ᠥᠪᠥᠷ ᠮᠣᠩᠭᠤᠯ ᠤᠨ ᠪᠤᠭᠤᠲᠤ ᠬᠤᠲᠠ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠄ ᠲᠥᠷᠥᠯ ᠵᠦᠢᠯ ᠢ ᠲᠦᠷᠭᠡᠳᠬᠡᠨ ᠬᠥᠭᠵᠢᠭᠦᠯᠵᠦ ᠠᠵᠤ ᠦᠢᠯᠡᠰ ᠤᠨ ᠶᠠᠰᠤ ᠴᠢᠨᠠᠷ ᠢ ᠨᠢᠭᠡᠳᠬᠡᠨ ᠦᠷ᠎ᠡ ᠪᠦᠲᠦᠮᠵᠢ ᠲᠠᠢ ᠪᠣᠯᠭᠠᠵᠤ ᠠᠷᠠᠳ ᠤᠨ ᠠᠮᠢᠳᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2023/5/9
   ᠨᠢᠭᠡ ᠲᠦᠷᠦᠯ ᠵᠦᠢᠯ ᠤᠨ ︽ᠪᠠᠷᠢᠯᠭ᠎ᠠ ᠪᠠᠷᠢᠬᠤ ᠵᠥᠪᠰᠢᠶᠡᠷᠡᠯ ᠤᠨ ᠭᠠᠷᠳᠠᠮ︾ ᠨᠢ ᠵᠥᠪᠬᠡᠨ 70 ᠮᠢᠨᠦ᠋ᠲ ᠤᠨ ᠴᠠᠭ ᠬᠡᠷᠡᠭᠰᠡᠵᠦ᠂ ᠨᠢᠭᠡ ᠪᠦᠯᠦᠭ ᠢᠨᠵᠧᠨᠧᠷᠢᠩ ᠢ ᠵᠠᠯᠭᠠᠭ᠎ᠠ ᠪᠠᠷ ᠠᠵᠢᠯ ᠡᠬᠢᠯᠡᠭᠦᠯᠦᠨ ︽ᠬᠤᠶᠠᠷ ᠰᠢᠨ᠎ᠡ ᠤᠳᠤᠷᠢᠳᠤᠮᠵᠢ︾ ᠪᠣᠯᠣᠨ ᠳᠤᠲᠠᠭᠤᠳᠠᠯ ᠢ ᠨᠥᠬᠦᠪᠦᠷᠢᠯᠡᠬᠦ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ 2023 ᠣᠨ ᠳᠤ᠂ ᠴᠢᠬᠤᠯᠠ ᠶᠡᠭᠡ ᠲᠦᠷᠦᠯ ᠵᠦᠢᠯ ᠢᠶᠠᠷ ᠪᠡᠯᠡ ᠣᠷᠤᠭᠤᠯᠤᠯᠲᠠ ᠶᠢ ᠲᠣᠭᠲᠠᠪᠤᠷᠢᠵᠢᠭᠤᠯᠬᠤ ᠭᠤᠣᠯ ᠲᠤᠯᠭᠠᠭᠤᠷᠢ ᠶᠢ ᠪᠣᠰᠬᠠᠪᠠ᠂ ᠥᠪᠥᠷ ᠮᠣᠩᠭᠤᠯ ᠤᠨ ᠪᠤᠭᠤᠲᠤ ᠬᠤᠳᠠ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠮᠢᠩᠭᠠᠨ ᠳ᠋ᠦᠩᠰᠢᠭᠤᠷ ᠲᠥᠭᠦᠷᠢᠭ ᠤᠨ ᠠᠵᠤ ᠦᠢᠯᠡᠰ ᠤᠨ ᠪᠦᠯᠦᠭᠵᠢᠯ ᠤᠨ ᠬᠦᠴᠦᠷᠬᠡᠭ ᠠᠵᠤ ᠦᠢᠯᠡᠰ ᠢ ᠲᠦᠷᠭᠡᠨ ᠴᠣᠭᠴᠠᠯᠠᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠳᠤᠲᠠᠭᠤᠳᠠᠯ ᠢ ᠨᠥᠬᠦᠪᠦᠷᠢᠯᠡᠬᠦ ᠶᠢ ᠶᠡᠬᠡᠪᠡᠷ ᠠᠬᠢᠭᠤᠯᠵᠤ᠂ ᠦᠨᠡᠨᠬᠦ ᠠᠳᠬᠤᠨ‌ᠡᠷᠴᠢ ᠵᠣᠷᠢᠭ ᠲᠡᠭᠦᠯᠳᠡᠷ ᠪᠣᠳᠠᠲᠠᠢ ᠠᠵᠢᠯᠯᠠᠵᠤ ᠪᠠᠶᠢᠨ᠎ᠠ    4 ᠰᠠᠷ᠎ᠠ ᠶᠢᠨ 26  ᠤ ᠡᠳᠦᠷ᠂ ᠶᠡᠷᠦᠩᠬᠡᠢ ᠪᠡᠯᠡ ᠣᠷᠤᠭᠤᠯᠤᠯᠲᠠ ᠨᠢ 1.2 ᠳ᠋ᠦᠩᠰᠢᠭᠤᠷ ᠲᠥᠭᠦᠷᠢᠭ ᠲᠤ ᠬᠦᠷᠦᠭᠰᠡᠨ ᠪᠤᠭᠤᠲᠤ ᠬᠤᠳᠠ ᠶᠢᠨ ᠠᠨ ᠳ᠋ᠧ ᠰᠢ ᠨᠠᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠵᠢᠯ ᠳᠤ 12 ᠲᠦᠮᠡᠨ ᠲᠣᠨ ᠯᠠᠨᠲ᠋ᠠᠨ ᠼᠧᠷᠢ ᠶᠢᠨ ᠬᠡᠷᠡᠭᠯᠡᠭᠡᠨ ᠤ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠢ ᠬᠤᠪᠢᠷᠠᠭᠤᠯᠬᠤ ᠰᠠᠭᠤᠷᠢᠨ ᠤ ᠲᠦᠷᠦᠯ ᠵᠦᠢᠯ ᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠥᠩᠭᠡ ᠦᠵᠡᠮᠵᠢ ᠶᠢᠨ ᠰᠢᠨ᠎ᠡ ᠡᠨᠧᠷᠭᠢ ᠶᠢᠨ ᠠᠵᠤ ᠦᠢᠯᠡᠰᠵᠢᠯᠲᠡ ᠶᠢᠨ ᠰᠠᠭᠤᠷᠢᠨ ᠳᠤ ᠪᠠᠷᠢᠯᠭ᠎ᠠ ᠡᠬᠢᠯᠡᠭᠦᠯᠪᠡ᠃    ᠪᠤᠭᠤᠲᠤ ᠶᠢᠨ ᠠᠨ ᠳ᠋ᠧ ᠶᠢᠨ ᠬᠤᠪᠣᠷ ᠴᠤᠬᠠᠭ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ ᠸᠠᠩ ᠵᠢᠢ ᠫᠢᠩ ᠲᠠᠨᠢᠯᠴᠠᠭᠤᠯᠬᠤ ᠳᠠᠭᠠᠨ᠂ ᠠᠨ ᠳ᠋ᠧ ᠶᠢᠨ ᠺᠣᠮᠫᠠᠨᠢ ᠪᠣᠯ ᠪᠥᠬᠦ ᠤᠯᠤᠰ ᠤᠨ ᠬᠤᠪᠣᠷ ᠰᠢᠷᠣᠢ ᠶᠢᠨ ᠯᠠᠨᠲ᠋ᠠᠨ ᠤ ᠼᠧᠷᠢ ᠶᠢᠨ ᠮᠠᠲ᠋ᠧᠷᠢᠶᠠᠯ ᠢ ᠭᠠᠯ ᠳᠠᠭᠠᠭᠠᠮᠠᠭᠠᠢ ᠮᠠᠲ᠋ᠧᠷᠢᠶᠠᠯ ᠳᠤ ᠬᠡᠷᠡᠭᠯᠡᠭᠰᠡᠨ ᠠᠩᠬᠠᠳᠠᠭᠴᠢ ᠠᠵᠤ ᠠᠬᠤᠶᠢᠯᠠᠯ ᠮᠥᠨ᠃ ︽ᠪᠢᠳᠡ ᠲᠣᠰ ᠮᠡᠷᠭᠡᠵᠢᠯ ᠢ ᠪᠥᠬᠦ ᠤᠯᠤᠰ ᠤᠨ ᠭᠠᠯ ᠳᠠᠭᠠᠭᠠᠮᠠᠭᠠᠢ ᠮᠠᠲ᠋ᠧᠷᠢᠶᠠᠯ ᠤᠨ ᠠᠵᠢᠯ ᠲᠥᠷᠥᠯ ᠳᠤ ᠲᠦᠭᠡᠮᠡᠯᠵᠢᠭᠦᠯᠦᠨ ᠳᠡᠯᠭᠡᠷᠡᠭᠦᠯᠵᠦ᠂ ᠪᠦᠬᠦᠶᠢᠯᠡ ᠠᠵᠢᠯ ᠲᠥᠷᠥᠯ ᠢ ᠳᠠᠶᠢᠴᠢᠯᠠᠨ ᠪᠣᠬᠢᠷᠲᠤᠯ ᠦᠭᠡᠢ᠂ ᠣᠷᠳᠣ ᠨᠠᠰᠤᠯᠠᠬᠤ᠂ ᠡᠨᠧᠷᠭᠢ ᠠᠷᠪᠢᠯᠠᠬᠤ ᠵᠡᠷᠭᠡ ᠬᠠᠷᠠᠯᠲᠠ ᠶᠢ ᠪᠡᠶᠡᠯᠡᠭᠦᠯᠦᠨ ᠤᠯᠤᠰ ᠤᠨ ︿ᠬᠤᠣᠰ ᠨᠡᠭᠦᠷᠡᠰᠦᠲᠥ᠋ᠷᠥᠭᠴᠢ﹀ ᠶᠢᠨ ᠬᠠᠷᠠᠯᠲᠠ ᠶᠢ ᠪᠡᠶᠡᠯᠡᠭᠦᠯᠬᠦ ᠳᠤ᠂ ᠬᠤᠪᠣᠷ ᠰᠢᠷᠣᠢ ᠶᠢ ᠲᠡᠩᠴᠡᠭᠦᠷᠢᠲᠡᠢ ᠠᠰᠢᠭᠯᠠᠬᠤ ᠪᠠ ᠭᠠᠯ ᠳᠠᠭᠠᠭᠠᠮᠠᠭᠠᠢ ᠮᠠᠲ᠋ᠧᠷᠢᠶᠠᠯ ᠤᠨ ᠴᠢᠳᠠᠮᠵᠢ ᠶᠢ ᠳᠡᠭᠡᠭᠰᠢᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠡᠢ᠃    ᠰᠢᠨᠵᠢᠶᠠᠩ ᠤᠨ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠪᠤᠭᠤᠲᠤ ᠶᠢᠨ ᠰᠠᠯᠬᠢᠨ ᠬᠦᠴᠦᠨ ᠤ ᠮᠠᠰᠢᠨ ᠤ ᠶᠡᠷᠦᠩᠬᠡᠢ ᠤᠭᠰᠠᠷᠠᠯᠲᠠ ᠶᠢᠨ ᠦᠢᠯᠡᠳᠪᠦᠷᠢ ᠶᠢᠨ ᠲᠦᠷᠦᠯ ᠵᠦᠢᠯ ᠳᠤ᠂ ᠪᠠᠷᠢᠯᠭ᠎ᠠ ᠶᠢᠨ ᠠᠵᠢᠯᠲᠠᠳ ᠶᠠᠭ ᠪᠤᠯᠠᠭᠠᠷᠢ ᠰᠢᠭᠠᠵᠤ ᠪᠤᠢ᠂ ᠡᠨᠡᠬᠦ 10.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠲᠦᠷᠦᠯ ᠵᠦᠢᠯ ᠨᠢ ᠬᠤᠪᠣᠷ ᠰᠢᠷᠣᠢ ᠶᠢᠨ ᠳᠣᠣᠷᠠᠳᠤ ᠤᠷᠤᠰᠬᠠᠯ ᠤᠨ ᠦᠢᠯᠡᠳᠬᠦᠨ ᠤ ᠦᠢᠯᠡᠳᠪᠦᠷᠢᠯᠡᠯ ᠤᠨ ᠴᠢᠳᠠᠪᠤᠷᠢ ᠶᠢ ᠪᠦᠲᠦᠮᠵᠢᠲᠡᠢ ᠥᠷᠭᠡᠳᠬᠡᠭᠰᠡᠨ ᠪᠠᠶᠢᠨ᠎ᠠ᠃ ︽ᠵᠠᠰᠠᠭ ᠤᠨ ᠣᠷᠳᠣᠨ ᠤ ᠣᠯᠠᠨ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠵᠥᠪᠬᠡᠨ 12 ᠠᠵᠢᠯ ᠤᠨ ᠡᠳᠦᠷ ᠲᠤ ᠳᠠᠷᠤᠢ ᠣᠯᠠᠨ ᠦᠨᠡᠮᠯᠡᠯ ᠢ ᠵᠡᠷᠭᠡ ᠪᠠᠷ ᠣᠯᠭᠤᠬᠤ ᠠᠵᠢᠯ ᠢ ᠪᠡᠶᠡᠯᠡᠭᠦᠯᠵᠦ᠂ ᠪᠦᠲᠦᠭᠡᠨ ᠪᠠᠶᠢᠭᠤᠯᠤᠯᠲᠠ ᠶᠢᠨ ᠵᠦᠢᠯᠡᠰ   ᠢ ︿ᠭᠠᠵᠠᠷ ᠰᠢᠷᠣᠢ ᠠᠪᠤᠮᠠᠭᠴᠠ ᠠᠵᠢᠯ ᠡᠬᠢᠯᠡᠭᠦᠯᠦᠨ᠎ᠡ﹀︾ ᠭᠡᠵᠦ ᠥᠪᠥᠷ ᠮᠣᠩᠭᠤᠯ ᠤᠨ ᠶᠢᠨ ᠹᠧᠩ ᠮᠤᠵᠢ ᠶᠢᠨ ᠲᠡᠰ ᠤᠨ ᠺᠣᠮᠫᠠᠨᠢ ᠶᠢᠨ ᠪᠤᠭᠤᠲᠤ ᠶᠢᠨ ᠠᠵᠤ ᠦᠢᠯᠡᠰ ᠤᠨ ᠰᠠᠭᠤᠷᠢᠨ ᠤ ᠶᠡᠷᠦᠩᠬᠡᠢ ᠳᠠᠭᠠᠭᠠᠮᠠᠯ ᠸᠠᠩ ᠸᠧᠢ ᠨᠢᠩ ᠬᠡᠯᠡᠨ᠎ᠡ᠃    ᠡᠨᠧᠷᠭᠢ ᠣᠯᠭᠤᠬᠤ ᠣᠷᠣᠨ ᠪᠦᠰᠡ ᠶᠢᠨ ᠠᠵᠤ ᠠᠬᠤᠢ ᠶᠢᠨ ᠲᠥᠯᠥᠭᠡ᠂ 2023 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠳᠠᠰᠢ ᠴᠢᠷᠮᠠᠶᠢᠨ ᠤᠷᠤᠭᠰᠢᠯᠠᠬᠤ ᠬᠡᠷᠡᠭᠲᠡᠢ ᠭᠡᠵᠦ ᠳᠤᠷᠠᠳᠤᠨ ᠭᠠᠷᠭᠠᠪᠠ᠃    ᠡᠭᠦᠨ ᠤ ᠲᠤᠯᠠᠳᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠥᠷᠭᠡᠨ ᠣᠯᠠᠨ ᠺᠠᠳ᠋ᠷᠴᠤᠳ ᠤᠨ ︽ᠰᠢᠢᠳᠪᠦᠷᠢᠯᠡᠬᠦ ᠰᠡᠳᠬᠢᠬᠦᠢ︾ ᠶᠢ ᠴᠢᠩᠭᠠᠳᠬᠠᠵᠤ᠂ ᠲᠥᠷᠥᠯ ᠵᠦᠢᠯ ᠢ ᠰᠢᠯᠢᠳᠡᠭᠴᠢᠯᠡᠨ ᠰᠣᠩᠭᠤᠵᠤ᠂ ᠪᠡᠯᠡ ᠣᠷᠤᠭᠤᠯᠤᠯᠲᠠ ᠶᠢ ᠠᠬᠢᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠪᠤᠭᠤᠲᠤ ᠶᠢ ᠬᠠᠶᠢᠷᠠᠯᠠᠵᠤ᠂ ᠬᠤᠪᠢ ᠨᠡᠮᠡᠷᠢ ᠦᠵᠡᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ︽ᠪᠥᠬᠦ ᠶᠠᠪᠤᠴᠠ ᠪᠠᠷ ᠰᠦᠯᠵᠢᠶᠡᠨ ᠳᠡᠭᠡᠷ᠎ᠡ ᠡᠷᠭᠢᠯᠡᠬᠦ︾ ᠶᠢ ᠪᠡᠶᠡᠯᠡᠭᠦᠯᠬᠦ ᠶᠢ ᠶᠡᠭᠡ ᠪᠠᠷ ᠬᠥᠭᠵᠢᠭᠡᠵᠡᠢ᠃ ᠬᠦᠨᠳᠦ ᠵᠢᠩ ᠢᠶᠠᠷ ᠱᠠᠩᠨᠠᠵᠤ ᠨᠥᠬᠦᠪᠦᠷᠢᠯᠡᠬᠦ ᠠᠯᠢ ᠣᠯᠠᠨ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ 2022 ᠣᠨ ᠳᠤ᠂ ᠲᠥᠷᠥᠯ ᠵᠦᠢᠯ ᠤᠨ ᠲᠡᠳᠬᠦᠨ ᠳᠡᠮᠵᠢᠬᠦ ᠪᠡᠯᠡ ᠮᠥᠩᠭᠦ ᠶᠢ 6140 ᠲᠦᠮᠡᠨ ᠲᠥᠭᠦᠷᠢᠭ ᠪᠡᠶᠡᠯᠡᠭᠦᠯᠵᠦ᠂ ᠳᠡᠭᠡᠳᠦ ᠱᠠᠲᠤᠨ ᠤ ᠪᠡᠯᠡ ᠮᠥᠩᠭᠦ ᠶᠢ 4.36 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠦᠷ᠎ᠡ ᠠᠰᠢᠭ ᠢᠶᠠᠷ ᠳᠣᠣᠷ᠎ᠠ ᠰᠤᠯᠠ ᠪᠠᠶᠢᠬᠤ 4042 ᠮᠦ ᠭᠠᠵᠠᠷ ᠰᠢᠷᠣᠢ ᠶᠢ ᠠᠮᠢᠳᠤᠯᠢᠭ ᠪᠣᠯᠭᠠᠪᠠ᠃     ᠣᠳᠣᠬᠠᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠶᠠᠭ ᠭᠤᠣᠯᠯᠠᠬᠤ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠳᠡᠭᠡᠭᠰᠢᠯᠡᠯᠲᠡ ᠶᠢ ᠬᠦᠴᠦᠲᠡᠢ ᠲᠦᠯᠬᠢᠨ ᠠᠬᠢᠭᠤᠯᠵᠤ᠂ ᠡᠨᠡ ᠵᠢᠯ ᠤᠨ ᠳᠣᠲᠣᠷ᠎ᠠ ᠬᠤᠪᠣᠷ ᠰᠢᠷᠣᠢ᠂ ᠬᠡᠷᠡᠯ ᠸᠣᠯᠲ ᠬᠤᠶᠠᠷ ᠶᠡᠭᠡ ᠠᠵᠤ ᠦᠢᠯᠡᠰ ᠤᠨ ᠪᠥᠭᠡᠮᠨᠡᠷᠡᠯ ᠤᠨ ᠨᠣᠷᠮ᠎ᠠ ᠶᠢ ᠰᠢᠨ᠎ᠡ ᠳᠡᠭᠲᠡᠷ ᠲᠤ ᠭᠠᠷᠭᠠᠬᠤ ᠪᠠᠷ ᠴᠢᠷᠮᠠᠶᠢᠵᠤ ᠪᠠᠶᠢᠨ᠎ᠠ᠃     ᠠᠵᠤ ᠦᠢᠯᠡᠰ ᠢ ᠬᠦᠴᠦᠷᠬᠡᠭᠵᠢᠭᠦᠯᠬᠦ ᠶᠢᠨ ᠬᠠᠮᠲᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠪᠠᠰᠠ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠣᠷᠣᠨ ᠰᠠᠭᠤᠴᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠪᠠ᠃ 2021 