ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠄ ᠶᠡᠷᠦᠩᠬᠡᠢ ᠪᠡᠯᠡ ᠣᠷᠣᠭᠤᠯᠤᠯᠲᠠ ᠨᠢ 51.5 ᠳ᠋ᠦᠩᠰᠢᠭᠤᠷ ᠲᠥᠭᠦᠷᠢᠭ ᠲᠤ ᠬᠦᠷᠬᠦ 22 ᠬᠤᠪᠣᠷ ᠰᠢᠷᠣᠢ ᠶᠢᠨ ᠲᠦᠪᠯᠡᠷᠡᠭᠦᠯᠦᠭᠰᠡᠨ ᠲᠥᠷᠥᠯ ᠵᠦᠢᠯ ᠎ ᠤᠨ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2023/4/11
    ᠥᠪᠥᠷ ᠮᠣᠩᠭᠤᠯ ᠤᠨ ᠤᠮᠠᠷᠠᠲᠤ ᠶᠢᠨ ᠬᠤᠪᠣᠷ ᠰᠢᠷᠣᠢ ᠶᠢᠨ ᠰᠣᠷᠢᠨᠵᠢᠨ ᠴᠢᠨᠠᠷᠲᠠᠢ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠨᠢᠩᠪᠦ᠋ᠸᠧ ᠶᠢᠨ ᠰᠢᠨ ᠯᠢᠨ ᠰᠣᠷᠢᠨᠵᠢᠨ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠤᠮᠠᠷᠠᠲᠤ ᠶᠢᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠢᠵᠠᠭᠠᠷᠲᠤ ᠺᠣᠮᠫᠠᠨᠢ᠂ ᠪᠤᠭᠤᠲᠤ ᠶᠢᠨ ᠶᠢᠨ ᠮᠧᠩ ᠾᠦᠢ ᠰᠣᠷᠢᠨᠵᠢᠨ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠡᠷᠭᠡ 22 ᠠᠵᠤ ᠠᠬᠤᠶᠢᠯᠠᠯ 51.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠪᠣᠶ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠲᠥᠷᠥᠯ ᠵᠦᠢᠯ ᠢ 6᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠤᠳᠤᠯᠤᠨ ᠨᠡᠭᠡᠭᠡᠬᠦ ᠲᠠᠪᠴᠠᠩ ᠵᠢᠴᠢ ᠮᠡᠳᠡᠭᠡ ᠵᠠᠩᠭᠢᠵᠢᠯᠲᠠ ᠶᠢᠨ ᠲᠠᠪᠴᠠᠩ ᠤᠨ ᠲᠥᠷᠥᠯ ᠤᠨ ᠲᠥᠷᠥᠯ ᠵᠦᠢᠯ ᠢ 6᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠲᠥᠷᠥᠯ ᠤᠨ ᠲᠥᠷᠥᠯ ᠵᠦᠢᠯ ᠢ 4᠂ ᠳ᠋ᠦᠩᠰᠢᠭᠤᠷ ᠲᠥᠭᠦᠷᠢᠭ ᠠᠴᠠ ᠳᠣᠷᠣᠭᠰᠢᠬᠢ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠵᠢᠴᠢ ᠬᠡᠷᠡᠭᠯᠡᠭᠡᠨ ᠤ ᠲᠥᠷᠥᠯ ᠵᠦᠢᠯ ᠢ 6 ᠪᠠᠶᠢᠭᠤᠯᠤᠨ᠎ᠠ᠃    