ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠦᠢᠯᠡᠰ ᠪᠣᠰᠬᠠᠬᠤ ᠦᠢᠯᠡᠴᠢᠯᠡᠭᠡᠨ ᠤ ᠲᠥᠪ ᠨᠢ ᠦᠢᠯᠡᠰ ᠪᠣᠰᠬᠠᠬᠤ ᠪᠠᠭᠰᠢ ᠶᠢᠨ | ᠰᠢᠨ᠎ᠡ ᠶᠢ ᠡᠭᠦᠳᠬᠦ ᠦᠢᠯᠡᠰ ᠪᠣᠰᠬᠠᠬᠤ ᠶᠠᠪᠤᠴᠠ ᠳᠠᠬᠢ ᠳᠠᠶᠢᠴᠢᠯᠠᠬᠤ ᠪᠠ ᠵᠢᠯᠤᠭᠤᠳᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠣᠲᠣ ᠪᠣᠯᠲᠠᠯ᠎ᠠ᠂ ᠠᠳᠠᠯ ᠦᠢᠯᠡᠰ ᠴᠣᠭᠴᠠᠯᠠᠬᠤ ᠵᠢᠯᠣᠭᠤᠳᠤᠭᠴᠢ ᠪᠠᠭᠰᠢ ᠶᠢᠨ ᠲᠥᠷᠥᠯ ᠵᠦᠢᠯ ᠢ | ᠵᠣᠯᠭᠠᠭᠤᠯᠬᠤ ᠠᠵᠢᠯᠯᠠᠭ᠎ᠠ᠂ ᠬᠤᠪᠢᠶᠠᠨ ᠡᠳ᠋ᠯᠡᠬᠦ ᠬᠤᠷᠠᠯ᠂ ᠨᠣᠮ ᠤᠩᠰᠢᠬᠤ ᠬᠤᠷᠠᠯ ᠵᠡᠷᠭᠡ ᠠᠵᠢᠯᠯᠠᠭ᠎ᠠ ᠶᠢ ᠨᠡᠶᠢᠲᠡ | 23 ᠣᠳᠠᠭ᠎ᠠ ᠵᠣᠬᠢᠶᠠᠨ ᠪᠠᠶᠢᠭᠤᠯᠤᠨ᠂ ᠡᠭᠦᠨ ᠳᠤ ᠠᠳᠠᠯ ᠦᠢᠯᠡᠰ ᠴᠣᠭᠴᠠᠯᠠᠬᠤ ᠵᠢᠯᠣᠭᠤᠳᠤᠭᠴᠢ ᠪᠠᠭᠰᠢ ᠶᠢᠨ | ᠲᠥᠷᠥᠯ ᠵᠦᠢᠯ ᠢ ᠵᠣᠯᠭᠠᠭᠤᠯᠬᠤ ᠠᠵᠢᠯᠯᠠᠭ᠎ᠠ 4 ᠲᠠᠯᠠᠪᠤᠷ᠂ ᠵᠣᠯᠭᠠᠭᠤᠯᠵᠤ ᠳᠡᠯᠭᠡᠨ ᠦᠵᠡᠭᠦᠯᠬᠦ ᠵᠦᠢᠯᠡᠰ 6 | ᠲᠠᠯᠠᠪᠤᠷ᠂ ᠬᠤᠷᠠᠯ ᠳᠤ ᠣᠷᠣᠯᠴᠠᠭᠰᠠᠨ ᠵᠢᠯᠣᠭᠤᠳᠤᠭᠴᠢ ᠪᠠᠭᠰᠢ 20 ᠭᠠᠷᠤᠢ ᠬᠥᠮᠥᠨ ᠤᠳᠠᠭ᠎ᠠ ᠪᠠᠶᠢᠵᠤ᠂ ᠠᠵᠤ | ᠠᠬᠤᠶᠢᠯᠠᠯ ᠤᠨ ᠦᠰᠦᠨ ᠪᠤᠶᠢᠵᠢᠯᠲᠠ ᠶᠢ ᠲᠦᠷᠭᠡᠳᠬᠡᠪᠡ᠃ | ᠵᠢᠯᠣᠭᠤᠳᠤᠭᠴᠢ ᠪᠠᠭᠰᠢ ᠶᠢᠨ ᠬᠠᠪᠰᠤᠷᠤᠨ ᠵᠢᠯᠤᠭᠤᠳᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ | ᠂ ︽ᠠᠳᠠᠯ ᠦᠢᠯᠡᠰ ᠴᠣᠭᠴᠠᠯᠠᠬᠤ ᠵᠢᠯᠣᠭᠤᠳᠤᠭᠴᠢ ᠪᠠᠭᠰᠢ ᠶᠢᠨ ᠠᠵᠢᠯ ᠤᠨ ᠲᠠᠰᠤᠭ︾ ᠪᠠ ︽ᠰᠢᠨᠵᠢᠯᠡᠬᠦ | ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠥᠷᠲᠡᠭᠡ︾ ᠶᠢᠨ ᠦᠢᠯᠡᠴᠢᠯᠡᠭᠡᠨ ᠤ ᠡᠬᠢ | ᠪᠠᠶᠠᠯᠢᠭ ᠢ ᠠᠰᠢᠭᠯᠠᠵᠤ᠂ ᠠᠵᠤ ᠠᠬᠤᠶᠢᠯᠠᠯᠲᠠᠨ᠂ ᠠᠵᠢᠯ ᠲᠥᠷᠥᠯ ᠤᠨ ᠲᠤᠰᠬᠠᠢ ᠮᠡᠷᠭᠡᠵᠢᠯᠲᠡᠨ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠠᠳᠠᠯ ᠦᠢᠯᠡᠰ | ᠴᠣᠭᠴᠠᠯᠠᠬᠤ ᠶᠢᠨ ᠬᠠᠪᠰᠤᠷᠤᠨ ᠵᠢᠯᠤᠭᠤᠳᠬᠤ ᠦᠢᠯᠡᠴᠢᠯᠡᠭᠡᠨ ᠤ ᠠᠵᠢᠯ ᠢ ᠥᠷᠨᠢᠭᠦᠯᠵᠦ᠂ ᠣᠯᠠᠨ ᠲᠠᠯ᠎ᠠ ᠠᠴᠠ | ᠠᠳᠠᠯ ᠦᠢᠯᠡᠰ ᠴᠣᠭᠴᠠᠯᠠᠭᠴᠢ ᠶᠢᠨ ᠲᠥᠷᠥᠯ ᠵᠦᠢᠯ ᠤᠨ ᠡᠵᠡᠩᠨᠡᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷ | ᠠᠰᠠᠭᠤᠳᠠᠯ ᠢ ᠰᠢᠢᠳᠪᠦᠷᠢᠯᠡᠨ ᠥᠭᠴᠦ᠂ ᠨᠡᠪᠴᠢᠭᠦᠯᠬᠦ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠬᠠᠪᠰᠤᠷᠤᠨ ᠵᠢᠯᠤᠭᠤᠳᠬᠤ ᠦᠢᠯᠡᠴᠢᠯᠡᠭᠡᠨ ᠤ ᠲᠤᠰᠬᠠᠶᠢᠵᠢᠯᠲᠠ᠂ ᠣᠨᠣᠪᠴᠢᠵᠢᠯᠲᠠ ᠶᠢᠨ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠳᠠᠯ ᠦᠢᠯᠡᠰ ᠴᠣᠭᠴᠠᠯᠠᠬᠤ ᠠᠵᠤ ᠠᠬᠤᠶᠢᠯᠠᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠤᠨ᠎ᠠ᠃ |