ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠄ ᠠᠵᠤ ᠠᠬᠤᠶᠢᠯᠠᠯ ᠤᠨ ᠬᠢᠨ ᠪᠦᠬᠦ‌‍ᠬᠦ᠋ᠴᠦᠨ ᠢᠶᠠᠷ ᠢᠶᠠᠨ ᠦᠢᠯᠡᠳᠪᠦᠷᠢᠯᠡᠯ ᠤᠨ ᠵᠠᠬᠢᠶᠠᠯᠠᠭ᠎ᠠ ᠶᠢᠨ ᠬᠠᠭᠤᠳᠠᠰᠣ ᠶᠢ ᠪᠡᠶᠡᠯᠡᠭᠦᠯᠵᠣ ᠪᠣᠢ
ᠨᠡᠶᠢᠲᠡᠯᠡᠭᠰᠡᠨ ᠴᠠᠭ᠄
2023/4/26
 
   ᠠᠵᠤ ᠠᠬᠤᠶᠢᠯᠠᠯ ᠤᠨ ᠳᠣᠲᠣᠷᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠯᠬᠤᠴᠠ‌‍ᠲ᠋ᠦ᠋ᠷᠭᠡᠳᠴᠦ᠂ ᠦᠢᠯᠡᠳᠪᠦᠷᠢᠯᠡᠯ ᠢᠶᠠᠨ ᠪᠦᠬᠦ ᠬᠦᠴᠦ ᠪᠠᠷ ᠢᠶᠠᠨ ᠬᠢᠵᠦ ᠪᠠᠶᠢᠨ᠎ᠠ᠃ ᠪᠠᠷᠢᠯᠭ᠎ᠠ ᠶᠢᠨ ᠭᠠᠵᠠᠷ ᠲᠤ᠂ ᠮᠠᠰᠢᠨ ᠤ ᠠᠵᠢᠯᠯᠠᠭᠠᠨ ᠤ ᠲᠠᠭᠤᠨ᠂ ᠠᠵᠢᠯᠴᠢᠳ ᠤᠨ ᠬᠥᠳᠡᠯᠮᠦᠷᠢ ᠶᠢᠨ ᠲᠠᠭᠤᠨ ᠲᠠᠰᠣᠷᠠᠯ ᠦᠭᠡᠢ ᠰᠣᠨᠣᠰᠳᠠᠨ᠎ᠠ ᠁ᠣᠳᠣᠬᠠᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ  ᠡᠯ᠎ᠡ ᠠᠵᠤ ᠠᠬᠤᠶᠢᠯᠠᠯ᠂ ᠭᠤᠣᠯᠳᠠᠯᠭ᠎ᠠ ᠲᠠᠢ ᠲᠥᠷᠥᠯ ᠵᠦᠢᠯ ᠵᠠᠯᠭᠠᠭ᠎ᠠ ᠪᠠᠷ ︽ᠶᠠᠭᠠᠷᠠᠯᠲᠠᠢ︾ ᠵᠠᠭᠪᠤᠷ ᠢᠶᠠᠨ ᠡᠬᠢᠯᠡᠭᠦᠯᠵᠦ᠂ ᠴᠠᠭ ᠮᠥᠴᠡ ᠵᠢ‌ᠠᠯᠳᠠᠯ ᠦᠭᠡᠢ ᠪᠠᠷ ᠪᠦᠲᠦᠭᠡᠨ ᠪᠠᠶᠢᠭᠤᠯᠤᠯᠲᠠ ᠶᠢ ᠠᠳᠬᠤᠨ᠂ ᠠᠬᠢᠴᠠ ᠶᠢ ᠲᠦᠷᠭᠡᠳᠬᠡᠵᠦ᠂ ᠡᠷᠴᠢ ᠵᠣᠷᠢᠭ ᠵᠶ᠋ᠠᠨ‌‍ᠬᠥ᠋ᠪᠴᠢᠯᠡᠨ ᠦᠢᠯᠡᠳᠪᠦᠷᠢᠯᠡᠯ᠂ ᠵᠠᠬᠢᠶᠠᠯᠠᠭ᠎ᠠ ᠶᠢᠨ ᠬᠠᠭᠤᠳᠠᠰᠤ ᠶᠢ ᠠᠮᠵᠢᠵᠤ᠂ ᠪᠣᠷᠪᠢ ᠠᠮᠠᠷᠠᠯ ᠦᠭᠡᠢ ︽ᠡᠬᠢᠯᠡᠯᠲᠡ ᠶᠢᠨ ᠠᠮᠵᠢᠯᠲᠠ︾ ᠶᠢ ᠣᠯᠬᠤ ᠪᠠᠷ ᠬᠦᠴᠦᠯᠡᠨ ᠴᠢᠷᠮᠠᠶᠢᠵᠣ ᠪᠠᠶᠢᠨ᠎ᠠ᠃        ᠡᠨᠡ ᠬᠡᠳᠦᠨ ᠡᠳᠦᠷ᠂ ᠪᠤᠭᠤᠲᠤ ᠶᠢᠨ ᠶᠦᠨ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠵᠢᠨ‌‍ᠬᠢᠵᠠᠭᠠᠷᠲᠤ ᠺᠣᠮᠫᠠᠨᠢ ᠶᠢᠨ ᠵᠢᠯ ᠳᠤ 15000 ᠲᠣᠨ ᠥᠨᠳᠥᠷ ᠴᠢᠳᠠᠪᠬᠢ ᠲᠠᠢ ᠰᠢᠲᠠᠭᠠᠨ ᠪᠠᠷᠢᠯᠳᠤᠭᠤᠯᠤᠭᠰᠠᠨ ᠲᠡᠮᠦᠷ ᠪᠤᠷ ᠤᠨ ᠡᠭᠦᠰᠬᠡᠷ ᠮᠠᠲ᠋ᠧᠷᠢᠶᠠᠯ ᠤᠨ ᠣᠶᠤᠨᠴᠢ ᠦᠢᠯᠡᠳᠬᠦ ᠲᠦᠷᠦᠯ ᠵᠦᠢᠯ ᠢ ᠶᠠᠭ ᠱᠠᠯᠠᠪᠳᠠᠨ ᠪᠦᠲᠦᠭᠡᠨ‌‍ᠪᠠᠶᠢᠭᠤᠯᠵᠤ ᠪᠤᠢ᠂ ᠡᠨᠡᠬᠦ ᠶᠡᠷᠦᠩᠬᠡᠢ ᠪᠡᠯᠡ ᠣᠷᠣᠭᠤᠯᠤᠯᠲᠠ ᠨᠢ 11 ᠳ᠋ᠦᠩᠰᠢᠭᠤᠷ ᠲᠥᠭᠦᠷᠢᠭ  ᠂ 130 ᠮᠦ ᠭᠠᠵᠠᠷ ᠡᠵᠡᠯᠡᠬᠦ ᠴᠢᠬᠤᠯᠠ ᠶᠡᠭᠡ ᠲᠦᠷᠦᠯ ᠵᠦᠢᠯ ᠨᠢ ᠥᠨᠳᠥᠷ ᠮᠦ ᠪᠦᠷᠢ ᠳᠤ ᠳᠤᠮᠳᠠᠴᠢ ᠪᠠᠷ ᠪᠡᠯᠡ ᠣᠷᠣᠭᠤᠯᠬᠤ  ᠂ ᠥᠨᠳᠥᠷ ᠮᠦ ᠪᠦᠷᠢ ᠳᠤ ᠳᠤᠮᠳᠠᠴᠢ ᠪᠠᠷ ᠪᠡᠯᠡ ᠣᠷᠣᠭᠤᠯᠬᠤ᠂ ᠥᠨᠳᠥᠷ ᠮᠦ ᠪᠦᠷᠢ ᠳᠤ ᠳᠤᠮᠳᠠᠴᠢ ᠪᠠᠷ ᠭᠠᠶᠢᠯᠢ ᠲᠠᠲᠠᠪᠤᠷᠢᠯᠠᠬᠤ ᠵᠡᠷᠭᠡ ᠣᠨᠴᠠᠯᠢᠭ ᠲᠠᠢ ᠪᠠᠶᠢᠵᠤ  9 ᠰᠠᠷ᠎ᠠ ᠶᠢᠨ ᠬᠤᠭᠤᠴᠠᠭᠠᠨ ᠳᠤ ᠪᠦᠲᠦᠭᠡᠨ ᠪᠠᠶᠢᠭᠤᠯᠵᠤ᠂   ᠭᠤᠣᠯ ᠴᠣᠭᠴᠠ ᠶᠢᠨ ᠢᠨᠵᠧᠨᠧᠷᠢᠩ ᠢ ᠨᠢᠭᠡᠨᠲᠡ ᠦᠨᠳᠦᠰᠦᠨ ᠳᠡᠭᠡᠨ ᠪᠡᠶᠡᠯᠡᠭᠦᠯᠪᠡ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠲᠣᠰ ᠠᠵᠤ ᠠᠬᠤᠶᠢᠯᠠᠯ ᠨᠢ ᠪᠥᠬᠦ ᠳᠡᠯᠡᠬᠡᠢ ᠶᠢᠨ ᠲᠠᠩ ᠴᠣᠭᠴᠠ ᠵᠢᠨ‌‍ᠬᠡᠪᠴᠢᠶ᠎ᠡ ᠪᠠᠷ ᠬᠠᠮᠤᠭ ᠤᠨ ᠶᠡᠭᠡ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ‍ᠤᠨ‌ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠬᠤ ᠪᠣᠯᠣᠨ᠎ᠠ᠃        ︽ᠠᠵᠤ ᠠᠬᠤᠶᠢᠯᠠᠯ ᠤᠨ ᠣᠳᠣ ᠪᠠᠶᠢᠭ᠎ᠠ ᠦᠢᠯᠡᠳᠪᠦᠷᠢᠯᠡᠬᠦ ᠴᠢᠳᠠᠪᠤᠷᠢ 1.8 ᠲᠦᠮᠡᠨ ᠲᠣᠨ ᠳᠤ ᠬᠦᠷᠴᠦ᠂ᠰᠢᠨ᠎ᠡ ᠵᠦᠢᠯᠡᠰ   ᠢ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠦᠢᠯᠡᠳᠪᠦᠷᠢᠯᠡᠬᠦ‌‍ᠴᠢᠳᠠᠪᠤᠷᠢ 3.3 ᠲᠦᠮᠡᠨ ᠲᠣᠨ ᠳᠤ ᠬᠦᠷᠬᠦ ᠪᠣᠯᠣᠨ᠎ᠠ᠃ ᠣᠳᠣᠬᠠᠨ ᠳᠤ ᠬᠤᠪᠣᠷ ᠰᠢᠷᠣᠢ   ᠶᠢᠨ ᠰᠣᠷᠢᠨᠵᠢᠨᠲᠤ‌ᠮᠠᠲ᠋ᠧᠷᠢᠶᠠᠯ ᠤᠨ ᠬᠡᠷᠡᠭᠯᠡᠭᠡᠨ ᠤ ᠬᠦᠷᠢᠶ᠎ᠡ ᠬᠡᠪᠴᠢᠶ᠎ᠡ ᠥᠷᠭᠡᠨ ᠠᠭᠤᠳᠠᠮ ᠪᠣᠯᠵᠤ᠂ ᠵᠠᠬ᠎ᠠ ᠳᠡᠯᠭᠡᠭᠦᠷ ‍ᠦᠨ‌‍ᠬᠡᠷᠡᠭᠴᠡᠭᠡᠨ ᠤ ᠬᠡᠮᠵᠢᠶ᠎ᠡ ᠴᠦ ᠳᠡᠭᠡᠭᠰᠢᠯᠡᠬᠦ ᠬᠠᠨᠳᠤᠰᠢ ᠲᠠᠢ ᠪᠠᠶᠢᠨ᠎ᠠ᠂ ᠮᠠᠨ ᠤ ᠺᠣᠮᠫᠠᠨᠢ ᠴᠤ ᠵᠠᠬ᠎ᠠ ᠳᠡᠯᠭᠡᠭᠦᠷ ᠤᠨ ᠬᠡᠷᠡᠭᠴᠡᠭᠡ   ᠶᠢ ᠦᠵᠡᠵᠦ ᠲᠣᠭᠤᠭᠠᠳ᠂ ᠬᠥᠭᠵᠢᠯᠲᠡ   ᠶᠢᠨ ᠰᠡᠳᠬᠢᠴᠡ ᠪᠠᠨ ᠬᠤᠪᠢᠷᠠᠭᠤᠯᠵᠤ᠂ ᠰᠢᠨ᠎ᠡ ᠡᠨᠧᠷᠭᠢ   ᠶᠢᠨ ᠰᠤᠷᠪᠤᠯᠵᠢ᠂ ᠰᠠᠯᠬᠢᠨ ᠬᠦᠴᠦᠨ ᠤ ᠴᠠᠬᠢᠯᠭᠠᠨ ᠵᠡᠷᠭᠡ ᠬᠦᠷᠢᠶᠡᠨ ᠳᠤ ᠨᠡᠩ ᠶᠡᠭᠡ ᠵᠠᠬ᠎ᠠ ᠳᠡᠯᠭᠡᠭᠦᠷ ᠤᠨ ᠬᠤᠪᠢ   ᠶᠢ ᠡᠵᠡᠯᠡᠬᠦ ᠪᠠᠷ ᠴᠢᠷᠮᠠᠶᠢᠵᠤ ᠪᠠᠶᠢᠨ᠎ᠠ︾ ᠭᠡᠵᠦ ᠪᠤᠭᠤᠲᠤ ᠶᠢᠨ ᠶᠦᠨ ᠱᠧᠩ ᠴᠢᠩᠭ᠎ᠠ ᠰᠣᠷᠢᠨᠵᠢᠨ ᠮᠠᠲ᠋ᠧᠷᠢᠶᠠᠯ ‍ᠤᠨ‌‍ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠤᠨ ᠲᠤᠰᠠᠯᠠᠭᠴᠢ ᠭᠦᠸᠧ ᠹᠧᠩ ᠬᠡᠯᠡᠨ᠎ᠡ᠃     ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠬᠦᠷ ᠬᠥᠭᠵᠢᠶᠡᠨ ᠲᠠᠢ ᠶᠠᠪᠤᠭᠳᠠᠵᠤ᠂ ᠠᠵᠤ ᠠᠬᠤᠶᠢᠯᠠᠯ ‍ᠤᠨ‌‍ᠬᠢᠨ ᠴᠦ ᠲᠦᠷᠭᠡᠨ ᠮᠣᠷᠢᠨ ᠳᠤ ᠲᠠᠰᠢᠭᠤᠷ ᠨᠡᠮᠡᠵᠦ ᠦᠢᠯᠡᠳᠪᠦᠷᠢᠯᠡᠯ ᠳᠤ ᠶᠠᠭᠠᠷᠠᠯᠳᠤᠨ᠎ᠠ᠃ ᠪᠤᠭᠤᠲᠤ ᠶᠢᠨ ᠵᠢᠶᠠᠩ‌‍ᠰᠢᠨ ᠪᠢᠴᠢᠯ ᠴᠠᠬᠢᠯᠭᠠᠨ ᠮᠠᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠣᠶᠤᠨᠴᠢᠯᠠᠭᠰᠠᠨ‌ᠦᠢᠯᠡᠳᠪᠦᠷᠢᠯᠡᠯ ᠤᠨ ᠲᠠᠰᠤᠭ ᠲᠤ᠂ ᠠᠵᠢᠯᠲᠠᠳ ᠶᠠᠭ 800 ᠲᠦᠮᠡᠨ ᠬᠤᠪᠣᠷ ᠰᠢᠷᠣᠢ ᠶᠢᠨ ᠲᠣᠭᠲᠠᠮᠠᠯ‌‍ᠰᠣᠷᠢᠨᠵᠢᠨ ᠤ ᠠᠦ᠋ᠲ᠋ᠣ᠋ ᠲᠥᠪᠯᠡᠷᠡᠯᠳᠦ ᠴᠠᠬᠢᠯᠭᠠᠨ ᠬᠥᠳᠡᠯᠭᠡᠭᠦᠷ ᠤᠨ ᠵᠠᠬᠢᠶᠠᠯᠠᠭ᠎ᠠ ᠶᠢᠨ ᠬᠠᠭᠤᠳᠠᠰᠤ ᠶᠢ ᠱᠠᠯᠠᠪᠳᠠᠨ ᠦᠢᠯᠡᠳᠴᠦ᠂ ᠤᠳᠠᠯ ᠦᠭᠡᠢ ᠵᠢᠶᠠᠩᠰᠢ᠂ ᠱᠧᠨᠵᠧᠨ ᠵᠡᠷᠭᠡ ᠭᠠᠵᠠᠷ ᠲᠤ ᠬᠠᠩᠭᠠᠨ ᠬᠡᠰᠡᠭ ᠦᠢᠯᠡᠳᠬᠦᠨ ᠢ ᠭᠠᠳᠠᠭᠠᠳᠤ ᠳᠤ ᠭᠠᠷᠭᠠᠵᠤ ᠰᠠᠨ ᠰᠢᠩ  ᠳᠠᠭᠤ ᠳᠠᠮᠵᠢᠭᠤᠯᠬᠤ ᠵᠡᠷᠭᠡ ᠲᠦᠷᠦᠯ ᠲᠡᠮᠳᠡᠭ ᠢ ᠬᠠᠩᠭᠠᠬᠤ ᠪᠣᠯᠣᠨ᠎ᠠ᠃ ᠦᠢᠯᠡᠳᠪᠦᠷᠢᠯᠡᠯ ᠤᠨ ᠦᠷ᠎ᠡ ᠪᠦᠲᠦᠮᠵᠢ ᠵᠢᠴᠢ ᠦᠢᠯᠡᠳᠬᠦᠨ ᠤ ᠬᠢᠷᠢ ᠲᠡᠩᠴᠡᠭᠦ ᠨᠣᠷᠮ᠎ᠠ   ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ   ᠶᠢᠨ ᠲᠥᠯᠥᠭᠡ᠂ ᠠᠵᠤ ᠠᠬᠤᠶᠢᠯᠠᠯ ᠣᠳᠣ ᠶᠠᠭ ᠬᠤᠶᠠᠳᠤᠭᠠᠷ ᠬᠤᠭᠤᠴᠠᠭᠠᠨ ‍ᠤ‌ᠦᠢᠯᠡᠳᠪᠦᠷᠢᠯᠡᠯ ᠤᠨ ᠱᠤᠭᠤᠮ ᠳᠤ ᠪᠦᠷᠢᠨ ᠠᠦ᠋ᠲ᠋ᠣᠴᠢᠯᠠᠭᠰᠠᠨ ᠥᠭᠡᠷᠡᠴᠢᠯᠡᠯᠲᠡ ᠬᠢᠵᠦ ᠪᠠᠶᠢᠨ᠎ᠠ᠂ ᠵᠢᠩᠬᠢᠨᠢ ᠪᠡᠷ‌ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠡᠳᠦᠷ ᠤᠨ ᠭᠠᠷᠤᠯᠲᠠ ᠨᠢ ᠨᠢᠭᠡ ᠳᠠᠬᠢᠨ ᠳᠡᠭᠡᠭᠰᠢᠯᠡᠵᠦ᠂ᠦᠢᠯᠡᠳᠬᠦᠨ ᠤ ᠬᠢᠷᠢ ᠲᠡᠩᠴᠡᠭᠦ ᠨᠣᠷᠮ᠎ᠠ ᠨᠢ 3 ᠵᠠᠭᠤᠨ ᠤ ᠨᠢᠭᠡᠴᠢ ᠳᠡᠭᠡᠭᠰᠢᠯᠡᠬᠦ ᠪᠣᠯᠣᠨ᠎ᠠ     ︽ᠡᠨᠡ ᠵᠢᠯ᠂ ᠪᠢᠳᠡ ᠭᠠᠷ ᠤᠷᠠᠯᠠᠯ᠂ ᠦᠢᠯᠡᠳᠬᠦᠨ ᠤ ᠴᠢᠳᠠᠮᠵᠢ᠂ ᠰᠢᠨ᠎ᠡ ᠦᠢᠯᠡᠳᠬᠦᠨ ᠢ ᠰᠤᠳᠤᠯᠤᠨ‌ᠨᠡᠭᠡᠭᠡᠬᠦ ᠲᠠᠯ᠎ᠠ ᠪᠠᠷ ᠨᠠᠩ ᠣᠯᠠᠨ ᠰᠢᠨ᠎ᠡ ᠶᠢ ᠡᠭᠦᠳᠬᠦ ᠡᠯᠧᠮᠧᠨ᠋ᠲ ᠢ ᠣᠷᠣᠭᠤᠯᠵᠤ᠂ ᠬᠡᠷᠡᠭᠯᠡᠭᠴᠢᠳ ‍ᠦᠨ‌‍ᠬᠡᠷᠡᠭᠴᠡᠭᠡ ᠶᠢ ᠬᠠᠩᠭᠠᠵᠤ᠂ ᠪᠤᠭᠤᠲᠤ ᠶᠢᠨ ︿ᠳᠡᠯᠡᠬᠡᠢ ᠶᠢᠨ ᠬᠤᠪᠣᠷ ᠰᠢᠷᠣᠢ ᠶᠢᠨ ᠬᠤᠲᠠ﹀ ᠶᠢ ᠪᠠᠶᠢᠭᠤᠯᠬᠤ ᠳ᠋ᠤ᠋‌ᠥᠪᠡᠷ ᠤᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ︾ ᠭᠡᠵᠦ ᠪᠤᠭᠤᠲᠤ ᠶᠢᠨ ᠵᠢᠶᠠᠩ ᠰᠢᠨ ᠸᠧᠢ ᠴᠠᠬᠢᠯᠭᠠᠨ‌ᠮᠠᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠰᠢᠦᠢ ᠳ᠋ᠧ‌ᠭᠤᠸᠠᠩ ᠶᠠᠷᠢᠨ᠎ᠠ᠃   ᠣᠶᠢᠷ᠎ᠠ ᠳᠤ᠂ ᠰᠤᠷᠪᠤᠯᠵᠢᠯᠠᠭᠴᠢ ᠶᠢᠨ ᠯᠢ ᠲᠣᠭᠲᠠᠮᠠᠯ ᠰᠣᠷᠢᠨᠵᠢᠨ ︵ᠪᠤᠭᠤᠲᠤ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ ᠨᠢ᠂ ᠲᠣᠰ ᠺᠣᠮᠫᠠᠨᠢ ᠶᠢᠨ ᠣᠲᠣ ᠶᠠᠭ ᠪᠠᠶᠢᠭᠤᠯᠵᠤ ᠪᠠᠶᠢᠭ᠎ᠠ ᠶᠡᠷᠦᠩᠬᠡᠢ ᠲᠠᠯᠠᠪᠠᠶ ᠨᠢ 203 ᠮᠦ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 15 ᠳ᠋ᠦᠩᠰᠢᠭᠤᠷ‌‍ᠲ᠋ᠥ᠋ᠭᠦᠷᠢᠭ᠂ ᠵᠢᠯ ᠳᠤ 20000 ᠲᠣᠨ ᠥᠨᠳᠥᠷ ᠴᠢᠳᠠᠪᠬᠢᠲᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠲᠥᠷᠥᠯ ᠵᠦᠢᠯ ᠳᠤ ᠣᠲᠣ ᠨᠢᠭᠡᠨᠲᠡ 15 ᠠᠦ᠋ᠲ᠋ᠣᠴᠢᠯᠠᠭᠰᠠᠨ᠂ ᠲᠣᠭᠠᠴᠢᠯᠠᠭᠰᠠᠨ‌ᠦᠢᠯᠡᠳᠪᠦᠷᠢᠯᠡᠯ ᠤᠨ ᠲᠠᠰᠤᠭ ᠢ ᠪᠠᠶᠢᠭᠤᠯᠵᠤ᠂ 300 ᠭᠠᠷᠤᠢ ᠢᠵᠢ ᠣᠶᠤᠨᠴᠢᠯᠠᠭᠰᠠᠨ ᠲᠥᠬᠦᠭᠡᠷᠦᠮᠵᠢ ᠶᠢ ᠨᠢᠭᠡᠨᠲᠡ‌‍ᠪᠥ᠋ᠬᠦ ᠱᠤᠭᠤᠮ ᠢᠶᠠᠷ ᠠᠵᠢᠯᠯᠠᠭᠤᠯᠵᠠᠢ᠃         ᠪᠤᠭᠤᠲᠤ ᠶᠢᠨ ᠶᠢᠨ ᠯᠢ ᠲᠣᠭᠲᠠᠮᠠᠯ ᠰᠣᠷᠢᠨᠵᠢᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠳ᠋ᠦᠩ ᠼᠠᠢ ᠰᠢᠶᠠᠨ‌‍ᠰᠤᠷᠪᠤᠯᠵᠢᠯᠠᠭᠴᠢ ᠳᠤ ᠬᠡᠯᠡᠬᠦ ᠳᠡᠭᠡᠨ᠂ ᠮᠡᠷᠭᠡᠵᠢᠯ ᠤᠨ ᠲᠡᠷᠢᠭᠦᠨ ᠤ ᠳᠠᠪᠠᠭᠤᠯᠢᠭ ᠪᠠ ᠦᠢᠯᠡᠳᠪᠦᠷᠢᠯᠡᠯ ‍ᠦᠨ‌‍ᠬᠡᠪᠴᠢᠶᠡᠨ ᠤ ᠳᠠᠪᠠᠭᠤᠯᠢᠭ ᠲᠤ ᠲᠦᠰᠢᠭᠯᠡᠨ᠂ ᠶᠢᠨ ᠯᠢ ᠲᠣᠭᠲᠠᠮᠠᠯ ᠰᠣᠷᠢᠨᠵᠢᠨ ᠨᠢ ᠨᠢᠭᠡᠨᠲᠡ ᠰᠢᠨ᠎ᠡ ᠡᠨᠧᠷᠭᠢ ᠵᠢᠨ‌ᠮᠠᠰᠢᠨ ᠲᠡᠷᠭᠡ᠂ ᠡᠨᠧᠷᠭᠢ ᠠᠷᠪᠢᠯᠠᠬᠤ ᠳᠠᠪᠲᠠᠮᠵᠢ ᠬᠤᠪᠢᠷᠠᠭᠠᠬᠤ ᠠᠭᠠᠷ ᠲᠣᠬᠢᠷᠠᠭᠤᠯᠤᠭᠴᠢ᠂ ᠰᠠᠯᠬᠢᠨ ᠬᠦᠴᠦᠨ ᠵᠶ᠋ᠡᠷ‌‍ᠴᠠᠬᠢᠯᠭᠠᠨ ᠭᠠᠷᠭᠠᠬᠤ ᠬᠦᠷᠢᠶᠡᠨ ᠳᠠᠬᠢ ᠪᠥᠬᠦ ᠳᠡᠯᠡᠬᠡᠢ ᠶᠢᠨ ᠲᠡᠷᠢᠭᠦᠨ ᠤ ᠬᠠᠩᠭᠠᠯᠭ᠎ᠠ ᠶᠢᠨ ᠬᠤᠳᠠᠯᠳᠤᠭᠠᠴᠢᠨ‌‍ᠪᠣᠯᠤᠭᠰᠠᠨ ᠪᠠᠶᠢᠨ᠎ᠠ ᠭᠡᠵᠡᠢ᠃         ᠡᠨᠡ ᠵᠢᠯ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠮᠢᠩᠭᠠᠨ ᠳ᠋ᠦᠩᠰᠢᠭᠤᠷ‌‍ᠲ᠋ᠡᠰ ᠤᠨ ᠬᠤᠪᠣᠷ ᠰᠢᠷᠣᠢ ᠶᠢᠨ ᠠᠵᠤ ᠦᠢᠯᠡᠰ ᠤᠨ ᠪᠦᠯᠦᠭᠯᠡᠯ ᠪᠣᠯᠣᠨ ᠳᠡᠯᠡᠬᠡᠢ ᠳᠤ ᠨᠥᠯᠥᠭᠡᠯᠡᠬᠦ ᠬᠦᠴᠦᠨ ᠪᠦᠬᠦᠢ ︽ᠰᠣᠷᠢᠨᠵᠢᠨ ᠬᠥᠨᠳᠡᠢ︾ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠡᠬᠢ ᠪᠠᠶᠠᠯᠢᠭ ᠤᠨ ᠳᠠᠪᠠᠭᠤᠯᠢᠭ ᠪᠣᠯᠣᠨ‌‍ᠲ᠋ᠥ᠋ᠷᠥ ᠶᠢᠨ ᠪᠣᠳᠣᠯᠭ᠎ᠠ ᠶᠢᠨ ᠳᠠᠪᠠᠭᠤᠯᠢᠭ ᠢ ᠪᠠᠳᠠᠷᠠᠭᠤᠯᠤᠭᠰᠠᠨ ᠰᠠᠭᠤᠷᠢᠨ ᠳᠡᠭᠡᠷ᠎ᠡ᠂ ᠠᠵᠤ ᠦᠢᠯᠡᠰ ᠤᠨ ᠳᠣᠣᠷᠠᠳᠤ‌ᠤᠷᠤᠰᠬᠠᠯ ᠳᠤ ᠴᠢᠭᠯᠡᠭᠦᠯᠦᠨ᠂ ᠠᠵᠤ ᠦᠢᠯᠡᠰ ᠤᠨ ᠬᠡᠯᠬᠢᠶ᠎ᠡ ᠳᠤ ᠨᠠᠷᠢᠯᠢᠭ ᠣᠨᠣᠴᠠᠲᠠᠢ ᠪᠠᠷ ᠬᠦᠴᠦᠯᠡᠵᠦ᠂ᠲᠣᠭᠲᠠᠮᠠᠯ ᠰᠣᠷᠢᠨᠵᠢᠨ᠂ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ ᠤᠨ ᠠᠵᠤ ᠦᠢᠯᠡᠰ ᠢ ᠤᠷᠢᠳ ᠢᠶᠠᠷ ᠬᠥᠭᠵᠢᠭᠦᠯᠵᠦ᠂ ᠭᠢᠯᠠᠶᠢᠯᠭᠠᠬᠤ᠂ ᠬᠡᠷᠡᠯ ᠭᠠᠷᠭᠠᠬᠤ᠂ ᠲᠦᠷᠭᠡᠳᠬᠡᠬᠦ ᠮᠠᠲ᠋ᠧᠷᠢᠶᠠᠯ ᠤᠨ ᠠᠵᠤ ᠦᠢᠯᠡᠰ ᠢ‌ᠭᠤᠣᠯᠳᠠᠯᠭ᠎ᠠ ᠲᠠᠢ ᠬᠥᠭᠵᠢᠭᠦᠯᠵᠦ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ᠂ ᠬᠤᠪᠣᠷ ᠰᠢᠷᠣᠢ ᠶᠢᠨ ᠣᠨᠴᠠ ᠲᠥᠷᠥᠯ ᠤᠨ ᠬᠠᠶᠢᠯᠤᠰᠢ ᠵᠡᠷᠭᠡ ︽ᠬᠤᠪᠣᠷ ᠰᠢᠷᠣᠢ +︾ ᠠᠵᠤ ᠦᠢᠯᠡᠰ ‍ᠦᠨ‌‍ᠬᠥ᠋ᠭᠵᠢᠯᠲᠡ ᠶᠢᠨ ᠰᠢᠨ᠎ᠡ ᠪᠠᠶᠢᠷᠢᠰᠢᠯ ᠢ ᠢᠳᠡᠪᠬᠢᠲᠡᠢ ᠬᠥᠭᠵᠢᠭᠦᠯᠵᠦ᠂ ᠬᠤᠪᠣᠷ ᠰᠢᠷᠣᠢ ᠶᠢᠨ ᠠᠵᠤ ᠦᠢᠯᠡᠰ ᠶᠠᠭ‌‍ᠲ᠋ᠡᠯᠡᠬᠡᠢ ᠶᠢᠨ ᠲᠠᠰ ᠤᠨ ᠬᠠᠳᠠᠭᠠᠯᠠᠭᠳᠠᠴᠠ   ᠠᠴᠠ ᠳᠡᠯᠡᠬᠡᠢ ᠶᠢᠨ ᠲᠠᠰ ᠤᠨ ᠠᠵᠤ ᠦᠢᠯᠡᠰ ᠳᠠᠰᠢ ᠤᠷᠤᠭᠰᠢᠯᠠᠵᠤ ᠪᠠᠶᠢᠨ᠎ᠠ᠃         ᠬᠤᠪᠣᠷ ᠰᠢᠷᠣᠢ ᠶᠢᠨ ᠠᠵᠤ ᠦᠢᠯᠡᠰ ᠤᠨ ᠳᠡᠭᠡᠳᠦ ᠲᠠᠰ ᠤᠨ ᠬᠡᠯᠪᠡᠷᠢ ᠪᠠᠨ ᠬᠤᠪᠢᠷᠠᠭᠤᠯᠬᠤ ᠪᠠ ᠳᠣᠣᠷᠠᠳᠤ‌ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠳᠠᠰᠢ ᠲᠠᠰᠤᠷᠠᠯᠲᠠ ᠦᠭᠡᠢ ᠥᠷᠭᠡᠵᠢᠬᠦ ᠶᠢ ᠳᠠᠭᠠᠯᠳᠤᠨ᠂ ᠬᠤᠪᠣᠷ‌‍ᠰᠢᠷᠣᠢ ᠶᠢᠨ ᠴᠢᠳᠠᠮᠵᠢ ᠶᠢᠨ ᠮᠠᠲ᠋ᠧᠷᠢᠶᠠᠯ ᠤᠨ ᠬᠡᠷᠡᠭᠯᠡᠭᠡᠨ ᠤ ᠬᠦᠷᠢᠶ᠎ᠡ ᠴᠦ ᠶᠠᠪᠤᠬᠤ ᠲᠤᠲᠤᠮ ᠥᠷᠭᠡᠵᠢᠵᠦ ᠪᠠᠶᠢᠨ᠎ᠠ᠃ ᠣᠳᠣᠬᠠᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ   ᠶᠢᠨ ᠯᠢ ᠲᠣᠭᠲᠠᠮᠠᠯ ᠰᠣᠷᠢᠨᠵᠢᠨ᠂ ᠶᠦᠨ ᠱᠧᠩ ᠴᠢᠩᠭ᠎ᠠ ᠰᠣᠷᠢᠨᠵᠢᠨ᠂ ᠶᠢᠨ ᠱᠠᠨ ᠰᠣᠷᠢᠨᠵᠢᠨ ᠮᠠᠲ᠋ᠧᠷᠢᠶᠠᠯ ᠵᠡᠷᠭᠡ ᠪᠠᠷ ᠲᠥᠯᠥᠭᠡᠯᠡᠭᠦᠯᠦᠭᠰᠡᠨ ᠲᠣᠭᠲᠠᠮᠠᠯ ᠰᠣᠷᠢᠨᠵᠢᠨ ᠤ ᠠᠵᠤ ᠠᠬᠤᠶᠢᠯᠠᠯ ᠨᠢ ᠡᠮᠴᠢᠯᠡᠭᠡᠨ ᠤ ᠪᠠᠭᠠᠵᠢ ᠬᠡᠷᠡᠭᠰᠡᠯ᠂ ᠺᠣᠮᠫᠢᠦ᠋ᠲ᠋ᠧᠷ᠂ ᠣᠶᠤᠨᠲᠤ ᠭᠠᠷ ᠤᠲᠠᠰᠤ᠂ᠦᠢᠯᠡᠴᠢᠯᠡᠭᠡᠨ ᠤ ᠴᠠᠬᠢᠯᠭᠠᠨ ᠮᠠᠰᠢᠨ᠂ ᠴᠢᠷᠦᠯᠲᠡ ᠶᠢᠨ ᠴᠠᠬᠢᠯᠭᠠᠨ ᠮᠠᠰᠢᠨ᠂ ᠰᠢᠨ᠎ᠡ ᠡᠨᠧᠷᠭᠢ ᠶᠢᠨ ᠮᠠᠰᠢᠨ‌‍ᠲ᠋ᠡᠷᠭᠡᠨ ᠤ ᠴᠠᠬᠢᠯᠭᠠᠨ ᠮᠠᠰᠢᠨ ᠵᠡᠷᠭᠡ ᠥᠨᠳᠥᠷ ᠴᠢᠳᠠᠪᠬᠢᠲᠤ ᠲᠡᠮᠦᠷ ᠪᠤᠷ ᠤᠨ ᠰᠣᠷᠢᠨᠵᠢᠨ ᠮᠠᠲ᠋ᠧᠷᠢᠶᠠᠯ ᠢ ᠪᠥᠭᠡᠮ ᠵᠶ᠋ᠡᠷ‌ᠦᠢᠯᠡᠳᠪᠦᠷᠢᠯᠡᠵᠦ ᠪᠣᠯᠣᠨ᠎ᠠ᠃ ᠢᠨᠰᠲ᠋ᠥᠲ ᠤᠨ ᠰᠢᠩᠭᠡᠨ ᠰᠣᠷᠢᠨᠵᠢᠨ᠂ ᠲᠢᠶᠠᠨ ᠾᠧ ᠰᠣᠷᠢᠨᠵᠢᠨ ᠮᠠᠲ᠋ᠧᠷᠢᠶᠠᠯ᠂ ᠵᠢᠶᠠᠩ ᠰᠢᠨ ᠪᠢᠴᠢᠯ ᠴᠠᠬᠢᠯᠭᠠᠨ ᠮᠠᠰᠢᠨ ᠵᠡᠷᠭᠡ ᠪᠠᠷ ᠲᠥᠯᠥᠭᠡᠯᠡᠭᠦᠯᠦᠭᠰᠡᠨ ᠬᠤᠪᠣᠷ ᠰᠢᠷᠣᠢ ᠶᠢᠨ ᠦᠵᠦᠭᠦᠷ ‍ᠦᠨ‌‍ᠬᠡᠷᠡᠭᠯᠡᠭᠡᠨ ᠤ ᠠᠵᠤ ᠠᠬᠤᠶᠢᠯᠠᠯ ᠤᠨ ᠦᠢᠯᠡᠳᠪᠦᠷᠢᠯᠡᠭᠰᠡᠨ ᠰᠣᠷᠢᠨᠵᠢᠨ ᠲᠣᠨᠣᠭᠯᠠᠭᠠᠰᠤ ᠶᠢᠨ ᠦᠢᠯᠡᠳᠬᠦᠨ ᠨᠢ ᠨᠢᠭᠡᠨᠲᠡ ᠮᠢᠺᠷᠤᠰᠤᠹᠲ᠂ ᠠᠯᠮᠤᠷᠠᠳ᠂ ᠰᠠᠨ ᠰᠢᠩ᠂ ᠬᠤᠸᠠ ᠸᠧᠢ ᠵᠡᠷᠭᠡ ᠠᠵᠤ ᠠᠬᠤᠶᠢᠯᠠᠯ ᠤᠨ ᠲᠣᠭᠲᠠᠮᠠᠯ‌‍ᠰᠣᠷᠢᠨᠵᠢᠨ ᠲᠣᠨᠣᠭᠯᠠᠭᠠᠰᠤ ᠶᠢᠨ ᠴᠢᠬᠤᠯᠠ ᠪᠠᠷᠠᠭ᠎ᠠ ᠬᠠᠩᠭᠠᠬᠤ ᠬᠤᠳᠠᠯᠳᠤᠭᠠᠴᠢᠨ ᠪᠣᠯᠵᠠᠢ᠃           2023 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠶᠢ 17 ᠲᠦᠮᠡᠨ ᠲᠣᠨ ᠠᠴᠠ ᠳᠠᠪᠠᠭᠤᠯᠬᠤ ᠪᠠᠷ ᠲᠥᠯᠥᠪᠯᠡᠵᠦ᠂ ᠦᠢᠯᠡᠳᠬᠦᠨ ᠤ ᠥᠷᠲᠡᠭ ᠨᠢ 550 ᠳ᠋ᠦᠩᠰᠢᠭᠤᠷ ᠲᠥᠭᠦᠷᠢᠭ   ᠢ ᠳᠠᠪᠠᠵᠤ᠂ᠴᠥᠮ ᠪᠥᠬᠦ ᠤᠯᠤᠰ ᠤᠨ 30%   ᠠᠴᠠ ᠳᠡᠭᠡᠭᠰᠢᠬᠢ ᠶᠢ ᠡᠵᠡᠯᠡᠭᠦ ᠪᠣᠯᠣᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号