ᠪᠤᠭᠤᠲᠤ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠸᠠᠩ ᠰᠢᠸ ᠯᠢᠶᠠᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠭᠤᠤ ᠶᠦᠩ  ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ  ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠤᠨ ᠪᠠᠭ ᠤᠨ ᠪᠦᠷᠢᠯᠳᠦᠭᠦᠨ᠂ ᠪᠠᠶᠢᠴᠠᠭᠠᠨ ᠰᠤᠳᠤᠯᠤᠭᠴᠢ ᠵᠢᠴᠢ ᠣᠷᠣᠨ ᠤ ᠬᠠᠷᠢᠶ᠎ᠠ ᠣᠷᠣᠨ᠂  ᠣᠷᠣᠨ ᠎ ᠳᠤ  ᠰᠠᠭᠤᠭ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠭᠠᠷ ᠤᠨ ᠦᠰᠦᠭ ᠵᠢᠷᠤᠬᠤ ᠶᠣᠰᠣᠯᠠᠯ ᠳᠤ ᠣᠷᠣᠯᠴᠠᠪᠠ᠃    ᠸᠠᠩ ᠰᠢᠸ ᠯᠢᠶᠠᠨ ᠪᠠᠶᠠᠷ ᠤᠨ ᠦᠭᠡ ᠬᠡᠯᠡᠬᠦ ᠳᠡᠭᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠣᠯ ᠪᠤᠭᠤᠲᠤ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ︽ᠭᠤᠣᠯ ᠵᠢᠭᠰᠠᠭᠠᠯ ᠤᠨ ᠭᠠᠵᠠᠷ︾ ᠪᠣᠯᠣᠨ᠎ᠠ᠂ ︽ᠬᠤᠪᠣᠷ ᠰᠢᠷᠣᠢ ᠶᠢᠨ ᠬᠤᠲᠠ︾᠎ ᠶᠢ ᠪᠦᠲᠦᠭᠡᠨ ᠪᠠᠶᠢᠭᠤᠯᠬᠤ ︽ᠭᠤᠣᠯ ᠲᠡᠶᠢᠨ ᠤ ᠲᠠᠯᠠᠪᠤᠷ︾ ᠮᠥᠨ᠂ ᠲᠣᠰ ᠤᠳᠠᠭᠠᠨ ᠤ ᠲᠥᠪᠯᠡᠷᠡᠭᠦᠯᠦᠨ ᠭᠡᠷ᠎ᠡ ᠲᠣᠭᠲᠠᠭᠰᠠᠨ ᠲᠥᠷᠥᠯ ᠵᠦᠢᠯ ᠳᠤ ᠬᠤᠪᠣᠷ ᠰᠢᠷᠣᠢ ᠶᠢᠨ ᠲᠦᠷᠭᠡᠨ ᠴᠠᠷᠴᠠᠯᠲᠠ ᠶᠢᠨ ᠬᠠᠶᠢᠯᠤᠰᠢ᠂ ᠳᠡᠭᠡᠳᠦ ᠲᠠᠰ ᠤᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠦᠶᠯᠡᠳᠬᠦ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠢ ᠨᠠᠷᠢᠯᠢᠭ ᠪᠣᠯᠪᠠᠰᠤᠷᠠᠭᠤᠯᠬᠤ ᠵᠡᠷᠭᠡ ᠬᠦᠷᠢᠶ᠎ᠡ ᠶᠢ ᠬᠠᠮᠤᠷᠴᠤ᠂ ᠪᠥᠬᠦ ᠬᠤᠲᠠ ᠶᠢᠨ ︽ᠬᠤᠪᠣᠷ ᠰᠢᠷᠣᠢ ᠶᠢᠨ ᠬᠤᠲᠠ︾᠎ ᠶᠢ ᠲᠦᠷᠭᠡᠪᠴᠢᠯᠡᠨ ᠪᠦᠲᠦᠭᠡᠨ ᠪᠠᠶᠢᠭᠤᠯᠬᠤ ᠳᠤ ᠨᠠᠩ ᠬᠦᠴᠦᠲᠡᠢ ᠬᠥᠳᠡᠯᠭᠡᠭᠦ ᠬᠦᠴᠦᠨ ᠨᠡᠮᠡᠷᠢᠯᠡᠵᠦ᠂ ᠨᠠᠩ ᠬᠦᠴᠦᠲᠡᠢ ᠲᠤᠯᠭᠠᠭᠤᠷᠢᠯᠠᠯ ᠬᠠᠩᠭᠠᠵᠤ᠂ ᠨᠠᠩ ᠬᠦᠴᠦᠷᠬᠡᠭ ᠶᠡᠭᠡ ᠳᠠᠯᠳᠠ ᠬᠦᠴᠦᠨ ᠢ ᠬᠤᠷᠠᠮᠳᠤᠭᠤᠯᠬᠤ ᠨᠢ ᠯᠠᠪᠲᠠᠢ ᠶᠤᠮ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠬᠢᠨ ᠠᠯᠢᠪᠠ ᠪᠦᠬᠦᠨ ᠲᠦᠷᠦᠯ ᠵᠦᠢᠯ ᠤᠨ ᠲᠣᠭᠤᠷᠢᠨ ᠳᠤ ᠰᠢᠯᠵᠢᠬᠦ᠂ ᠠᠯᠢᠪᠠ ᠪᠦᠬᠦᠨ ᠲᠦᠷᠦᠯ ᠵᠦᠢᠯ ᠤᠨ ᠲᠣᠭᠤᠷᠢᠨ ᠳᠤ ᠠᠵᠢᠯᠯᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠡᠷᠡᠭᠴᠡᠭᠡ ᠶᠢ ᠤᠨᠢᠨ ᠳᠡᠭᠡᠷ᠎ᠡ ᠨᠢ ᠵᠣᠯᠭᠠᠭᠤᠯᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠢ ᠡᠷᠲᠡ ᠬᠡᠷᠡᠭᠵᠢᠭᠦᠯᠬᠦ᠂ ᠡᠷᠲᠡ ᠪᠠᠷᠢᠯᠭ᠎ᠠ ᠳᠠᠭᠤᠰᠬᠠᠬᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠪᠡ᠃     ᠭᠤᠸ ᠶᠦᠩ ᠭᠠᠷ ᠤᠨ ᠥᠰᠥᠭ ᠵᠢᠷᠤᠬᠤ ᠶᠣᠰᠣᠯᠠᠯ ᠳᠡᠭᠡᠷ᠎ᠡ ᠴᠢᠬᠤᠯᠠᠴᠢᠯᠠᠭᠰᠠᠨ ᠨᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠶᠠᠪᠤᠳᠠᠯ ᠦᠭᠡᠢ ᠪᠣᠯ ᠬᠠᠷᠰᠢᠯᠠᠬᠤ ᠦᠭᠡᠢ᠂ ᠱᠠᠭᠠᠷᠳᠠᠯᠭ᠎ᠠ ᠶᠢ ᠵᠠᠪᠠᠯ ᠠᠷᠭᠠᠴᠠᠬᠤ ︽ᠳᠡᠯᠭᠡᠭᠦᠷ ᠤᠨ ᠪᠠᠭ᠎ᠠ ᠬᠤᠶᠠᠳᠤᠭᠠᠷ︾᠎ ᠤᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠰᠠᠨᠠᠭᠠᠴᠢᠯᠠᠭ᠎ᠠ  ᠎ ᠠᠴᠠ ᠪᠠᠨ ᠡᠮᠦᠨ᠎ᠡ ᠨᠢ ᠦᠢᠯᠡᠴᠢᠯᠡᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ︽ᠬᠠᠳᠠᠭᠠᠰᠤ ᠶᠢ ᠰᠤᠭᠤᠯᠵᠤ ᠰᠠᠭᠠᠳ ᠲᠣᠳᠬᠠᠷ ᠢ ᠠᠷᠢᠯᠭᠠᠵᠤ︾᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠠᠩ ᠣᠯᠠᠨ ᠪᠣᠳᠠᠲᠤ ᠠᠬᠢᠴᠠ ᠲᠠᠢ ᠪᠣᠯᠬᠤ ᠶᠢ ᠬᠦᠴᠦᠯᠡᠨ ᠠᠬᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠳᠡᠭᠡᠳᠦ ᠰᠢᠨ᠎ᠡ ᠬᠤᠷᠳᠤᠴᠠ︾᠎ ᠳᠤ ᠬᠦᠷᠴᠦ᠂ ᠪᠣᠳᠠᠲᠤ ᠠᠵᠢᠯᠯᠠᠭ᠎ᠠ ᠪᠠᠷ ᠢᠶᠠᠨ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ ᠦᠵᠡᠭᠦᠯᠬᠦ︾᠎ ᠶᠢ ᠦᠢᠯᠡᠳᠦᠯᠭᠡᠵᠢᠭᠦᠯᠦᠨ᠎ᠡ ᠭᠡᠵᠡᠢ᠃ ᠡᠲᠡᠭᠡᠷ ᠲᠥᠷᠥᠯ ᠵᠦᠢᠯ ᠤᠨ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠰᠠᠶᠢᠨ᠂ ᠬᠥᠭᠵᠢᠯᠲᠡ ᠶᠢᠨ ᠨᠥᠭᠡᠴᠡ ᠬᠦᠴᠦᠨ ᠭᠦᠢᠴᠡᠳ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ ᠪᠠᠶᠢᠵᠤ᠂ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠲᠠᠢ ᠨᠡᠶᠢᠴᠡᠵᠦ᠂ ᠪᠤᠭᠤᠲᠤ ᠬᠤᠲᠠ ᠪᠣᠯᠣᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠨᠡᠶᠢᠴᠡᠵᠦ ᠪᠠᠶᠢᠨ᠎ᠠ᠃ ᠲᠦᠷᠦᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠬᠤ ᠪᠠ ᠨᠠᠶᠢᠳᠠᠪᠤᠷᠢᠵᠢᠭᠤᠯᠬᠤ ᠨᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨ᠎ᠡ ᠬᠠᠭᠤᠴᠢᠨ ᠬᠥᠳᠡᠯᠭᠡᠭᠦ ᠡᠨᠧᠷᠭᠢ ᠶᠢᠨ ᠰᠣᠯᠢᠭᠳᠠᠯ ᠢ ᠲᠦᠷᠭᠡᠳᠬᠡᠬᠦ᠂ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠰᠢᠨ᠎ᠡ ᠲᠤᠯᠭᠠᠭᠤᠷᠢᠯᠠᠯ ᠬᠠᠩᠭᠠᠬᠤ ᠪᠣᠯᠣᠨ᠎ᠠ᠃     ᠶᠦᠩ ᠴᠤᠸᠠᠩ ᠣᠶᠤᠨᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠵᠠᠬᠢᠷᠤᠯ᠂ ᠤᠮᠠᠷᠠᠲᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠮᠠᠰᠢᠨ ᠬᠥᠮᠥᠨ ᠤ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠰᠢᠦᠢ ᠳ᠋ᠧ ᠭᠤᠸᠠᠩ ᠭᠡᠷ᠎ᠡ ᠲᠣᠭᠲᠠᠭᠰᠠᠨ ᠲᠤᠬᠠᠢ ᠶᠢᠨ ᠲᠠᠯᠠᠪᠠᠢ ᠳᠤ᠄ ︽ᠪᠤᠭᠤᠲᠤ ᠪᠣᠯᠣᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠶᠠᠷ ᠱᠠᠲᠤᠨ ᠤ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠪᠠᠷ ᠳᠡᠮᠵᠢᠨ᠂ ᠪᠢᠳᠡ ᠤᠷᠢᠳ ᠬᠤᠵᠢᠳ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠶᠦᠩ ᠴᠤᠸᠠᠩ ᠣᠶᠤᠨᠲᠤ ᠪᠠ ᠤᠮᠠᠷᠠᠲᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠤᠶᠠᠷ ᠺᠣᠮᠫᠠᠨᠢ ᠶᠢ ᠪᠠᠶᠢᠭᠤᠯᠵᠤ ᠂ ᠲᠤᠰ ᠲᠤᠰ ᠲᠣᠮᠣ ᠳ᠋ᠠᠶᠢᠲ᠋ᠠ ᠶᠢᠨ ᠲᠠᠪᠴᠠᠩ ᠪᠠ ᠣᠶᠤᠨᠴᠢ ᠦᠢᠯᠡᠳᠬᠡᠯ ᠢ ᠬᠢᠵᠦ᠂ ᠣᠳᠣᠬᠠᠨ ᠳᠤ ᠨᠢᠭᠡᠨᠲᠡ ᠭᠦᠨ ᠵᠤᠵᠠᠭᠠᠨ ᠮᠡᠷᠭᠡᠵᠢᠯ ᠤᠨ ᠨᠥᠭᠡᠴᠡ ᠲᠠᠢ ᠪᠣᠯᠪᠠ᠂ ᠲᠦᠷᠦᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠥᠪᠥᠷ ᠮᠣᠩᠭᠤᠯ ᠣᠷᠣᠨ ᠤ ᠠᠵᠤ ᠠᠬᠤᠶᠢᠯᠠᠯ ᠪᠠ ᠬᠤᠪᠣᠷ ᠰᠢᠷᠣᠢ ᠶᠢᠨ ᠠᠵᠤ ᠦᠢᠯᠡᠰ ᠲᠤ ᠨᠡᠩ ᠣᠨᠣᠪᠴᠢᠲᠠᠢ᠂ ᠨᠡᠩ ᠪᠦᠬᠦ ᠲᠠᠯ᠎ᠠ ᠶᠢᠨ᠂ ᠨᠡᠩ ᠣᠶᠤᠨᠴᠢ ᠰᠢᠯᠢᠳᠡᠭ ᠦᠢᠯᠡᠴᠢᠯᠡᠭᠡ ᠬᠠᠩᠭᠠᠬᠤ ᠪᠣᠯᠣᠨ᠎ᠠ︾ ᠭᠡᠪᠡ᠃     ᠥᠪᠥᠷ ᠮᠣᠩᠭᠤᠯ ᠤᠨ ᠤᠮᠠᠷᠠᠲᠤ ᠶᠢᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠧᠨ ᠶᠦᠩ ᠴᠢᠩ ᠰᠤᠷᠪᠤᠯᠵᠢᠯᠠᠭᠴᠢ ᠳᠤ᠄ ︽︿ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ﹀᠎ ᠤᠨ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 15 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠵᠢᠴᠢ ᠭᠠᠳᠠᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠳᠤᠴᠤᠳ ᠢ ᠴᠤᠭᠯᠠᠭᠤᠯᠤᠨ ᠵᠣᠬᠢᠶᠠᠨ ᠪᠠᠶᠢᠭᠤᠯᠵᠤ ᠪᠠᠶᠢᠭᠠᠳ ᠪᠤᠭᠤᠲᠤ ᠳᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠴᠢᠬᠤᠯᠠ ᠶᠡᠭᠡ ᠰᠠᠭᠤᠷᠢ ᠵᠢᠴᠢ ᠬᠡᠷᠡᠭᠯᠡᠭᠡᠨ ᠤ ᠠᠵᠤ ᠦᠶᠢᠯᠡᠰᠵᠢᠯᠲᠡ ᠶᠢᠨ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠢ ᠥᠷᠨᠢᠭᠦᠯᠵᠦ᠂ ᠮᠠᠨ ᠤ ᠤᠯᠤᠰ ᠤᠨ ᠰᠢᠨ᠎ᠡ ᠮᠠᠲ᠋ᠧᠷᠢᠶᠠᠯ ᠤᠨ ᠬᠦᠷᠢᠶᠡᠨ ᠳᠠᠬᠢ ︿ᠪᠣᠭᠤᠮᠢᠯᠠᠬᠤ﹀ ᠠᠰᠠᠭᠤᠳᠠᠯ ᠢ ᠰᠢᠢᠳᠪᠦᠷᠢᠯᠡᠨ᠂ ᠬᠤᠪᠣᠷ ᠰᠢᠷᠣᠢ ᠶᠢᠨ ᠬᠦᠷᠢᠶᠡᠨ ᠳᠠᠬᠢ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠪᠣᠷ ᠰᠢᠷᠣᠢ ᠶᠢᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ︾ ᠭᠡᠵᠡᠢ᠃    ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠪᠦᠬᠦ ᠬᠤᠲᠠ ᠶᠢᠨ ︽ᠬᠤᠶᠠᠷ ᠬᠤᠲᠠ︾᠎ ᠶᠢᠨ ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ︽ᠬᠤᠶᠠᠷ ᠰᠢᠨ᠎ᠡ︾᠎ ᠶᠢᠨ ᠤᠳᠤᠷᠢᠳᠤᠮᠵᠢ ᠶᠢ ᠪᠠᠷᠢᠮᠲᠠᠯᠠᠵᠤ᠂ ᠨᠡᠮᠡᠭᠳᠡᠯ ᠤᠨ ᠤᠬᠠᠮᠰᠠᠷ ᠢᠶᠠᠨ ᠴᠢᠩᠭᠠᠳᠬᠠᠵᠤ᠂ ︽ᠨᠢᠭᠡ ᠠᠵᠢᠯ ᠲᠥᠷᠥᠯ ᠨᠢᠭᠡ ᠠᠷᠭ᠎ᠠ ᠪᠣᠳᠣᠯᠭ᠎ᠠ︾᠎ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠤᠷᠪᠠᠨ ᠲᠥᠷᠥᠯ ᠤᠨ 500 ᠬᠦᠴᠦᠷᠬᠡᠭ︾᠎ ᠲᠤ ᠠᠩᠬᠠᠷᠤᠯ ᠢᠶᠠᠨ ᠲᠥᠪᠯᠡᠷᠡᠭᠦᠯᠵᠦ᠂ ︽ᠲᠤᠰᠬᠠᠢ ᠨᠠᠷᠢᠯᠢᠭ ᠣᠨᠴᠠ ᠰᠢᠨ᠎ᠡ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠬᠥᠭᠡᠷᠦᠯᠲᠡ ᠶᠢᠨ ᠴᠡᠭ᠂ ᠳᠠᠷᠪᠢᠯᠲᠠ ᠶᠢᠨ ᠴᠡᠭ ᠪᠠ ᠬᠤᠣᠰ ᠵᠠᠯᠭᠠᠯᠲᠠ ᠶᠢᠨ ᠴᠡᠭ ᠢ ᠣᠨᠣᠪᠴᠢᠲᠠᠶ ᠡᠷᠢᠵᠦ᠂ ᠬᠤᠪᠣᠷ ᠰᠢᠷᠣᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠭᠦᠨᠵᠡᠭᠡᠢ ᠥᠷᠨᠢᠭᠦᠯᠵᠦ᠂ ᠨᠢᠭᠡ ᠪᠦᠯᠦᠭ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠶᠡᠭᠡ᠂ ᠠᠵᠤ ᠦᠢᠯᠡᠰ ᠤᠨ ᠲᠠᠰ ᠳᠠᠪᠬᠤᠷᠭ᠎ᠠ ᠪᠠᠷ ᠥᠨᠳᠥᠷ᠂ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ᠂ ᠳᠠᠶᠢᠴᠢᠯᠠᠬᠤ ᠳᠠᠯᠳᠠ ᠬᠦᠴᠦᠨ ᠢᠶᠠᠷ ᠭᠦᠢᠴᠡᠳ ᠲᠠᠲᠠᠬᠤ ᠴᠢᠨᠠᠷᠲᠠᠢ ᠲᠥᠷᠥᠯ ᠵᠦᠢᠯ ᠪᠠ ᠬᠥᠲᠥᠴᠢ ᠠᠵᠤ ᠠᠬᠤᠶᠢᠯᠠᠯ ᠢ ᠨᠠᠷᠢᠯᠢᠭ ᠣᠨᠣᠴᠠᠲᠠᠢ ᠪᠠᠷ ᠲᠡᠳᠡᠨ ᠠᠪᠴᠢᠷᠠᠵᠤ᠂ ︽ᠨᠢᠭᠡ ᠪᠦᠯᠦᠭ ᠢ ᠤᠬᠠᠭᠠᠯᠠᠨ ᠨᠥᠭᠡᠴᠡᠯᠡᠵᠦ᠂ ᠨᠢᠭᠡ ᠪᠦᠯᠦᠭ ᠢ ᠭᠡᠷ᠎ᠡ ᠲᠣᠭᠲᠠᠨ ᠨᠠᠶᠢᠳᠠᠪᠤᠷᠢᠵᠢᠭᠤᠯᠬᠤ᠂ ᠨᠢᠭᠡ ᠪᠦᠯᠦᠭ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠤᠨ ᠨᠢᠭᠡ ᠪᠦᠯᠦᠭ ᠢ ᠦᠷ᠎ᠡ ᠪᠦᠲᠦᠮᠵᠢ ᠣᠯᠬᠤ ︾ ᠲᠥᠷᠥᠯ ᠵᠦᠢᠯ ᠢ ᠱᠠᠲᠤᠯᠠᠨ ᠠᠬᠢᠭᠤᠯᠬᠤ᠂ ᠡᠷᠭᠢᠯᠳᠦᠭᠦᠯᠦᠨ ᠬᠥᠭᠵᠢᠭᠦᠯᠬᠦ ᠪᠠᠶᠢᠷᠢᠰᠢᠯ ᠢ ᠪᠣᠶ ᠪᠣᠯᠭᠠᠨ᠎ᠠ᠃    ︽ᠥᠨᠥᠳᠥᠷ ᠤᠨ ᠲᠥᠪᠯᠡᠷᠡᠭᠦᠯᠦᠨ ᠭᠡᠷ᠎ᠡ ᠲᠣᠭᠲᠠᠭᠰᠠᠨ 22 ᠬᠤᠪᠣᠷ ᠰᠢᠷᠣᠢ ᠶᠢᠨ ᠲᠦᠷᠦᠯ ᠵᠦᠢᠯ ᠤᠨ ᠣᠯᠠᠩᠬᠢ ᠨᠢ ᠰᠢᠨ᠎ᠡ ᠶᠢ ᠡᠭᠦᠳᠬᠦ ᠡᠬᠢ ᠡᠭᠦᠰᠦᠯ ᠠᠴᠠ ᠨᠢ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠳᠡᠭᠡᠳᠦ ᠮᠡᠷᠭᠡᠵᠢᠯ ᠤᠨ ᠲᠦᠷᠦᠯ ᠵᠦᠢᠯ ᠪᠠᠶᠢᠵᠤ᠂ ᠪᠤᠭᠤᠲᠤ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠪᠠ ᠪᠤᠵᠠᠭᠠᠶᠢᠷᠠᠯᠲᠠ ᠳᠤ ᠴᠢᠬᠤᠯᠠ ᠠᠬᠢᠭᠤᠯᠬᠤ ᠦᠢᠯᠡᠳᠦᠯ ᠲᠠᠢ ᠶᠤᠮ︾᠃ ᠳᠠᠷᠠᠭᠠᠴᠢ ᠶᠢᠨ ᠠᠯᠬᠤᠮ ᠳᠤ᠂ ᠪᠢᠳᠡ︿ᠲᠠᠨ ᠤ ᠰᠡᠳᠬᠢᠯ ᠬᠠᠨᠤᠮᠵᠢᠲᠠᠢ ᠪᠠᠶᠢᠬᠤ ᠶᠢ ᠪᠠᠲᠤᠯᠠᠬᠤ﹀ ᠡᠵᠡᠩᠨᠡᠯᠲᠡ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠡᠭᠦᠳᠴᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠣᠷᠣᠯᠴᠠᠨ ᠂ ᠪᠦᠬᠦ ᠡᠳᠦᠷ ᠢᠶᠠᠷ ᠢᠶᠠᠨ ᠦᠢᠯᠡᠴᠢᠯᠡᠵᠦ᠂ ᠪᠦᠬᠦ ᠲᠠᠯ᠎ᠠ ᠪᠠᠷ ᠪᠠᠲᠤᠯᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠪᠠᠲᠤᠯᠠᠨ᠎ᠠ︾ ᠭᠡᠵᠦ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠎ ᠤ ᠬᠤᠪᠣᠷ ᠰᠢᠷᠣᠢ ᠶᠢᠨ ᠠᠵᠤ ᠦᠢᠯᠡᠰ ᠤᠨ ᠲᠣᠪᠴᠢᠶ᠎ᠠ ᠶᠢᠨ ᠬᠠᠷᠢᠭᠤᠴᠠᠯᠭᠠᠲᠠᠨ ᠵᠠᠩ ᠵᠢᠶᠠᠨ ᠸᠧᠢ ᠬᠡᠯᠡᠪᠡ᠃     ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠤᠨ ᠨᠢᠭᠡᠳᠦᠭᠡᠷ ᠤᠯᠠᠷᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠬᠡᠪᠴᠢᠶ᠎ᠡ ᠠᠴᠠ ᠳᠡᠭᠡᠭᠰᠢᠬᠢ ᠬᠤᠪᠣᠷ ᠰᠢᠷᠣᠢ ᠶᠢᠨ ᠠᠵᠤ ᠠᠬᠤᠶᠢᠯᠠᠯ 8 ᠨᠡᠮᠡᠭᠳᠡᠵᠦ᠂ ᠨᠡᠶᠢᠲᠡ 43 ᠪᠣᠯᠵᠠᠢ᠃ ᠬᠤᠪᠣᠷ ᠰᠢᠷᠣᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ ᠪᠠᠷᠤᠭ 108 ᠳ᠋ᠦᠩᠰᠢᠭᠤᠷ ᠲᠥᠭᠦᠷᠢᠭ ᠪᠡᠶᠡᠯᠡᠭᠦᠯᠦᠨ᠎ᠡ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠢᠴᠢ ᠬᠡᠷᠡᠭᠯᠡᠭᠡᠨ ᠤ ᠲᠥᠷᠥᠯ ᠵᠦᠢᠯ ᠤᠨ 23 ᠲᠥᠷᠥᠯ ᠵᠦᠢᠯ ᠢ ᠳᠠᠭᠠᠭᠠᠨ ᠬᠡᠷᠡᠭᠵᠢᠭᠦᠯᠦᠨ᠎ᠡ᠃ ᠣᠲᠣ ᠪᠣᠯᠲᠠᠯ᠎ᠠ᠂ 26 ᠵᠦᠢᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠤᠪᠣᠷ ᠰᠢᠷᠣᠢ ᠶᠢᠨ ᠲᠥᠷᠥᠯ ᠵᠦᠢᠯ ᠳᠤ ᠭᠠᠷ ᠤᠨ ᠥᠰᠥᠭ ᠵᠢᠷᠣᠨ᠂ ᠬᠡᠯᠡᠯᠴᠡᠭᠡᠷ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 70 ᠳ᠋ᠦᠩᠰᠢᠭᠤᠷ ᠲᠥᠭᠦᠷᠢᠭ ᠪᠠᠶᠢᠵᠤ᠂ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ᠂ ᠯᠠᠨᠼᠠᠶ ᠼᠧᠷᠢ ᠶᠢ ᠲᠡᠩᠴᠡᠭᠦᠷᠢᠲᠡᠢ ᠠᠰᠢᠭᠯᠠᠬᠤ᠂ ᠣᠶᠤᠨᠴᠢᠯᠠᠭᠰᠠᠨ ᠬᠤᠪᠣᠷ ᠰᠢᠷᠣᠢ ᠶᠢᠨ ᠲᠣᠨᠤᠭ ᠲᠥᠬᠦᠭᠡᠷᠦᠮᠵᠢ ᠵᠡᠷᠭᠡ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ᠂ ᠮᠡᠷᠭᠡᠵᠢᠯ ᠤᠨ ᠰᠢᠨ᠎ᠡ ᠶᠢ ᠡᠭᠦᠳᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠵᠡᠷᠭᠡ ᠳᠥᠷᠪᠡᠨ ᠬᠦᠷᠢᠶᠡᠨ ᠳᠤ ᠬᠤᠯᠪᠣᠭᠳᠠᠵᠤ ᠪᠠᠶᠢᠨ᠎ᠠ᠃2023 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ 700 ᠳ᠋ᠦᠩᠰᠢᠭᠤᠷ ᠲᠥᠭᠦᠷᠢᠭ ᠢ ᠳᠠᠪᠠᠭ᠋ᠤ ᠪᠣᠯᠣᠮᠵᠢ ᠲᠠᠢ ᠪᠠᠶᠢᠵᠤ᠂ ᠪᠤᠭᠤᠲᠤ ᠬᠤᠲᠠ ᠶᠢᠨ 80%  ᠎ ᠠᠴᠠ ᠳᠡᠭᠡᠭᠰᠢᠬᠢ ᠶᠢ ᠡᠵᠡᠯᠡᠬᠦ ᠪᠣᠯᠣᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号