ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠵᠤ ᠰᠤᠷᠭᠠᠭᠤᠯᠢ ᠶᠢᠨ ᠬᠦᠷᠢᠶᠡᠨ ᠤ ︽ᠠᠮᠤᠷ ᠲᠦᠪᠰᠢᠨ ᠬᠡᠷᠡᠮ︾᠎ ᠢ ᠴᠣᠭᠴᠠᠯᠠᠪᠠ
ᠨᠡᠶᠢᠲᠡᠯᠡᠭᠰᠡᠨ ᠴᠠᠭ᠄
2023/5/16
    ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠡᠮᠬᠢ ᠳᠢᠭᠯᠢᠮ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠬᠤ ᠶᠢᠨ ᠲᠣᠰᠠᠳᠠ᠂ ᠣᠶᠢᠷ᠎ᠠ ᠶᠢᠨ ᠬᠤᠭᠤᠴᠠᠭᠠᠨ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠰᠤᠷᠭᠠᠭᠤᠯᠢ ᠳᠤ ᠣᠷᠣᠬᠤ᠂ ᠰᠤᠷᠭᠠᠭᠤᠯᠢ ᠲᠠᠷᠬᠠᠬᠤ ᠣᠷᠭᠢᠯ ᠦᠶ᠎ᠡ ᠳᠤ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠤ ᠣᠷᠣᠰᠢᠵᠤ ᠪᠠᠶᠢᠭ᠎ᠠ ᠨᠡᠭᠦᠳᠡᠯ ᠳᠡᠯᠭᠡᠭᠦᠷ᠂ ᠵᠠᠮ ᠡᠵᠡᠯᠡᠨ ᠡᠵᠡᠩᠨᠡᠬᠦ ᠵᠡᠷᠭᠡ ᠦᠵᠡᠭᠳᠡᠯ ᠳᠤ ᠴᠢᠭᠯᠡᠭᠦᠯᠦᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠤᠲᠠ ᠶᠢᠨ ᠳᠦᠷᠰᠦ ᠪᠠᠶᠢᠳᠠᠯ ᠤᠨ ᠡᠮᠬᠢ ᠳᠢᠭᠯᠢᠮ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠢᠳᠡᠪᠬᠢᠲᠡᠢ ᠦᠷᠨᠢᠭᠦᠯᠵᠠᠢ᠃    ᠨᠢᠭᠡ ᠳᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠪᠠ᠃ ᠬᠠᠤᠯᠢ ᠬᠡᠷᠡᠭᠵᠢᠭᠦᠯᠬᠦ ᠠᠵᠢᠯᠲᠠᠨ ᠠᠵᠢᠯ ᠤᠨ ᠪᠠᠶᠢᠷᠢ ᠳᠤ ᠤᠷᠢᠳᠴᠢᠯᠠᠨ ᠬᠦᠷᠴᠦ᠂ ᠰᠤᠷᠭᠠᠭᠤᠯᠢ ᠶᠢᠨ ᠡᠷᠬᠢᠨ ᠲᠣᠭᠤᠷᠢᠨ ᠤ ᠳᠡᠯᠭᠡᠭᠦᠷ ᠵᠢᠴᠢ ᠨᠡᠭᠦᠳᠡᠯ ᠬᠤᠳᠠᠯᠳᠤᠭᠠᠴᠢᠨ ᠢ ᠬᠦᠯᠢᠴᠡᠩᠭᠦᠢ ᠪᠠᠷ ᠢᠳᠬᠠᠨ ᠬᠡᠯᠡᠵᠦ᠂ ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷᠢᠮᠵᠢᠶ᠎ᠠ ᠶᠢ ᠤᠬᠠᠭᠤᠯᠵᠤ᠂ ᠲᠡᠳᠡᠨ ᠢ ᠪᠣᠯᠪᠠᠰᠤᠨ ᠢᠶᠠᠷ᠂ ᠵᠢᠷᠤᠮᠵᠢᠯ ᠲᠠᠢ᠂ ᠬᠠᠤᠯᠢ ᠶᠣᠰᠣ ᠪᠠᠷ ᠡᠵᠡᠩᠨᠡᠬᠦ ᠶᠢ ᠰᠠᠨᠠᠭᠤᠯᠪᠠ᠃ ᠰᠤᠷᠤᠭᠴᠢᠳ ᠢ ᠲᠣᠰᠴᠤ ᠬᠦᠷᠭᠡᠬᠦ ᠪᠠᠷ ᠢᠷᠡᠭᠰᠡᠨ ᠭᠡᠷ ᠤᠨ ᠠᠬᠠᠮᠠᠳ ᠢ ᠴᠤᠭᠯᠠᠷᠠᠭᠤᠯᠬᠤ ᠦᠭᠡᠢ ᠪᠠᠶᠢᠬᠤ ᠶᠢ ᠰᠠᠨᠠᠭᠤᠯᠬᠤ ᠶᠢᠨ ᠬᠠᠮᠲᠤ ᠡᠷᠬᠢᠨ ᠲᠣᠭᠤᠷᠢᠨ ᠤ ᠣᠯᠠᠨ ᠲᠦᠮᠡᠨ ᠳᠤ ᠬᠤᠲᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠴᠤᠭᠭᠠᠷ ᠠᠳᠬᠤᠨ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠪᠠᠶᠢᠷᠢᠰᠢᠯ ᠢ ᠪᠣᠶ ᠪᠣᠯᠭᠠᠵᠤ᠂ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠦᠨᠡᠨ ᠬᠦ ᠲᠡᠭᠡᠭᠰᠢᠯᠡᠭᠦᠯᠪᠠ᠃     ᠬᠤᠶᠠᠷ ᠲᠤ᠂ ᠵᠦᠢ ᠵᠣᠬᠢᠰᠲᠠᠢ ᠪᠠᠷ ᠪᠠᠶᠢᠷᠢᠯᠠᠭᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠪᠡ᠃ ᠰᠤᠷᠭᠠᠭᠤᠯᠢ ᠶᠢᠨ ᠰᠤᠷᠭᠠᠭᠤᠯᠢ ᠡᠬᠢᠯᠡᠭᠦ ᠲᠠᠷᠬᠠᠬᠤ᠂ ᠠᠳᠠᠯᠢ ᠪᠤᠰᠤ ᠴᠠᠭ ᠤᠨ ᠳᠦᠷᠢᠮ᠂ ᠠᠳᠠᠯᠢ ᠪᠤᠰᠤ ᠣᠷᠴᠢᠨ ᠲᠣᠭᠤᠷᠢᠨ ᠤ ᠪᠠᠶᠢᠳᠠᠯ ᠢ ᠦᠨᠳᠦᠰᠦᠯᠡᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠳᠤ ᠴᠢᠭᠯᠡᠭᠦᠯᠬᠦ ᠴᠢᠨᠠᠷᠲᠠᠢ ᠪᠠᠷ ᠵᠣᠬᠢᠰᠲᠠᠢ ᠪᠠᠶᠢᠷᠢᠯᠠᠭᠤᠯᠤᠯᠲᠠ ᠬᠢᠵᠦ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠤ ᠵᠠᠮ ᠡᠵᠡᠯᠡᠨ ᠳᠡᠯᠭᠡᠭᠡ ᠮᠠᠶᠢᠮᠠᠢ ᠬᠢᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠡᠷᠡᠰ ᠴᠠᠭᠠᠵᠠᠯᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠤ ᠵᠠᠮ ᠡᠵᠡᠯᠡᠨ ᠡᠵᠡᠩᠨᠡᠬᠦ ᠦᠭᠡᠢ᠂ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠳᠡᠯᠭᠡᠵᠦ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠴᠠᠯᠴᠢᠵᠤ ᠳᠤᠷ᠎ᠠ ᠪᠠᠷ ᠢᠶᠠᠨ ᠡᠯᠭᠦᠬᠦ ᠦᠵᠡᠭᠳᠡᠯ ᠦᠭᠡᠢ ᠪᠠᠶᠢᠬᠤ ᠶᠢ ᠦᠨᠡᠨᠬᠦ ᠪᠠᠳᠣᠯᠠᠪᠠ᠃ ᠣᠳᠣᠬᠠᠨ ᠪᠣᠯᠲᠠᠯ᠎ᠠ᠂ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠨᠡᠭᠦᠳᠡᠯ ᠳᠡᠯᠭᠡᠭᠦᠷᠴᠢᠨ ᠤ ᠵᠠᠮ ᠡᠵᠡᠯᠡᠨ ᠡᠵᠡᠩᠨᠡᠵᠦ ᠪᠠᠶᠢᠭ᠎ᠠ 26 ᠭᠠᠵᠠᠷ ᠢ ᠴᠡᠪᠡᠷᠯᠡᠨ ᠴᠡᠭᠴᠡᠯᠡᠪᠠ᠃     ᠭᠤᠷᠪᠠ ᠳᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠬᠠᠮᠢᠶᠠᠷᠤᠨ ᠡᠵᠡᠮᠳᠡᠵᠦ᠂ ᠬᠤᠳᠠ ᠶᠢᠨ ᠳᠦᠷᠰᠦ ᠪᠠᠶᠢᠳᠠᠯ ᠤᠨ ᠡᠮᠬᠢ ᠳᠢᠭᠯᠢᠮ ᠢ ᠪᠠᠳᠣᠯᠠᠪᠠ᠃ ᠬᠠᠤᠯᠢ ᠬᠡᠷᠡᠭᠵᠢᠭᠦᠯᠬᠦ ᠠᠵᠢᠯᠲᠠᠨ ︽ᠵᠡᠭᠡᠯᠢ ᠶᠢᠨ ᠳᠠᠷᠤᠭ᠎ᠠ ᠶᠢᠨ ᠳᠦᠷᠢᠮ︾᠎ ᠢᠶᠠᠷ ᠲᠦᠰᠢᠭ ᠪᠣᠯᠭᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠪᠠᠷ ᠲᠤᠰᠤᠯᠲᠠ ᠪᠠᠨ ᠪᠣᠯᠭᠠᠵᠤ᠂ ᠣᠷᠳᠣ ᠬᠤᠭᠤᠴᠠᠭ᠎ᠠ ᠪᠠᠷ ᠬᠠᠮᠢᠶᠠᠷᠬᠤ ᠪᠠ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠬᠠᠷᠢᠯᠴᠠᠨ ᠤᠶᠠᠯᠳᠤᠭᠤᠯᠬᠤ ᠵᠠᠭᠪᠤᠷ ᠢ ᠬᠡᠷᠡᠭᠯᠡᠨ᠂ ᠬᠠᠮᠢᠶᠠᠷᠤᠯᠲᠠ ᠶᠢᠨ ᠡᠬᠡ ᠲᠠᠩᠰᠠ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠬᠤᠲᠠ ᠶᠢᠨ ᠳᠦᠷᠰᠦ ᠪᠠᠶᠢᠳᠠᠯ ᠤᠨ ᠡᠮᠬᠢ ᠳᠢᠭᠯᠢᠮ ᠢ ᠳᠦᠷᠢᠮᠵᠢᠭᠦᠯᠵᠦ ᠪᠠᠶᠢᠩᠭᠤᠵᠢᠭᠤᠯᠪᠠ᠃ᠲᠠᠷᠠᠭᠠᠴᠢ ᠶᠢᠨ ᠠᠯᠬᠤᠮ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠎ ᠬᠢᠨ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ᠂ ᠴᠠᠭ ᠢ ᠵᠥᠷᠢᠴᠡᠭᠦᠯᠦᠨ ᠬᠠᠤᠯᠢ ᠬᠡᠷᠡᠭᠵᠢᠭᠦᠯᠬᠦ᠂ ᠲᠥᠪᠯᠡᠷᠡᠭᠦᠯᠦᠨ ᠴᠡᠭᠴᠡᠯᠡᠨ ᠵᠠᠰᠠᠬᠤ ᠵᠡᠷᠭᠡ ᠠᠷᠭ᠎ᠠ ᠬᠡᠯᠪᠡᠷᠢ ᠪᠠᠷ ᠭᠤᠣᠯ ᠳᠡᠳ᠋ ᠵᠠᠮ ᠱᠤᠭᠤᠮ ᠵᠢᠴᠢ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠴᠠᠭ ᠲᠤᠬᠠᠢ ᠳᠤᠨᠢ ᠢᠯᠡᠷᠡᠭᠦᠯᠵᠦ᠂ ᠴᠠᠭ ᠲᠤᠬᠠᠢ ᠎ ᠳᠤᠨᠢ ᠰᠢᠢᠳᠪᠦᠷᠢᠯᠡᠵᠦ᠂ ᠬᠤᠲᠠ ᠶᠢᠨ ᠳᠦᠷᠰᠦ ᠪᠠᠶᠢᠳᠠᠯ ᠤᠨ ᠡᠮᠬᠢ ᠳᠢᠭᠯᠢᠮ ᠢ ᠪᠦᠲᠦᠮᠵᠢᠲᠡᠢ ᠵᠢᠷᠣᠮᠵᠢᠭᠤᠯᠪᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号