ᠮᠢᠨ ᠰᠢᠨ ᠭᠡᠷ ᠣᠷᠣᠨ ᠨᠡᠶᠢᠭᠡᠮ ᠲᠣᠭᠤᠷᠢᠭ ᠳᠡᠯᠡᠬᠡᠢ ᠶᠢᠨ ᠡᠷᠡᠭᠦᠯ ᠬᠠᠮᠠᠭᠠᠯᠠᠯ ᠤᠨ ᠡᠳᠦᠷ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/4/11
   ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠢ ᠪᠠᠶᠢᠭᠤᠯᠵᠤ᠂ ᠨᠡᠶᠢᠭᠡᠮ ᠣᠷᠣᠨ ᠤ ᠰᠠᠭᠤᠭᠠᠯᠢ ᠠᠷᠠᠳ ᠤᠨ ᠡᠷᠡᠭᠦᠯ ᠬᠠᠮᠠᠭᠠᠯᠠᠯ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠡᠳᠦᠷ ᠬᠦᠷᠴᠦ ᠢᠷᠡᠬᠦ ᠦᠶ᠎ᠡ ᠳᠤ᠂ ᠨᠡᠶᠢᠭᠡᠮ ᠣᠷᠣᠨ ᠤ ᠰᠠᠭᠤᠭᠠᠯᠢ ᠠᠷᠠᠳ ᠲᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠮᠢᠨ ᠰᠢᠨ ᠭᠡᠷ ᠣᠷᠣᠨ ᠨᠡᠶᠢᠭᠡᠮ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠣᠯᠠᠨᠪᠣᠯᠠᠭ ᠠᠳᠠᠯ ᠠᠬᠤᠢ ᠶᠢᠨ ᠺᠣᠮᠫᠠᠨᠢ ᠲᠠᠢ ᠬᠤᠯᠪᠤᠭᠠᠯᠠᠨ ᠮᠢᠨ ᠰᠢᠨ ᠭᠡᠷ ᠣᠷᠣᠨ B ᠲᠣᠭᠤᠷᠢᠭ ᠲᠤ ︽ᠠᠷᠢᠭᠤᠨ ᠴᠡᠪᠡᠷ ᠬᠤᠲᠠ ᠬᠥᠳᠡᠭᠡ ᠶᠢᠨ ᠡᠷᠡᠭᠦᠯ ᠮᠡᠨᠳᠦ ᠠᠮᠢᠳᠤᠷᠠᠯ︾ ᠢᠶᠠᠷ ᠭᠤᠣᠯ ᠰᠡᠳᠦᠪ ᠪᠣᠯᠭᠠᠭᠰᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ ᠡᠭᠦᠨ ᠤ ᠬᠠᠮᠲᠤ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠴᠡᠪᠡᠷ ᠲᠡᠭᠰᠢ᠂ ᠰᠠᠶᠢᠨ ᠰᠠᠶᠢᠬᠠᠨ᠂ ᠡᠷᠡᠭᠦᠯ ᠰᠠᠷᠠᠭᠤᠯ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠨᠡᠶᠢᠭᠡᠮ ᠣᠷᠣᠨ ᠤ ᠠᠵᠢᠯᠲᠠᠨ᠂ ᠠᠳᠠᠯ ᠠᠬᠤᠢ ᠶᠢᠨ ᠴᠡᠪᠡᠷᠯᠡᠭᠴᠢ᠂ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠰᠠᠳ ᠣᠷᠳᠣ ᠬᠠᠪᠴᠢᠭᠤᠷ᠂ ᠱᠦᠭᠦᠷ᠂ ᠳᠡᠪᠢᠭᠦᠷ ᠵᠡᠷᠭᠡ ᠡᠷᠡᠭᠦᠯ ᠬᠠᠮᠠᠭᠠᠯᠠᠯ ᠤᠨ ᠪᠠᠭᠠᠵᠢ ᠬᠡᠷᠡᠭᠰᠡᠯ ᠢᠶᠠᠨ ᠠᠪᠴᠤ᠂ ᠡᠪᠡᠰᠦ ᠪᠡᠯᠴᠢᠭᠡᠷ᠂ ᠨᠣᠭᠤᠭᠠᠷᠠᠭᠤᠯᠤᠯᠲᠠ ᠶᠢᠨ ᠪᠦᠰᠡ᠂ ᠵᠢᠵᠢᠭ ᠲᠠᠯᠠᠪᠠᠶ ᠶᠢᠨ ᠲᠣᠭᠤᠰᠬᠠᠨ ᠵᠠᠪᠰᠠᠷ ᠢ ᠭᠤᠣᠯᠳᠠᠯᠭ᠎ᠠ ᠲᠠᠢ ᠴᠡᠪᠡᠷᠯᠡᠪᠡ᠃ ᠡᠭᠦᠨ ᠤ ᠵᠡᠷᠭᠡᠴᠡᠭᠡᠪᠡᠷ᠂ ᠤᠯᠠᠨ ᠢᠶᠠᠷ ᠢᠶᠠᠨ ᠥᠩᠭᠡᠷᠡᠭᠰᠡᠨ ᠤ ᠰᠠᠭᠤᠭᠠᠯᠢ ᠠᠷᠠᠳ ᠲᠤ ᠪᠣᠯᠪᠠᠰᠤᠨ ᠦᠢᠯᠡ ᠠᠵᠢᠯᠯᠠᠭ᠎ᠠ ᠶᠢ ᠢᠳᠡᠪᠬᠢᠲᠡᠢ ᠤᠬᠠᠭᠤᠯᠵᠤ᠂ ᠤᠯᠠᠨ ᠲᠦᠮᠡᠨ ᠤ ᠢᠯᠡᠭᠦᠬᠡᠨ ᠣᠷᠤᠯᠴᠠᠬᠤ ᠶᠢ ᠰᠠᠨᠠᠭᠠᠴᠢᠯᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠢ ᠤᠬᠠᠮᠰᠠᠷ ᠠᠴᠠ ᠪᠠᠨ ᠬᠠᠮᠠᠭᠠᠯᠠᠪᠠ᠃    ᠨᠡᠶᠢᠭᠡᠮ ᠣᠷᠣᠨ ᠤ ᠣᠷᠴᠢᠨ ᠲᠣᠭᠤᠷᠢᠨ ᠨᠢ ᠰᠠᠭᠤᠭᠠᠯᠢ ᠠᠷᠠᠳ ᠤᠨ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠂ ᠲᠣᠰ ᠤᠳᠠᠭᠠᠨ ᠤ ᠴᠡᠪᠡᠷᠯᠡᠬᠦ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠣᠷᠣᠨ  ᠤ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠪᠦᠲᠦᠮᠵᠢᠲᠡᠶ ᠳᠡᠭᠡᠭᠰᠢᠯᠡᠭᠦᠯᠦᠭᠰᠡᠨ ᠤ ᠬᠠᠮᠲᠤ ᠪᠠᠰᠠ ᠰᠠᠭᠤᠭᠠᠯᠢ ᠠᠷᠠᠳ ᠤᠨ ᠣᠷᠴᠢᠨ ᠠᠬᠤᠢ ᠶᠢ ᠬᠠᠮᠠᠭᠠᠯᠠᠬᠤ ᠤᠬᠠᠮᠰᠠᠷ ᠢ ᠴᠢᠩᠭᠠᠷᠠᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠢ ᠳᠠᠶᠢᠴᠢᠯᠠᠨ ᠡᠷᠡᠭᠦᠯ ᠬᠠᠮᠠᠭᠠᠯᠠᠯ ᠤᠨ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠵᠤ᠂ ︽ᠬᠤᠲᠠ ᠬᠥᠳᠡᠭᠡ ᠶᠢᠨ ᠠᠷᠢᠭᠤᠨ ᠴᠡᠪᠡᠷ ᠡᠷᠡᠭᠦᠯ ᠮᠡᠨᠳᠦ ᠠᠮᠢᠳᠤᠷᠠᠯ︾ ᠢ ᠦᠨᠡᠨ ᠬᠦ ᠪᠡᠶᠡᠯᠡᠭᠦᠯᠵᠦ᠂ ᠨᠡᠶᠢᠭᠡᠮ ᠣᠷᠣᠨ ᠤ ᠰᠠᠭᠤᠭᠠᠯᠢ ᠠᠷᠠᠳ ᠲᠤ ᠠᠷᠢᠭᠤᠨ ᠴᠡᠪᠡᠷ᠂ ᠪᠣᠯᠪᠠᠰᠤᠨ ᠰᠠᠶᠢᠬᠠᠨ ᠠᠮᠢᠳᠤᠷᠠᠯ ᠤᠨ ᠣᠷᠴᠢᠨ ᠨᠥᠬᠦᠴᠡᠯ ᠪᠠ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号