︽ᠦᠵᠦᠭᠦᠷ︾᠎ ᠤᠨ ᠨᠢᠭᠤᠴᠠ ᠨᠣᠮᠧᠷ ᠢ ᠲᠠᠶᠢᠯᠵᠦ ᠬᠤᠪᠣᠷ ᠰᠢᠷᠣᠢ ᠶᠢᠨ ᠠᠵᠤ ᠦᠢᠯᠡᠰ ᠤᠨ ᠥᠨᠳᠥᠷ ᠲᠦᠪᠰᠢᠨ ᠳᠤ ᠬᠦᠷᠬᠦ ᠶᠢ ᠲᠦᠷᠭᠡᠳᠬᠡᠨ᠎ᠡ
ᠨᠡᠶᠢᠲᠡᠯᠡᠭᠰᠡᠨ ᠴᠠᠭ᠄
2023/5/9
    ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠬᠤᠪᠣᠷ ᠰᠢᠷᠣᠢ ᠶᠢᠨ ᠠᠵᠤ ᠦᠢᠯᠡᠰ ᠤᠨ ᠡᠬᠢ ᠪᠠᠶᠠᠯᠢᠭ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢ ᠲᠥᠪᠯᠡᠷᠡᠭᠦᠯᠬᠦ ᠬᠡᠯᠬᠢᠶᠡᠵᠢᠯ ᠢ ᠤᠷᠲᠤᠳᠬᠠᠬᠤ᠂ ᠬᠡᠯᠬᠢᠶᠡᠵᠢᠯ ᠢ ᠴᠢᠩᠭᠠᠳᠬᠠᠬᠤ᠂ ᠬᠡᠯᠬᠢᠶᠡᠵᠢᠯ ᠢ ᠨᠥᠬᠦᠪᠦᠷᠢᠯᠡᠬᠦ᠂ ᠬᠡᠯᠬᠢᠶᠡᠵᠢᠯ ᠢ ᠴᠢᠩᠭᠠᠷᠠᠭᠤᠯᠬᠤ ᠳᠤ ᠠᠰᠢᠭᠲᠠᠢ ᠬᠤᠪᠣᠷ ᠰᠢᠷᠣᠢ ᠶᠢᠨ ᠲᠣᠮᠣ ᠲᠥᠷᠥᠯ ᠵᠦᠢᠯ ᠤᠨ ᠰᠠᠶᠢᠨ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠨᠢᠭᠡ ᠪᠦᠯᠦᠭ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠥᠪᠯᠡᠷᠡᠭᠦᠯᠦᠨ ᠬᠡᠷᠡᠭᠵᠢᠭᠦᠯᠵᠦ᠂ ᠬᠤᠪᠣᠷ ᠰᠢᠷᠣᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠪᠠ ᠦᠢᠯᠡᠳᠬᠦᠨ ᠤ ᠨᠡᠮᠡᠯᠲᠡ ᠥᠷᠲᠡᠭ ᠢ ᠦᠷᠭᠦᠯᠵᠢᠯᠡᠨ ᠳᠡᠭᠡᠭᠰᠢᠯᠡᠭᠦᠯᠦᠨ ᠂ ᠬᠤᠪᠣᠷ ᠰᠢᠷᠣᠢ ᠶᠢᠨ ᠠᠵᠤ ᠦᠢᠯᠡᠰ ᠤᠨ ᠦᠵᠦᠭᠦᠷ ᠤᠨ ᠬᠦᠷᠢᠶ᠎ᠡ ᠴᠠᠷᠠᠭ᠎ᠠ ᠳᠠᠰᠢ ᠤᠷᠤᠭᠰᠢᠯᠠᠬᠤ ᠶᠢ ᠠᠬᠢᠭᠤᠯᠵᠤ ᠂ ᠣᠯᠠᠨ ᠡᠰᠢᠴᠢᠯᠡᠨ ᠬᠥᠭᠵᠢᠭᠰᠡᠨ᠂ ᠣᠯᠠᠨ ᠲᠤᠶᠢᠯ ᠢᠶᠠᠷ ᠲᠤᠯᠭᠠᠭᠤᠷᠢᠯᠠᠭᠰᠠᠨ ᠣᠲᠣ ᠦᠶ᠎ᠡ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠰᠢᠰᠲ᠋ᠧᠮᠵᠢ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃    ᠪᠤᠭᠤᠲᠤ ᠶᠢᠨ ᠵᠢᠶᠠᠩ ᠰᠢᠨ ᠪᠢᠴᠢᠯ ᠴᠠᠬᠢᠯᠭᠠᠨ ᠮᠠᠰᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠣᠶᠤᠨᠲᠤ ᠲᠣᠭᠠᠴᠢᠯᠠᠭᠰᠠᠨ ᠦᠢᠯᠡᠳᠪᠦᠷᠢᠯᠡᠯ ᠤᠨ ᠲᠠᠰᠤᠭ ᠲᠤ ᠣᠷᠣᠬᠤ ᠳᠤ᠂ ᠬᠡᠳᠦᠨ ᠠᠷᠪᠠᠨ ᠮᠧᠲᠷ ᠤᠨ ᠦᠢᠯᠡᠳᠪᠦᠷᠢᠯᠡᠯ ᠤᠨ ᠱᠤᠭᠤᠮ ᠳᠡᠭᠡᠷ᠎ᠡ ᠠᠵᠢᠯᠴᠢᠨ ᠤ ᠠᠵᠢᠯ ᠴᠥᠭᠡᠨ ᠪᠠᠶᠢᠵᠤ᠂ ᠭᠠᠵᠠᠷ ᠪᠣᠯᠭᠠᠨ ᠳᠤ ᠬᠠᠷᠠᠭᠳᠠᠬᠤ AI ᠣᠶᠤᠨᠲᠤ ᠮᠠᠰᠢᠨ ᠬᠥᠮᠥᠨ ᠢ ᠣᠷᠣᠯᠠᠵᠤ᠂ ᠡᠶᠢᠮᠦ ᠶᠡᠭᠡ ᠦᠢᠯᠡᠳᠪᠦᠷᠢᠯᠡᠯ ᠤᠨ ᠲᠠᠰᠤᠭ ᠲᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠭᠳᠡᠯ ᠭᠦᠢᠴᠡᠳ ᠪᠠᠶᠢᠯ᠎ᠠ᠃    ᠡᠨᠡ ᠪᠣᠯ ᠨᠢᠭᠡᠨ ᠪᠢᠴᠢᠯ ᠬᠡᠯᠪᠡᠷᠢ ᠶᠢᠨ ᠺᠠᠮᠧᠷᠠ ᠶᠢᠨ ᠠᠦ᠋ᠲ᠋ᠣ᠋ ᠲᠥᠪᠯᠡᠷᠡᠯ ᠥᠭᠡᠷᠡᠴᠢᠯᠡᠬᠦ ᠮᠣᠲ᠋ᠣᠷ ︵VCM︶᠎ ᠢ ᠰᠤᠳᠤᠯᠤᠨ ᠨᠡᠭᠡᠭᠡᠬᠦ᠂ ᠦᠢᠯᠡᠳᠪᠦᠷᠢᠯᠡᠬᠦ ᠪᠠ ᠪᠣᠷᠣᠯᠠᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠪᠣᠯᠬᠤ ᠪᠥᠭᠡᠳ ᠪᠠᠰᠠ ᠴᠤ ᠬᠤᠪᠣᠷ ᠰᠢᠷᠣᠢ ᠶᠢᠨ ᠠᠵᠤ ᠦᠢᠯᠡᠰ ᠤᠨ ᠦᠵᠦᠭᠦᠷ ᠤᠨ ᠬᠡᠷᠡᠭᠯᠡᠭᠡᠨ ᠤ ᠠᠵᠤ ᠠᠬᠤᠶᠢᠯᠠᠯ ᠪᠣᠯᠣᠨ᠎ᠠ᠃ᠣᠳᠣᠬᠠᠨ ᠳᠤ᠂ ᠲᠣᠰ ᠠᠵᠤ ᠠᠬᠤᠶᠢᠯᠠᠯ ᠤᠨ ᠪᠥᠬᠦ ᠬᠤᠷᠳᠤᠴᠠ ᠪᠠᠷ ᠠᠵᠢᠯᠯᠠᠵᠤ ᠪᠠᠶᠢᠭ᠎ᠠ ︽ᠬᠤᠣᠰ ᠲᠣᠭᠤᠷᠢᠯᠲᠠ ᠶᠢᠨ ᠵᠠᠮ VCM ᠪᠦᠷᠢᠨ ᠠᠦ᠋ᠲ᠋ᠣ᠋ ᠦᠢᠯᠡᠳᠪᠦᠷᠢᠯᠡᠯ ᠤᠨ ᠱᠤᠭᠤᠮ︾ ᠪᠣᠯ ᠪᠥᠬᠦ ᠳᠡᠯᠡᠬᠡᠢ ᠶᠢᠨ ᠴᠣᠷ ᠤᠨ ᠭᠠᠭᠴᠠ ︽ᠬᠤᠣᠰ ᠲᠣᠭᠤᠷᠢᠯᠲᠠ ᠶᠢᠨ ᠵᠠᠮ︾᠎ ᠤᠨ ᠦᠢᠯᠡᠳᠪᠦᠷᠢᠯᠡᠯ ᠤᠨ ᠱᠤᠭᠤᠮ ᠪᠠᠶᠢᠵᠤ᠂ ᠳᠡᠯᠡᠬᠡᠢ ᠶᠢᠨ ᠲᠡᠷᠢᠭᠦᠨ ᠤ ᠬᠢᠷᠢ ᠲᠦᠪᠰᠢᠨ ᠳᠤ ᠭᠦᠷᠦᠭᠰᠡᠨ ᠪᠠᠶᠢᠨ᠎ᠠ᠃    ︽ᠤᠯᠠᠮᠵᠢᠯᠠᠯᠲᠤ ᠳᠠᠩ ᠴᠣᠯᠭᠤᠢ ᠦᠢᠯᠡᠳᠪᠦᠷᠢᠯᠡᠯ ᠤᠨ ᠱᠤᠭᠤᠮ ᠤᠨ ᠱᠤᠭᠤᠮ ᠪᠦᠷᠢ ᠳᠤ 30 ᠬᠥᠮᠥᠨ ᠢᠶᠠᠷ ᠠᠵᠢᠯᠯᠠᠭᠤᠯᠵᠤ᠂ ᠴᠠᠭ ᠪᠦᠷᠢ ᠳᠤ 7500 ᠠᠦ᠋ᠲ᠋ᠣ᠋ ᠲᠥᠪᠯᠡᠷᠡᠯ ᠬᠤᠪᠢᠰᠬᠠᠬᠤ ᠮᠣᠲ᠋ᠣᠷ ᠦᠢᠯᠡᠳᠪᠦᠷᠢᠯᠡᠵᠦ ᠪᠣᠯᠣᠨ᠎ᠠ  ᠃ ᠴᠣ ᠰᠢᠨ᠎ᠡ ᠬᠤᠣᠰ ᠵᠠᠮᠲᠤ ᠦᠢᠯᠡᠳᠪᠦᠷᠢᠯᠡᠯ ᠤᠨ ᠱᠤᠭᠤᠮ ᠤᠨ ᠱᠤᠭᠤᠮ ᠨᠢᠭᠡᠪᠦᠷᠢ ᠳᠤ ᠵᠥᠪᠬᠡᠨ 10 ᠬᠥᠮᠥᠨ ᠠᠵᠢᠯᠯᠠᠵᠤ᠂ ᠦᠢᠯᠡᠳᠪᠦᠷᠢᠯᠡᠯ ᠤᠨ ᠴᠢᠳᠠᠪᠤᠷᠢ ᠶᠢ ᠨᠢᠭᠡ ᠲᠠᠬᠢᠨ ᠨᠡᠮᠡᠭᠳᠡᠭᠦᠯᠦᠨ 15000 ᠎ ᠳᠤ ᠬᠦᠷᠭᠡᠵᠦ᠂ ᠪᠦᠬᠦ ᠪᠥᠮᠪᠥᠷᠴᠡᠭ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠬᠡᠷᠡᠭᠴᠡᠭᠡ ᠶᠢ ᠪᠦᠲᠦᠮᠵᠢᠲᠡᠢ ᠪᠠᠲᠤᠯᠠᠵᠤ ᠴᠢᠳᠠᠨ᠎ᠠ᠃ ᠮᠠᠨ ᠤ ᠦᠢᠯᠡᠳᠬᠦᠨ ᠭᠠᠳᠠᠭᠠᠳᠤ ᠶᠢᠨ ᠦᠢᠯᠡᠳᠪᠦᠷᠢ ᠶᠢᠨ ᠤᠷᠳᠤ ᠬᠤᠭᠤᠴᠠᠭᠠᠨ ᠤ ᠭᠠᠭᠴᠠᠭᠠᠷ ᠡᠵᠡᠮᠰᠢᠯ ᠤᠨ ᠪᠠᠶᠢᠳᠠᠯ ᠢ ᠡᠪᠳᠡᠵᠦ᠂ ᠡᠯᠧᠺᠲᠷᠣᠨ᠂ ᠮᠧᠬᠠᠨᠢᠭ᠂ ᠮᠡᠳᠡᠭᠡ ᠬᠤᠯᠪᠣᠭᠠᠨ ᠤ ᠪᠠᠭᠠᠵᠢ ᠬᠡᠷᠡᠭᠰᠡᠯ ᠵᠢᠴᠢ ᠰᠠᠨᠰᠠᠷ ᠤᠨ ᠠᠶᠠᠯᠠᠯ᠂ ᠠᠭᠠᠷ ᠤᠨ ᠠᠶᠠᠯᠠᠯ ᠵᠡᠷᠭᠡ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠪᠢᠴᠢᠯ ᠴᠠᠬᠢᠯᠭᠠᠨ ᠮᠠᠰᠢᠨ ᠤ ᠬᠦᠷᠢᠶᠡᠨ ᠳᠤ ᠥᠷᠭᠡᠨ ᠢᠶᠠᠷ ᠬᠡᠷᠡᠭᠯᠡᠭᠳᠡᠵᠡᠢ︾ ᠭᠡᠵᠦ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠯᠢ ᠪᠢᠨ ᠬᠡᠯᠡᠪᠡ᠃    ᠰᠤᠷᠪᠤᠯᠵᠢᠯᠠᠭᠴᠢ 2000 ᠲᠡᠭᠰᠢ ᠳᠥᠷᠪᠡᠯᠵᠢᠨ ᠲᠠᠯᠠᠪᠠᠢ ᠲᠠᠢ ᠥᠪᠥᠷ ᠮᠣᠩᠭᠤᠯ ᠤᠨ ᠪᠧᠢ ᠺᠧ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠮᠠᠰᠢᠨ ᠬᠥᠮᠥᠨ ᠤ ᠬᠢᠵᠠᠭᠠᠷᠲᠤ ᠺᠣᠮᠫᠠᠨᠢ ᠶᠢᠨ ᠮᠠᠰᠢᠨ ᠬᠥᠮᠥᠨ ᠤ ᠬᠤᠷᠠᠮᠠᠯ ᠦᠢᠯᠡᠳᠪᠦᠷᠢ ᠶᠢᠨ ᠲᠠᠰᠤᠭ ᠲᠤ ᠬᠦᠷᠬᠦ ᠳᠤ᠂ 55 ᠺᠢᠯᠣᠭ᠍ᠷᠠᠮ ᠤᠨ ᠲᠦᠷᠪᠡᠨ ᠬᠥᠯᠲᠦ ᠮᠠᠰᠢᠨ ᠨᠣᠬᠠᠢ ᠡᠳᠦᠷ ᠲᠤᠳᠤᠮ ᠤᠨ ᠲᠣᠭᠤᠷᠢᠨ ᠪᠠᠶᠢᠴᠠᠭᠠᠯᠲᠠ ᠬᠢᠵᠦ ᠪᠠᠶᠢᠯ᠎ᠠ᠃ ᠡᠨᠡ ᠬᠦ ᠮᠠᠰᠢᠨ ᠨᠣᠬᠠᠢ 80 ᠺᠢᠯᠣᠭ᠍ᠷᠠᠮ ᠠᠴᠢᠵᠤ᠂ ᠴᠠᠭ ᠤᠨ ᠬᠤᠷᠳᠤᠴᠠ ᠨᠢ 8 ᠺᠢᠯᠣᠮᠧᠲᠷ᠂ ᠬᠠᠷᠪᠤᠯᠲᠠ ᠶᠢᠨ ᠥᠨᠳᠥᠷ ᠤᠨ ᠬᠡᠮᠵᠢᠶ᠎ᠡ ᠨᠢ 2.5 ᠮᠧᠲᠷ ᠲᠤ ᠬᠦᠷᠴᠦ ᠂ ᠭᠠᠵᠠᠷ ᠤᠨ ᠪᠠᠶᠢᠴᠠ᠂ ᠠᠭᠤᠷ ᠠᠮᠢᠰᠬᠤᠯ ᠵᠡᠷᠭᠡ ᠮᠠᠭᠤ ᠣᠷᠴᠢᠨ ᠲᠣᠭᠤᠷᠢᠨ ᠢ ᠢᠯᠠᠨ ᠲᠠᠪᠠᠨ ᠪᠥᠬᠦ ᠲᠠᠯ᠎ᠠ ᠪᠠᠷ ᠢᠯᠭᠠᠨ ᠲᠠᠨᠢᠵᠤ᠂ 24 ᠴᠠᠭ ᠲᠤ ᠪᠡᠶ᠎ᠡ ᠪᠠᠨ ᠳᠠᠭᠠᠭᠠᠵᠤ ᠠᠵᠢᠯᠯᠠᠬᠤ ᠶᠢ ᠪᠡᠶᠡᠯᠡᠭᠦᠯᠵᠦ ᠴᠢᠳᠠᠨ᠎ᠠ᠃    ᠤᠮᠠᠷᠠᠲᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠮᠠᠰᠢᠨ ᠬᠥᠮᠥᠨ ᠤ ᠬᠤᠷᠠᠮᠠᠯ ᠦᠢᠯᠡᠳᠪᠦᠷᠢ ᠶᠢᠨ ᠲᠠᠰᠤᠭ ᠤᠨ ᠡᠮᠦᠨ᠎ᠡ ᠲᠠᠯ᠎ᠠ ᠳᠤ᠂ ᠨᠢᠭᠡᠨ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠤ ᠨᠡᠭᠦᠷᠡᠰᠦᠨ ᠬᠡᠰᠡᠭᠲᠦ ᠦᠷᠦᠬᠦ ᠮᠠᠰᠢᠨ ᠬᠥᠮᠥᠨ ᠴᠢᠨᠠᠷ ᠴᠢᠨᠰᠠᠭ᠎ᠠ ᠶᠢᠨ ᠰᠢᠯᠭᠠᠨ ᠪᠠᠶᠢᠴᠠᠭᠠᠯᠲᠠ ᠬᠢᠵᠦ ᠪᠤᠢ᠃ ᠣᠳᠣᠬᠠᠨ ᠳᠤ᠂ ᠮᠠᠰᠢ ᠣᠯᠠᠨ ᠦᠢᠯᠡᠳᠪᠦᠷᠢ ᠶᠢᠨ ᠠᠷᠭ᠎ᠠ ᠲᠤᠶᠢᠯ ᠤᠨ ᠨᠡᠭᠦᠷᠡᠰᠦᠨ ᠠᠶᠠᠭ᠎ᠠ ᠵᠢᠴᠢ ᠥᠩᠭᠡᠨ ᠲᠠᠯ᠎ᠠ ᠶᠢᠨ ᠨᠠᠭᠠᠯᠳᠤᠮᠠᠯ ᠪᠣᠳᠠᠰ ᠢ ᠴᠡᠪᠡᠷᠯᠡᠬᠦ ᠳᠤ ᠨᠡᠶᠢᠳᠡᠮ ᠳᠡᠭᠡᠨ ᠬᠥᠮᠥᠨ ᠤ ᠬᠦᠴᠦ ᠪᠠᠷ ᠠᠵᠢᠯᠯᠠᠬᠤ ᠠᠷᠭ᠎ᠠ ᠮᠠᠶ᠋ᠢᠭ ᠢ ᠬᠡᠷᠡᠭᠯᠡᠵᠦ ᠪᠠᠶᠢᠨ᠎ᠠ᠂ ᠲᠣᠰ ᠠᠷᠭ᠎ᠠ ᠳᠤ ᠣᠷᠴᠢᠨ ᠲᠣᠭᠤᠷᠢᠨ ᠠᠨᠠᠢ᠂ ᠠᠮᠤᠷ ᠲᠦᠪᠰᠢᠨ ᠤ ᠲᠦᠭᠰᠢᠭᠦᠷᠢ ᠶᠡᠭᠡ᠂ ᠦᠷ᠎ᠡ ᠪᠦᠲᠦᠮᠵᠢ ᠳᠣᠣᠷ᠎ᠠ ᠪᠠ ᠬᠥᠮᠥᠨ ᠤ ᠬᠦᠴᠦᠨ ᠤ ᠥᠪᠡᠷ ᠤᠨ ᠥᠷᠲᠡᠭ ᠥᠨᠳᠥᠷ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠲᠤᠰ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠤᠳᠤᠯᠤᠨ ᠦᠢᠯᠡᠳᠦᠭᠰᠡᠨ ᠨᠡᠭᠦᠷᠡᠰᠦ ᠦᠷᠦᠬᠦ ᠮᠠᠰᠢᠨ ᠬᠥᠮᠥᠨ ᠳᠤᠯᠠᠭᠠᠨ ᠤ ᠬᠡᠮᠵᠢᠶ᠎ᠡ᠂ ᠬᠦᠨᠳᠦ ᠪᠣᠬᠢᠷᠲᠤᠯ ᠵᠡᠷᠭᠡ ᠮᠠᠭᠤ ᠣᠷᠴᠢᠨ ᠲᠣᠭᠤᠷᠢᠨ ᠢ ᠪᠦᠲᠦᠮᠵᠢᠲᠡᠢ ᠢᠯᠠᠨ ᠳᠠᠪᠠᠵᠤ᠂ 24 ᠴᠠᠭ ᠤᠨ ᠥᠨᠳᠥᠷ ᠦᠷ᠎ᠡ ᠠᠰᠢᠭ ᠲᠠᠢ ᠪᠠᠷ ᠦᠷᠦᠵᠦ ᠦᠢᠯᠡᠳᠪᠦᠷᠢᠯᠡᠬᠦ ᠶᠢ ᠪᠡᠶᠡᠯᠡᠭᠦᠯᠵᠦ᠂ ᠬᠥᠮᠥᠨ ᠤ ᠬᠦᠴᠦ ᠪᠠᠷ ᠠᠮᠠᠷᠬᠠᠨ ᠶᠠᠳᠠᠷᠠᠬᠤ᠂ ᠦᠢᠯᠡᠳᠪᠦᠷᠢᠯᠡᠯ ᠤᠨ ᠦᠷ᠎ᠡ ᠠᠰᠢᠭ ᠳᠣᠣᠷ᠎ᠠ ᠵᠡᠷᠭᠡ ᠠᠰᠠᠭᠤᠳᠠᠯ ᠢ ᠠᠮᠵᠢᠯᠲᠠ ᠲᠠᠢ ᠰᠢᠢᠳᠪᠦᠷᠢᠯᠡᠭᠰᠡᠨ ᠪᠠᠶᠢᠨ᠎ᠠ᠃     ︽ᠨᠡᠭᠦᠷᠡᠰᠦᠨ ᠬᠡᠰᠡᠭ ᠪᠣᠯ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠢ ᠦᠢᠯᠡᠳᠪᠦᠷᠢᠯᠡᠬᠦ ᠬᠠᠮᠤᠭ ᠤᠨ ᠶᠡᠭᠡ ᠬᠤᠷᠣᠭᠳᠠᠯᠲᠤ ᠡᠳ᠋ ᠮᠥᠨ᠃ ᠨᠢᠭᠡ ᠲᠣᠨ ᠴᠠᠬᠢᠯᠭᠠᠨ ᠵᠠᠳᠠᠯᠤᠯ ᠤᠨ ᠬᠥᠩᠭᠡᠨ ᠴᠠᠭᠠᠨ ᠢ ᠦᠢᠯᠡᠳᠪᠦᠷᠢᠯᠡᠬᠦ ᠳᠤ ᠬᠠᠭᠠᠰ ᠲᠣᠨ ᠨᠡᠭᠦᠷᠡᠰᠦ ᠬᠡᠷᠡᠭᠰᠡᠨ᠎ᠡ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠢᠶᠠᠷ ᠵᠢᠱᠢᠶᠡᠯᠡᠪᠡᠯ᠂ ᠣᠳᠣᠬᠠᠨ ᠳᠤ ᠲᠣᠰ ᠣᠷᠣᠨ ᠤ ᠬᠥᠩᠭᠡᠨ ᠴᠠᠭᠠᠨ ᠢ ᠨᠠᠷᠢᠯᠢᠭ ᠪᠣᠯᠪᠠᠰᠤᠷᠠᠭᠤᠯᠬᠤ ᠦᠢᠯᠡᠳᠪᠦᠷᠢᠯᠡᠯ ᠤᠨ ᠴᠢᠳᠠᠪᠤᠷᠢ 135 ᠲᠦᠮᠡᠨ ᠲᠣᠨ ᠳᠤ ᠬᠦᠷᠴᠦ᠂ ᠨᠡᠭᠦᠷᠡᠰᠦᠨ ᠬᠡᠰᠡᠭ ᠤᠨ ᠬᠡᠷᠡᠭᠰᠡᠬᠦ ᠬᠡᠮᠵᠢᠶ᠎ᠡ ᠎ ᠨᠢ ᠪᠠᠷᠤᠭ 70 ᠲᠦᠮᠡᠨ ᠲᠣᠨ ᠪᠠᠶᠢᠵᠤ᠂ ᠬᠠᠷᠢᠨ ᠨᠢᠭᠡ ᠬᠡᠰᠡᠭ ᠨᠡᠭᠦᠷᠡᠰᠦᠨ ᠬᠡᠰᠡᠭ ᠤᠨ ᠬᠦᠨᠳᠦ ᠨᠢ ᠪᠠᠷᠤᠭ 950 ᠺᠢᠯᠣᠭ᠍ᠷᠠᠮ ᠪᠠᠶᠢᠨ᠎ᠠ᠃ ᠡᠶᠢᠮᠦ ᠠᠴᠠ ᠨᠡᠭᠦᠷᠡᠰᠦᠨ ᠬᠡᠰᠡᠭ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠲᠡᠭᠡᠷᠮ᠎ᠡ ᠶᠢᠨ ᠨᠠᠷᠢᠯᠢᠭ ᠬᠡᠮᠵᠢᠶ᠎ᠡ ᠶᠢ ᠳᠡᠭᠡᠭᠰᠢᠯᠡᠭᠦᠯᠬᠦ᠂ ᠬᠥᠮᠥᠨ ᠤ ᠬᠦᠴᠦᠨ ᠤ ᠥᠪᠡᠷ ᠤᠨ ᠥᠷᠲᠡᠭ ᠢ ᠪᠠᠭᠤᠷᠠᠭᠤᠯᠬᠤ ᠨᠢ ᠠᠵᠤ ᠠᠬᠤᠶᠢᠯᠠᠯ ᠳᠤ ᠠᠪᠴᠤ ᠬᠡᠯᠡᠪᠡᠯ ᠲᠤᠶᠢᠯ ᠤᠨ ᠴᠢᠬᠤᠯᠠ ᠶᠤᠮ᠂ ᠬᠠᠷᠢᠨ ᠮᠠᠰᠢᠨ ᠬᠥᠮᠥᠨ ᠤ ᠠᠵᠢᠯ ᠨᠢ ᠡᠲᠡᠭᠡᠷ ᠠᠯᠢ ᠣᠯᠠᠨ ᠬᠦᠴᠢᠷ ᠠᠰᠠᠭᠤᠳᠠᠯ ᠢ ᠶᠠᠭ ᠰᠠᠶᠢᠬᠠᠨ ᠰᠢᠢᠳᠪᠦᠷᠢᠯᠡᠭᠰᠡᠨ ᠪᠠᠶᠢᠨ᠎ᠠ︾ ᠭᠡᠵᠦ ᠠᠵᠤ ᠠᠬᠤᠶᠢᠯᠠᠯ ᠤᠨ ᠶᠡᠷᠦᠩᠬᠡᠢ ᠢᠨᠵᠧᠨᠧᠷ ᠢᠦᠢ ᠵᠢᠶᠦ᠋ᠨ ᠬᠡᠯᠡᠵᠡᠢ᠃     ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠳᠣᠬᠠᠨ ᠳᠤ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ᠂ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ᠂ ᠱᠠᠩᠬᠠᠢ ᠶᠢᠨ ᠢᠨᠵᠧᠨᠧᠷᠢᠩ ᠤᠨ ᠮᠡᠷᠭᠡᠵᠢᠯ ᠤᠨ ᠶᠡᠭᠡ ᠰᠤᠷᠭᠠᠭᠤᠯᠢ᠂ ᠭᠤᠸᠠᠩᠵᠧᠦ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠤ ᠪᠦᠯᠬᠦᠮ ᠤᠨ ᠬᠦᠴᠦᠨ ᠳᠤ ᠲᠦᠰᠢᠭᠯᠡᠵᠦ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ 5G ᠎ ᠶᠢᠨ ᠮᠡᠳᠡᠭᠡ ᠬᠤᠯᠪᠣᠭ᠎ᠠ ᠵᠡᠷᠭᠡ ᠲᠡᠷᠢᠭᠦᠨ ᠤ ᠮᠡᠷᠭᠡᠵᠢᠯ ᠲᠠᠢ ᠤᠶᠠᠯᠳᠤᠭᠤᠯᠤᠨ᠂ ᠡᠯ᠎ᠡ ᠵᠦᠢᠯ ᠤᠨ ᠠᠵᠤ ᠦᠢᠯᠡᠳᠪᠦᠷᠢ ᠶᠢᠨ ᠦᠢᠯᠡᠳᠬᠦ ᠬᠦᠷᠢᠶᠡᠨ ᠳᠤ ᠲᠣᠬᠢᠷᠠᠬᠤ ᠮᠠᠰᠢᠨ ᠬᠥᠮᠥᠨ ᠢ ᠰᠤᠳᠤᠯᠤᠨ ᠦᠢᠯᠡᠳᠪᠦᠷᠢᠯᠡᠬᠦ ᠪᠠᠷ ᠴᠢᠷᠮᠠᠶᠢᠵᠤ᠂ ᠭᠠᠩᠨᠠᠬᠤ᠂ ᠦᠷᠦᠬᠦ᠂ ᠵᠥᠭᠡᠭᠡᠪᠦᠷᠢᠯᠡᠬᠦ᠂ ᠮᠠᠲ᠋ᠧᠷᠢᠶᠠᠯ ᠣᠷᠣᠭᠤᠯᠬᠤ᠂ ᠤᠭᠰᠠᠷᠠᠬᠤ᠂ ᠰᠢᠯᠭᠠᠨ ᠪᠠᠶᠢᠴᠠᠭᠠᠬᠤ᠂ ᠭᠠᠯ ᠤᠨᠲᠠᠷᠠᠭᠠᠬᠤ ᠵᠡᠷᠭᠡ ᠣᠯᠠᠨ ᠬᠡᠷᠡᠭᠯᠡᠭᠡᠨ ᠤ ᠲᠠᠯᠠᠪᠤᠷ ᠤᠨ ᠦᠢᠯᠡᠳᠬᠦᠨ ᠤ ᠰᠢᠰᠲ᠋ᠧᠮᠵᠢ ᠶᠢ ᠪᠦᠷᠢᠯᠳᠦᠭᠦᠯᠪᠡ᠃    ᠣᠶᠢᠷ᠎ᠠ ᠳᠤ᠂ ᠥᠪᠥᠷ ᠮᠣᠩᠭᠤᠯ ᠤᠨ ᠵᠢᠩ ᠲᠤᠸ ᠼᠢᠷᠺᠦᠨ ᠤ ᠦᠢᠯᠡᠰ ᠤᠨ ᠬᠢᠵᠠᠭᠠᠷᠲᠤ ᠺᠣᠮᠫᠠᠨᠢ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠪᠣᠯᠣᠨ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠲᠠᠢ ᠬᠠᠮᠲᠤᠷᠠᠨ ᠰᠤᠳᠤᠯᠤᠨ ᠨᠡᠭᠡᠭᠡᠭᠰᠡᠨ ᠨᠢᠭᠡ ᠵᠦᠢᠯ ᠤᠨ ᠬᠤᠪᠣᠷ ᠰᠢᠷᠣᠢ ᠶᠢᠨ ᠮᠠᠲ᠋ᠧᠷᠢᠶᠠᠯ ︱ ᠬᠤᠪᠣᠷ ᠰᠢᠷᠣᠢ ᠶᠢᠨ ᠸᠠᠭᠠᠷ ᠱᠠᠭᠠᠵᠠᠩ ᠤᠨ ᠢᠯᠴᠢ ᠶᠢᠨ ᠬᠠᠯᠬᠠᠪᠴᠢ ᠶᠢᠨ ᠲᠦᠷᠬᠢᠮᠡᠯ ᠳᠠᠪᠬᠤᠷᠭ᠎ᠠ ᠶᠢᠨ ᠫᠠᠢ ᠶᠢᠨ ᠮᠠᠲ᠋ᠧᠷᠢᠶᠠᠯ ᠢ ᠠᠮᠵᠢᠯᠲᠠ ᠲᠠᠢ ᠪᠠᠷ ᠠᠵᠤ ᠦᠶᠢᠯᠡᠰᠵᠢᠭᠦᠯᠵᠦ᠂ ᠭᠠᠳᠠᠭᠠᠳᠤ ᠶᠢᠨ ᠠᠵᠤ ᠠᠬᠤᠶᠢᠯᠠᠯ ᠤᠨ ᠡᠨᠡ ᠬᠦ ᠬᠦᠷᠢᠶᠡᠨ ᠳᠠᠬᠢ ᠮᠡᠷᠭᠡᠵᠢᠯ ᠤᠨ ᠭᠠᠭᠴᠠᠭᠠᠷ ᠡᠵᠡᠮᠰᠢᠯ ᠪᠠ ᠪᠢᠲᠡᠭᠦᠮᠵᠢᠯᠡᠯ ᠢ ᠨᠢᠭᠡ ᠯᠡ ᠳᠡᠭᠡᠷ᠎ᠡ ᠡᠪᠳᠡᠭᠰᠡᠨ ᠪᠠᠶᠢᠨ᠎ᠠ᠃    ︽ᠬᠤᠪᠣᠷ ᠰᠢᠷᠣᠢ ᠶᠢᠨ ᠸᠠᠭᠠᠷ ᠱᠠᠭᠠᠵᠠᠩ ᠤᠨ ᠢᠯᠴᠢ ᠶᠢᠨ ᠬᠠᠯᠬᠠᠪᠴᠢ ᠶᠢᠨ ᠲᠦᠷᠬᠢᠮᠡᠯ ᠳᠠᠪᠬᠤᠷᠭ᠎ᠠ ᠶᠢᠨ ᠫᠠᠢ ᠶᠢᠨ ᠮᠠᠲ᠋ᠧᠷᠢᠶᠠᠯ ᠨᠢ ᠥᠨᠳᠥᠷ ᠳᠤᠯᠠᠭᠠᠨ ᠳᠤ ᠳᠠᠭᠠᠭᠠᠮᠠᠭᠠᠢ᠂ ᠢᠳᠡᠭᠳᠡᠯ ᠳᠤ ᠳᠠᠭᠠᠭᠠᠮᠠᠭᠠᠢ᠂ ᠳᠠᠭᠠᠷᠢᠯᠲᠠ ᠳᠤ ᠳᠠᠭᠠᠭᠠᠮᠠᠭᠠᠢ ᠣᠨᠴᠠᠯᠢᠭ ᠲᠠᠢ ᠪᠠᠶᠢᠵᠤ᠂ ᠠᠭᠠᠷ ᠤᠨ ᠠᠶᠠᠯᠠᠯ ᠤᠨ ᠬᠥᠳᠡᠯᠭᠡᠭᠦᠷ᠂ ᠲᠦᠷᠪᠢᠨ ᠤ ᠢᠯᠲᠠᠰᠤ ᠵᠡᠷᠭᠡ ᠲᠥᠬᠦᠭᠡᠷᠦᠮᠵᠢ ᠶᠢᠨ 1400 ᠭᠷᠡᠳᠦ᠋ᠰ ᠤᠨ ᠠᠵᠢᠯᠯᠠᠭᠠᠨ ᠤ ᠣᠷᠴᠢᠨ ᠲᠣᠭᠤᠷᠢᠨ ᠳᠤ ᠵᠣᠬᠢᠴᠠᠵᠤ᠂ ᠲᠦᠷᠦᠯ ᠵᠦᠢᠯ ᠢ ᠠᠮᠵᠢᠯᠲᠠ ᠲᠠᠢ ᠠᠵᠤ ᠦᠢᠯᠡᠰᠵᠢᠭᠦᠯᠬᠦ ᠨᠢ ᠮᠠᠨ ᠤ ᠤᠯᠤᠰ ᠤᠨ ᠲᠦᠷᠪᠢᠨ ᠤ ᠢᠯᠲᠠᠰᠤ ᠶᠢᠨ ᠢᠯᠴᠢ ᠶᠢᠨ ᠬᠠᠯᠬᠠᠪᠴᠢ ᠶᠢᠨ ᠲᠦᠷᠬᠢᠮᠡᠯ ᠳᠠᠪᠬᠤᠷᠭ᠎ᠠ ᠶᠢ ᠦᠢᠯᠡᠳᠴᠦ ᠬᠡᠷᠡᠭᠯᠡᠭᠡᠨ ᠤ ᠬᠦᠴᠢᠷ ᠠᠰᠠᠭᠤᠳᠠᠯ ᠢ ᠰᠢᠢᠳᠪᠦᠷᠢᠯᠡᠬᠦ ᠪᠣᠯᠣᠨ᠎ᠠ᠃ ᠣᠳᠣᠬᠠᠨ ᠳᠤ᠂ ᠠᠵᠤ ᠠᠬᠤᠶᠢᠯᠠᠯ ᠤᠨ ᠬᠤᠪᠣᠷ ᠰᠢᠷᠣᠢ ᠶᠢᠨ ᠸᠠᠭᠠᠷ ᠱᠠᠭᠠᠵᠠᠩ ᠤᠨ ᠫᠠᠢ ᠶᠢᠨ ᠮᠠᠲ᠋ᠧᠷᠢᠶᠠᠯ ᠪᠠ ᠬᠤᠪᠣᠷ ᠰᠢᠷᠣᠢ ᠶᠢᠨ ᠼᠢᠷᠺᠦᠨ ᠬᠦᠴᠢᠯ ᠤᠨ ᠳᠠᠪᠤᠰᠤᠨ ᠤ ᠨᠤᠨᠳᠠᠭ ᠨᠢ ᠴᠥᠮ ᠵᠢᠯ ᠳᠤ 50 ᠲᠣᠨ ᠦᠢᠯᠡᠳᠪᠦᠷᠢᠯᠡᠬᠦ ᠦᠢᠯᠡᠳᠪᠦᠷᠢᠯᠡᠯ ᠤᠨ ᠴᠢᠳᠠᠪᠤᠷᠢ ᠲᠠᠢ ᠪᠣᠯᠵᠠᠢ ᠭᠡᠵᠦ ᠵᠢᠩ ᠲᠤᠤ ᠼᠢᠷᠺᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠰᠧ ᠺᠠᠢ ᠢᠯᠡᠳᠬᠡᠪᠡ᠃ ︽ᠰᠢᠨ᠎ᠡ ᠶᠢ ᠡᠭᠦᠳᠬᠦ︾ ᠲᠠᠯ᠎ᠠ ᠪᠠᠷ ᠳᠠᠪᠠᠯᠲᠠ ᠶᠢ ᠰᠦᠪᠡᠭᠴᠢᠯᠡᠵᠦ᠂ ︽ᠣᠨᠴᠠᠯᠢᠭ︾᠎ ᠤᠨ ᠲᠠᠯ᠎ᠠ ᠪᠠᠷ ᠠᠷᠭ᠎ᠠ ᠤᠬᠠᠭᠠᠨ ᠭᠠᠷᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢᠶᠠᠷ ᠬᠤᠪᠣᠷ ᠰᠢᠷᠣᠢ ᠶᠢᠨ ᠠᠵᠤ ᠦᠢᠯᠡᠰ ᠤᠨ ᠪᠥᠬᠦ ᠬᠡᠯᠬᠢᠶ᠎ᠡ ᠪᠠᠷ ᠤᠷᠤᠭᠰᠢᠯᠠᠬᠤ ᠶᠢ ᠠᠬᠢᠭᠤᠯᠤᠨ᠎ᠠ᠃ ᠣᠶᠢᠷ᠎ᠠ ᠶᠢᠨ ᠵᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ︽ᠲᠥᠷᠥᠯ ᠵᠦᠢᠯ︾᠎ ᠢᠶᠠᠷ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠬᠠᠨᠳᠤᠭᠤᠯᠵᠤ᠂ ᠳᠡᠭᠡᠳᠦ ᠦᠵᠦᠭᠦᠷᠴᠢᠯᠡᠭᠰᠡᠨ᠂ ᠪᠣᠬᠢᠷᠲᠤᠯ ᠦᠭᠡᠢ᠂ ᠣᠶᠤᠨᠴᠢᠯᠠᠭᠰᠠᠨ ᠠᠵᠤ ᠦᠢᠯᠡᠰ ᠤᠨ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠡᠯᠬᠢᠶ᠎ᠡ ᠪᠠ ᠰᠢᠨ᠎ᠡ ᠶᠢ ᠡᠭᠦᠳᠬᠦ ᠬᠡᠯᠬᠢᠶ᠎ᠡ ᠪᠠᠷ ᠣᠷᠣᠭᠤᠯᠬᠤ ᠲᠥᠷᠥᠯ ᠵᠦᠢᠯ᠂ ᠪᠣᠶᠢᠵᠢᠭᠤᠯᠬᠤ ᠲᠥᠷᠥᠯ ᠵᠦᠢᠯ ᠤᠨ ︽ᠬᠤᠷᠳᠤᠳᠬᠠᠭᠤᠷ︾᠎ ᠢ ᠡᠬᠢᠯᠡᠭᠦᠯᠵᠦ᠂ ᠨᠢᠭᠡ ᠪᠦᠯᠦᠭ ᠪᠠᠭᠲᠠᠭᠠᠮᠵᠢ ᠪᠠᠷ ᠶᠡᠭᠡ᠂ ᠳᠠᠶᠢᠴᠢᠯᠠᠬᠤ ᠴᠢᠨᠠᠷ ᠢᠶᠠᠷ ᠴᠢᠩᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠣᠯᠠᠨ ᠡᠰᠢᠴᠢᠯᠡᠨ ᠬᠥᠭᠵᠢᠭᠰᠡᠨ᠂ ᠣᠯᠠᠨ ᠲᠤᠶᠢᠯ ᠢᠶᠠᠷ ᠲᠤᠯᠭᠠᠭᠤᠷᠢᠯᠠᠭᠰᠠᠨ ᠣᠲᠣ ᠦᠶ᠎ᠡ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠰᠢᠰᠲ᠋ᠧᠮᠵᠢ ᠶᠢ ᠪᠦᠷᠢᠯᠳᠦᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ  ᠬᠠᠩᠭᠠᠪᠠ᠃     2022 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ 480 ᠳ᠋ᠦᠩᠰᠢᠭᠤᠷ ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 128%᠎ ᠪᠠᠷ ᠨᠡᠮᠡᠭᠳᠡᠪᠡ᠃ ᠶᠦᠨ ᠱᠧᠩ ᠰᠢᠨᠵᠢᠯᠡᠬᠦ ᠤᠬᠠᠭᠠᠨ ᠮᠡᠷᠭᠡᠵᠢᠯ᠂  ᠺᠧ ᠲᠢᠶᠠᠨ ᠰᠣᠷᠢᠨᠵᠢᠨ ᠮᠡᠷᠭᠡᠵᠢᠯ᠂ ᠠᠨ ᠲᠠᠢ ᠤᠮᠠᠷᠠᠲᠤ ᠶᠢᠨ ᠰᠢᠨᠵᠢᠯᠡᠬᠦ ᠤᠬᠠᠭᠠᠨ ᠮᠡᠷᠭᠡᠵᠢᠯ᠂ ᠶᠢᠨ ᠯᠢ ᠲᠣᠭᠲᠠᠮᠠᠯ ᠰᠣᠷᠢᠨᠵᠢᠨ ᠬᠤᠶᠠᠳᠤᠭᠠᠷ ᠬᠤᠭᠤᠴᠠᠭ᠎ᠠ᠂ ᠳ᠋ᠠ ᠳ᠋ᠢ ᠰᠢᠶᠦ᠋ᠩ᠂ ᠶᠢᠩ ᠰᠧ ᠲᠧ᠂ ᠲᠢᠶᠠᠨ ᠵᠢᠶᠣᠣ ᠴᠢᠩ ᠮᠧᠢ᠂ ᠎ ᠶᠢᠨ ᠴᠤᠸᠠᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠵᠠᠯᠭᠠᠭ᠎ᠠ ᠪᠠᠷ ᠪᠦᠲᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ᠂ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ᠂ ᠭᠢᠯᠠᠶᠢᠯᠭᠠᠬᠤ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠶᠢ ᠲᠣᠰ ᠲᠣᠰ 15 ᠲᠦᠮᠡᠨ ᠲᠣᠨ᠂ 1 ᠲᠦᠮᠡᠨ ᠲᠣᠨ᠂ 5 ᠲᠦᠮᠡᠨ ᠲᠣᠨ ᠳᠤ ᠬᠦᠷᠦᠭᠦᠯᠬᠦ ᠶᠢ ᠬᠦᠴᠦᠲᠡᠢ ᠲᠦᠯᠬᠢᠨ ᠠᠬᠢᠭᠤᠯᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠎ ᠤ ᠪᠥᠬᠦ ᠤᠯᠤᠰ ᠤᠨ ᠴᠢᠬᠤᠯᠠ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠪᠠ ᠬᠡᠷᠡᠭᠯᠡᠭᠡᠨ ᠤ ᠠᠵᠤ ᠦᠢᠯᠡᠰ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠬᠤ ᠶᠢ ᠲᠦᠷᠭᠡᠳᠬᠡᠬᠦ ᠳᠤ ᠬᠦᠴᠦᠨ ᠨᠡᠮᠡᠷᠢᠯᠡᠵᠣ ᠪᠠᠶᠢᠨ᠎ᠠ  ᠃     ᠠᠵᠤ ᠦᠢᠯᠡᠰ ᠤᠨ ᠬᠡᠯᠬᠢᠶ᠎ᠡ ᠳᠡᠭᠡᠳᠦ ᠬᠡᠮᠵᠢᠶ᠎ᠡ ᠪᠠᠷ ᠠᠭᠤᠰᠤᠯᠴᠠᠵᠤ᠂ ᠲᠣᠮᠣ ᠠᠵᠤ ᠠᠬᠤᠶᠢᠯᠠᠯ ᠪᠥᠭᠡᠮᠨᠡᠷᠡᠨ ᠤᠷᠤᠭᠰᠢᠯᠠᠪᠠ᠃ ᠡᠨᠡ ᠵᠢᠯ ᠤᠨ ᠨᠢᠭᠡᠳᠦᠭᠡᠷ ᠤᠯᠠᠷᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨ᠎ᠡ ᠪᠠᠷ ᠨᠡᠮᠡᠭᠳᠡᠭᠰᠡᠨ ᠬᠡᠪᠴᠢᠶ᠎ᠡ ᠠᠴᠠ ᠳᠡᠭᠡᠭᠰᠢᠬᠢ ᠬᠤᠪᠣᠷ ᠰᠢᠷᠣᠢ ᠶᠢᠨ ᠠᠵᠤ ᠠᠬᠤᠶᠢᠯᠠᠯ 8 ᠪᠣᠯᠵᠤ ᠂ ᠨᠡᠶᠢᠲᠡ 43᠂ ᠬᠤᠪᠣᠷ ᠰᠢᠷᠣᠢ ᠶᠢᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠢ ᠪᠠᠷᠤᠭ 108 ᠳ᠋ᠦᠩᠰᠢᠭᠤᠷ ᠲᠥᠭᠦᠷᠢᠭ ᠪᠡᠶᠡᠯᠡᠭᠦᠯᠵᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 26 ᠵᠦᠢᠯ ᠤᠨ ᠬᠤᠪᠣᠷ ᠰᠢᠷᠣᠢ ᠶᠢᠨ ᠲᠥᠷᠥᠯ ᠵᠦᠢᠯ ᠳᠤ ᠭᠡᠷ᠎ᠡ ᠲᠣᠭᠲᠠᠵᠤ᠂ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ᠂ ᠯᠠᠨᠲ᠋ᠠᠨ ᠼᠧᠷᠢ ᠶᠢ ᠲᠡᠩᠴᠡᠭᠦᠷᠢᠲᠡᠢ ᠠᠰᠢᠭᠯᠠᠬᠤ᠂ ᠣᠶᠤᠨᠴᠢᠯᠠᠭᠰᠠᠨ ᠬᠤᠪᠣᠷ ᠰᠢᠷᠣᠢ ᠶᠢᠨ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠣᠯᠠᠨ ᠬᠦᠷᠢᠶ᠎ᠡ ᠴᠠᠷᠠᠭ᠎ᠠ ᠳᠤ ᠬᠤᠯᠪᠣᠭᠳᠠᠵᠠᠢ᠃     ︽︿ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ﹀᠎ ᠤᠨ ᠲᠥᠷᠥᠯ ᠵᠦᠢᠯ ᠨᠢ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ ᠤᠨ ᠨᠡᠶᠢᠲᠡᠯᠢᠭ ᠵᠢᠱᠢᠶ᠎ᠡ ᠪᠣᠯᠤᠭᠰᠠᠨ ᠤ ᠬᠤᠪᠢ ᠳᠤ᠂ ᠪᠥᠬᠦ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠵᠢᠴᠢ ᠭᠠᠳᠠᠭᠠᠳᠤ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠣᠳᠤᠴᠤᠳ ᠢ ᠴᠤᠭᠯᠠᠭᠤᠯᠤᠨ ᠵᠣᠬᠢᠶᠠᠨ ᠪᠠᠶᠢᠭᠤᠯᠵᠤ ᠪᠠᠶᠢᠭᠠᠳ ᠪᠤᠭᠤᠲᠤ ᠳᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠴᠢᠬᠤᠯᠠ ᠶᠡᠭᠡ ᠰᠠᠭᠤᠷᠢ ᠵᠢᠴᠢ ᠬᠡᠷᠡᠭᠯᠡᠭᠡᠨ ᠤ ᠠᠵᠤ  ᠦᠢᠯᠡᠰᠵᠢᠯᠳᠡ ᠶᠢᠨ ᠮᠡᠷᠭᠡᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠢ ᠥᠷᠨᠢᠭᠦᠯᠵᠦ᠂ ᠮᠠᠨ ᠤ ᠤᠯᠤᠰ ᠤᠨ ᠰᠢᠨ᠎ᠡ ᠮᠠᠲ᠋ᠧᠷᠢᠶᠠᠯ ᠤᠨ ᠬᠦᠷᠢᠶᠡᠨ ᠳᠠᠬᠢ ︿ᠪᠣᠭᠤᠮᠢᠯᠠᠬᠤ﹀ ᠠᠰᠠᠭᠤᠳᠠᠯ ᠢ ᠰᠢᠢᠳᠪᠦᠷᠢᠯᠡᠨ᠂ ᠬᠤᠪᠣᠷ ᠰᠢᠷᠣᠢ ᠶᠢᠨ ᠬᠦᠷᠢᠶᠡᠨ ᠳᠠᠬᠢ ᠰᠢᠨ᠎ᠡ ᠶᠢ ᠡᠭᠦᠳᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠪᠣᠷ ᠰᠢᠷᠣᠢ ᠶᠢᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ︾ ᠭᠡᠵᠦ ᠥᠪᠥᠷ ᠮᠣᠩᠭᠤᠯ ᠤᠨ ᠤᠮᠠᠷᠠᠲᠤ ᠶᠢᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠸᠧᠨ ᠶᠦᠩ ᠴᠢᠩ ᠬᠡᠯᠡᠪᠡ᠃    ︽ᠬᠡᠯᠬᠢᠶ᠎ᠡ︾ ᠳᠡᠭᠡᠷ᠎ᠡ ᠬᠦᠴᠦᠯᠡᠵᠦ᠂ ᠨᠣᠭᠤᠭᠠᠨ ᠥᠩᠭᠡ ᠶᠢ ᠬᠦᠭᠡᠭᠡᠴᠡᠯᠳᠦᠨ ︽ᠥᠨᠳᠥᠷ︾᠎ ᠲᠤ ᠠᠪᠠᠷᠢᠨ᠎ᠠ ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠡᠷᠴᠢᠮᠵᠢᠭᠦᠯᠦᠨ ᠬᠥᠭᠵᠢᠬᠦ᠂ ᠪᠥᠬᠦ ᠬᠡᠯᠬᠢᠶ᠎ᠡ ᠶᠢ ᠤᠷᠲᠤᠳᠬᠠᠬᠤ ᠶᠢ ᠠᠬᠢᠭᠤᠯᠤᠨ᠂ ᠠᠵᠤ ᠦᠢᠯᠡᠰ ᠤᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ᠂ ᠴᠢᠳᠠᠪᠤᠷᠢᠲᠠᠨ ᠤ ᠬᠡᠯᠬᠢᠶ᠎ᠡ᠂ ᠲᠥᠷᠥ ᠶᠢᠨ ᠪᠣᠳᠣᠯᠭ᠎ᠠ ᠶᠢᠨ ᠬᠡᠯᠬᠢᠶ᠎ᠡ ᠶᠢ ᠵᠣᠯᠭᠠᠭᠤᠯᠤᠨ ᠨᠡᠪᠲᠡᠷᠡᠭᠦᠯᠦᠭᠰᠡᠨ ᠬᠥᠭᠵᠢᠯᠲᠡ ᠶᠢᠨ ᠣᠷᠴᠢᠨ ᠲᠣᠭᠤᠷᠢᠨ ᠢ ᠶᠡᠬᠡᠪᠡᠷ ᠪᠣᠶ ᠪᠣᠯᠭᠠᠵᠤ᠂ ᠬᠤᠪᠣᠷ ᠰᠢᠷᠣᠢ ᠶᠢᠨ ᠠᠵᠤ ᠦᠢᠯᠡᠰ ᠤᠨ ᠲᠤᠭ᠎ᠠ ᠬᠡᠮᠵᠢᠶ᠎ᠡ ᠶᠠᠰᠤ ᠴᠢᠨᠠᠷ ᠢ ︽ᠬᠤᠶᠠᠷ ᠢ ᠳᠡᠭᠡᠭᠰᠢᠯᠡᠭᠦᠯᠬᠦ︾᠎ ᠶᠢ ᠠᠬᠢᠭᠤᠯᠤᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号