ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠰᠠᠯᠪᠤᠷᠢ ᠪᠠᠭ᠎ᠠ ᠠᠩᠭᠢ︾ ᠠᠷᠠᠳ ᠤᠨ ᠰᠠᠨᠠᠭᠠᠰᠢᠷᠠᠯ ᠢ ᠲᠠᠶᠢᠯᠤᠨ᠎ᠠ
ᠨᠡᠶᠢᠲᠡᠯᠡᠭᠰᠡᠨ ᠴᠠᠭ᠄
2023/4/3
   ︽ᠣᠳᠣᠬᠠᠨ ᠳᠤ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠳᠤ ᠡᠶᠢᠮᠦ ᠲᠥᠬᠦᠮ ᠭᠡᠵᠦ ᠪᠤᠳᠤᠵᠤ ᠣᠯᠣᠭᠰᠠᠨ ᠦᠭᠡᠢ᠂ ᠮᠠᠲ᠋ᠧᠷᠢᠶᠠᠯ   ᠢ ᠬᠢᠨᠠᠨ ᠬᠠᠷᠭᠤᠭᠤᠯᠬᠤ   ᠠᠴᠠ ᠠᠪᠤᠭᠠᠳ ᠭᠦᠢᠴᠡᠳᠬᠡᠵᠦ ᠳᠠᠭᠤᠰᠬᠠᠬᠤ ᠬᠦᠷᠲᠡᠯ᠎ᠡ ᠪᠥᠬᠦ ᠶᠠᠪᠤᠴᠠ ᠶᠢ ᠴᠥᠮ ᠰᠦᠯᠵᠢᠶᠡᠨ ᠳᠡᠭᠡᠷ᠎ᠡ ᠠᠵᠢᠯᠯᠠᠭᠤᠯᠤᠨ᠎ᠠ᠂ ᠬᠠᠭᠠᠰ ᠡᠳᠦᠷ ᠴᠦ ᠬᠡᠷᠡᠭᠯᠡᠭᠰᠡᠨ ᠦᠭᠡᠢ᠂ ᠪᠠᠰᠠ ᠲᠤᠰᠬᠠᠢ ᠮᠡᠷᠭᠡᠵᠢᠯ ᠤᠨ ᠣᠷᠣᠯᠠᠨ ᠭᠦᠢᠴᠡᠳᠭᠡᠭᠴᠢ ᠠᠴᠠ ᠨᠠᠮᠠᠶᠢ ᠬᠠᠪᠰᠤᠷᠴᠤ ᠪᠥᠬᠦ ᠶᠠᠪᠤᠴᠠ ᠪᠠᠷ ᠭᠦᠢᠴᠡᠳᠬᠡᠨ᠎ᠡ ᠭᠡᠵᠦ ᠪᠤᠳᠤᠵᠤ ᠣᠯᠣᠭᠰᠠᠨ ᠦᠭᠡᠢ᠂ ᠡᠨᠡ ᠨᠢ ᠦᠨᠡᠬᠡᠷ ᠰᠠᠶᠢᠨ ᠶᠠᠪᠤᠳᠠᠯ᠂ ᠪᠤᠭᠤᠲᠤ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠮᠠᠰᠢ ᠰᠠᠶᠢᠨ᠂ ᠪᠤᠭᠤᠲᠤ ᠳᠤ ᠠᠵᠢᠯ ᠦᠢᠯᠡᠰ   ᠢᠶᠠᠨ ᠬᠥᠭᠵᠢᠭᠦᠯᠬᠦ ᠶᠢ ᠪᠢᠳᠡ ᠵᠥᠪ ᠰᠣᠩᠭᠤᠭᠰᠠᠨ ᠭᠡᠳᠡᠭ   ᠢ ᠨᠠᠳᠠᠳᠤ ᠮᠡᠳᠡᠷᠡᠭᠦᠯᠵᠡᠢ︾  ᠭᠡᠨ᠎ᠡ᠃ ᠣᠶᠢᠷ᠎ᠠ ᠳᠤ᠂ ᠱᠠᠨᠳᠦ᠋ᠩ ᠤᠨ ᠰᠠᠶᠢᠪᠤᠤ ᠡᠯᠧᠺᠲᠷᠣᠨ ᠮᠡᠳᠡᠭᠡ ᠵᠠᠩᠭᠢ ᠶᠢᠨ ᠢᠨᠵᠧᠨᠧᠷᠢᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠪᠡᠯᠡ ᠣᠷᠣᠭᠤᠯᠤᠨ ᠨᠢᠭᠡᠨ ᠬᠤᠪᠢᠶᠠᠷᠢ ᠺᠣᠮᠫᠠᠨᠢ ᠪᠠᠶᠢᠭᠤᠯᠬᠤ ᠪᠠᠷ ᠪᠠᠶᠢᠨ᠎ᠠ᠂ ᠵᠠᠬ᠎ᠠ ᠳᠡᠯᠭᠡᠭᠦᠷ ᠤᠨ ᠭᠤᠣᠯ ᠴᠣᠭᠴᠠ ᠱᠠᠨᠳᠦ᠋ᠩ ᠮᠤᠵᠢ ᠳᠤ ᠪᠠᠶᠢᠩᠭᠤ ᠰᠠᠭᠤᠭ᠎ᠠ ᠪᠣᠯᠬᠤᠷ ᠬᠥᠮᠥᠰ ᠲᠤᠬᠠᠢ ᠶᠢᠨ ᠲᠠᠯᠠᠪᠤᠷ ᠲᠤ ᠬᠦᠷᠴᠦ ᠪᠡᠶᠡᠯᠡᠭᠦᠯᠬᠦ ᠶᠢᠨ ᠠᠷᠭ᠎ᠠ ᠦᠭᠡᠢ ᠪᠣᠯᠵᠠᠢ᠃ ᠭᠠᠷᠲᠠᠨ ᠬᠢᠭᠴᠢ ᠭᠤᠸ ᠠᠪᠠᠭ᠋ᠠᠢ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠪᠦᠯᠬᠦᠮ ᠲᠠᠢ ᠬᠤᠯᠪᠣᠭ᠎ᠠ ᠠᠪᠴᠤ᠂ ᠠᠵᠢᠯᠲᠠᠨ ᠤ ᠵᠢᠯᠣᠭᠤᠳᠤᠯᠭ᠎ᠠ ᠳᠣᠣᠷ᠎ᠠ᠂ ᠪᠠᠶᠢᠭᠤᠯᠤᠭᠰᠠᠨ ᠠᠩᠬᠠᠨ ᠤ ᠦᠶ᠎ᠡ ᠶᠢᠨ ᠮᠠᠲ᠋ᠧᠷᠢᠶᠠᠯ ᠢ ᠬᠢᠨᠠᠨ ᠬᠠᠷᠭᠤᠭᠤᠯᠬᠤ   ᠠᠴᠠ ᠠᠪᠤᠭᠠᠳ ᠴᠣᠩᠬᠤᠨ ᠳᠤ ᠦᠨᠡᠮᠯᠡᠯ ᠠᠪᠬᠤ ᠳᠤ ᠬᠦᠷᠲᠡᠯ᠎ᠡ ᠴᠥᠮ ᠲᠤᠬᠠᠢ ᠶᠢᠨ ᠲᠠᠯᠠᠪᠤᠷ ᠲᠤ ᠣᠴᠢᠵᠤ ᠭᠦᠢᠴᠡᠳᠬᠡᠬᠦ ᠴᠢᠬᠤᠯᠠ ᠦᠭᠡᠢ᠂ ᠵᠥᠪᠬᠡᠨ ᠬᠠᠭᠠᠰ ᠡᠳᠦᠷ ᠤᠨ ᠴᠠᠭ ᠢ ᠬᠡᠷᠡᠭᠯᠡᠵᠦ ᠪᠠᠶᠢᠭᠠᠳ ᠰᠦᠯᠵᠢᠶᠡᠨ ᠳᠡᠭᠡᠷᠡᠬᠢ ᠪᠥᠬᠦ ᠶᠠᠪᠤᠴᠠ   ᠠᠴᠠ ᠪᠥᠬᠦ ᠲᠤᠬᠠᠶᠢᠯᠠᠭᠰᠠᠨ ᠠᠵᠢᠯ ᠢ ᠡᠯᠧᠺᠲᠷᠣᠨ ᠢᠶᠠᠷ ᠭᠦᠢᠴᠡᠳᠬᠡᠵᠦ ᠳᠠᠭᠤᠰᠬᠠᠨ᠎ᠠ᠃    ᠡᠨᠡ ᠵᠢᠯ ᠠᠴᠠ ᠨᠠᠰᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ︽ᠲᠠᠨ ᠤ ᠰᠠᠨᠠᠭᠠᠨ ᠳᠤ ᠨᠡᠶᠢᠴᠡᠬᠦ ᠶᠢ ᠳᠠᠭᠠᠭᠠᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠶᠢᠨ ᠲᠥᠯᠥᠭᠡ᠂ ᠳᠡᠭᠡᠳᠦ ᠰᠢᠨ᠎ᠡ ᠮᠡᠷᠭᠡᠵᠢᠯ ᠤᠨ ᠣᠷᠣᠨ  ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠨᠢ ︽ᠠᠵᠢᠯ ᠶᠠᠪᠤᠳᠠᠯ ᠭᠦᠢᠴᠡᠳᠬᠡᠬᠦ ᠳᠤ ᠨᠢᠭᠡ ᠯᠡ ᠤᠳᠠᠭ᠎ᠠ ᠶᠠᠪᠤᠬᠤ︾ ᠦᠢᠯᠡᠴᠢᠯᠡᠭᠡᠨ ᠤ ᠣᠨᠣᠯᠵᠢᠬᠤᠨ ᠶᠣᠰᠣᠭᠠᠷ᠂ ᠲᠤᠰᠬᠠᠢ ᠮᠡᠷᠭᠡᠵᠢᠯ ᠤᠨ ︽ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠰᠠᠯᠪᠤᠷᠢ ᠪᠠᠭ᠎ᠠ ᠠᠩᠭᠢ︾ ᠶᠢ ᠵᠣᠬᠢᠶᠠᠨ ᠪᠠᠶᠢᠭᠤᠯᠵᠤ᠂ ᠨᠠᠷᠢᠯᠢᠭ ᠣᠨᠣᠴᠠᠲᠠᠢ᠂ ᠲᠥᠬᠦᠮ ᠠᠪᠰᠠᠷᠬᠠᠨ᠂ ᠲᠤᠰᠬᠠᠶᠢᠵᠢᠭᠰᠠᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ᠂ ︽ᠵᠢᠷᠤᠮᠵᠢᠭᠤᠨ᠂ ᠥᠨᠳᠥᠷ ᠦᠷ᠎ᠡ ᠪᠦᠲᠦᠮᠵᠢᠲᠡᠶ᠂ ᠨᠠᠷᠢᠯᠢᠭ ᠣᠨᠣᠴᠠᠲᠠᠢ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠬᠦᠴᠦᠯᠡᠨ ᠪᠣᠶ ᠪᠣᠯᠭᠠᠵᠤ᠂ ᠠᠵᠤ ᠠᠬᠤᠶᠢᠯᠠᠯ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃    ᠭᠤᠣᠯᠳᠠᠯᠭ᠎ᠠ ᠲᠠᠢ ᠲᠥᠷᠥᠯ ᠵᠦᠢᠯ ᠤᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠶᠢᠨ ᠲᠥᠯᠥᠭᠡ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠤᠷᠢᠳ ᠢᠶᠠᠷ ᠦᠢᠯᠡᠴᠢᠯᠡᠬᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ︾ ᠪᠠᠷ ᠦᠢᠯᠡᠴᠢᠯᠡᠭᠡᠨ ᠤ ᠵᠣᠷᠢᠯᠲᠠ ᠪᠣᠯᠭᠠᠵᠤ ᠠᠵᠤ ᠠᠬᠤᠶᠢᠯᠠᠯ ᠤᠨ ᠦᠢᠯᠡᠴᠢᠯᠡᠭᠡᠨ ᠤ ᠲᠥᠪ᠂ ᠬᠦᠷᠢᠶᠡᠯᠡᠩ ᠣᠷᠣᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠢ ᠰᠠᠨᠠᠯ ᠢᠶᠠᠨ ᠰᠣᠯᠢᠯᠴᠠᠵᠤ᠂ ᠵᠣᠬᠢᠶᠠᠨ ᠪᠠᠶᠢᠭᠤᠯᠤᠭᠰᠠᠨ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠰᠠᠯᠪᠤᠷᠢ ᠪᠠᠭ᠎ᠠ ᠠᠩᠭᠢ ᠶᠢᠨ ᠬᠢᠨ ᠠᠵᠤ ᠠᠬᠤᠶᠢᠯᠠᠯ ᠢ ᠰᠤᠷᠪᠤᠯᠵᠢᠯᠠᠬᠤ᠂ ᠤᠲᠠᠰᠤ ᠪᠠᠷ ᠬᠠᠷᠢᠯᠴᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠲᠥᠷᠥᠯ ᠵᠦᠢᠯ ᠤᠨ ᠨᠢᠭᠡᠴᠡ ᠲᠠᠢ ᠵᠣᠯᠭᠠᠭᠤᠯᠵᠤ᠂ ︽ᠲᠥᠯᠥᠪᠦᠷᠢ ᠦᠭᠡᠢ ᠪᠠᠷ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ︾ ᠪᠡᠶ᠎ᠡ ᠬᠡᠮ ᠢ ᠲᠣᠳᠣᠷᠬᠠᠢ ᠲᠣᠭᠲᠠᠭᠠᠨ᠂ ᠭᠤᠣᠯᠳᠠᠯᠭ᠎ᠠ ᠲᠠᠢ ᠲᠥᠷᠥᠯ ᠵᠦᠢᠯ ᠤᠨ ︽ᠨᠢᠭᠡ ᠳᠤ ᠨᠢᠭᠡ︾ ᠦᠢᠯᠡᠴᠢᠯᠡᠭᠡᠨ ᠤ ᠡᠬᠡ ᠲᠠᠩᠰᠠ ᠪᠠᠶᠢᠭᠤᠯᠵᠤ᠂ ᠰᠠᠶᠢᠨ ᠳᠤᠷ᠎ᠠ ᠠᠴᠠ ᠪᠠᠨ ᠭᠤᠶᠤᠴᠢᠯᠠᠬᠤ᠂ ᠲᠥᠯᠥᠪᠦᠷᠢ ᠦᠭᠡᠢ ᠪᠠᠷ ᠦᠢᠯᠡᠴᠢᠯᠡᠬᠦ᠂ ᠬᠠᠤᠯᠢ ᠶᠣᠰᠣᠭᠠᠷ ᠠᠵᠢᠯᠯᠠᠬᠤ ᠵᠠᠷᠴᠢᠮ ᠶᠣᠰᠣᠭᠠᠷ᠂ ︽ᠤᠷᠢᠳᠴᠢᠯᠠᠨ ᠣᠷᠤᠯᠴᠠᠬᠤ᠂ ᠪᠥᠬᠦ ᠶᠠᠪᠤᠴᠠ ᠳᠤ ᠦᠢᠯᠡᠴᠢᠯᠡᠬᠦ᠂ ᠲᠥᠯᠥᠪᠦᠷᠢ ᠦᠭᠡᠢ ᠪᠠᠷ ᠣᠷᠣᠯᠠᠨ ᠭᠦᠢᠴᠡᠳᠬᠡᠬᠦ︾ ᠵᠡᠷᠭᠡ ᠣᠨᠴᠠᠯᠢᠭᠲᠤ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠶᠢ ᠲᠷᠦᠭᠡᠳᠭᠡᠪᠡ᠃ ᠡᠭᠦᠨ ᠠᠴᠠ ᠭᠠᠳᠠᠨ᠎ᠠ᠂ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠰᠠᠯᠪᠤᠷᠢ ᠪᠠᠭ᠎ᠠ ᠠᠩᠭᠢ ᠶᠢᠨ ᠬᠢᠨ ᠭᠠᠷᠠᠭ ᠪᠦᠷᠢ ᠴᠥᠮ ᠲᠥᠷᠥᠯ ᠵᠦᠢᠯ ᠤᠨ ᠠᠵᠢᠯᠯᠠᠭᠠᠨ ᠤ ᠪᠠᠶᠢᠳᠠᠯ ᠢ ᠬᠠᠷᠢᠭᠤ ᠰᠤᠷᠪᠤᠯᠵᠢᠯᠠᠵᠤ᠂ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠠᠵᠤ ᠠᠬᠤᠶᠢᠯᠠᠯ ᠤᠨ ︽ᠬᠦᠴᠢᠷᠳᠡᠯ ᠢ ᠰᠢᠢᠳᠪᠦᠷᠢᠯᠡᠵᠦ ᠬᠦᠴᠢᠷᠳᠡᠯ ᠢ ᠰᠢᠢᠳᠪᠦᠷᠢᠯᠡᠬᠦ︾ ᠠᠵᠢᠯ ᠢ ᠦᠨᠡᠨ ᠬᠦ ᠰᠠᠶᠢᠲᠤᠷ ᠬᠢᠵᠦ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ᠃    ᠡᠭᠦᠨ ᠤ ᠵᠡᠷᠭᠡ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠨᠢ ᠪᠠᠰᠠ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠤᠨ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠮᠠᠲ᠋ᠧᠷᠢᠶᠠᠯ ᠪᠡᠯᠡᠳᠬᠡᠬᠦ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ᠂ ᠪᠥᠬᠦ ᠶᠠᠪᠤᠴᠠ ᠶᠢ ᠮᠥᠷᠳᠡᠬᠦ ᠵᠡᠷᠭᠡ ᠠᠰᠠᠷᠠᠭᠴᠢ ᠮᠠᠶ᠋ᠢᠭ ᠤᠨ᠂ ᠨᠢᠭᠡ ᠥᠷᠲᠡᠭᠡᠨ ᠤ ᠮᠠᠶ᠋ᠢᠭ ᠤᠨ᠂ ᠨᠢᠭᠡ ᠨᠢᠭᠡᠨ ᠳᠤ ᠨᠢᠭᠡ᠂ ᠮᠥᠷᠥ ᠵᠡᠷᠭᠡᠴᠡᠭᠰᠡᠨ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠠᠩᠭᠠᠵᠤ ᠪᠠᠶᠢᠨ᠎ᠠ᠃ ᠨᠠᠰᠤᠲᠠᠶᠢᠴᠤᠳ ᠲᠤ ᠬᠤᠯᠪᠣᠭᠳᠠᠭᠰᠠᠨ ᠥᠨᠳᠥᠷ ᠳᠠᠪᠲᠠᠮᠵᠢᠲᠤ ᠤᠴᠢᠷ ᠶᠠᠪᠤᠳᠠᠯ ᠪᠠ ᠦᠢᠯᠡᠴᠢᠯᠡᠭᠡᠨ ᠤ ᠠᠬᠤᠢ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠣᠩᠬᠤᠪᠴᠢ ᠶᠢᠨ ᠬᠥᠮᠥᠨ ᠤ ᠬᠦᠴᠦᠨ ᠤ ᠦᠢᠯᠡᠴᠢᠯᠡᠭᠡ ᠶᠢᠨ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠴᠢᠩᠭᠠᠳᠬᠠᠵᠤ᠂ ᠺᠣᠮᠫᠢᠦ᠋ᠲ᠋ᠧᠷ ᠪᠠ ᠭᠠᠷ ᠤᠲᠠᠰᠤ ᠬᠡᠷᠡᠭᠯᠡᠵᠦ ᠴᠢᠳᠠᠬᠤ ᠦᠭᠡᠢ ᠠᠵᠢᠯᠲᠠᠨ ᠢ ᠨᠢᠭᠡ ᠨᠢᠭᠡ ᠪᠠᠷ ᠵᠢᠭᠠᠨ ᠵᠢᠯᠤᠭᠤᠳᠴᠤ ᠪᠠᠶᠢᠭᠠᠳ ᠰᠦᠯᠵᠢᠶᠡᠨ ᠠᠴᠠ ᠭᠠᠳᠠᠨ᠎ᠠ ᠭᠦᠢᠴᠡᠳᠬᠡᠭᠦᠯᠵᠦ᠂ ᠠᠵᠤ ᠠᠬᠤᠶᠢᠯᠠᠯ ᠤᠨ ᠤᠯᠠᠨ ᠲᠦᠮᠡᠨ ᠳᠤ ᠭᠠᠷ ᠭᠠᠷ ᠤᠨ ᠦᠰᠦᠭ ᠵᠢᠷᠤᠬᠤ᠂ ᠰᠢᠭᠤᠳ ᠬᠠᠷᠢᠯᠴᠠᠬᠤ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠤᠯᠠᠨ ᠲᠦᠮᠡᠨ ᠳᠤ ᠦᠢᠯᠡᠴᠢᠯᠡᠬᠦ ᠲᠡᠷᠢᠭᠦᠨ ᠤ ︽ᠳᠡᠯᠭᠡᠭᠦᠷ ᠤᠨ ᠪᠠᠭᠰᠢ︾ ᠪᠣᠯᠬᠤ ᠪᠠᠷ ᠬᠦᠴᠦᠯᠡᠨ ᠴᠢᠷᠮᠠᠶᠢᠵᠣ ᠪᠣᠢ᠃    ᠳᠠᠷᠠᠭᠠᠴᠢ ᠶᠢᠨ ᠠᠯᠬᠤᠮ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ ᠰᠢᠰᠲ᠋ᠧᠮ  ᠤᠨ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠪᠠᠭ᠎ᠠ ᠦᠢᠯᠡᠴᠢᠯᠡᠭᠴᠢ︾ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠰᠠᠶᠢᠲᠤᠷ ᠦᠢᠯᠡᠳᠦᠯᠭᠡᠵᠢᠭᠦᠯᠵᠦ᠂ ᠤᠯᠠᠨ ᠲᠦᠮᠡᠨ ᠤ ᠠᠳᠠᠯᠢ ᠪᠤᠰᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠵᠢᠯ ᠶᠠᠪᠤᠳᠠᠯ ᠡᠷᠬᠢᠯᠡᠬᠦ ᠠᠵᠤ ᠠᠬᠤᠶᠢᠯᠠᠯ ᠤᠨ ᠤᠯᠠᠨ ᠲᠦᠮᠡᠨ ᠳᠤ ᠦᠢᠯᠡᠴᠢᠯᠡᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号