ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠄ ᠰᠢᠨ᠎ᠡ ᠶᠢ ᠡᠭᠦᠳᠬᠦ ᠬᠦᠴᠦᠷᠬᠡᠭ ᠬᠥᠳᠡᠯᠭᠡᠭᠦ ᠬᠦᠴᠦᠨ ᠢ ᠬᠥᠭᠵᠢᠭᠡᠵᠦ ᠰᠢᠨᠵᠢᠯᠡᠬᠦ ᠤᠬᠠᠭᠠᠨ ᠮᠡᠷᠭᠡᠵᠢᠯ ᠤᠨ ︽ᠭᠤᠣᠯᠳᠠᠯᠭ᠎ᠠ︾ ᠶᠢ ᠰᠠᠶᠢᠲᠤᠷ ᠠᠳᠬᠤᠵᠣ ᠪᠣᠢ
ᠨᠡᠶᠢᠲᠡᠯᠡᠭᠰᠡᠨ ᠴᠠᠭ᠄
2023/5/16
  ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠢ ᠬᠥᠭᠵᠢᠭᠦᠯᠵᠦ᠂ ᠠᠵᠤ ᠦᠢᠯᠡᠰᠵᠢᠯᠲᠡ ᠶᠢ ᠪᠡᠶᠡᠯᠡᠭᠦᠯᠬᠦ︾ ᠬᠥᠭᠵᠢᠯᠲᠡ ᠶᠢᠨ ᠴᠢᠭᠯᠡᠯ ᠢ ᠪᠠᠲᠤ ᠡᠵᠡᠮᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠣᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠡᠯᠧᠮᠧᠨ᠋ᠲ ᠢ ᠲᠥᠪᠯᠡᠷᠡᠭᠦᠯᠵᠦ᠂ ᠤᠯᠠᠨ ᠡᠰᠢᠲᠦ ᠰᠢᠨ᠎ᠡ ᠶᠢ ᠡᠭᠦᠳᠬᠦ ᠠᠴᠢᠶᠠᠯᠠᠪᠤᠷᠢ ᠶᠢ ᠪᠣᠶᠢᠵᠢᠭᠤᠯᠵᠤ᠂ ᠰᠢᠨ᠎ᠡ ᠶᠢ ᠡᠭᠦᠳᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠣᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠰᠢᠨ᠎ᠡ ᠶᠢ ᠡᠭᠦᠳᠬᠦ ︽ᠭᠤᠣᠯᠳᠠᠯᠭ᠎ᠠ ᠲᠠᠢ ᠵᠦᠴᠦᠭᠡ︾ ᠶᠢ ᠰᠠᠶᠢᠲᠤᠷ ᠳᠠᠭᠤᠯᠠᠵᠤ᠂ ᠤᠯᠠᠮ ᠠᠴᠠ ᠤᠯᠠᠮ ᠤᠯᠠᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠳᠤ ᠬᠦᠴᠦᠨ ᠨᠡᠮᠡᠷᠢᠯᠡᠵᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠨᠢ ᠡᠯ᠎ᠡ ᠵᠦᠢᠯ ᠤᠨ ᠠᠵᠤ ᠦᠢᠯᠡᠰ ᠤᠨ ᠲᠡᠰ ᠳᠡᠪᠰᠢᠬᠦ ᠶᠢ ᠦᠷᠭᠦᠯᠵᠢᠯᠡᠨ ᠲᠤᠯᠭᠠᠭᠤᠷᠢᠯᠠᠵᠤ᠂ ᠰᠢᠨ᠎ᠡ ᠬᠥᠳᠡᠯᠭᠡᠭᠦ ᠬᠦᠴᠦᠨ ᠢ ᠲᠠᠰᠤᠷᠠᠯᠳᠡ ᠦᠭᠡᠢ ᠪᠠᠳᠠᠷᠠᠭᠤᠯᠵᠤ ᠪᠠᠶᠢᠨ᠎ᠠ᠃    ᠳᠡᠭᠡᠳᠦ ᠲᠡᠰ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠲᠦᠪᠯᠡᠷᠡᠯ ᠢ ᠬᠤᠷᠳᠣᠳᠬᠠᠪᠠ    2022 ᠣᠨ ᠤ ᠲᠤᠭ᠎ᠠ ᠪᠠᠷᠢᠮᠲᠠ ᠶᠢᠨ ᠪᠦᠷᠢᠳᠬᠡᠯ ᠢ ᠦᠨᠳᠦᠰᠦᠯᠡᠪᠡᠯ᠂ ᠮᠠᠨ ᠤ ᠤᠯᠤᠰ ᠤᠨ ᠭᠠᠯ ᠳᠠᠭᠠᠭᠠᠮᠠᠭᠠᠢ ᠮᠠᠲ᠋ᠧᠷᠢᠶᠠᠯ ᠤᠨ ᠵᠢᠯ ᠤᠨ ᠦᠢᠯᠡᠳᠪᠦᠷᠢᠯᠡᠬᠦ ᠴᠢᠳᠠᠪᠤᠷᠢ ᠪᠠᠷᠤᠭ 4000 ᠲᠦᠮᠡᠨ ᠲᠣᠨ ᠪᠣᠯᠣᠨ᠎ᠠ᠂ ᠬᠡᠷᠪᠡ ᠬᠤᠪᠣᠷ ᠰᠢᠷᠣᠢ ᠶᠢᠨ ᠭᠠᠯ ᠳᠠᠭᠠᠭᠠᠮᠠᠭᠠᠢ ᠮᠠᠲ᠋ᠧᠷᠢᠶᠠᠯ ᠳᠤ ᠨᠡᠮᠡᠬᠦ ᠬᠠᠷᠢᠴᠠᠯ ᠨᠢ 5% ᠭᠦᠷᠪᠡᠯ᠂ ᠣᠳᠣᠬᠠᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠥᠨᠳᠥᠷ ᠳᠤᠯᠠᠭᠠᠨ ᠤ ᠤᠭᠤᠷᠬᠠᠶ ᠶᠢᠨ ᠡᠨᠧᠷᠭᠢ ᠶᠢ ᠠᠷᠪᠢᠯᠠᠨ ᠬᠤᠷᠣᠭᠳᠠᠯ ᠢ ᠪᠠᠭᠠᠰᠬᠠᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠪᠠᠷᠠᠬᠤ ᠦᠭᠡᠢ᠂ ᠪᠤᠭᠤᠲᠤ ᠶᠢᠨ ᠬᠤᠪᠣᠷ ᠰᠢᠷᠣᠢ ᠶᠢᠨ ᠯᠠᠨᠲ᠋ᠠᠨ ᠼᠧᠷᠢ ᠶᠢᠨ ᠡᠬᠢ ᠪᠠᠶᠠᠯᠢᠭ ᠢ ᠲᠡᠩᠴᠡᠭᠦᠷᠢᠲᠡᠢ ᠠᠰᠢᠭᠯᠠᠬᠤ ᠳᠤ ᠴᠤ ᠴᠢᠬᠤᠯᠠ ᠶᠡᠭᠡ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ᠃    ᠣᠶᠢᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠠ ᠪᠤᠭᠤᠲᠤ ᠬᠤᠲᠠ ᠶᠢᠨ ᠠᠨᠳᠧ ᠶᠢᠨ ᠬᠤᠪᠣᠷ ᠴᠤᠬᠠᠭ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠡᠨᠡ ᠬᠦ ᠠᠵᠤ ᠦᠢᠯᠡᠰ ᠤᠨ ᠰᠢᠪᠲᠤᠯᠤᠯᠲᠠ ᠶᠢᠨ ᠴᠡᠭ ᠲᠤ ᠴᠢᠭᠯᠡᠭᠦᠯᠦᠨ᠂ ᠠᠨᠳᠧ ᠶᠢᠨ ᠺᠣᠮᠫᠠᠨᠢ ᠠᠴᠠ ᠪᠡᠯᠡ ᠣᠷᠣᠭᠤᠯᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠵᠢᠯ ᠳᠤ 12 ᠲᠦᠮᠡᠨ ᠲᠣᠨ ᠯᠠᠨᠲ᠋ᠠᠨ ᠼᠧᠷᠢ ᠶᠢᠨ ᠭᠠᠷᠤᠯᠲᠠ ᠶᠢᠨ ᠬᠡᠷᠡᠭᠯᠡᠭᠡᠨ ᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠢ ᠤᠯᠠᠷᠢᠭᠤᠯᠬᠤ ᠰᠠᠭᠤᠷᠢᠨ ᠭᠠᠵᠠᠷ ᠤᠨ ᠲᠥᠷᠥᠯ ᠵᠦᠢᠯ ᠢ ᠪᠦᠲᠦᠭᠡᠨ ᠪᠠᠶᠢᠭᠤᠯᠪᠠ᠂ ᠡᠨᠡ ᠪᠣᠯ ᠪᠥᠬᠦ ᠤᠯᠤᠰ ᠤᠨ ᠬᠤᠪᠣᠷ ᠰᠢᠷᠣᠢ ᠶᠢᠨ ᠯᠠᠨᠲ᠋ᠠᠨ ᠼᠧᠷᠢ ᠶᠢᠨ ᠮᠠᠲ᠋ᠧᠷᠢᠶᠠᠯ ᠢ ᠭᠠᠯ ᠳᠠᠭᠠᠭᠠᠮᠠᠭᠠᠢ ᠮᠠᠲ᠋ᠧᠷᠢᠶᠠᠯ ᠳᠤ ᠬᠡᠷᠡᠭᠯᠡᠭᠰᠡᠨ ᠠᠩᠬᠠᠳᠠᠭᠴᠢ ᠠᠵᠤ ᠠᠬᠤᠶᠢᠯᠠᠯ ᠪᠣᠯᠣᠨ᠎ᠠ᠃ ᠣᠳᠣᠬᠠᠨ ᠳᠤ᠂ ᠲᠣᠰ ᠠᠵᠤ ᠠᠬᠤᠶᠢᠯᠠᠯ ᠠᠵᠢᠯ ᠲᠥᠷᠥᠯ ᠤᠨ ᠳᠣᠲᠣᠷ᠎ᠠ ᠪᠠᠨ ᠡᠩ ᠲᠡᠷᠢᠭᠦᠨ ᠳᠤ ᠬᠤᠪᠣᠷ ᠰᠢᠷᠣᠢ ᠶᠢᠨ ᠢᠯᠴᠢ ᠥᠨᠳᠥᠷ ᠳᠠᠷᠤᠯᠲᠠᠲᠤ ᠨᠡᠶᠢᠯᠡᠮᠡᠯ ᠮᠠᠲ᠋ᠧᠷᠢᠶᠠᠯ᠂ ᠬᠤᠪᠣᠷ ᠰᠢᠷᠣᠢ ᠶᠢᠨ ᠢᠯᠴᠢ ᠬᠥᠨᠳᠡᠶᠢᠷᠡᠭᠦᠯᠵᠦ ᠳᠠᠷᠤᠯᠲᠠᠲᠤ ᠨᠡᠶᠢᠯᠡᠮᠡᠯ ᠮᠠᠲ᠋ᠧᠷᠢᠶᠠᠯ᠂ ᠬᠤᠪᠣᠷ ᠰᠢᠷᠣᠢ ᠶᠢᠨ ᠢᠯᠴᠢ ᠶᠢ ᠣᠨᠢᠰᠤᠯᠠᠵᠤ ᠡᠨᠧᠷᠭᠢ ᠡᠵᠡᠮᠳᠡᠬᠦ ᠮᠠᠲ᠋ᠧᠷᠢᠶᠠᠯ ᠂ ᠬᠤᠪᠣᠷ ᠰᠢᠷᠣᠢ ᠶᠢᠨ ᠢᠯᠴᠢ ᠶᠢᠨ ᠬᠠᠯᠬᠠᠪᠴᠢ ᠶᠢᠨ ᠰᠠᠴᠤᠷᠠᠯᠲᠠ ᠶᠢᠨ ᠰᠢᠷ ᠪᠤᠳᠤᠭ ᠵᠡᠷᠭᠡ ᠬᠡᠳᠦᠨ ᠠᠷᠪᠠᠨ ᠵᠦᠢᠯ ᠤᠨ ᠬᠤᠪᠣᠷ ᠰᠢᠷᠣᠢ ᠶᠢᠨ ᠭᠠᠯ ᠳᠠᠭᠠᠭᠠᠬᠤ ᠴᠢᠳᠠᠮᠵᠢᠲᠤ ᠦᠢᠯᠡᠳᠬᠦᠨ ᠢ ᠨᠡᠭᠡᠭᠡᠨ ᠬᠥᠭᠵᠢᠭᠦᠯᠵᠦ᠂ ᠨᠢᠭᠡᠨᠲᠡ 19 ᠵᠦᠢᠯ ᠤᠨ ᠤᠯᠤᠰ ᠤᠨ ᠲᠤᠰᠬᠠᠢ ᠠᠰᠢᠭ ᠢ ᠭᠥᠷᠳᠡᠵᠦ᠂ ᠬᠡᠰᠡᠭ ᠲᠤᠰᠬᠠᠢ ᠠᠰᠢᠭ ᠤᠨ ᠦᠢᠯᠡᠳᠬᠦᠨ ᠢ ᠨᠢᠭᠡᠨᠲᠡ ᠪᠣᠯᠣᠳ ᠲᠡᠮᠦᠷ᠂ ᠪᠠᠷᠢᠯᠭ᠎ᠠ ᠶᠢᠨ ᠮᠠᠲ᠋ᠧᠷᠢᠶᠠᠯ᠂ ᠬᠤᠪᠣᠷ ᠰᠢᠷᠣᠢ ᠵᠡᠷᠭᠡ ᠣᠯᠠᠨ ᠠᠵᠢᠯ ᠲᠥᠷᠥᠯ ᠤᠨ ᠠᠵᠤ ᠦᠢᠯᠡᠳᠪᠦᠷᠢ ᠶᠢᠨ ᠨᠦᠬᠡᠨ ᠵᠤᠤᠬᠠᠨ ᠳᠤ ᠬᠡᠷᠡᠭᠯᠡᠭᠰᠡᠨ ᠪᠠᠶᠢᠨ᠎ᠠ᠃     ᠠᠵᠤ ᠠᠬᠤᠶᠢᠯᠠᠯ ᠪᠣᠯ ᠰᠢᠨ᠎ᠡ ᠶᠢ ᠡᠭᠦᠳᠬᠦ ᠭᠤᠣᠯ ᠴᠣᠭᠴᠠ ᠮᠥᠨ᠂ ᠨᠡᠩ ᠴᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠥᠳᠡᠯᠭᠡᠭᠦ ᠬᠦᠴᠦᠨ ᠤ ᠡᠬᠢ ᠰᠤᠷᠪᠤᠯᠵᠢ ᠮᠥᠨ᠃ᠣᠶᠢᠷ᠎ᠠ ᠶᠢᠨ ᠵᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠣᠷᠣᠨ ᠳᠤ ᠰᠠᠭᠤᠭ᠎ᠠ ᠠᠵᠤ ᠠᠬᠤᠶᠢᠯᠠᠯ ᠤᠨ ᠥᠪᠥᠷ ᠮᠣᠩᠭᠤᠯ ᠤᠨ ᠤᠮᠠᠷᠠᠲᠤ ᠶᠢᠨ ᠬᠦᠨᠳᠦ ᠬᠡᠯᠪᠡᠷᠢ ᠶᠢᠨ ᠮᠠᠰᠢᠨ ᠲᠡᠷᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠤᠳᠠᠯᠳᠤᠭᠠᠨ ᠤ ᠵᠠᠭᠪᠤᠷ ᠤᠨ ᠰᠢᠨ᠎ᠡ ᠶᠢ ᠡᠭᠦᠳᠬᠦ ︽ᠵᠣᠴᠢᠨ ᠡᠷᠦᠬᠡ ᠳᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ᠂ ᠠᠵᠢᠯᠯᠠᠭᠠᠨ ᠤ ᠥᠪᠡᠷ ᠤᠨ ᠥᠷᠲᠡᠭ ᠢᠶᠠᠷ ᠬᠠᠮᠤᠭ ᠤᠨ ᠳᠣᠣᠷ᠎ᠠ ᠠᠭᠤᠷᠬᠠᠢ ᠶᠢᠨ ᠲᠡᠷᠭᠡ ᠪᠠ ᠠᠭᠤᠷᠬᠠᠢ ᠶᠢᠨ ᠲᠡᠭᠡᠭᠡᠪᠦᠷᠢ ᠶᠢᠨ ᠰᠢᠰᠲ᠋ᠧᠮ ᠤᠨ ᠰᠢᠢᠳᠪᠦᠷᠢᠯᠡᠬᠦ ᠲᠥᠰᠥᠯ ᠢ ᠬᠠᠩᠭᠠᠬᠤ ᠪᠠᠷ ᠴᠢᠷᠮᠠᠶᠢᠵᠤ᠂ ᠵᠠᠩᠭᠢᠯᠠᠭ᠎ᠠ ᠶᠢᠨ ᠭᠤᠣᠯ ᠰᠡᠯᠪᠢᠭ ᠲᠣᠨᠤᠭ ᠢ ᠤᠯᠤᠰ ᠲᠠᠭᠠᠨ ᠦᠢᠯᠡᠳᠪᠦᠷᠢᠯᠡᠬᠦ ᠶᠢ ᠠᠬᠢᠭᠤᠯᠤᠨ᠂ ︽ᠳᠤᠮᠳᠠᠳᠤ ᠤᠯᠤᠰ ᠤᠨ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠭᠤᠷᠬᠠᠢ ᠳᠤ ᠬᠡᠷᠡᠭᠯᠡᠬᠦ ᠲᠡᠷᠭᠡ ᠶᠢ ᠦᠢᠯᠡᠳᠬᠦ︾ ᠶᠢ ᠴᠢᠷᠮᠠᠶᠢᠨ ᠪᠡᠶᠡᠯᠡᠭᠦᠯᠦᠨ᠎ᠡ᠃     ᠠᠵᠤ ᠠᠬᠤᠶᠢᠯᠠᠯ ᠤᠨ ᠦᠢᠯᠡᠳᠬᠦᠨ ᠤ ᠰᠤᠳᠤᠯᠭᠠᠨ ᠤ ᠬᠦᠷᠢᠶᠡᠯᠡᠩ ᠤᠨ ᠲᠥᠷᠥᠯ ᠵᠦᠢᠯ ᠤᠨ ᠳᠠᠭᠠᠭᠠᠮᠠᠯ ᠳ᠋ᠦᠩ ᡁᠢ ᠮᠢᠩ ᠤᠨ TR100AT ᠵᠢᠯᠣᠭᠤᠴᠢ ᠦᠭᠡᠢ ᠠᠭᠤᠷᠬᠠᠢ ᠳᠤ ᠬᠡᠷᠡᠭᠯᠡᠬᠦ ᠥᠪᠡᠷᠲᠡᠭᠡᠨ ᠪᠠᠭᠤᠯᠭᠠᠬᠤ ᠮᠠᠰᠢᠨ ᠲᠡᠷᠭᠡ ᠪᠣᠯ ᠤᠮᠠᠷᠠᠲᠤ ᠣᠷᠣᠨ ᠤ ᠬᠤᠪᠢ ᠣᠷᠣᠭᠤᠯᠤᠭᠰᠠᠨ ᠨᠢᠳᠤᠷᠭᠠᠨ ᠦᠢᠯᠡᠳᠬᠦᠨ ᠮᠥᠨ᠂ ᠪᠦᠷᠢᠮᠦᠰᠦᠨ ᠪᠡᠶ᠎ᠡ ᠪᠠᠨ ᠳᠠᠭᠠᠭᠠᠨ ᠨᠡᠭᠡᠭᠡᠨ ᠬᠥᠭᠵᠢᠭᠦᠯᠵᠦ᠂ ᠲᠤᠰᠬᠠᠶᠢᠯᠠᠨ ᠠᠭᠤᠷᠬᠠᠢ ᠳᠤ ᠬᠠᠨᠳᠤᠭᠤᠯᠤᠭᠰᠠᠨ ᠮᠠᠭᠤ ᠣᠷᠴᠢᠨ ᠲᠣᠭᠤᠷᠢᠨ ᠤ ᠵᠢᠷᠤᠭ ᠲᠥᠯᠥᠪᠯᠡᠭᠡ ᠮᠥᠨ᠂ ᠥᠪᠡᠷ ᠤᠨ ᠬᠦᠨᠳᠦ ᠨᠢ 69 ᠲᠣᠨ᠂ ᠲᠣᠭᠲᠠᠭᠰᠠᠨ ᠳᠠᠭᠠᠭᠠᠴᠠ ᠨᠢ 91 ᠲᠣᠨ ᠪᠠᠶᠢᠵᠤ᠂ ᠥᠨᠳᠥᠷ ᠨᠠᠶᠢᠳᠠᠪᠤᠷᠢᠲᠤ ᠴᠢᠨᠠᠷ᠂ ᠳᠠᠭᠠᠭᠠᠮᠠᠭᠠᠢ ᠴᠢᠨᠠᠷ ᠪᠠ ᠬᠡᠷᠡᠭᠯᠡᠬᠦ ᠬᠤᠭᠤᠴᠠᠭᠠᠨ ᠳᠠᠬᠢ ᠥᠪᠡᠷ ᠤᠨ ᠥᠷᠲᠡᠭ ᠢᠶᠠᠷ ᠳᠣᠣᠷ᠎ᠠ ᠪᠠᠶᠢᠳᠠᠭ᠂ ᠲᠣᠰ ᠮᠠᠰᠢᠨ ᠲᠡᠷᠭᠡᠨ ᠤ ᠬᠡᠯᠪᠡᠷᠢ ᠶᠢ ᠰᠤᠳᠤᠯᠤᠨ ᠦᠢᠯᠡᠳᠦᠭᠰᠡᠨ ᠪᠠ ᠬᠡᠷᠡᠭᠯᠡᠭᠰᠡᠨ ᠨᠢ ᠠᠭᠤᠷᠬᠠᠢ ᠶᠢᠨ ᠬᠥᠮᠥᠨ ᠦᠭᠡᠢ ᠪᠣᠯᠭᠠᠬᠤ᠂ ᠣᠶᠤᠨᠴᠢᠯᠠᠬᠤ ᠬᠥᠭᠵᠢᠯᠲᠡ ᠶᠢᠨ ᠠᠬᠢᠴᠠ ᠶᠢ ᠶᠡᠭᠡ ᠪᠠᠷ ᠲᠦᠯᠬᠢᠨ ᠠᠬᠢᠭᠤᠯᠤᠭᠰᠠᠨ ᠪᠠᠶᠢᠨ᠎ᠠ᠃ ᠣᠲᠣ ᠪᠣᠯᠲᠠᠯ᠎ᠠ᠂ ᠪᠥᠬᠦ ᠳᠡᠯᠡᠬᠡᠢ ᠶᠢᠨ ᠬᠡᠪᠴᠢᠶᠡᠨ ᠳᠤ 6000 ᠣᠷᠴᠢᠮ ᠪᠣᠷᠤᠯᠠᠭᠤᠯᠭ᠎ᠠ ᠬᠢᠵᠦ ᠪᠠᠶᠢᠨ᠎ᠠ᠃     ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠪᠣᠶᠢᠵᠢᠯᠲᠠ ᠶᠢᠨ ᠨᠤᠷᠮ᠎ᠠ᠂ ᠮᠡᠷᠭᠡᠵᠢᠯ ᠤᠨ ᠪᠣᠭᠤᠮᠲᠠ ᠰᠢᠪᠲᠤᠯᠬᠤ ᠠᠮᠵᠢᠯᠲᠠ ᠶᠢᠨ ᠨᠤᠷᠮ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠨᠤᠷᠮ᠎ᠠ ᠶᠢ ᠲᠠᠰᠤᠷᠠᠯᠲᠠ ᠦᠭᠡᠢ ᠲᠡᠭᠡᠭᠰᠢᠯᠡᠭᠦᠯᠦᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠨᠡᠬᠦ ᠵᠠᠩᠭᠢᠯᠠᠭ᠎ᠠ ᠶᠢᠨ ᠬᠤᠪᠢᠰᠤᠯᠲᠠ ᠶᠢ ᠴᠢᠨᠠᠷ ᠰᠠᠶᠢᠲᠠᠢ ᠬᠥᠭᠵᠢᠯᠲᠡ ᠶᠢᠨ ᠬᠠᠮᠤᠭ ᠤᠨ ᠶᠡᠭᠡ ᠨᠡᠮᠡᠭᠳᠡᠯ ᠤᠨ ᠬᠡᠮᠵᠢᠶ᠎ᠡ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠣᠳᠣᠬᠠᠨ ᠳᠤ᠂ ᠲᠤᠰ ᠣᠷᠣᠨ ᠤ ᠡᠯ᠎ᠡ ᠱᠠᠲᠤᠨ ᠤ ᠡᠯ᠎ᠡ ᠲᠦᠷᠦᠯ ᠤᠨ ᠰᠤᠳᠤᠯᠤᠨ ᠨᠡᠭᠡᠭᠡᠬᠦ ᠲᠠᠪᠴᠠᠩ 158 ᠪᠣᠯᠵᠤ᠂ ᠰᠤᠳᠤᠯᠤᠨ ᠨᠡᠭᠡᠭᠡᠬᠦ ᠲᠥᠪ ᠤᠨ ᠰᠤᠳᠤᠯᠤᠨ ᠨᠡᠭᠡᠭᠡᠬᠦ ᠲᠦᠷᠦᠯ ᠵᠦᠢᠯ 1235 ᠪᠣᠯᠵᠤ ᠂ ᠪᠦᠲᠦᠮᠵᠢᠲᠡᠢ ᠡᠭᠦᠳᠦᠯᠲᠡ ᠶᠢᠨ ᠲᠤᠰᠬᠠᠢ ᠠᠰᠢᠭ 1057 ᠪᠣᠯᠵᠠᠢ᠃ 2022 ᠣᠨ ᠳᠤ᠂ ᠲᠥᠪ ᠤᠨ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠱᠠᠲᠤᠨ ᠤ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ 74 ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠲᠠᠨᠢᠯᠴᠠᠭᠤᠯᠵᠤ᠂ ᠠᠵᠤ ᠠᠬᠤᠶᠢᠯᠠᠯ ᠳᠤ ᠳᠡᠭᠡᠳᠦ ᠱᠠᠲᠤᠨ ᠤ ᠬᠡᠷᠡᠭᠯᠡᠭᠡᠨ ᠤ ᠰᠤᠳᠤᠯᠤᠯ ᠬᠢᠭᠡᠳ ᠨᠡᠭᠡᠭᠡᠨ ᠬᠥᠭᠵᠢᠭᠦᠯᠦᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠥᠨ ᠵᠢᠯᠤᠭᠤᠳᠬᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠮᠣᠩᠭᠤᠯ ᠢ ᠬᠥᠭᠵᠢᠭᠦᠯᠬᠦ︾ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠲᠥᠷᠥᠯ ᠤᠨ ᠪᠡᠯᠡ ᠮᠥᠩᠭᠦ ᠶᠢ ᠨᠡᠶᠢᠲᠡ 1.11 ᠳ᠋ᠦᠩᠰᠢᠭᠤᠷ ᠲᠥᠭᠦᠷᠢᠭ ᠣᠯᠬᠤ ᠪᠠᠷ ᠴᠢᠷᠮᠠᠶᠢᠪᠠ᠃    ᠠᠵᠤ ᠦᠢᠯᠡᠰ ᠤᠨ ᠡᠴᠦᠰ ᠤᠨ ᠦᠵᠦᠭᠦᠷ ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠪᠠ     ᠣᠶᠢᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠦᠰᠡᠯᠡᠩ ᠤᠨ ᠠᠵᠤ ᠦᠢᠯᠡᠳᠪᠦᠷᠢ ᠶᠢᠨ ᠬᠦᠷᠢᠶᠡᠯᠡᠩ ᠣᠷᠣᠨ ᠤ ᠪᠤᠭᠤᠲᠤ ᠶᠢᠨ ᠬᠤᠸᠠ ᠳ᠋ᠢᠩ ᠵᠡᠰ ᠤᠨ ᠦᠢᠯᠡᠰ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠴᠠᠬᠢᠯᠭᠠᠨ ᠵᠠᠳᠠᠯᠤᠯᠲᠠ ᠶᠢᠨ ᠦᠢᠯᠡᠳᠪᠦᠷᠢ ᠶᠢᠨ ᠲᠠᠰᠤᠭ ᠲᠤ᠂ ᠬᠤᠶᠠᠷ ᠲᠤᠰᠬᠠᠢ ᠬᠡᠷᠡᠭᠯᠡᠭᠡᠨ ᠤ ᠬᠡᠯᠪᠡᠷᠢ ᠶᠢᠨ ᠮᠠᠰᠢᠨ ᠲᠡᠷᠭᠡ 236 ᠴᠠᠬᠢᠯᠭᠠᠨ ᠵᠠᠳᠠᠯᠤᠯᠲᠠ ᠶᠢᠨ ᠣᠩᠭᠤᠴᠠ ᠶᠢᠨ ᠳᠡᠭᠡᠷ᠎ᠡ ᠨᠠᠭᠠᠰᠢ ᠴᠠᠭᠠᠰᠢ ᠰᠦᠯᠵᠢᠯᠳᠦᠵᠦ᠂ ᠲᠦᠭᠦᠬᠡᠢ ᠮᠠᠲ᠋ᠧᠷᠢᠶᠠᠯ ᠪᠠ ᠦᠢᠯᠡᠳᠬᠦᠨ ᠢ ᠭᠠᠷᠭᠠᠨ ᠠᠪᠴᠤ ᠪᠠᠶᠢᠨ᠎ᠠ᠃ ᠺᠣᠮᠫᠠᠨᠢ ᠶᠢᠨ ᠬᠠᠮᠤᠭ ᠤᠨ ᠴᠢᠬᠤᠯᠠ ᠦᠢᠯᠡᠳᠪᠦᠷᠢ ᠶᠢᠨ ᠲᠠᠰᠤᠭ ᠪᠣᠯᠤᠭᠰᠠᠨ ᠤ ᠬᠤᠪᠢ ᠳᠤ᠂ ᠪᠦᠲᠦᠭᠡᠭᠳᠡᠬᠦᠨ ᠤ ᠴᠡᠪᠡᠷ ᠪᠢᠯᠢᠭ ᠲᠤᠶᠢᠯ ᠤᠨ ᠵᠡᠰ ᠢ ᠡᠳᠦᠷ ᠪᠦᠷᠢ ᠠᠳᠡ ᠠᠴᠠ ᠲᠠᠰᠤᠷᠠᠯᠲᠠ ᠦᠭᠡᠢ ᠦᠢᠯᠡᠳᠪᠦᠷᠢᠯᠡᠵᠦ ᠪᠠᠶᠢᠳᠠᠭ᠃    ︽ᠪᠢᠳᠡᠨ ᠤ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢᠨ ᠪᠦᠬᠦ ᠢᠷᠤᠭᠠᠷ ᠲᠤ ᠦᠯᠢᠶᠡᠯᠭᠡᠵᠦ ᠪᠦᠬᠦ ᠬᠠᠯᠠᠭᠤᠨ ᠤ ᠬᠡᠯᠪᠡᠷᠢ ᠲᠠᠢ ᠭᠤᠷᠪᠠᠨᠲᠠ ᠵᠤᠤᠬ᠎ᠠ ᠪᠠᠷ ᠵᠡᠰ ᠢ ᠪᠣᠯᠪᠠᠰᠤᠷᠠᠭᠤᠯᠬᠤ ᠦᠢᠯᠡᠳᠪᠦᠷᠢᠯᠡᠯ ᠤᠨ ᠱᠤᠭᠤᠮ ᠦᠷᠭᠦᠯᠵᠢᠯᠡᠨ ᠳᠡᠯᠡᠬᠡᠢ ᠶᠢᠨ ᠲᠡᠷᠢᠭᠦᠨ ᠤ ᠲᠦᠪᠰᠢᠨ ᠳᠤ ᠣᠷᠣᠰᠢᠵᠤ ᠪᠤᠢ᠂ ᠰᠢᠨ᠎ᠡ ᠶᠢ ᠡᠭᠦᠳᠬᠦ ᠳᠤ ᠲᠦᠰᠢᠭᠯᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠦᠷ᠎ᠡ ᠠᠰᠢᠭ ᠪᠣᠯᠣᠨ ᠠᠵᠢᠯᠲᠠᠳ ᠤᠨ ᠣᠷᠣᠯᠭ᠎ᠠ ᠶᠢᠨ ᠬᠤᠣᠰ ᠳᠡᠭᠡᠭᠰᠢᠯᠡᠯᠲᠡ ᠶᠢ ᠪᠡᠶᠡᠯᠡᠭᠦᠯᠵᠡᠢ︾ ᠭᠡᠵᠦ ᠦᠢᠯᠡᠳᠪᠦᠷᠢ ᠶᠢᠨ ᠳᠠᠷᠤᠭ᠎ᠠ ᡁᠢ ᠧᠨ ᠷᠦᠩ ᠬᠡᠯᠡᠪᠡ᠃     ᠠᠵᠤ ᠦᠢᠯᠡᠳᠪᠦᠷᠢ ᠶᠢᠨ ᠬᠦᠷᠢᠶᠡᠯᠡᠩ ᠣᠷᠣᠨ ᠢᠶᠠᠷ ᠰᠦᠯᠵᠢᠯᠳᠦᠵᠦ ᠪᠠᠶᠢᠭ᠎ᠠ ᠮᠠᠰᠢᠨ ᠮᠧᠬᠠᠨᠢᠭ ᠤᠨ ᠳᠠᠭᠤᠨ ᠳᠤᠮᠳᠠ ᠰᠤᠷᠪᠤᠯᠵᠢᠯᠠᠭᠴᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠠᠰᠠ ᠨᠢᠭᠡᠨ ᠶᠡᠭᠡ ᠬᠦᠷᠢᠶᠡᠯᠡᠩ ᠣᠷᠣᠨ ︱ ᠬᠡᠷᠡᠯ ᠴᠡᠨᠡᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠣᠷᠣᠨ ᠲᠤ ᠬᠦᠷᠴᠡᠢ᠃ ᠠᠳᠡ ᠱᠤᠸᠠᠩ ᠯᠢᠶᠠᠩ ᠰᠢᠨ᠎ᠡ ᠡᠨᠧᠷᠭᠢ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠡᠳᠦᠭᠡᠷ ᠬᠤᠭᠤᠴᠠᠭᠠᠨ ᠤ 5GW ᠲᠠᠰ ᠠᠴᠠ ᠳᠠᠪᠠᠭᠰᠠᠨ ᠬᠡᠷᠡᠯ ᠤᠨ ᠡᠨᠧᠷᠭᠢ ᠶᠢᠨ ᠥᠨᠳᠥᠷ ᠦᠷ᠎ᠡ ᠠᠰᠢᠭᠲᠤ ᠲᠣᠨᠣᠭᠯᠠᠯ ᠤᠨ ᠲᠥᠷᠥᠯ ᠵᠦᠢᠯ ᠢ ᠨᠢᠭᠡᠨᠲᠡ ᠠᠰᠢᠭᠯᠠᠯᠲᠠ ᠳᠤ ᠣᠷᠣᠭᠤᠯᠪᠠ᠂ ᠲᠣᠰ ᠲᠥᠷᠥᠯ ᠵᠦᠢᠯ ᠨᠢ ᠬᠡᠷᠡᠯ ᠤᠨ ᠡᠨᠧᠷᠭᠢ ᠶᠢᠨ ᠠᠵᠤ ᠦᠢᠯᠡᠰ ᠤᠨ ᠬᠡᠯᠬᠢᠶᠡᠨ ᠤ ᠦᠵᠦᠭᠦᠷ ᠤᠨ ᠦᠢᠯᠡᠳᠬᠦᠨ ᠤ ᠲᠥᠷᠥᠯ ᠤᠨ ᠲᠥᠷᠥᠯ ᠵᠦᠢᠯ ᠳᠤ ᠬᠠᠷᠢᠶᠠᠯᠠᠭᠳᠠᠵᠤ᠂ ᠦᠢᠯᠡᠳᠪᠦᠷᠢᠯᠡᠯ ᠤᠨ ᠱᠤᠭᠤᠮ ᠨᠢ ᠠᠵᠢᠯ ᠲᠥᠷᠥᠯ ᠤᠨ ᠳᠣᠲᠣᠷᠠᠬᠢ ᠬᠠᠮᠤᠭ ᠤᠨ ᠲᠡᠷᠢᠭᠦᠨ ᠤ ᠬᠠᠮᠤᠭ ᠤᠨ ᠣᠷᠣᠶᠢᠯᠠᠭᠰᠠᠨ ᠮᠡᠷᠭᠡᠵᠢᠯ ᠢ ᠬᠡᠷᠡᠭᠯᠡᠵᠦ᠂ ᠢᠯᠠᠩᠭᠤᠶ᠎ᠠ AI ᠵᠣᠬᠢᠶᠠᠮᠠᠯ ᠣᠶᠤᠨᠯᠢᠭ ᠤᠨ ᠡᠵᠡᠮᠳᠡᠯ ᠤᠨ ᠢᠯᠭᠠᠨ ᠲᠠᠨᠢᠬᠤ ᠰᠢᠰᠲ᠋ᠧᠮ ᠢᠶᠠᠷ ᠬᠥᠮᠥᠨ ᠤ ᠬᠦᠴᠦᠨ ᠤ ᠰᠢᠯᠭᠠᠨ ᠪᠠᠶᠢᠴᠠᠭᠠᠯᠲᠠ ᠶᠢ ᠣᠷᠣᠯᠠᠭᠤᠯᠵᠤ᠂ ᠦᠢᠯᠡᠳᠬᠦᠨ ᠢ ᠶᠡᠭᠡ ᠴᠢᠳᠠᠮᠵᠢ ᠲᠠᠢ᠂ ᠥᠨᠳᠥᠷ ᠦᠷ᠎ᠡ ᠪᠦᠲᠦᠮᠵᠢ ᠲᠠᠢ ᠵᠡᠷᠭᠡ ᠣᠨᠴᠠᠯᠢᠭ ᠲᠠᠢ ᠪᠣᠯᠭᠠᠵᠠᠢ᠃    ᠱᠤᠸᠠᠩ ᠯᠢᠶᠠᠩ ᠰᠢᠨ᠎ᠡ ᠡᠨᠧᠷᠭᠢ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ᠂ ᠶᠢᠨ ᠹᠧᠩ ᠪᠤᠭᠤᠲᠤ ᠶᠢᠨ ᠰᠠᠯᠬᠢᠨ ᠤ ᠮᠠᠰᠢᠨ ᠤ ᠶᠡᠷᠦᠩᠬᠡᠢ ᠤᠭᠰᠠᠷᠠᠯᠲᠠ ᠶᠢᠨ ᠦᠢᠯᠡᠳᠪᠦᠷᠢ ᠶᠢᠨ ᠲᠦᠷᠦᠯ ᠵᠦᠢᠯ ᠶᠠᠭ ᠢᠳᠡ ᠬᠥᠭ ᠲᠠᠢ ᠶᠠᠪᠤᠭᠳᠠᠵᠤ ᠪᠤᠢ᠃ ᠲᠥᠷᠥᠯ ᠵᠦᠢᠯ ᠤᠨ ᠨᠡᠭᠡᠭᠡᠨ ᠬᠥᠭᠵᠢᠭᠦᠯᠦᠯᠲᠡ ᠶᠢᠨ ᠳᠠᠭᠠᠭᠠᠮᠠᠯ ᠵᠢᠶᠠ‌‍ᠽᠦ ᠰᠢᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠭᠤᠣᠯ ᠡᠵᠡᠩᠨᠡᠯᠲᠡ ᠶᠢᠨ 5H ᠬᠡᠯᠪᠡᠷᠢ ᠠᠴᠠ ᠳᠡᠭᠡᠭᠰᠢᠬᠢ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠪᠣᠯ ᠬᠠᠭᠤᠷᠠᠢ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠶᠡᠭᠡ ᠴᠢᠳᠠᠯ ᠤᠨ ᠮᠠᠰᠢᠨ ᠴᠣᠭᠴᠠᠯᠠᠪᠤᠷᠢ ᠪᠣᠯᠣᠨ᠎ᠠ᠃ ᠲᠤᠰ ᠮᠠᠰᠢᠨ ᠴᠣᠭᠴᠠᠯᠠᠪᠤᠷᠢ ᠶᠢᠨ ᠬᠢᠨ ᠣᠶᠤᠨᠲᠤ ᠰᠠᠯᠬᠢ ᠪᠠᠷᠢᠬᠤ ᠰᠢᠰᠲ᠋ᠧᠮ ᠢ ᠠᠰᠢᠭᠯᠠᠨ ᠰᠠᠯᠬᠢᠨ ᠤ ᠬᠦᠴᠦ ᠰᠠᠯᠬᠢᠨ ᠤ ᠴᠢᠭᠯᠡᠯ ᠢ ᠴᠠᠭ ᠲᠤᠬᠠᠢ ᠳᠤᠨᠢ ᠬᠢᠨᠠᠨ ᠬᠡᠮᠵᠢᠵᠦ ᠴᠠᠬᠢᠯᠭᠠᠨ ᠭᠠᠷᠭᠠᠬᠤ ᠠᠰᠢᠭᠯᠠᠮᠵᠢ ᠶᠢ ᠮᠡᠳᠡᠭᠳᠡᠮ᠎ᠡ ᠨᠡᠮᠡᠭᠳᠡᠭᠦᠯᠵᠦ᠂ ᠰᠠᠯᠬᠢᠨ ᠤ ᠮᠠᠰᠢᠨ ᠢ ᠲᠠᠶᠢᠴᠢᠯᠠᠨ ᠲᠣᠬᠢᠷᠠᠭᠤᠯᠭ᠎ᠠ ᠶᠢᠨ ᠵᠠᠷᠯᠢᠭ ᠢ ᠥᠨᠳᠥᠷ ᠪᠦᠲᠦᠮᠵᠢᠲᠡᠢ ᠪᠠᠷ ᠴᠤᠤᠷᠢᠶᠠᠲᠤᠭᠤᠯᠬᠤ ᠶᠢᠨ ᠬᠠᠮᠲᠤ ᠲᠠᠪᠴᠠᠩᠴᠢᠯᠠᠭᠰᠠᠨ ᠣᠶᠤᠨᠲᠤ ᠠᠵᠢᠯ ᠤᠨ ᠬᠠᠭᠤᠳᠠᠰᠤ ᠪᠠᠷ ᠭᠤᠣᠯ ᠱᠤᠭᠤᠮ ᠪᠣᠯᠭᠠᠨ ᠪᠦᠬᠦᠶᠢᠯᠡ ᠣᠷᠣᠨ ᠪᠦᠰᠡ ᠶᠢᠨ ᠳᠣᠲᠣᠷᠠᠬᠢ ᠰᠠᠯᠬᠢᠨ ᠬᠦᠴᠦᠨ ᠤ ᠴᠠᠬᠢᠯᠭᠠᠨ ᠤ ᠠᠵᠤ ᠦᠢᠯᠡᠰ ᠤᠨ ᠣᠶᠤᠨᠴᠢ ᠡᠵᠡᠩᠨᠡᠯᠲᠡ ᠶᠢᠨ ᠠᠮᠢ ᠠᠬᠤᠢ ᠶᠢᠨ ᠬᠡᠯᠬᠢᠶ᠎ᠡ ᠶᠢᠨ ᠰᠢᠰᠲ᠋ᠧᠮ ᠢ ᠪᠠᠶᠢᠭᠤᠯᠵᠤ᠂ ᠮᠡᠷᠭᠡᠵᠢᠯ ᠨᠢ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠴᠡᠢ᠃     ᠣᠶᠢᠷ᠎ᠠ ᠶᠢᠨ ᠵᠢᠯ ᠤᠳ ᠲᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠡᠬᠢ ᠡᠭᠦᠰᠦᠯ ᠠᠴᠠ ᠪᠠᠨ ᠰᠢᠪᠲᠤᠯᠤᠯᠲᠠ ᠭᠠᠷᠭᠠᠵᠤ᠂ ᠰᠢᠨ᠎ᠡ ᠶᠢ ᠡᠭᠦᠳᠬᠦ ᠲᠠᠯ᠎ᠠ ᠪᠠᠷ ᠳᠠᠪᠠᠯᠲᠠ ᠶᠢ ᠡᠷᠢᠯᠬᠢᠯᠡᠨ ᠨᠢᠭᠡ ᠲᠠᠯ᠎ᠠ ᠪᠠᠷ ︽ᠦᠭᠡᠢ ᠠᠴᠠ ᠪᠠᠶᠢᠬᠤ ᠪᠣᠯᠭᠠᠬᠤ︾ ᠪᠠᠷ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠬᠤ ᠶᠢ ᠪᠠᠷᠢᠮᠲᠠᠯᠠᠵᠤ᠂ ᠬᠤᠣᠰ ᠰᠠᠶᠢᠨ ᠴᠠᠬᠢᠭᠤᠷ ᠤᠨ ᠮᠠᠲ᠋ᠧᠷᠢᠶᠠᠯ ᠳᠤ ᠨᠢᠭᠡᠨᠲᠡ 100GW ᠲᠠᠩ ᠲᠠᠯᠠᠰᠲᠤ ᠴᠠᠬᠢᠭᠤᠷ᠂ 80GW ᠲᠠᠩ ᠲᠠᠯᠠᠰᠲᠤ ᠴᠠᠬᠢᠭᠤᠷ ᠤᠨ ᠢᠵᠢ ᠪᠦᠷᠢᠳᠦᠭᠰᠡᠨ ᠰᠢᠨ᠎ᠡ ᠮᠠᠲ᠋ᠧᠷᠢᠶᠠᠯ ᠢ ᠪᠦᠷᠢᠯᠳᠦᠭᠦᠯᠦᠨ 20GW ᠬᠡᠷᠡᠯ ᠴᠡᠨᠡᠭ ᠤᠨ ᠲᠤᠨᠤᠭ ᠲᠥᠬᠦᠭᠡᠷᠦᠮᠵᠢ ᠶᠢᠨ ᠦᠢᠯᠡᠳᠪᠦᠷᠢᠯᠡᠯ ᠤᠨ ᠬᠡᠪᠴᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠪᠦᠷᠢᠯᠳᠦᠭᠦᠯᠵᠦ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠰᠤᠪᠤᠷᠭ᠎ᠠ ᠶᠢᠨ ᠲᠦᠩᠰᠡ ᠶᠢᠨ ᠦᠢᠯᠡᠳᠪᠦᠷᠢᠯᠡᠯ ᠤᠨ ᠴᠢᠳᠠᠪᠤᠷᠢ 30 ᠲᠦᠮᠡᠨ ᠲᠣᠨ ᠳᠤ ᠬᠦᠷᠴᠦ᠂ ᠰᠢᠨ᠎ᠡ ᠡᠨᠧᠷᠭᠢ ᠶᠢᠨ ᠬᠡᠷᠡᠯ ᠴᠡᠨᠡᠭ ᠤᠨ ᠠᠵᠤ ᠦᠢᠯᠡᠰ ᠤᠨ ᠬᠦᠷᠢᠶᠡᠯᠡᠩ ᠤᠨ ︽ᠮᠢᠩᠭᠠᠨ ᠳ᠋ᠦᠩᠰᠢᠭᠤᠷ ᠳᠡᠰ︾ ᠤᠨ ᠠᠵᠤ ᠦᠢᠯᠡᠰ ᠤᠨ ᠪᠦᠯᠦᠭᠯᠡᠯ ᠠᠩᠬ᠎ᠠ ᠠᠯᠬᠤᠮ ᠬᠡᠪᠴᠢᠶ᠎ᠡ ᠲᠠᠢ ᠪᠣᠯᠵᠠᠢ᠃     ᠨᠥᠭᠦᠭᠡ ᠲᠠᠯ᠎ᠠ ᠪᠠᠷ ︽ᠳᠤᠮᠳᠠ ᠠᠴᠠ ᠰᠢᠨ᠎ᠡ ᠶᠢ ᠪᠣᠶ ᠪᠣᠯᠭᠠᠬᠤ︾ ᠶᠢ ᠴᠢᠩᠭᠠᠳᠬᠠᠵᠤ ᠤᠯᠠᠮᠵᠢᠯᠠᠯᠲᠤ ᠠᠵᠤ ᠦᠢᠯᠡᠰ ᠢ ᠳᠡᠭᠡᠭᠰᠢᠯᠡᠭᠦᠯᠦᠨ᠎ᠡ᠃ ᠬᠤᠪᠣᠷ ᠰᠢᠷᠣᠢ ᠶᠢᠨ ᠠᠵᠤ ᠦᠢᠯᠡᠰ ᠨᠢ ᠰᠣᠷᠢᠨᠵᠢᠨ ᠴᠢᠨᠠᠷᠲᠠᠢ ᠮᠠᠲ᠋ᠧᠷᠢᠶᠠᠯ᠂ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ᠂ ᠭᠢᠯᠠᠶᠢᠯᠭᠠᠬᠤ ᠮᠠᠲ᠋ᠧᠷᠢᠶᠠᠯ᠂ ᠲᠦᠷᠭᠡᠳᠬᠡᠬᠦ ᠵᠢᠴᠢ ᠲᠤᠰᠠᠯᠠᠬᠤ ᠮᠠᠲ᠋ᠧᠷᠢᠶᠠᠯ᠂ ᠬᠤᠪᠣᠷ ᠰᠢᠷᠣᠢ ᠶᠢᠨ ᠬᠠᠶᠢᠯᠤᠰᠢ᠂ ︽ᠬᠤᠪᠣᠷ ᠰᠢᠷᠣᠢ +︾ ᠬᠡᠷᠡᠭᠯᠡᠭᠡᠨ ᠤ ᠵᠦᠢᠯ ᠤᠨ ᠠᠵᠤ ᠦᠢᠯᠡᠰ ᠤᠨ ᠬᠡᠯᠬᠢᠶ᠎ᠡ ᠶᠢ ᠶᠡᠭᠡ ᠪᠠᠷ ᠤᠷᠲᠤᠳᠬᠠᠵᠤ᠂ 2022 ᠣᠨ ᠳᠤ ᠨᠢᠭᠡᠨᠲᠡ ᠪᠠᠷᠤᠭ 500 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠤᠨ ᠬᠡᠪᠴᠢᠶ᠎ᠡ ᠶᠢ ᠪᠣᠶ ᠪᠣᠯᠭᠠᠪᠠ᠃ ᠥᠩᠭᠡᠲᠦ ᠲᠡᠮᠦᠷᠯᠢᠭ ᠤᠨ ᠠᠵᠤ ᠦᠢᠯᠡᠰ ᠨᠢ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠤ ᠵᠡᠰ ᠠᠴᠠ ᠨᠠᠷᠢᠯᠢᠭ ᠬᠥᠩᠭᠡᠨ ᠴᠠᠭᠠᠨ᠂ ᠨᠠᠷᠢᠯᠢᠭ ᠵᠡᠰ ᠰᠠᠪᠠᠭ᠎ᠠ᠂ ᠬᠠᠪᠲᠠᠰᠤ᠂ ᠪᠦᠰᠡ᠂ ᠴᠠᠭᠠᠰᠤ᠂ ᠲᠣᠷᠭ᠎ᠠ ᠵᠡᠷᠭᠡ ᠠᠵᠤ ᠦᠢᠯᠡᠰ ᠤᠨ ᠬᠡᠯᠬᠢᠶ᠎ᠡ ᠪᠣᠯᠪᠠᠰᠤᠷᠠᠭᠤᠯᠬᠤ ᠰᠢᠰᠲ᠋ᠧᠮᠵᠢ ᠶᠢ ᠪᠦᠷᠢᠯᠳᠦᠭᠦᠯᠪᠡ᠃    ᠰᠢᠨᠵᠢᠯᠡᠬᠦ ᠤᠬᠠᠭᠠᠨ ᠮᠡᠷᠭᠡᠵᠢᠯ ᠢ ︽ᠬᠦᠴᠦᠷᠬᠡᠭᠵᠢᠭᠦᠯᠬᠦ︾᠂ ᠰᠢᠨ᠎ᠡ ᠶᠢ ᠡᠭᠦᠳᠬᠦ ᠶᠢ ︽ᠨᠢᠭᠲᠠᠷᠠᠭᠤᠯᠬᠤ︾ ᠬᠤᠪᠢᠷᠠᠯᠲᠠ ᠲᠠᠢ ᠪᠣᠯᠭᠠᠨ᠎ᠠ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠭᠤᠣᠯᠳᠠᠯᠭ᠎ᠠ ᠲᠠᠢ ᠠᠵᠤ ᠦᠢᠯᠡᠰ ᠤᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠪᠦᠬᠦ ᠬᠦᠴᠦᠨ ᠢᠶᠠᠷ ᠴᠢᠩᠭᠠᠳᠬᠠᠵᠤ ᠂ ᠰᠢᠨ᠎ᠡ ᠶᠢ ᠡᠭᠦᠳᠬᠦ ᠲᠠᠪᠴᠠᠩ ᠤᠨ ᠠᠯᠢ ᠤᠯᠠᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠷ ᠬᠥᠳᠡᠯᠭᠡᠭᠦᠷ ᠪᠣᠯᠭᠠᠵᠤ᠂ 2022 ᠣᠨ ᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠵᠢᠱᠢᠶ᠎ᠡ ᠦᠵᠡᠭᠦᠯᠬᠦ ᠣᠷᠣᠨ ᠢᠶᠠᠷ ᠠᠮᠵᠢᠯᠲᠠ ᠲᠠᠢ ᠵᠥᠪᠰᠢᠶᠡᠷᠡᠭᠳᠡᠵᠡᠢ  ᠃ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠭᠠᠯ ᠪᠠᠮᠪᠠᠷ ᠤᠨ ᠲᠥᠪ ᠤᠨ ᠨᠡᠶᠢᠲᠡᠯᠡᠭᠰᠡᠨ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠤᠭ ᠤᠨ ᠰᠢᠨ᠎ᠡ ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ 2020 ᠣᠨ ᠤ ᠬᠢ ᠠᠴᠠ 14 ᠣᠷᠣᠨ ᠲᠠᠰ ᠳᠡᠭᠡᠭᠰᠢᠯᠡᠵᠦ᠂ 75 ᠳ᠋ᠤᠭᠠᠷ ᠲᠤ ᠵᠢᠭᠰᠠᠭᠠᠭᠳᠠᠵᠠᠢ᠃
 
ᠢᠷᠡᠯᠲᠡ᠄
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号