬᠦᠷᠢᠶ᠎ᠡ ᠶᠢ ᠲᠠᠰᠤᠷᠠᠯᠲᠠ ᠦᠭᠡᠢ ᠥᠷᠭᠡᠳᠬᠡᠨ᠎ᠡ᠃     ᠬᠤᠪᠣᠷ ᠰᠢᠷᠣᠢ ᠶᠢᠨ ᠰᠢᠰᠲ᠋ᠧᠮ ᠤᠨ ᠬᠠᠲᠠᠭᠤ ᠲᠥᠯᠥᠪᠲᠦ ᠤᠰᠤᠲᠥ᠋ᠷᠥᠭᠴᠢ ᠶᠢ ᠬᠠᠳᠠᠭᠠᠯᠠᠬᠤ ᠬᠦᠷᠢᠶᠡᠨ ᠳᠤ ᠣᠷᠣᠭᠤᠯᠤᠭᠰᠠᠨ ᠵᠤᠤ ᠰᠢᠨ ᠤ ᠪᠦᠯᠬᠦᠮ ᠤᠨ ᠬᠢᠨ ᠵᠢᠯ ᠳᠤ 10 ᠰᠠᠤᠷᠢ ᠤᠰᠤᠲᠥ᠋ᠷᠥᠭᠴᠢ ᠶᠢ ᠬᠠᠳᠠᠭᠠᠯᠠᠬᠤ ᠬᠠᠶᠢᠯᠤᠰᠢ ᠶᠢ ᠠᠴᠢᠶᠠᠯᠠᠭᠰᠠᠨ ᠤᠰᠤᠲᠥ᠋ᠷᠥᠭᠴᠢ ᠶᠢ ᠡᠭᠡᠭᠦᠯᠦᠨ ᠬᠤᠷᠢᠶᠠᠬᠤ᠂ ᠬᠠᠳᠠᠭᠠᠯᠠᠬᠤ᠂ ᠲᠠᠬᠢᠨ ᠠᠰᠢᠭᠯᠠᠬᠤ ᠰᠢᠰᠲ᠋ᠧᠮ ᠤᠨ ᠰᠢᠨ᠎ᠡ ᠦᠢᠯᠡᠳᠬᠦᠨ ᠢ ᠪᠠᠶᠢᠭᠤᠯᠵᠤ᠂ ᠤᠰᠤᠲᠥ᠋ᠷᠥᠭᠴᠢ ᠶᠢ ᠬᠠᠳᠠᠭᠠᠯᠠᠬᠤ ᠬᠠᠶᠢᠯᠤᠰᠢ ᠶᠢᠨ ᠥᠨᠳᠥᠷ ᠪᠦᠲᠦᠮᠵᠢᠲᠡᠢ ᠪᠠᠷ ᠤᠰᠤᠲᠥ᠋ᠷᠥᠭᠴᠢ ᠶᠢ ᠰᠢᠩᠭᠡᠭᠡᠬᠦ ᠲᠠᠯᠪᠢᠬᠤ ᠬᠥᠳᠡᠯᠭᠡᠭᠦ ᠬᠦᠴᠦᠨ ᠤ ᠤᠬᠠᠭᠠᠨ ᠵᠢᠴᠢ ᠢᠯᠴᠢ ᠶᠢᠨ ᠬᠦᠴᠦᠨ ᠤ ᠤᠬᠠᠭᠠᠨ ᠤ ᠠᠵᠤ ᠦᠢᠯᠡᠰᠵᠢᠯᠲᠡ ᠶᠢᠨ ᠮᠡᠷᠭᠡᠵᠢᠯ ᠤᠨ ᠪᠠᠬᠢᠯᠡᠯᠲᠡ ᠶᠢ ᠰᠢᠢᠳᠪᠦᠷᠢᠯᠡᠵᠦ᠂ ᠦᠢᠯᠡᠳᠬᠦᠨ ᠢ ᠰᠢᠨ᠎ᠡ ᠡᠨᠧᠷᠭᠢ᠂ ᠲᠣᠮᠣ ᠬᠡᠯᠪᠡᠷᠢ ᠶᠢᠨ ᠥᠩᠭᠡ ᠦᠵᠡᠮᠵᠢ ᠶᠢᠨ ᠴᠠᠬᠢᠯᠭᠠᠨ ᠤ ᠬᠦᠷᠢᠶᠡᠨ ᠤ ᠡᠨᠧᠷᠭᠢ ᠬᠠᠳᠠᠭᠠᠯᠠᠬᠤ ᠲᠣᠨᠣᠭᠯᠠᠯ ᠵᠡᠷᠭᠡ ᠲᠠᠯ᠎ᠠ ᠪᠠᠷ ᠨᠡᠭᠡᠭᠡᠨ ᠠᠰᠢᠭᠯᠠᠬᠤ ᠶᠢ ᠪᠡᠶᠡᠯᠡᠭᠦᠯᠵᠡᠢ᠃    ︽ᠲᠠᠪᠰᠢᠭᠰᠠᠨ ᠮᠡᠷᠭᠡᠵᠢᠯ ᠢ ᠬᠠᠷᠠᠭᠠᠯᠠᠨ︾ ᠠᠵᠤ ᠦᠢᠯᠡᠰ ᠤᠨ ᠳᠡᠭᠡᠳᠦ ᠲᠦᠪᠰᠢᠨ ᠲᠡᠰᠢ ᠤᠷᠤᠭᠰᠢᠯᠠᠬᠤ ᠶᠢ ᠲᠦᠯᠬᠢᠨ ᠠᠬᠢᠭᠤᠯᠣᠨ᠎ᠠ    ᠤᠯᠤᠰ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠵᠥᠪᠰᠢᠶᠡᠷᠡᠭᠰᠡᠨ ᠠᠴᠠ ᠨᠠᠰᠢ᠂ ᠢᠮᠠᠭᠲᠠ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠶᠢ ᠬᠠᠷᠠᠭᠠᠯᠠᠨ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠲᠡᠷᠢᠭᠦᠨ ᠤ ᠵᠢᠮᠳᠤ ᠵᠠᠮ ᠬᠠᠷᠢᠯᠴᠠᠭ᠎ᠠ᠂ ᠡᠨᠧᠷᠭᠢ ᠠᠷᠪᠢᠯᠠᠬᠤ ᠪᠠ ᠰᠢᠨ᠎ᠡ ᠡᠨᠧᠷᠭᠢ ᠶᠢᠨ ᠮᠠᠰᠢᠨ ᠲᠡᠷᠭᠡ᠂ ᠳᠡᠭᠡᠳᠦ ᠲᠡᠰ ᠤᠨ ᠡᠮᠴᠢᠯᠡᠭᠡᠨ ᠤ ᠪᠠᠭᠠᠵᠢ ᠬᠡᠷᠡᠭᠰᠡᠯ᠂ ᠲᠡᠷᠢᠭᠦᠨ ᠤ ᠦᠢᠯᠡᠳᠬᠦ ᠦᠢᠯᠡᠰ ᠵᠡᠷᠭᠡ ᠬᠦᠷᠢᠶᠡᠨ ᠳᠤ ᠭᠤᠣᠯᠳᠠᠯᠭ᠎ᠠ ᠲᠠᠢ ᠪᠠᠷ ᠲᠥᠪᠯᠡᠷᠡᠭᠦᠯᠵᠦ᠂ ᠰᠢᠨ᠎ᠡ ᠶᠢ ᠡᠭᠦᠳᠬᠦ ᠡᠬᠢ ᠪᠠᠶᠠᠯᠢᠭ ᠢ ᠲᠥᠪᠯᠡᠷᠡᠭᠦᠯᠵᠦ᠂ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠬᠠᠮᠲᠤᠷᠠᠨ ᠥᠷᠨᠢᠭᠦᠯᠵᠦ᠂ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠭᠦ ᠬᠦᠴᠦᠨ ᠨᠡᠮᠡᠷᠢᠯᠡᠨ᠎ᠡ᠃     ᠣᠳᠣᠬᠠᠨ ᠳᠤ᠂ ᠤᠯᠤᠰ ᠤᠨ ᠰᠢᠨ᠎ᠡ ᠶᠢ ᠡᠭᠦᠳᠬᠦ ᠲᠥᠪ ᠤᠨ ᠬᠢᠨ ᠬᠤᠪᠣᠷ ᠰᠢᠷᠣᠢ ᠶᠢᠨ ᠠᠵᠤ ᠦᠢᠯᠡᠰ ᠤᠨ ᠥᠨᠳᠥᠷ ᠨᠡᠮᠡᠯᠲᠡ ᠥᠷᠲᠡᠭ ᠵᠢᠴᠢ ᠳᠣᠣᠷᠠᠳᠤ ᠤᠷᠤᠰᠬᠠᠯ ᠤᠨ ᠬᠡᠷᠡᠭᠯᠡᠭᠡᠨ ᠤ ᠬᠦᠷᠢᠶ᠎ᠡ ᠴᠠᠷᠠᠭ᠎ᠠ ᠶᠢ ᠤᠷᠲᠤᠳᠬᠠᠬᠤ ᠳᠤ ᠬᠡᠷᠡᠭᠰᠡᠬᠦ ᠴᠢᠳᠠᠮᠵᠢ ᠶᠢᠨ ᠮᠠᠲ᠋ᠧᠷᠢᠶᠠᠯ᠂ ᠲᠣᠨᠤᠭ ᠲᠥᠬᠦᠭᠡᠷᠦᠮᠵᠢ ᠵᠢᠴᠢ ᠲᠣᠨᠤᠭ ᠲᠥᠬᠦᠭᠡᠷᠦᠮᠵᠢ ᠵᠡᠷᠭᠡ ᠬᠦᠷᠢᠶ᠎ᠡ ᠴᠠᠷᠠᠭ᠎ᠠ ᠶᠢ ᠬᠠᠷᠠᠭᠠᠯᠠᠵᠤ᠂ ᠤᠮᠠᠷᠠᠲᠤ ᠶᠢᠨ ᠬᠤᠪᠣᠷ ᠰᠢᠷᠣᠢ᠂ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ᠂ ᠪᠡᠭᠡᠵᠢᠩ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠰᠲ᠋ᠧᠮ ᠤᠨ ᠨᠢᠭᠡᠴᠡ ᠵᠡᠷᠭᠡ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠵᠢᠴᠢ ᠭᠤᠣᠯᠳᠠᠯᠭ᠎ᠠ ᠲᠠᠢ ᠶᠡᠭᠡ ᠳᠡᠭᠡᠳᠦ ᠰᠤᠷᠭᠠᠭᠤᠯᠢ ᠲᠠᠢ ᠬᠤᠯᠪᠤᠭᠠᠯᠠᠨ᠂ ᠨᠢᠭᠡᠨᠲᠡ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠰᠠᠭᠤᠷᠢ ᠶᠢ ᠴᠢᠩᠭᠠᠷᠠᠭᠤᠯᠬᠤ ᠵᠢᠴᠢ ᠬᠤᠪᠢᠰᠤᠯᠲᠠ ᠶᠢᠨ ᠴᠢᠨᠠᠷᠲᠠᠢ ᠮᠡᠷᠭᠡᠵᠢᠯ᠂ ᠪᠣᠬᠢᠷᠳᠤᠯ ᠦᠭᠡᠢ ᠡᠨᠧᠷᠭᠢ ᠶᠡᠭᠡ ᠬᠠᠳᠠᠭᠠᠯᠠᠬᠤ ᠬᠤᠪᠣᠷ ᠰᠢᠷᠣᠢ ᠶᠢᠨ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ ᠵᠢᠴᠢ ᠬᠡᠷᠡᠭᠯᠡᠭᠡᠨ ᠤ ᠲᠣᠨᠣᠭᠯᠠᠯ᠂ ᠣᠨᠴᠠ ᠲᠥᠷᠥᠯ ᠤᠨ ᠬᠤᠪᠣᠷ ᠰᠢᠷᠣᠢ ᠶᠢᠨ ᠴᠢᠳᠠᠮᠵᠢᠲᠤ ᠬᠠᠶᠢᠯᠤᠰᠢ ᠵᠢᠴᠢ ᠦᠶᠯᠡᠳᠬᠦ ᠮᠡᠷᠭᠡᠵᠢᠯ᠂ ᠰᠢᠨ᠎ᠡ ᠬᠡᠯᠪᠡᠷᠢ ᠶᠢᠨ ᠥᠨᠳᠥᠷ ᠪᠦᠲᠦᠮᠵᠢᠲᠡᠶ ᠬᠤᠪᠣᠷ ᠰᠢᠷᠣᠢ ᠶᠢᠨ ᠬᠡᠷᠡᠯ ᠤᠨ ᠴᠢᠳᠠᠮᠵᠢᠲᠤ ᠮᠠᠲ᠋ᠧᠷᠢᠶᠠᠯ ᠵᠢᠴᠢ ᠬᠡᠷᠡᠭᠯᠡᠭᠡᠨ ᠤ ᠮᠡᠷᠭᠡᠵᠢᠯ ᠵᠡᠷᠭᠡ ᠣᠯᠠᠨ ᠵᠦᠢᠯ ᠤᠨ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠢ ᠰᠢᠪᠲᠤᠯᠵᠤ᠂ 16 ᠵᠦᠢᠯ ᠤᠨ ᠤᠯᠤᠰ ᠠᠴᠠ ᠡᠷᠬᠡ ᠣᠯᠭᠤᠭᠰᠠᠨ ᠲᠤᠰᠬᠠᠢ ᠠᠰᠢᠭ ᠤᠨ ᠡᠷᠬᠡ ᠶᠢ ᠣᠯᠵᠤ᠂ 21 ᠵᠦᠢᠯ ᠤᠨ ᠰᠢᠨ᠎ᠡ ᠦᠢᠯᠡᠳᠬᠦᠨ᠂ ᠰᠢᠨ᠎ᠡ ᠮᠠᠲ᠋ᠧᠷᠢᠶᠠᠯ᠂ ᠰᠢᠨ᠎ᠡ ᠲᠣᠨᠣᠭᠯᠠᠯ ᠢ ᠨᠡᠭᠡᠭᠡᠨ ᠬᠥᠭᠵᠢᠭᠦᠯᠵᠦ᠂ 9 ᠵᠦᠢᠯ ᠤᠨ ᠪᠦᠯᠬᠦᠮ ᠨᠡᠶᠢᠲᠡ ᠶᠢᠨ ᠪᠠᠷᠢᠮᠵᠢᠶ᠎ᠠ ᠶᠢ ᠰᠤᠳᠤᠯᠤᠨ ᠦᠢᠯᠡᠳᠦᠭᠰᠡᠨ ᠪᠥᠭᠡᠳ ᠤᠳᠤ ᠶᠠᠭ ᠬᠠᠲᠠᠭᠤ ᠲᠥᠯᠥᠪᠲᠦ ᠤᠰᠤᠲᠥ᠋ᠷᠥᠭᠴᠢ ᠬᠠᠳᠠᠭᠠᠯᠠᠬᠤ ᠰᠢᠰᠲ᠋ᠧᠮ ᠢ ᠨᠡᠭᠡᠭᠡᠨ ᠬᠥᠭᠵᠢᠭᠦᠯᠬᠦ᠂ ᠴᠡᠪᠡᠷ ᠬᠤᠪᠣᠷ ᠰᠢᠷᠣᠢ ᠶᠢᠨ ᠬᠠᠶᠢᠯᠤᠰᠢ ᠶᠢ ᠦᠢᠯᠡᠳᠬᠦ ᠵᠢᠴᠢ ᠲᠡᠭᠦᠨ ᠤ ᠪᠣᠯᠣᠳ ᠳᠣᠲᠣᠷᠠᠬᠢ ᠬᠡᠷᠡᠭᠯᠡᠯᠲᠡ ᠵᠡᠷᠭᠡ 8 ᠵᠦᠢᠯ ᠤᠨ ᠮᠡᠷᠭᠡᠵᠢᠯ ᠢ ᠰᠤᠳᠤᠯᠤᠨ ᠨᠡᠭᠡᠭᠡᠵᠦ᠂ ᠤᠯᠤᠰ ᠤᠨ ᠳᠣᠲᠣᠭᠠᠳᠤ ᠶᠢᠨ ᠬᠤᠯᠪᠣᠭᠳᠠᠯ ᠪᠦᠬᠦᠢ ᠬᠦᠷᠢᠶᠡᠨ ᠤ ᠮᠡᠷᠭᠡᠵᠢᠯ ᠤᠨ ᠬᠤᠭᠤᠰᠤᠨ ᠢ ᠨᠥᠬᠦᠪᠦᠷᠢᠯᠡᠵᠦ ᠪᠠᠶᠢᠨ᠎ᠠ᠃    ︽ᠪᠢᠳᠡ ᠤᠯᠤᠰ ᠤᠨ ᠲᠠᠰ ᠤᠨ ᠲᠠᠪᠴᠠᠩ ᠪᠣᠯᠬᠤᠷ ᠦᠨᠡᠨ ᠬᠦ ᠤᠯᠤᠰ ᠤᠨ ᠠᠵᠢᠯ ᠲᠥᠷᠥᠯ ᠤᠨ ᠲᠠᠯ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠵᠢᠴᠢ ᠪᠤᠭᠤᠲᠤ ᠬᠤᠲᠠ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠳᠤ ᠵᠣᠭᠰᠣᠵᠤ᠂ ᠠᠵᠢᠯ ᠲᠥᠷᠥᠯ ᠤᠨ ᠨᠡᠶᠢᠲᠡᠯᠢᠭ ᠴᠢᠨᠠᠷᠲᠠᠢ ᠠᠰᠠᠭᠤᠳᠠᠯ᠂ ᠪᠣᠭᠤᠮᠢᠯᠠᠬᠤ ᠠᠰᠠᠭᠤᠳᠠᠯ᠂ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠳᠠᠷᠠᠭᠠᠴᠢ ᠶᠢᠨ ᠠᠯᠬᠤᠮ ᠳᠤ᠂ ᠪᠢᠳᠡ ᠦᠷᠭᠦᠯᠵᠢᠯᠡᠨ ᠣᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠡᠮᠦᠨ᠎ᠡ ᠵᠠᠬ᠎ᠠ ᠶᠢ ᠬᠠᠷᠠᠭᠠᠯᠠᠵᠤ᠂ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠬᠦ ᠪᠠᠷ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ ᠬᠥᠳᠡᠯᠭᠡᠭᠦᠷ ᠪᠣᠯᠭᠠᠵᠤ᠂ ᠬᠤᠰᠢᠭᠤᠷᠠᠯ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠢ ᠨᠡᠭᠡᠭᠡᠨ ᠬᠥᠭᠵᠢᠭᠦᠯᠬᠦ ᠵᠢᠴᠢ ᠬᠡᠷᠡᠭᠯᠡᠭᠡᠨ ᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠦᠷᠭᠦᠯᠵᠢᠯᠡᠨ ᠴᠢᠩᠭᠠᠳᠬᠠᠵᠤ᠂ ᠬᠤᠪᠣᠷ ᠰᠢᠷᠣᠢ ᠶᠢᠨ ᠴᠢᠳᠠᠪᠬᠢᠲᠤ ᠮᠠᠲ᠋ᠧᠷᠢᠶᠠᠯ ᠤᠨ ᠬᠡᠷᠡᠭᠯᠡᠭᠡᠨ ᠤ ᠬᠦᠷᠢᠶ᠎ᠡ ᠶᠢ ᠳᠠᠰᠤᠷᠠᠯᠳᠠ ᠦᠭᠡᠢ ᠥᠷᠭᠡᠳᠬᠡᠵᠦ᠂ ᠰᠤᠳᠤᠯᠤᠨ ᠨᠡᠭᠡᠭᠡᠬᠦ ᠴᠢᠭᠯᠡᠯ ᠢ ᠥᠨᠳᠥᠷ ᠲᠤ ᠬᠦᠷᠭᠡᠬᠦ᠂ ᠠᠵᠤ ᠦᠢᠯᠡᠰ ᠤᠨ ᠬᠥᠭᠵᠢᠯᠲᠡ ᠶᠢ ᠪᠣᠳᠠᠲᠠᠢ ᠳᠤ ᠬᠦᠷᠭᠡᠬᠦ᠂ ᠣᠷᠣᠨ ᠵᠠᠢ ᠶᠢᠨ ᠥᠷᠭᠡᠵᠢᠯ ᠢ ᠠᠯᠤᠰ ᠲᠤ ᠬᠦᠷᠭᠡᠬᠦ᠂ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠠᠬᠢᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠤᠨ ᠥᠨᠳᠥᠷ ᠨᠡᠮᠡᠯᠲᠡ ᠦᠷᠳᠡᠭ ᠤᠨ ᠬᠡᠯᠪᠡᠷᠢ ᠶᠢ ᠬᠤᠪᠢᠷᠠᠭᠤᠯᠬᠤ ᠪᠠ ᠴᠢᠨᠠᠷ ᠰᠠᠶᠢᠲᠠᠢ ᠬᠥᠭᠵᠢᠯᠲᠡ ᠳᠤ ᠨᠡᠶᠢᠯᠡᠯᠲᠡ ᠶᠢᠨ ᠬᠦᠴᠦᠨ ᠪᠠ ᠡᠬᠢ ᠰᠤᠷᠪᠤᠯᠵᠢ ᠶᠢ ᠰᠦᠪᠡᠭᠴᠢᠯᠡᠬᠦ ᠬᠦᠴᠦᠨ ᠢ ᠬᠠᠩᠭᠠᠨ᠎ᠠ︾ ᠭᠡᠵᠦ ᠳ᠋ᠧᠩ ᠶᠤᠸᠠᠨ ᠬᠡᠯᠡᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号