2022 ᠣᠨ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠢᠮᠠᠭᠲᠠ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ᠂ ᠠᠵᠤ | ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠬᠥᠭᠵᠢᠭᠦᠯᠦᠨ ᠪᠤᠵᠠᠭᠠᠶᠢᠷᠠᠭᠤᠯᠬᠤ ᠪᠠᠷ ᠥᠪᠡᠷ ᠤᠨ ᠡᠭᠦᠷᠭᠡ ᠪᠠᠨ | ᠪᠣᠯᠭᠠᠵᠤ᠂ ᠰᠢᠨ᠎ᠡ ᠶᠢ ᠡᠭᠦᠳᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ︽ᠬᠠᠷᠠᠯᠲᠠ ᠴᠢᠭᠯᠡᠯ︾ | ᠢᠶᠠᠷ ᠳᠠᠮᠵᠢᠨ ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠲᠡᠳᠬᠦᠵᠦ᠂ ᠠᠵᠤ ᠠᠬᠤᠶᠢᠯᠠᠯ ᠤᠨ ᠶᠠᠰᠤ | ᠴᠢᠨᠠᠷ ᠢ ᠲᠦᠷᠭᠡᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ | ᠬᠠᠮᠲᠤᠯᠢᠭ ᠤᠨ ᠬᠡᠪᠴᠢᠶ᠎ᠡ ᠶᠢ ᠦᠷᠭᠦᠯᠵᠢᠯᠡᠨ ᠪᠣᠵᠠᠭᠠᠶᠢᠷᠠᠭᠤᠯᠣᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠪᠠ | ᠰᠢᠨ᠎ᠡ ᠶᠢ ᠡᠭᠦᠳᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠵᠠᠢ᠃2022 ᠣᠨ ᠤ ᠡᠴᠦᠰ | ᠪᠣᠯᠲᠠᠯ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠲᠤᠭ᠎ᠠ 133 ᠪᠣᠯᠵᠤ᠂ ᠪᠥᠬᠦ ᠬᠤᠲᠠ ᠶᠢᠨ | ᠶᠡᠷᠦᠩᠬᠡᠢ ᠲᠣᠭᠠᠨ ᠤ 54.7% ᠶᠢ ᠡᠵᠡᠯᠡᠪᠡ᠃ ᠬᠦᠴᠦᠨ ᠲᠠᠢ ᠬᠤᠭᠤᠴᠠᠭᠠᠨ ᠳᠤ ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ 146 ᠪᠠᠶᠢᠵᠤ᠂ ᠪᠥᠬᠦ ᠬᠤᠲᠠ ᠶᠢᠨ 48.5% ᠶᠢ ᠡᠵᠡᠯᠡᠨ᠎ᠡ᠃ ᠪᠤᠭᠤᠲᠤ | ᠬᠤᠲᠠ ᠶᠢᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ︽ᠵᠢᠵᠢᠭ ᠠᠪᠤᠷᠭᠤ ᠬᠥᠮᠥᠨ︾ ᠤ ᠠᠵᠤ ᠠᠬᠤᠶᠢᠯᠠᠯ | 11 ᠪᠠᠶᠢᠵᠤ᠂ ᠪᠥᠬᠦ ᠬᠤᠲᠠ ᠶᠢᠨ 84.6% ᠶᠢ ᠡᠵᠡᠯᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ | ᠳᠠᠭᠠᠭᠤᠯᠤᠭᠴᠢ ᠠᠵᠤ ᠠᠬᠤᠶᠢᠯᠠᠯ 3 ᠪᠠᠶᠢᠵᠤ᠂ ᠪᠥᠬᠦ ᠬᠤᠲᠠ ᠶᠢᠨ 75% ᠶᠢ ᠡᠵᠡᠯᠡᠨ᠎ᠡ᠃ | ᠣᠶᠢᠷ᠎ᠠ ᠶᠢᠨ ᠵᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠰᠢᠨᠵᠢᠯᠡᠬᠦ | ᠣᠬᠠᠭᠠᠨᠴᠢ ᠬᠡᠯᠪᠡᠷᠢ ᠶᠢᠨ ᠠᠵᠤ ᠠᠬᠤᠶᠢᠯᠠᠯ ᠤᠨ ︽ᠰᠢᠨᠵᠢᠯᠡᠬᠦ ᠣᠬᠠᠭᠠᠨᠴᠢ ᠬᠡᠯᠪᠡᠷᠢ ᠶᠢᠨ ᠳᠤᠮᠳᠠ ᠪᠠᠭ᠎ᠠ ᠠᠵᠤ | ᠠᠬᠤᠶᠢᠯᠠᠯ ︱ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ︱ᠰᠢᠨᠵᠢᠯᠡᠬᠦ ᠣᠬᠠᠭᠠᠨᠴᠢ ᠵᠢᠵᠢᠭ ᠠᠪᠤᠷᠭᠤ | ᠠᠵᠤ ᠠᠬᠤᠶᠢᠯᠠᠯ ︱ ᠰᠢᠨᠵᠢᠯᠡᠬᠦ ᠣᠬᠠᠭᠠᠨᠴᠢ ᠳᠠᠭᠠᠭᠤᠯᠤᠭᠴᠢ ᠠᠵᠤ ᠠᠬᠤᠶᠢᠯᠠᠯ︾ ᠤᠨ ᠪᠣᠶᠢᠵᠢᠭᠤᠯᠤᠨ | ᠬᠥᠭᠵᠢᠭᠦᠯᠬᠦ ᠱᠠᠲᠤ ᠦᠶ᠎ᠡ ᠶᠢ ᠪᠠᠶᠢᠭᠤᠯᠵᠤ᠂ ᠰᠢᠨᠵᠢᠯᠡᠬᠦ ᠣᠬᠠᠭᠠᠨᠴᠢ ᠬᠡᠯᠪᠡᠷᠢ ᠶᠢᠨ ᠠᠵᠤ ᠠᠬᠤᠶᠢᠯᠠᠯ ᠤᠨ ᠠᠳᠠᠯᠢ | ᠪᠤᠰᠤ ᠪᠤᠶᠢᠵᠢᠯᠲᠠ ᠶᠢᠨ ᠱᠠᠲᠤ ᠦᠶ᠎ᠡ ᠶᠢ ᠦᠨᠳᠦᠰᠦᠯᠡᠨ᠂ ᠲᠠᠰ ᠲᠥᠷᠥᠯ ᠬᠤᠪᠢᠶᠠᠭᠰᠠᠨ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠬᠤ ᠬᠥᠮᠥᠷᠭᠡ ᠶᠢ ᠪᠠᠶᠢᠭᠤᠯᠵᠤ᠂ ︽ᠨᠢᠭᠡ ᠪᠦᠯᠦᠭ ᠢ | ᠠᠩᠬᠠᠷᠴᠤ᠂ ᠨᠢᠭᠡ ᠪᠦᠯᠦᠭ ᠢ ᠨᠦᠭᠡᠴᠡᠯᠡᠨ᠂ ᠨᠢᠭᠡ ᠪᠦᠯᠦᠭ ᠢ ᠪᠣᠶᠢᠵᠢᠭᠤᠯᠵᠤ᠂ ᠨᠢᠭᠡ ᠪᠦᠯᠦᠭ ᠢ ᠭᠤᠶᠤᠴᠢᠯᠠᠨ | ᠮᠡᠳᠡᠭᠦᠯᠬᠦ︾ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠪᠣᠶᠢᠵᠢᠭᠤᠯᠤᠯᠲᠠ ᠶᠢᠨ ᠵᠠᠭᠪᠤᠷ ᠢ ᠲᠣᠭᠲᠠᠭᠠᠪᠠ᠃ | ᠠᠳᠠᠯ ᠦᠢᠯᠡᠰ ᠴᠣᠭᠴᠠᠯᠠᠬᠤ ᠲᠥᠪ ᠵᠢᠴᠢ ᠬᠤᠪᠣᠷ ᠰᠢᠷᠣᠢ᠂ ᠬᠥᠩᠭᠡᠨ ᠴᠠᠭᠠᠨ ᠵᠡᠰ᠂ ᠲᠣᠨᠤᠭ ᠲᠥᠬᠦᠭᠡᠷᠦᠮᠵᠢ | ᠦᠶᠯᠡᠳᠬᠦ ᠵᠡᠷᠭᠡ ᠠᠵᠤ ᠦᠢᠯᠡᠰ ᠤᠨ ᠬᠦᠷᠢᠶᠡᠯᠡᠩ ᠣᠷᠣᠨ ᠤ ᠪᠣᠶᠢᠵᠢᠭᠤᠯᠬᠤ ᠠᠴᠢᠶᠠᠯᠠᠪᠤᠷᠢ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠤᠨ ᠭᠤᠶᠤᠴᠢᠯᠠᠨ | ᠮᠡᠳᠡᠭᠦᠯᠬᠦ ᠬᠤᠯᠪᠣᠭ᠎ᠠ ᠠᠪᠬᠤ ᠴᠢᠭ᠋ ᠵᠢᠴᠢ ᠬᠤᠯᠪᠣᠭᠠᠴᠢᠨ ᠤ ᠡᠩᠨᠡᠭᠡ ᠶᠢ ᠵᠣᠬᠢᠶᠠᠨ ᠪᠠᠶᠢᠭᠤᠯᠣᠨ ᠵᠠᠰᠠᠭ ᠠᠵᠤ | ᠠᠬᠤᠶᠢᠯᠠᠯ ᠬᠤᠯᠪᠤᠭᠠᠯᠠᠨ ᠬᠥᠳᠡᠯᠦᠯᠴᠡᠭᠰᠡᠨ᠂ ᠣᠯᠠᠨ ᠰᠠᠯᠠᠭ᠎ᠠ ᠮᠥᠴᠢᠷ ᠵᠣᠬᠢᠴᠠᠯᠳᠤᠨ ᠬᠠᠮᠵᠢᠯᠴᠠᠭᠰᠠᠨ ᠰᠢᠨᠵᠢᠯᠡᠬᠦ | ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠬᠤ ᠦᠢᠯᠡᠴᠢᠯᠡᠭᠡᠨ ᠤ ᠲᠣᠭᠲᠠᠴᠠ ᠶᠢ | ᠪᠠᠶᠢᠭᠤᠯᠪᠠ᠃ | ᠬᠥᠳᠡᠯᠦᠩᠭᠦᠢ ᠬᠠᠮᠢᠶᠠᠷᠤᠯᠲᠠ ᠶᠢᠨ ᠤᠷᠢᠳᠴᠢᠯᠠᠭᠰᠠᠨ ᠦᠢᠯᠡᠴᠢᠯᠡᠭᠡ ᠶᠢ ᠬᠡᠷᠡᠭᠵᠢᠭᠦᠯᠵᠦ᠂ ᠬᠥᠮᠥᠷᠭᠡ ᠳᠤ | ᠣᠷᠣᠭᠤᠯᠬᠤ ᠠᠵᠤ ᠠᠬᠤᠶᠢᠯᠠᠯ ᠢ ᠴᠠᠭ ᠲᠤᠬᠠᠢ ᠳᠤᠨᠢ ᠰᠢᠨᠡᠳᠬᠡᠨ ᠨᠦᠭᠦᠪᠦᠷᠢᠯᠡᠨ ᠨᠥᠬᠦᠴᠡᠯ ᠳᠤ ᠨᠡᠶᠢᠴᠡᠬᠦ ᠠᠵᠤ | ᠠᠬᠤᠶᠢᠯᠠᠯ ᠢ ᠴᠥᠮ ᠬᠥᠮᠥᠷᠭᠡ ᠳᠤ ᠣᠷᠣᠭᠤᠯᠤᠨ ᠪᠣᠶᠢᠵᠢᠭᠤᠯᠬᠤ ᠶᠢ ᠪᠠᠲᠤᠯᠠᠨ᠂ ᠭᠤᠶᠤᠴᠢᠯᠠᠨ ᠮᠡᠳᠡᠭᠦᠯᠵᠦ | ᠦᠨᠡᠮᠰᠢᠨ ᠲᠣᠭᠲᠠᠭᠠᠭᠠᠳ ᠠᠮᠵᠢᠯᠲᠠ ᠣᠯᠬᠤ ᠨᠣᠷᠮ᠎ᠠ ᠶᠢ ᠲᠡᠭᠡᠭᠰᠢᠯᠡᠭᠦᠯᠪᠠ᠃ ᠤᠯᠤᠰ᠂ ᠥᠪᠡᠷᠲᠡᠭᠡᠨ ᠵᠠᠰᠠᠬᠤ | ᠣᠷᠣᠨ ᠤ ᠨᠠᠷᠠᠲᠤ ᠲᠤᠰᠬᠠᠢ ᠮᠡᠷᠭᠡᠵᠢᠯᠲᠡᠨ ᠢ ᠤᠷᠢᠵᠤ ᠭᠤᠶᠤᠴᠢᠯᠠᠨ ᠮᠡᠳᠡᠭᠦᠯᠬᠦ ᠪᠣᠯᠪᠠᠰᠤᠷᠠᠭᠤᠯᠤᠯ ᠢ ᠥᠷᠨᠢᠭᠦᠯᠵᠦ᠂ | ᠭᠤᠶᠤᠴᠢᠯᠠᠨ ᠮᠡᠳᠡᠭᠦᠯᠬᠦ ᠱᠠᠭᠠᠷᠳᠠᠯᠭ᠎ᠠ ᠪᠠ ᠨᠥᠬᠦᠴᠡᠯ ᠢ ᠭᠦᠨᠵᠡᠭᠡᠢ ᠲᠠᠶᠢᠯᠪᠤᠷᠢᠯᠠᠨ᠂ ᠠᠵᠤ ᠠᠬᠤᠶᠢᠯᠠᠯ ᠳᠤ | ᠭᠤᠶᠤᠴᠢᠯᠠᠨ ᠮᠡᠳᠡᠭᠦᠯᠬᠦ ᠭᠤᠣᠯᠳᠠᠯᠭ᠎ᠠ ᠪᠠ ᠠᠨᠢᠰᠤ ᠶᠢ ᠭᠦᠢᠴᠡᠳ ᠡᠵᠡᠮᠰᠢᠭᠦᠯᠵᠦ᠂ ᠭᠤᠶᠤᠴᠢᠯᠠᠨ ᠮᠡᠳᠡᠭᠦᠯᠬᠦ | ᠮᠠᠲ᠋ᠧᠷᠢᠶᠠᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠮᠡᠷᠭᠡᠵᠢᠯ᠂ ᠡᠳ᠋ ᠤᠨ ᠶᠠᠪᠤᠳᠠᠯ᠂ | ᠲᠥᠷᠥᠯ ᠵᠦᠢᠯ ᠮᠡᠳᠡᠭᠦᠯᠬᠦ ᠵᠡᠷᠭᠡ ᠬᠦᠷᠢᠶ᠎ᠡ ᠴᠠᠷᠠᠭ᠎ᠠ ᠶᠢᠨ ᠲᠤᠰᠬᠠᠢ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠠᠵᠤ | ᠠᠬᠤᠶᠢᠯᠠᠯ ᠤᠨ ᠮᠡᠳᠡᠭᠦᠯᠬᠦ ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠵᠦ᠂ ᠠᠰᠠᠭᠤᠳᠠᠯ ᠲᠠᠢ ᠪᠣᠯ ᠲᠤᠬᠠᠢ ᠶᠢᠨ ᠴᠠᠭ | ᠲᠤᠨᠢ ᠴᠡᠭᠴᠡᠯᠡᠨ ᠰᠠᠶᠢᠵᠢᠷᠠᠭᠤᠯᠵᠤ᠂ ᠳᠤᠲᠠᠭᠳᠠᠯ ᠲᠠᠢ ᠪᠣᠯ ᠲᠤᠬᠠᠢ ᠶᠢᠨ ᠭᠠᠵᠠᠷ ᠲᠤᠨᠢ ᠨᠥᠬᠦᠪᠦᠷᠢᠯᠡᠬᠦ ᠬᠡᠷᠡᠭᠲᠡᠢ᠃ | ᠲᠤᠰᠬᠠᠢ ᠬᠥᠮᠥᠨ ᠲᠣᠮᠢᠯᠠᠨ ᠮᠥᠷᠳᠡᠨ ᠦᠢᠯᠡᠴᠢᠯᠡᠬᠦ ᠠᠵᠢᠯ ᠢ ᠥᠷᠨᠢᠭᠦᠯᠵᠦ᠂ ᠠᠵᠤ ᠠᠬᠤᠶᠢᠯᠠᠯ ᠳᠤ ᠲᠥᠷᠥ ᠶᠢᠨ | ᠪᠣᠳᠣᠯᠭ᠎ᠠ᠂ ᠬᠡᠷᠡᠭᠴᠡᠭᠡ ᠱᠠᠭᠠᠷᠳᠠᠯᠭ᠎ᠠ᠂ ᠰᠢᠨ᠎ᠡ ᠶᠢ ᠡᠭᠦᠳᠬᠦ ᠳᠤ ᠲᠤᠰᠠᠯᠠᠮᠵᠢ᠂ ᠬᠦᠴᠢᠷ ᠲᠦᠪᠡᠭ ᠢ | ᠰᠢᠢᠳᠪᠦᠷᠢᠯᠡᠵᠦ᠂ ᠨᠢᠭᠡ ᠠᠵᠤ ᠠᠬᠤᠶᠢᠯᠠᠯ ᠳᠤ ᠨᠢᠭᠡ ᠠᠷᠭ᠎ᠠ ᠪᠣᠳᠣᠯᠭ᠎ᠠ ᠭᠠᠷᠭᠠᠵᠤ᠂ ᠨᠠᠷᠢᠯᠢᠭ ᠣᠨᠣᠴᠠᠲᠠᠢ ᠪᠠᠷ | ᠪᠣᠶᠢᠵᠢᠭᠤᠯᠤᠨ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ᠂ ᠳᠣᠲᠣᠭᠠᠳᠤ ᠶᠢᠨ | ᠬᠥᠳᠡᠯᠭᠡᠭᠦ ᠬᠦᠴᠦᠨ ᠵᠢᠴᠢ ᠭᠤᠣᠯᠯᠠᠬᠤ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠲᠡᠭᠡᠭᠰᠢᠯᠡᠭᠦᠯᠪᠠ᠃ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠬᠡᠷᠡᠭᠵᠢᠭᠦᠯᠵᠦ᠂ ︽ᠪᠤᠭᠤᠲᠤ ᠶᠢᠨ ᠬᠤᠪᠣᠷ | ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠤ ᠠᠵᠤ ᠠᠬᠤᠶᠢᠯᠠᠯ ᠤᠨ | ᠮᠡᠷᠭᠡᠵᠢᠯ ᠤᠨ ᠰᠢᠨ᠎ᠡ ᠶᠢ ᠡᠭᠦᠳᠬᠦ ᠶᠢ ᠱᠠᠩᠨᠠᠬᠤ ᠠᠷᠭ᠎ᠠ︾ ︽ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ︿ᠵᠢᠵᠢᠭ ᠠᠪᠤᠷᠭᠤ ᠬᠥᠮᠥᠨ﹀ ᠤ ᠠᠵᠤ | ᠠᠬᠤᠶᠢᠯᠠᠯ ᠢ ᠮᠠᠭᠠᠳᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢ ᠵᠠᠯᠭᠠᠭ᠎ᠠ ᠪᠠᠷ ᠨᠡᠶᠢᠲᠡᠯᠡᠵᠦ᠂ ᠤᠯᠤᠰ ᠤᠨ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠦᠨᠡᠮᠰᠢᠭᠰᠡᠨ ᠢ ᠨᠢᠭᠡ ᠤᠳᠠᠭ᠎ᠠ ᠳᠤ 3 ︱ 5 ᠲᠦᠮᠡᠨ | ᠲᠥᠭᠦᠷᠢᠭ ᠤᠨ ᠱᠠᠩᠨᠠᠯ ᠣᠯᠭᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢᠶᠠᠷ ᠦᠨᠡᠯᠡᠭᠳᠡᠭᠰᠡᠨ ᠢ ᠨᠢᠭᠡ ᠤᠳᠠᠭ᠎ᠠ ᠳᠤ 1︱ 2 ᠲᠦᠮᠡᠨ ᠲᠥᠭᠦᠷᠢᠭ ᠤᠨ ᠱᠠᠩᠨᠠᠯ ᠣᠯᠭᠤᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ︽ᠵᠢᠵᠢᠭ ᠠᠪᠤᠷᠭᠤ︾ ᠠᠵᠤ ᠠᠬᠤᠶᠢᠯᠠᠯ ᠢᠶᠠᠷ ᠦᠨᠡᠯᠡᠭᠳᠡᠭᠰᠡᠨ ᠢ ᠨᠢᠭᠡ | ᠤᠳᠠᠭ᠎ᠠ ᠳᠤ 5 ᠲᠦᠮᠡᠨ ᠲᠥᠭᠦᠷᠢᠭ ᠤᠨ ᠱᠠᠩᠨᠠᠯ ᠤᠨ ᠪᠡᠯᠡ ᠮᠥᠩᠭᠦ ᠣᠯᠭᠤᠪᠠ᠃ ᠣᠶᠢᠷ᠎ᠠ ᠶᠢᠨ ᠭᠤᠷᠪᠠᠨ ᠵᠢᠯ ᠳᠤ | ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠠᠵᠤ ᠠᠬᠤᠶᠢᠯᠠᠯ ᠳᠤ ᠨᠡᠶᠢᠲᠡ 825 ᠲᠦᠮᠡᠨ ᠲᠥᠭᠦᠷᠢᠭ ᠤᠨ ᠱᠠᠩᠨᠠᠯ ᠤᠨ ᠮᠥᠩᠭᠦ ᠣᠯᠭᠤᠭᠰᠠᠨ | ᠪᠠᠶᠢᠨ᠎ᠠ᠃ | | |