ᠣᠨ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ︽ᠬᠤᠲᠠ ᠶᠢ ᠰᠢᠨᠡᠳᠬᠡᠬᠦ᠂ ᠶᠡᠷᠦᠩᠬᠡᠶᠢᠯᠡᠨ ᠵᠠᠰᠠᠬᠤ᠂ ᠵᠥᠷᠢᠴᠡᠭᠰᠡᠨ ᠢ ᠡᠪᠳᠡᠵᠦ ᠨᠣᠭᠤᠭᠠᠷᠠᠭᠤᠯᠬᠤ︾ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠬᠡᠪᠴᠢᠶ᠎ᠡ ᠶᠢ ᠥᠷᠭᠡᠳᠬᠡᠨ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠮᠡᠳᠡᠭᠡ ᠵᠠᠩᠭᠢ ᠪᠠᠷ ᠠᠷᠠᠳ ᠲᠤ ᠠᠰᠢᠭ ᠬᠦᠷᠲᠡᠭᠡᠬᠦ ᠶᠢ ᠣᠶᠤᠨᠲᠤ ᠬᠤᠲᠠ ᠶᠢᠨ ᠬᠥᠭᠵᠢᠯᠲᠡ ᠶᠢᠨ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠨ᠂ ᠲᠥᠯᠥᠪᠯᠡᠭᠡ ᠶᠣᠰᠣᠭᠠᠷ 5G ᠶᠢᠨ ᠰᠠᠭᠤᠷᠢ ᠥᠷᠲᠡᠭᠡ ᠶᠢ ᠪᠠᠶᠢᠭᠤᠯᠵᠤ᠂ ᠭᠤᠣᠯ ᠬᠤᠲᠠ ᠶᠢᠨ ᠣᠷᠣᠨ ᠤ 5G ᠶᠢᠨ ᠳᠣᠬᠢᠶ᠎ᠠ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠲᠤᠭ᠎ᠠ ᠪᠠᠷᠢᠮᠲᠠ ᠶᠢᠨ ᠠᠭᠤᠰᠤᠯᠴᠠᠯ ᠢ ᠠᠬᠢᠭᠤᠯᠬᠤ ᠪᠠᠷ ᠳᠠᠮᠵᠢᠭᠤᠯᠤᠨ ᠬᠤᠲᠠ ᠶᠢᠨ ᠵᠠᠮ ᠬᠠᠷᠢᠯᠴᠠᠭ᠎ᠠ᠂ ᠵᠠᠰᠠᠭ ᠤᠨ ᠶᠠᠪᠤᠳᠠᠯ᠂ ᠰᠤᠷᠭᠠᠨ ᠬᠥᠮᠦᠵᠢᠯ᠂ ᠡᠮ ᠡᠮᠨᠡᠯᠭᠡ  ᠰᠣᠶᠣᠯ ᠵᠤᠭᠠᠴᠠᠯ᠂ ᠬᠤᠲᠠ ᠶᠢᠨ ᠵᠠᠰᠠᠯᠲᠠ ᠵᠡᠷᠭᠡ ᠬᠦᠷᠢᠶᠡᠨ ᠤ ᠣᠶᠤᠨᠴᠢ ᠬᠡᠷᠡᠭᠯᠡᠭᠡᠨ ᠤ ᠰᠢᠨ᠎ᠡ ᠶᠢ ᠡᠭᠦᠳᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠬᠤᠲᠠ ᠶᠢᠨ ᠵᠠᠰᠠᠯᠲᠠ ᠶᠢᠨ ᠰᠢᠰᠲ᠋ᠧᠮ ᠪᠣᠯᠣᠨ ᠤᠶᠤᠨ ᠤ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号