ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠲᠤ ᠣᠷᠣᠵᠤ ᠰᠠᠭᠤᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠷᠭ᠎ᠠ [ ᠬᠡᠷᠡᠭᠵᠢᠭᠦᠯᠦᠭᠡᠨ ᠤ ᠬᠤᠭᠤᠴᠠᠭᠠᠨ ᠳᠤ ᠬᠦᠴᠦᠨ ᠲᠠᠢ ]
ᠨᠡᠶᠢᠲᠡᠯᠡᠭᠰᠡᠨ ᠴᠠᠭ᠄
2023/6/15
    ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ ︵ᠳᠡᠭᠡᠳᠦ ᠰᠢᠨ᠎ᠡ ᠮᠡᠷᠭᠡᠵᠢᠯ ᠤᠨ ᠰᠠᠭᠤᠷᠢᠨ ᠭᠠᠵᠠᠷ ᠭᠡᠵᠦ ᠲᠣᠪᠴᠢᠯᠠᠨ᠎ᠠ︶᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠠᠬᠢᠭᠤᠯᠵᠤ᠂ ᠣᠷᠣᠵᠤ ᠰᠠᠭᠤᠭᠰᠠᠨ ᠠᠵᠤ ᠠᠬᠤᠶᠢᠯᠠᠯ ᠤᠨ ᠵᠢᠷᠤᠮᠵᠢᠭᠰᠠᠨ ᠡᠵᠡᠩᠨᠡᠯᠲᠡ ᠶᠢ ᠠᠬᠢᠭᠤᠯᠬᠤ ᠪᠠ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠤᠰᠠᠳᠠ᠂  ᠣᠨᠴᠠᠭᠠᠶᠢᠯᠠᠨ ᠲᠣᠰ ᠠᠷᠭ᠎ᠠ ᠶᠢ ᠲᠣᠭᠲᠠᠭᠠᠪᠠ᠃    ᠨᠢᠭᠡᠳᠦᠭᠡᠷ ᠪᠦᠯᠦᠭ ᠠᠵᠤ ᠠᠬᠤᠶᠢᠯᠠᠯ ᠤᠨ ᠣᠷᠣᠵᠤ ᠰᠠᠭᠤᠬᠤ ᠵᠢᠷᠤᠮ   ᠨᠢᠭᠡᠳᠦᠭᠡᠷ ᠵᠦᠢᠯ  ᠣᠷᠣᠵᠤ ᠰᠠᠭᠤᠬᠤ ᠠᠵᠤ ᠠᠬᠤᠶᠢᠯᠠᠯ ᠤᠨ ᠬᠦᠷᠢᠶ᠎ᠡ ᠬᠡᠪᠴᠢᠶ᠎ᠡᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠢᠴᠢ ᠬᠡᠷᠡᠭᠯᠡᠭᠡᠨ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠡᠨᠧᠷᠭᠢ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠤᠨ ᠲᠥᠷᠥᠯ ᠵᠦᠢᠯ ᠤᠨ ᠳᠡᠭᠡᠳᠦ ᠰᠢᠨ᠎ᠡ ᠮᠡᠷᠭᠡᠵᠢᠯ ᠤᠨ ᠰᠠᠭᠤᠷᠢᠨ ᠭᠠᠵᠠᠷ ᠲᠤ ᠣᠷᠣᠵᠤ ᠰᠠᠭᠤᠬᠤ ᠶᠢ ᠳᠡᠮᠵᠢᠨ᠎ᠡ᠃ ᠲᠣᠭᠲᠠᠮᠠᠯ ᠰᠣᠷᠢᠨᠵᠢᠨ ᠮᠠᠲ᠋ᠧᠷᠢᠶᠠᠯ ᠢ ᠨᠠᠷᠢᠯᠢᠭ ᠡᠳ᠋ᠰᠢᠭᠦᠯᠬᠦ ᠵᠡᠷᠭᠡ ᠬᠤᠪᠣᠷ ᠰᠢᠷᠣᠢ ᠶᠢᠨ ᠲᠥᠷᠥᠯ ᠵᠦᠢᠯ ᠤᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠲᠤ ᠣᠷᠣᠵᠤ ᠰᠠᠭᠤᠬᠤ ᠶᠢ ᠳᠡᠮᠵᠢᠨ᠎ᠡ᠃ ᠲᠥᠷᠥᠯ ᠵᠦᠢᠯ  ᠨᠢ ᠨᠡᠯᠢᠶᠡᠳ ᠥᠨᠳᠥᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠢᠷᠢ ᠬᠡᠮᠵᠢᠶ᠎ᠡ ᠪᠠ ᠨᠡᠯᠢᠶᠡᠳ ᠴᠢᠩᠭ᠎ᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠲᠠᠢ᠂ ᠨᠡᠯᠢᠶᠡᠳ ᠰᠠᠶᠢᠨ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠲᠠᠢ᠂ ᠲᠥᠷᠥᠯ ᠵᠦᠢᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠨᠢ ᠲᠣᠳᠣᠷᠬᠠᠢ᠂ ᠡᠳ᠋ ᠤᠨ ᠶᠠᠪᠤᠳᠠᠯ ᠤᠨ ᠳᠦᠷᠢᠮ ᠨᠢ ᠪᠦᠷᠢᠨ ᠲᠡᠭᠦᠯᠳᠡᠷ ᠪᠠᠶᠢᠬᠤ ᠶᠢ ᠱᠠᠭᠠᠷᠳᠠᠨ᠎ᠠ᠃   ᠬᠤᠶᠠᠳᠤᠭᠠᠷ ᠵᠦᠢᠯ   ᠠᠵᠤ ᠠᠬᠤᠶᠢᠯᠠᠯ ᠤᠨ ᠣᠷᠣᠵᠤ ᠰᠠᠭᠤᠬᠤ ᠠᠯᠬᠤᠮ ᠲᠠᠷᠠᠭ᠎ᠠ   ︵ᠨᠢᠭᠡ︶ ᠲᠥᠷᠥᠯ ᠵᠦᠢᠯ ᠢ ᠬᠢᠨᠠᠨ ᠬᠠᠷᠭᠤᠭᠤᠯᠬᠤ ᠪᠠ ᠭᠡᠷ᠎ᠡ ᠲᠣᠭᠲᠠᠬᠤ᠃ ᠣᠷᠣᠵᠤ ᠰᠠᠭᠤᠬᠤ ᠪᠠᠷ ᠪᠠᠶᠢᠭ᠎ᠠ ᠠᠵᠤ ᠠᠬᠤᠶᠢᠯᠠᠯ ᠨᠢ ᠬᠤᠪᠣᠷ ᠰᠢᠷᠣᠢ ᠶᠢᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠲᠤ ᠲᠥᠷᠥᠯ ᠵᠦᠢᠯ ᠤᠨ ᠰᠠᠨᠠᠭᠠᠴᠢᠠᠯᠭ᠎ᠠ ᠭᠠᠷᠭᠠᠨ᠎ᠠ᠃ ᠲᠤᠰ ᠰᠠᠯᠠᠭ᠎ᠠ ᠮᠥᠴᠢᠷ ᠨᠢ ᠭᠤᠶᠤᠴᠢᠯᠠᠭᠰᠠᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠠᠬᠤᠢ ᠪᠠ ᠨᠡᠶᠢᠭᠡᠮ ᠤᠨ ᠦᠷ᠎ᠡ ᠠᠰᠢᠭ᠂ ᠠᠮᠤᠷ ᠲᠦᠪᠰᠢᠨ ᠣᠷᠴᠢᠨ ᠠᠬᠤᠢ ᠶᠢᠨ ᠬᠠᠮᠠᠭᠠᠯᠠᠯᠲᠠ ᠵᠡᠷᠭᠡ ᠲᠠᠯ᠎ᠠ ᠳᠤ ᠠᠩᠬᠠᠨ ᠤ ᠬᠢᠨᠠᠯᠲᠠ ᠬᠢᠨ᠎ᠠ᠃ ᠠᠩᠬᠠᠨ ᠤ ᠰᠣᠩᠭᠤᠯᠲᠠ ᠳᠤ ᠬᠢᠷᠢ ᠲᠡᠩᠴᠡᠭᠰᠡᠨ ᠠᠵᠤ ᠠᠬᠤᠶᠢᠯᠠᠯ ᠳᠤ᠂ ︽ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠣᠷᠣᠨ ᠳᠤ ᠣᠷᠣᠭᠤᠯᠬᠤ ᠬᠠᠮᠢᠶᠠᠷᠤᠯᠲᠠ ᠶᠢᠨ ᠠᠷᠭ᠎ᠠ︾ ︵ᠵᠠᠰᠠᠭ ᠵᠠᠬᠢᠷᠭᠠᠨ ᠤ ᠶᠠᠮᠤᠨ ᠲᠠᠷᠬᠠᠭᠠᠭᠰᠠᠨ ﹇2018﹈ 21 ᠳ᠋ᠦ᠋ᠭᠡᠷ ᠲᠣᠭᠠᠲᠤ︶ ᠶᠢ ᠦᠨᠳᠦᠰᠦᠯᠡᠨ ᠣᠷᠣᠨ ᠳᠤ ᠣᠷᠣᠭᠤᠯᠵᠤ ᠡᠷᠭᠢᠯᠲᠡ ᠳᠤ ᠣᠷᠣᠭᠤᠯᠬᠤ ᠶᠢ ᠬᠢᠨᠠᠨ ᠬᠠᠷᠭᠤᠭᠤᠯᠵᠤ᠂ ᠣᠷᠣᠨ ᠳᠤ ᠣᠷᠣᠭᠤᠯᠬᠤ ᠵᠥᠪᠯᠡᠯᠴᠡᠭᠡᠷ ᠲᠣᠭᠲᠠᠨ᠎ᠠ᠃    ︵ᠬᠤᠶᠠᠷ︶ ᠲᠦᠷᠢᠶᠡᠰᠦᠯᠡᠬᠦ ᠬᠡᠯᠡᠯᠴᠡᠭᠡᠷ ᠪᠠ ᠠᠳᠠᠯ ᠠᠬᠤᠢ ᠵᠢᠴᠢ ᠪᠣᠰᠣᠳ ᠵᠦᠢᠯ ᠤᠨ ᠬᠡᠯᠡᠯᠴᠡᠭᠡᠷ ᠲᠣᠭᠲᠠᠭᠠᠬᠤ᠃ ᠠᠵᠤ ᠠᠬᠤᠶᠢᠯᠠᠯ ᠨᠢ ᠣᠷᠣᠨ ᠳᠤ ᠣᠷᠣᠬᠤ ᠵᠥᠪᠯᠡᠯᠴᠡᠭᠡᠷ ᠲᠣᠭᠲᠠᠭᠰᠠᠨ ᠤ ᠳᠠᠷᠠᠭ᠎ᠠ᠂ ᠬᠤᠶᠠᠷ ᠰᠠᠭᠤᠷᠢᠨ ᠭᠠᠵᠠᠷ ᠤᠨ ᠥᠮᠴᠢᠯᠡᠬᠦ ᠡᠷᠬᠡ ᠶᠢᠨ ᠬᠠᠷᠢᠶ᠎ᠠ ᠺᠣᠮᠫᠠᠨᠢ ᠯᠤᠭ᠎ᠠ ︽ᠦᠢᠯᠡᠳᠪᠦᠷᠢ ᠶᠢᠨ ᠭᠡᠷ ᠪᠠᠶᠢᠰᠢᠩ ᠲᠦᠷᠢᠶᠡᠰᠦᠯᠡᠬᠦ ᠵᠥᠪᠯᠡᠯᠴᠡᠭᠡᠷ︾ ᠵᠢᠴᠢ ︽ᠠᠳᠠᠯ ᠠᠬᠤᠢ ᠶᠢᠨ ᠦᠢᠯᠡᠴᠢᠯᠡᠭᠡᠨ ᠤ ᠵᠥᠪᠯᠡᠯᠴᠡᠭᠡᠷ︾ ᠢ ᠲᠣᠭᠲᠠᠭᠠᠨ᠎ᠠ    ᠭᠤᠷᠪᠠᠳᠤᠭᠠᠷ ᠵᠦᠢᠯ  ᠡᠵᠤ ᠠᠬᠤᠶᠢᠯᠠᠯ ᠣᠷᠣᠵᠤ ᠰᠠᠭᠤᠭᠰᠠᠨ ᠤ ᠳᠠᠷᠠᠭᠠᠬᠢ ᠭᠠᠷ ᠭᠦᠢᠴᠡᠳᠬᠡᠯ ᠢ ᠭᠦᠢᠴᠡᠳᠬᠡᠬᠦ ᠪᠠ ᠵᠠᠰᠠᠵᠤ ᠴᠢᠮᠡᠭᠯᠡᠬᠦ ᠠᠵᠤ ᠠᠬᠤᠶᠢᠯᠠᠯ ᠤᠳ ᠣᠷᠣᠨ ᠳᠤ ᠣᠷᠣᠬᠤ ᠵᠥᠪᠯᠡᠯᠴᠡᠭᠡᠷ ᠲᠣᠭᠲᠠᠭᠰᠠᠨ ᠤ ᠳᠠᠷᠠᠭ᠎ᠠ᠂ ᠺᠣᠮᠫᠠᠨᠢ ᠶᠢᠨ ᠳᠠᠩᠰᠠᠯᠠᠭᠤᠯᠬᠤ᠂ ᠲᠥᠷᠥᠯ ᠵᠦᠢᠯ ᠲᠣᠭᠲᠠᠭᠠᠬᠤ᠂ ᠣᠷᠴᠢᠨ ᠲᠣᠭᠤᠷᠢᠨ ᠤ ᠨᠥᠯᠥᠭᠡ ᠶᠢᠨ ᠦᠨᠡᠯᠡᠯᠲᠡ ᠬᠢᠬᠦ᠂ ᠴᠢᠳᠠᠪᠤᠷᠢ ᠶᠢᠨ ᠦᠨᠡᠯᠡᠯᠲᠡ ᠬᠢᠬᠦ᠂ ᠠᠮᠤᠷ ᠲᠦᠪᠰᠢᠨ ᠭᠤᠷᠪᠠ ᠶᠢ ᠬᠠᠮᠲᠤ ᠳᠤᠨᠢ ᠬᠢᠬᠦ᠂ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ ᠤᠨ ᠦᠨᠡᠯᠡᠯᠲᠡ ᠬᠢᠬᠦ᠂ ᠭᠠᠯ ᠤᠨᠲᠠᠷᠠᠭᠠᠬᠤ ᠳᠠᠩᠰᠠᠯᠠᠯᠲᠠ ᠬᠢᠬᠦ ᠵᠡᠷᠭᠡ ᠭᠠᠷᠳᠠᠮ ᠢ ᠲᠦᠷᠭᠡᠳᠬᠡᠨ ᠪᠡᠶᠡᠯᠡᠭᠦᠯᠬᠦ ᠬᠡᠷᠡᠭᠲᠡᠢ᠃ 2 ᠰᠠᠷ᠎ᠠ ᠶᠢᠨ ᠳᠣᠲᠣᠷ᠎ᠠ ᠵᠠᠰᠠᠵᠤ ᠴᠢᠮᠡᠭᠯᠡᠬᠦ ᠪᠠ ᠲᠥᠬᠦᠭᠡᠷᠦᠮᠵᠢ ᠤᠭᠰᠠᠷᠠᠬᠤ ᠶᠢ ᠪᠡᠶᠡᠯᠡᠭᠦᠯᠦᠨ᠎ᠡ᠃ ᠠᠵᠤ ᠠᠬᠤᠶᠢᠯᠠᠯ ᠤᠨ ᠵᠠᠰᠠᠵᠤ ᠴᠢᠮᠡᠭᠯᠡᠬᠦ ᠶᠢ ᠥᠭᠡᠷᠡᠴᠢᠯᠡᠬᠦ ᠳᠤ 10 ᠠᠵᠢᠯ ᠤᠨ ᠡᠳᠦᠷ ᠤᠨ ᠡᠮᠦᠨ᠎ᠡ ᠰᠠᠭᠤᠷᠢᠨ ᠭᠠᠵᠠᠷ ᠤᠨ ᠥᠮᠴᠢᠯᠡᠬᠦ ᠡᠷᠬᠡ ᠶᠢᠨ ᠺᠣᠮᠫᠠᠨᠢ ᠳᠤ ᠪᠢᠴᠢᠭ ᠤᠨ ᠭᠤᠶᠤᠴᠢᠯᠠᠯ ᠪᠠ ᠵᠠᠰᠠᠵᠤ ᠴᠢᠮᠡᠭᠯᠡᠬᠦ ᠶᠢ ᠥᠭᠡᠷᠡᠴᠢᠯᠡᠬᠦ ᠲᠥᠰᠥᠯ ᠢᠶᠠᠨ ᠲᠤᠰᠢᠶᠠᠬᠤ ᠬᠡᠷᠡᠭᠲᠡᠢ᠃ ᠺᠣᠮᠫᠠᠨᠢ ᠶᠢᠨ ᠪᠢᠴᠢᠭ ᠤᠨ ᠵᠥᠪᠰᠢᠶᠡᠷᠡᠯ ᠢ ᠣᠯᠣᠭᠰᠠᠨ ᠤ ᠲᠠᠷᠠᠭ᠎ᠠ᠂ ᠠᠵᠤ ᠠᠬᠤᠶᠢᠯᠠᠯ ᠨᠢ ᠰᠠᠶ᠋ᠢ ᠵᠠᠰᠠᠵᠤ ᠴᠢᠮᠡᠭᠯᠡᠵᠦ ᠥᠭᠡᠷᠡᠴᠢᠯᠡᠵᠦ ᠪᠣᠯᠣᠨ᠎ᠠ    ᠬᠤᠶᠠᠳᠤᠭᠠᠷ ᠪᠦᠯᠦᠭ   ᠲᠦᠷᠢᠶᠡᠰᠦᠯᠡᠬᠦ ᠵᠠᠷᠤᠳᠠᠯ᠂ ᠠᠳᠠᠯ ᠠᠬᠤᠢ ᠶᠢᠨ ᠵᠠᠷᠤᠳᠠᠯ ᠵᠢᠴᠢ ᠪᠤᠰᠤᠳ ᠵᠠᠷᠤᠳᠠᠯ    ᠳᠥᠷᠪᠡᠳᠦᠭᠡᠷ ᠵᠦᠢᠯ ᠰᠦᠢᠳᠬᠡᠯ ᠬᠤᠷᠢᠶᠠᠬᠤ ᠲᠦᠷᠦᠯ ᠵᠦᠢᠯ    ᠳᠡᠭᠡᠳᠦ ᠰᠢᠨ᠎ᠡ ᠮᠡᠷᠭᠡᠵᠢᠯ ᠤᠨ ᠰᠠᠭᠤᠷᠢᠨ ᠭᠠᠵᠠᠷ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠦᠢᠯᠡᠳᠪᠦᠷᠢ ᠶᠢᠨ ᠭᠡᠷ ᠪᠠᠶᠢᠰᠢᠩ ᠤᠨ ᠰᠠᠷ᠎ᠠ ᠪᠦᠷᠢ ᠶᠢᠨ ᠲᠡᠭᠰᠢ ᠳᠥᠷᠪᠡᠯᠵᠢᠨ ᠮᠧᠲᠷ ᠪᠦᠷᠢ ᠶᠢᠨ ᠲᠦᠷᠢᠶᠡᠰᠦᠨ ᠮᠥᠩᠭᠦ ᠨᠢ 12 ᠲᠥᠭᠦᠷᠢᠭ ︵ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠲᠡᠭᠰᠢ ᠳᠥᠷᠪᠡᠯᠵᠢᠨ ᠮᠧᠲᠷ ᠪᠦᠷᠢ ᠶᠢᠨ 12 ᠲᠥᠭᠦᠷᠢᠭ ᠤᠨ ᠲᠦᠷᠢᠶᠡᠰᠦᠨ ᠮᠥᠩᠭᠦ ᠶᠢ ᠲᠥᠷᠥ ᠶᠢᠨ ᠪᠣᠳᠣᠯᠭ᠎ᠠ ᠶᠢ ᠨᠡᠶᠢᠲᠡᠯᠡᠭᠰᠡᠨ ᠠᠴᠠ ᠡᠬᠢᠯᠡᠵᠦ ᠬᠡᠷᠡᠭᠵᠢᠭᠦᠯᠦᠨ᠎ᠡ︶᠃ ᠰᠠᠭᠤᠷᠢᠨ ᠭᠠᠵᠠᠷ ᠤᠨ ᠥᠮᠴᠢᠯᠡᠬᠦ ᠡᠷᠬᠡ ᠶᠢᠨ ᠺᠣᠮᠫᠠᠨᠢ ᠨᠢ ᠦᠢᠯᠡᠳᠪᠦᠷᠢ ᠶᠢᠨ ᠭᠡᠷ ᠪᠠᠶᠢᠰᠢᠩ ᠲᠦᠷᠢᠶᠡᠰᠦᠯᠡᠬᠦ ᠰᠦᠢᠳᠬᠡᠯ᠂ ᠦᠢᠯᠡᠳᠪᠦᠷᠢ ᠶᠢᠨ ᠭᠡᠷ ᠪᠠᠶᠢᠰᠢᠩ ᠤᠨ ᠪᠠᠲᠤᠯᠠᠭ᠎ᠠ ᠶᠢᠨ ᠮᠥᠩᠭᠦ ᠵᠢᠴᠢ ᠠᠯᠪᠠᠨ ᠠᠰᠠᠷ᠂ ᠰᠤᠳᠤᠯᠤᠨ ᠨᠡᠭᠡᠭᠡᠬᠦ ᠲᠥᠪ ᠪᠣᠯᠣᠨ ᠨᠡᠶᠢᠲᠡ ᠶᠢᠨ ᠪᠠᠶᠢᠷᠢ ᠶᠢᠨ ᠲᠦᠷᠢᠶᠡᠰᠦᠯᠡᠬᠦ ᠰᠦᠢᠳᠬᠡᠯ ᠬᠤᠷᠢᠶᠠᠬᠤ ᠶᠢ ᠬᠠᠷᠢᠭᠤᠴᠠᠨ᠎ᠠ᠃ ᠭᠡᠷ ᠬᠥᠷᠥᠩᠭᠡ ᠶᠢᠨ ᠭᠠᠶᠢᠯᠢ᠂ ᠭᠠᠵᠠᠷ ᠰᠢᠷᠣᠢ ᠶᠢᠨ ᠬᠡᠷᠡᠭᠯᠡᠭᠡᠨ ᠤ ᠭᠠᠶᠢᠯᠢ ᠶᠢ ᠰᠠᠭᠤᠷᠢᠨ ᠭᠠᠵᠠᠷ ᠤᠨ ᠥᠮᠴᠢᠯᠡᠬᠦ ᠡᠷᠬᠡ ᠶᠢᠨ ᠺᠣᠮᠫᠠᠨᠢ   ᠠᠴᠠ ᠡᠭᠦᠷᠭᠡᠯᠡᠨ᠎ᠡ᠃ᠠᠳᠠᠯ ᠠᠬᠤᠢ ᠶᠢᠨ ᠺᠣᠮᠫᠠᠨᠢ ᠨᠢ ᠠᠳᠠᠯ ᠠᠬᠤᠢ ᠶᠢᠨ ᠵᠠᠷᠤᠳᠠᠯ ᠵᠡᠷᠭᠡ ᠵᠣᠬᠢᠴᠠᠩᠭᠤᠢ ᠵᠠᠷᠤᠳᠠᠯ ᠬᠤᠷᠢᠶᠠᠬᠤ ᠶᠢ ᠬᠠᠷᠢᠭᠤᠴᠠᠨ᠎ᠠ᠃    ᠦᠢᠯᠡᠳᠪᠦᠷᠢ ᠶᠢᠨ ᠭᠡᠷ ᠪᠠᠶᠢᠰᠢᠩ ᠲᠦᠷᠢᠶᠡᠰᠦᠯᠡᠬᠦ ᠬᠤᠭᠤᠴᠠᠭᠠᠨ ᠳᠤ᠂ ᠤᠰᠤ᠂ ᠴᠠᠬᠢᠯᠭᠠᠨ᠂ ᠬᠡᠢ᠂ ᠳᠤᠯᠠᠭᠠᠯᠠᠭ᠎ᠠ ᠵᠡᠷᠭᠡ ᠡᠵᠡᠩᠨᠡᠯᠲᠡ ᠶᠢᠨ ᠴᠢᠨᠠᠷᠲᠠᠢ ᠵᠠᠷᠤᠳᠠᠯ ᠵᠢᠴᠢ ᠦᠢᠯᠡᠳᠪᠦᠷᠢ ᠶᠢᠨ ᠭᠡᠷ ᠪᠠᠶᠢᠰᠢᠩ ᠤᠨ ᠳᠣᠲᠣᠷᠠᠬᠢ ᠡᠷᠭᠦᠭᠦᠷ ᠲᠡᠷᠭᠡ᠂ ᠪᠠᠷᠠᠭᠠᠨ ᠤ ᠱᠠᠲᠤᠨ ᠤ ᠣᠨ ᠤ ᠪᠠᠶᠢᠴᠠᠭᠠᠯᠲᠠ ᠶᠢᠨ ᠵᠠᠷᠤᠳᠠᠯ ᠢ ᠴᠥᠮ ᠣᠷᠣᠵᠤ ᠰᠠᠭᠤᠭᠰᠠᠨ ᠠᠵᠤ ᠠᠬᠤᠶᠢᠯᠠᠯ ᠥᠪᠡᠷ ᠲᠡᠭᠡᠨ ᠡᠭᠦᠷᠭᠡᠯᠡᠨ᠎ᠡ᠃   ᠲᠠᠪᠤᠳᠤᠭᠠᠷ ᠵᠦᠢᠯ   ᠲᠦ᠋ᠷᠢᠶᠡᠰᠦᠯᠡᠬᠦ ᠵᠠᠷᠤᠳᠠᠯ ᠤᠨ ᠵᠠᠷᠤᠳᠠᠯ ᠪᠤᠳᠤᠬᠤ ᠡᠳᠦᠷ ᠬᠤᠭᠤᠴᠠᠭ᠎ᠠ    ᠲᠦᠷᠢᠶᠡᠰᠦᠯᠡᠬᠦ ᠵᠠᠷᠤᠳᠠᠯ ᠢ ᠣᠷᠣᠵᠤ ᠰᠠᠭᠤᠭᠰᠠᠨ ᠠᠵᠤ ᠠᠬᠤᠶᠢᠯᠠᠯ ᠤᠨ ᠠᠩᠬᠠᠨ ᠤ ᠬᠤᠭᠤᠴᠠᠭᠠᠨ ᠤ ᠲᠦᠷᠢᠶᠡᠰᠦᠯᠡᠬᠦ ᠵᠠᠷᠤᠳᠠᠯ ᠵᠡᠷᠭᠡ ᠵᠠᠷᠤᠳᠠᠯ ᠢ ᠲᠤᠰᠢᠶᠠᠬᠤ ᠶᠢᠨ ᠬᠠᠮᠲᠤ ᠦᠢᠯᠡᠳᠪᠦᠷᠢ ᠶᠢᠨ ᠪᠠᠶᠢᠰᠢᠩ ᠤᠨ ᠲᠦᠯᠬᠢᠭᠦᠷ ᠢ ᠠᠪᠤᠭᠰᠠᠨ ᠡᠳᠦᠷ ᠠᠴᠠ ᠡᠬᠢᠯᠡᠨ ᠰᠦᠢᠳᠬᠡᠯ ᠪᠤᠳᠤᠨ᠎ᠠ᠃ ᠰᠠᠭᠤᠷᠢᠨ ᠭᠠᠵᠠᠷ ᠤᠨ ᠥᠮᠴᠢᠯᠡᠬᠦ ᠡᠷᠬᠡ ᠶᠢᠨ ᠺᠣᠮᠫᠠᠨᠢ ᠠᠴᠠ ᠣᠷᠣᠵᠤ ᠰᠠᠭᠤᠭᠰᠠᠨ ᠠᠵᠤ ᠠᠬᠤᠶᠢᠯᠠᠯ ᠳᠤ 2 ᠰᠠᠷ᠎ᠠ ᠶᠢᠨ ᠦᠢᠯᠡᠳᠪᠦᠷᠢ ᠶᠢᠨ ᠪᠠᠶᠢᠰᠢᠩ ᠢ ᠵᠠᠰᠠᠵᠤ ᠴᠢᠮᠡᠭᠯᠡᠬᠦ ᠪᠠ ᠪᠠᠶᠢᠭᠤᠯᠬᠤ ᠶᠢ ᠬᠡᠯᠲᠦᠷᠢᠭᠦᠯᠦᠨ᠎ᠡ᠃    ᠤᠭᠰᠠᠷᠠᠬᠤ ᠬᠤᠭᠤᠴᠠᠭᠠᠨ ᠤ ᠲᠦᠷᠢᠶᠡᠰᠦᠨ ᠮᠥᠩᠭᠦ ᠶᠢ ᠪᠡᠯᠡᠳᠬᠡᠨ᠎ᠡ᠃ ᠲᠦᠷᠢᠶᠡᠰᠦᠨ ᠮᠥᠩᠭᠦ ᠪᠠᠨ ᠬᠠᠭᠠᠰ ᠵᠢᠯ ᠪᠦᠷᠢ ᠳᠤ ᠨᠢᠭᠡ ᠭᠠᠷᠠᠭ ᠤᠷᠢᠳᠴᠢᠯᠠᠨ ᠲᠤᠰᠢᠶᠠᠨ᠎ᠠ᠃ ᠢᠯᠭᠠᠷᠠᠭᠤᠯᠤᠨ ᠪᠤᠴᠠᠭᠠᠬᠤ ᠪᠠᠷ ᠪᠠᠶᠢᠭ᠎ᠠ ᠠᠵᠤ ᠠᠬᠤᠶᠢᠯᠠᠯ ᠦᠷᠭᠦᠯᠵᠢᠯᠡᠨ ᠭᠠᠷ ᠤᠨ ᠦᠰᠦᠭ ᠵᠢᠷᠤᠵᠤ ᠲᠦᠷᠢᠶᠡᠰᠦᠯᠡᠬᠦ ᠦᠭᠡᠢ ᠪᠣᠯ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠴᠡ ᠶᠢ ᠡᠪᠳᠡᠬᠦ ᠦᠭᠡᠢ ᠪᠠᠶᠢᠬᠤ ᠤᠷᠢᠲᠠᠯ ᠳᠣᠣᠷ᠎ᠠ ᠥᠪᠡᠰᠦᠪᠡᠨ ᠨᠤᠷᠠᠭᠠᠵᠤ᠂ ᠦᠢᠯᠡᠳᠪᠦᠷᠢ ᠶᠢᠨ ᠭᠡᠷ ᠪᠠᠶᠢᠰᠢᠩ ᠤᠨ ᠤᠤᠯ ᠤᠨ ᠳᠦᠷᠰᠦ ᠪᠠᠶᠢᠳᠠᠯ ᠢ ᠰᠡᠷᠭᠦᠭᠡᠬᠦ ᠶᠢ ᠵᠥᠪᠰᠢᠶᠡᠷᠡᠨ᠎ᠡ᠂ ᠭᠡᠪᠡᠴᠦ ᠨᠥᠬᠦᠪᠦᠷᠢ ᠥᠭᠬᠦ ᠦᠭᠡᠢ᠃    ︵ᠨᠢᠭᠡ︶ ᠣᠷᠣᠵᠤ ᠰᠠᠭᠤᠭᠰᠠᠨ ᠠᠵᠤ ᠠᠬᠤᠶᠢᠯᠠᠯ ᠤᠨ ᠭᠤᠷᠪᠠᠨ ᠵᠢᠯ ᠤᠨ ᠬᠠᠷᠠᠭᠠᠯᠵᠠᠯᠲᠤ ᠲᠦᠷᠢᠶᠡᠰᠦᠯᠡᠬᠦ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ᠂ ᠣᠷᠣᠨ ᠳᠤ ᠣᠷᠣᠬᠤ ᠵᠥᠪᠯᠡᠯᠴᠡᠭᠡᠷ ᠲᠤ ᠭᠠᠷ ᠤᠨ ᠥᠰᠥᠭ ᠵᠢᠷᠤᠭᠰᠠᠨ ᠵᠢᠱᠢᠭᠰᠡᠨ ᠠᠵᠤ ᠠᠬᠤᠢ ᠶᠢᠨ ᠭᠦᠢᠴᠡᠳᠬᠡᠯ ᠲᠤᠭ᠎ᠠ ᠳᠤ ᠬᠦᠷᠦᠭᠰᠡᠨ ᠦᠭᠡᠢ ᠮᠥᠷᠲᠡᠭᠡᠨ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠨ ᠵᠢᠱᠢᠯᠲᠡ ᠨᠢ ᠬᠠᠮᠤᠭ ᠤᠨ ᠮᠠᠭᠤ᠃     ︵ᠬᠤᠶᠠᠷ︶ ᠦᠢᠯᠡᠳᠪᠦᠷᠢ ᠶᠢᠨ ᠭᠡᠷ ᠪᠠᠶᠢᠰᠢᠩ᠂ ᠠᠯᠪᠠᠨ ᠠᠰᠠᠷ ᠤᠨ ᠲᠦᠷᠢᠶᠡᠰᠦᠯᠡᠯ ᠤᠨ ᠰᠦᠢᠳᠬᠡᠯ᠂ ᠠᠳᠠᠯ ᠠᠬᠤᠢ ᠶᠢᠨ ᠰᠦᠢᠳᠬᠡᠯ᠂ ᠳᠤᠯᠠᠭᠠᠮᠵᠢ ᠶᠢᠨ ᠰᠦᠢᠳᠬᠡᠯ ᠵᠡᠷᠭᠡ ᠰᠦᠢᠳᠬᠡᠯ ᠢ 3 ᠰᠠᠷ᠎ᠠ ᠬᠡᠲᠦᠷᠡᠲᠡᠯ᠎ᠡ ᠦᠯᠦ ᠲᠤᠰᠢᠶᠠᠭᠰᠠᠨ᠃     ︵ᠭᠤᠷᠪᠠ︶ ᠵᠠᠰᠠᠵᠤ ᠴᠢᠮᠡᠭᠯᠡᠭᠡᠳ 3 ᠰᠠᠷ᠎ᠠ ᠪᠤᠶᠤ 3 ᠰᠠᠷ᠎ᠠ ᠠᠴᠠ ᠳᠡᠭᠡᠭᠰᠢ ᠪᠣᠯᠤᠭᠰᠠᠨ ᠪᠠᠶᠢᠲᠠᠯ᠎ᠠ ᠠᠰᠢᠭᠯᠠᠯᠲᠠ ᠳᠤ ᠣᠷᠣᠭᠤᠯᠤᠭᠰᠠᠨ ᠦᠭᠡᠢ᠄ ᠦᠢᠯᠡᠳᠪᠦᠷᠢᠯᠡᠯ ᠢ ᠨᠢ ᠵᠣᠭᠰᠣᠭᠠᠭᠰᠠᠨ ᠪᠤᠶᠤ ᠬᠠᠭᠠᠰ ᠵᠣᠭᠰᠣᠭᠠᠭᠰᠠᠨ ᠨᠢ 3 ᠰᠠᠷ᠎ᠠ ᠵᠢᠴᠢ 3 ᠰᠠᠷ᠎ᠠ ᠠᠴᠠ ᠳᠡᠭᠡᠭᠰᠢ᠂ ᠰᠤᠯᠠ ᠪᠠᠶᠢᠬᠤ ᠦᠢᠯᠡᠳᠪᠦᠷᠢ ᠶᠢᠨ ᠭᠡᠷ ᠪᠠᠶᠢᠰᠢᠩ ᠢ 3 ᠰᠠᠷ᠎ᠠ ᠵᠢᠴᠢ 3 ᠰᠠᠷ᠎ᠠ ᠠᠴᠠ ᠳᠡᠭᠡᠭᠰᠢ ᠪᠠᠶᠢᠬᠤ᠃     ︵ᠳᠥᠷᠪᠡ︶ ᠬᠠᠮᠢᠶ᠎ᠠ ᠪᠦᠬᠦᠢ ᠠᠵᠢᠯ ᠲᠥᠷᠥᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠲᠤᠰᠬᠠᠢ ᠮᠡᠷᠭᠡᠵᠢᠯᠲᠡᠨ ᠢᠶᠠᠷ ᠬᠢᠨᠠᠨ ᠲᠣᠭᠲᠠᠭᠠᠯᠭᠠᠭᠠᠳ᠂ ᠠᠵᠤ ᠠᠬᠤᠶᠢᠯᠠᠯ ᠳᠤ ᠬᠠᠤᠯᠢ ᠪᠤᠰᠤ ᠪᠠᠷ ᠡᠵᠡᠩᠨᠡᠬᠦ᠂ ᠶᠡᠭᠡ ᠠᠮᠤᠷ ᠲᠦᠪᠰᠢᠨ ᠪᠠ ᠭᠠᠯ ᠤᠨᠲᠠᠷᠠᠭᠠᠬᠤ ᠳᠠᠯᠳᠠ ᠬᠡᠮ ᠣᠷᠣᠰᠢᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠰᠠᠯᠲᠠ ᠪᠠᠷ ᠠᠨᠠᠢ ᠮᠥᠷᠲᠡᠭᠡᠨ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ᠃     ︵ᠲᠠᠪᠤ︶ ᠦᠢᠯᠡᠳᠪᠦᠷᠢ ᠶᠢᠨ ᠭᠡᠷ ᠪᠠᠶᠢᠰᠢᠩ ᠢ ᠳᠤᠷ᠎ᠠ ᠪᠠᠷ ᠢᠶᠠᠨ ᠰᠢᠯᠵᠢᠭᠦᠯᠦᠨ ᠲᠦᠷᠢᠶᠡᠰᠦᠯᠡᠭᠦᠯᠦᠭᠰᠡᠨ᠃     ᠲᠠᠪᠤᠳᠤᠭᠠᠷ ᠪᠦᠯᠦᠭ   ᠲᠠᠭᠠᠯᠳᠣᠭᠤᠯᠣᠭᠰᠠᠨ ᠳᠦᠷᠢᠮ     ᠠᠷᠪᠠᠨ ᠬᠤᠶᠠᠳᠤᠭᠠᠷ ᠵᠦᠢᠯ  ᠲᠣᠰ ᠠᠷᠭ᠎ᠠ ᠶᠢ ᠨᠡᠶᠢᠲᠡᠯᠡᠬᠦ ᠠᠴᠠ ᠡᠮᠦᠨ᠎ᠡ ᠬᠠᠮᠢᠶᠠᠷᠤᠯᠲᠠ ᠶᠢᠨ ᠵᠥᠪᠯᠡᠯ ᠠᠴᠠ ᠨᠢᠭᠡᠨᠲᠡ ᠭᠠᠷᠭᠠᠭᠰᠠᠨ ᠳᠡᠭᠡᠳᠦ ᠰᠢᠨ᠎ᠡ ᠮᠡᠷᠭᠡᠵᠢᠯ ᠤᠨ ᠰᠠᠭᠤᠷᠢᠨ ᠭᠠᠵᠠᠷ ᠤᠨ ᠳᠣᠲᠣᠷᠠᠬᠢ ᠬᠡᠰᠡᠭ ᠠᠵᠤ ᠠᠬᠤᠶᠢᠯᠠᠯ ᠤᠨ ᠦᠢᠯᠡᠳᠪᠦᠷᠢ ᠶᠢᠨ ᠭᠡᠷ ᠪᠠᠶᠢᠰᠢᠩ ᠢ ᠥᠷᠭᠡᠳᠬᠡᠨ ᠲᠦᠷᠢᠶᠡᠰᠦᠯᠡᠬᠦ ᠳᠤ ᠲᠦᠷᠢᠶᠡᠰᠦᠨ ᠮᠥᠩᠭᠦ ᠶᠢᠨ ᠳᠡᠮᠵᠢᠯᠭᠡ ᠦᠵᠡᠭᠦᠯᠦᠭᠰᠡᠨ ᠬᠤᠷᠠᠯ ᠤᠨ ᠲᠣᠪᠴᠢ ᠲᠡᠮᠳᠡᠭᠯᠡᠯ ᠳᠤ᠂ ᠠᠵᠤ ᠠᠬᠤᠶᠢᠯᠠᠯ ᠤᠨ ᠵᠠᠯᠭᠠᠭᠠᠳ ᠪᠠᠰᠠ ᠦᠢᠯᠡᠳᠪᠦᠷᠢ ᠶᠢᠨ ᠭᠡᠷ ᠪᠠᠶᠢᠰᠢᠩ ᠢ ᠥᠷᠭᠡᠳᠬᠡᠨ ᠲᠦᠷᠢᠶᠡᠰᠦᠯᠡᠬᠦ ᠪᠠᠶᠢᠳᠠᠯ ᠭᠠᠷᠤᠭᠰᠠᠨ ᠠᠴᠠ ᠪᠣᠯᠵᠤ᠂ ᠭᠠᠶᠢᠯᠢ ᠲᠤᠰᠢᠶᠠᠭᠰᠠᠨ ᠲᠤᠭ᠎ᠠ ᠨᠢ ᠪᠣᠳᠠᠲᠠᠢ ᠲᠦᠷᠢᠶᠡᠰᠦᠯᠡᠭᠰᠡᠨ ᠲᠠᠯᠠᠪᠠᠶ ᠲᠠᠢ ᠲᠣᠬᠢᠷᠠᠯᠴᠠᠬᠤ ᠦᠭᠡᠢ᠃ ᠬᠤᠷᠠᠯ ᠤᠨ ᠲᠣᠪᠴᠢ ᠲᠡᠮᠳᠡᠭᠯᠡᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠠᠵᠤ ᠠᠬᠤᠶᠢᠯᠠᠯ ᠤᠨ ᠲᠤᠬᠠᠢ ᠶᠢᠨ ᠦᠶ᠎ᠡ ᠶᠢᠨ ᠲᠦᠷᠢᠶᠡᠰᠦᠯᠡᠭᠰᠡᠨ ᠦᠢᠯᠡᠳᠪᠦᠷᠢ ᠶᠢᠨ ᠭᠡᠷ ᠪᠠᠶᠢᠰᠢᠩ ᠤᠨ ᠲᠦᠷᠢᠶᠡᠰᠦᠨ ᠮᠥᠩᠭᠦ ᠲᠤᠰᠢᠶᠠᠬᠤ ᠠᠷᠭ᠎ᠠ ᠮᠠᠶ᠋ᠢᠭ ᠪᠣᠯᠣᠨ ᠱᠠᠩᠨᠠᠬᠤ ᠪᠠᠷ ᠮᠡᠳᠡᠭᠦᠯᠬᠦ ᠠᠯᠬᠤᠮ ᠲᠠᠷᠠᠭ᠎ᠠ ᠶᠢ ᠲᠣᠰ ᠠᠷᠭ᠎ᠠ ᠶᠢᠨ ᠨᠠᠢᠮᠠᠳᠤᠭᠠᠷ ᠵᠦᠢᠯ ᠤᠨ ᠶᠣᠰᠣᠭᠠᠷ ᠬᠡᠷᠡᠭᠵᠢᠭᠦᠯᠦᠨ᠎ᠡ᠃      ᠠᠷᠪᠠᠨ ᠭᠤᠷᠪᠠᠳᠤᠭᠠᠷ ᠵᠦᠢᠯ  ᠰᠠᠭᠤᠷᠢᠨ ᠭᠠᠵᠠᠷ ᠲᠤ ᠣᠷᠣᠵᠤ ᠰᠠᠭᠤᠭᠰᠠᠨ ᠠᠵᠤ ᠠᠬᠤᠶᠢᠯᠠᠯ ᠨᠢ ᠨᠢᠭᠡᠨᠲᠡ ᠦᠢᠯᠡᠳᠪᠦᠷᠢ ᠶᠢᠨ ᠭᠡᠷ ᠪᠠᠶᠢᠰᠢᠩ ᠲᠦᠷᠢᠶᠡᠰᠦᠯᠡᠬᠦ ᠭᠡᠷ᠎ᠡ ᠲᠣᠭᠲᠠᠭᠰᠠᠨ ᠨᠢ ᠭᠤᠷᠪᠠᠨ ᠵᠢᠯ ᠠᠴᠠ ᠬᠡᠲᠦᠷᠡᠭᠰᠡᠨ ᠦᠭᠡᠢ ᠪᠠᠶᠢᠪᠠᠯ᠂ ᠲᠣᠰ ᠠᠷᠭ᠎ᠠ ᠪᠠᠷ ᠯᠠᠪᠯᠠᠯᠲᠠ ᠪᠣᠯᠭᠠᠵᠤ ᠬᠠᠷᠠᠭᠠᠯᠵᠠᠭᠰᠠᠨ ᠲᠦᠷᠢᠶᠡᠰᠦᠨ ᠮᠥᠩᠭᠦ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ ᠠᠵᠤ ᠠᠬᠤᠶᠢᠯᠠᠯ ᠬᠢᠭᠡᠳ ᠰᠠᠭᠤᠷᠢᠨ ᠭᠠᠵᠠᠷ ᠤᠨ ᠥᠮᠴᠢᠯᠡᠬᠦ ᠡᠷᠬᠡ ᠶᠢᠨ ᠺᠣᠮᠫᠠᠨᠢ ᠨᠢ ᠨᠥᠬᠦᠪᠦᠷᠢᠯᠡᠨ ᠲᠦᠷᠢᠶᠡᠰᠦᠯᠡᠬᠦ ᠵᠥᠪᠯᠡᠯᠴᠡᠭᠡᠷ ᠲᠣᠭᠲᠠᠨ᠎ᠠ᠃ ᠨᠢᠭᠡᠨᠲᠡ ᠰᠠᠭᠤᠷᠢᠨ ᠭᠠᠵᠠᠷ ᠠᠴᠠ ᠪᠠᠨ ᠨᠡᠭᠦᠵᠦ ᠶᠠᠪᠤᠭᠰᠠᠨ ᠠᠵᠤ ᠠᠬᠤᠶᠢᠯᠠᠯ ᠢ ᠱᠠᠩᠨᠠᠵᠤ ᠨᠥᠬᠦᠪᠦᠷᠢᠯᠡᠬᠦ ᠦᠭᠡᠢ᠃    ᠠᠷᠪᠠᠨ ᠳᠥᠷᠪᠡᠳᠦᠭᠡᠷ ᠵᠦᠢᠯ  ᠲᠣᠰ ᠠᠷᠭ᠎ᠠ ᠳᠤ ᠬᠤᠯᠪᠣᠭᠳᠠᠬᠤ ᠦᠭᠡᠢ ᠬᠠᠮᠢᠶ᠎ᠠ ᠪᠦᠬᠦᠢ ᠠᠭᠤᠯᠭ᠎ᠠ ᠶᠢ ᠰᠠᠭᠤᠷᠢᠨ ᠭᠠᠵᠠᠷ ᠤᠨ ᠥᠮᠴᠢᠯᠡᠬᠦ ᠡᠷᠬᠡ ᠶᠢᠨ ᠺᠣᠮᠫᠠᠨᠢ ᠶᠢᠨ ︽ᠲᠦᠷᠢᠶᠡᠰᠦᠯᠡᠬᠦ ᠵᠥᠪᠯᠡᠯᠴᠡᠭᠡᠷ︾ ︽ᠠᠳᠠᠯ ᠠᠬᠤᠢ ᠶᠢᠨ ᠵᠥᠪᠯᠡᠯᠴᠡᠭᠡᠷ︾ ᠵᠡᠷᠭᠡ ᠪᠣᠳᠠᠲᠠᠢ ᠠᠭᠤᠯᠭ᠎ᠠ ᠶᠢ ᠦᠨᠳᠦᠰᠦᠯᠡᠨ ᠬᠡᠷᠡᠭᠵᠢᠭᠦᠯᠦᠨ᠎ᠡ᠃    ᠠᠷᠪᠠᠨ ᠲᠠᠪᠤᠳᠤᠭᠠᠷ ᠵᠦᠢᠯ  ᠲᠣᠰ ᠠᠷᠭ᠎ᠠ ᠶᠢ ᠵᠥᠪᠬᠡᠨ ᠳᠡᠭᠡᠳᠦ ᠰᠢᠨ᠎ᠡ ᠮᠡᠷᠭᠡᠵᠢᠯ ᠤᠨ ᠰᠠᠭᠤᠷᠢᠨ ᠭᠠᠵᠠᠷ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ ᠤᠨ ᠭᠦᠨᠵᠡᠭᠡᠢ ᠡᠳ᠋ᠰᠢᠭᠦᠯᠦᠭᠰᠡᠨ ᠦᠢᠯᠡᠳᠪᠦᠷᠢ ᠶᠢᠨ ᠪᠠᠶᠢᠰᠢᠩ ᠳᠤ ᠣᠷᠣᠵᠤ ᠰᠠᠭᠤᠭᠰᠠᠨ ᠠᠵᠤ ᠠᠬᠤᠶᠢᠯᠠᠯ ᠢᠶᠠᠷ ᠬᠢᠵᠠᠭᠠᠷᠯᠠᠨ᠎ᠠ᠃ ᠴᠠᠬᠢᠯᠭᠠᠨ ᠢᠶᠠᠷ ᠥᠩᠭᠡᠯᠡᠭᠰᠡᠨ ᠦᠢᠯᠡᠳᠪᠦᠷᠢ ᠶᠢᠨ ᠭᠡᠷ ᠪᠠᠶᠢᠰᠢᠩ᠂ ᠶᠠᠰᠤ ᠴᠢᠨᠠᠷ ᠤᠨ ᠪᠠᠲᠤᠯᠠᠭ᠎ᠠ ᠶᠢᠨ ᠮᠥᠩᠭᠦ᠂ ᠠᠳᠠᠯ ᠠᠬᠤᠢ ᠶᠢᠨ ᠵᠠᠷᠤᠳᠠᠯ᠂ ᠳᠤᠯᠠᠭᠠᠮᠵᠢ ᠶᠢᠨ ᠵᠠᠷᠤᠳᠠᠯ᠂ ᠠᠯᠪᠠᠨ ᠠᠰᠠᠷ᠂ ᠨᠡᠶᠢᠲᠡ ᠶᠢᠨ ᠪᠠᠶᠢᠷᠢ ᠶᠢᠨ ᠠᠰᠠᠷ ᠵᠡᠷᠭᠡ ᠶᠢᠨ ᠵᠠᠷᠤᠳᠠᠯ ᠨᠢ ᠱᠠᠩᠨᠠᠯ ᠤᠨ ᠬᠡᠪᠴᠢᠶᠡᠨ ᠳᠤ ᠪᠠᠭᠲᠠᠬᠤ ᠦᠭᠡᠢ᠃ ᠲᠥᠷᠥ ᠶᠢᠨ ᠪᠣᠳᠣᠯᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠤᠪᠣᠷ ᠰᠢᠷᠣᠢ ᠶᠢᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠨ᠎ᠠ᠃ ᠤᠤᠯ ᠤᠨ ︽ᠪᠤᠭᠤᠲᠤ ᠶᠢᠨ ᠳᠡᠭᠡᠳᠦ ᠰᠢᠨ᠎ᠡ ᠮᠡᠷᠭᠡᠵᠢᠯ ᠤᠨ ᠣᠨᠴᠠᠯᠢᠭᠲᠤ ᠠᠵᠤ ᠦᠢᠯᠡᠰ ᠤᠨ ᠰᠠᠭᠤᠷᠢᠨ ᠭᠠᠵᠠᠷ ᠲᠤ ᠣᠷᠣᠵᠤ ᠰᠠᠭᠤᠬᠤ ᠠᠵᠤ ᠠᠬᠤᠶᠢᠯᠠᠯ ᠤᠨ ᠬᠠᠮᠢᠶᠠᠷᠤᠯᠲᠠ ᠶᠢᠨ ᠠᠷᠭ᠎ᠠ ᠶᠢᠨ ᠮᠡᠳᠡᠭᠳᠡᠯ︾ ︵ᠨᠠᠮ ᠵᠠᠰᠠᠭ ᠠᠯᠪᠠᠨ ᠤ ᠲᠠᠷᠬᠠᠭᠠᠭᠰᠠᠨ ﹇2015 ﹈ 117 ᠳ᠋ᠤᠭᠠᠷ ᠲᠣᠭᠠᠲᠤ︶ ᠢ ᠳᠠᠭᠠᠤ ᠳᠤᠨᠢ ᠬᠦᠴᠦᠨ ᠦᠭᠡᠢ ᠪᠣᠯᠭᠠᠨ᠎ᠠ᠃                   ᠪᠤᠭᠤᠲᠤ ᠶᠢᠨ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠵᠠᠰᠠᠭ ᠤᠨ ᠠᠯᠪᠠᠨ ᠭᠡᠷ 2022 ᠣᠨ ᠤ 11 ᠰᠠᠷ᠎ᠠ ᠶᠢᠨ 5 ᠤ ᠡᠳᠦᠷ ᠲᠠᠷᠣᠮᠯᠠᠨ ᠲᠠᠷᠬᠠᠭᠠᠪᠠ
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号