ᠬᠠᠤᠯᠢ ᠬᠡᠷᠡᠭᠵᠢᠭᠦᠯᠬᠦ ᠬᠠᠷᠠᠭᠤᠯ ᠤᠨ ᠪᠠᠭᠤᠴᠨ᠂ ᠵᠠᠮ ᠤᠨ ᠠᠯᠪᠠᠨ ᠦᠢᠯᠡᠴᠢᠯᠡᠭᠡᠨ ᠨᠢ ᠣᠯᠠᠨ ᠲᠦᠮᠡᠨ ᠳᠤ ︽ᠵᠠᠢ ᠦᠭᠡᠢ︾ ᠦᠢᠯᠡᠴᠢᠯᠡᠭᠡ ᠬᠠᠩᠭᠠᠨ᠎ᠠ
ᠨᠡᠶᠢᠲᠡᠯᠡᠭᠰᠡᠨ ᠴᠠᠭ᠄
2023/7/30
   ᠮᠠᠨ ᠤ ᠣᠷᠣᠨ ᠤ ᠬᠤᠲᠠ ᠶᠢᠨ ᠦᠵᠡᠮᠵᠢ ᠣᠷᠴᠢᠨ ᠲᠣᠭᠤᠷᠢᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠠᠵᠢᠯ ᠢ ᠢᠳᠡᠪᠬᠢᠲᠡᠢ ᠠᠬᠢᠭᠤᠯᠬᠤ ᠶᠢᠨ ᠲᠥᠯᠥᠭᠡ᠂ ᠲᠦᠷᠦᠭᠦᠬᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠾᠧᠩ ᠸᠧᠢ ᠵᠠᠮ ᠳᠤ ᠬᠠᠤᠯᠢ ᠬᠡᠷᠡᠭᠵᠢᠭᠦᠯᠬᠦ ᠬᠠᠷᠠᠭᠤᠯ ᠤᠨ ᠪᠠᠭᠤᠴᠨ ᠭᠠᠷᠭᠠᠵᠤ᠂ ᠠᠯᠪᠠᠨ ᠰᠢᠷᠡᠭᠡ ᠶᠢ ᠦᠨᠡᠨ ᠬᠦ ᠵᠠᠰᠠᠮᠠᠯ ᠵᠠᠮ ᠳᠡᠭᠡᠷ᠎ᠡ ᠨᠡᠭᠦᠯᠭᠡᠵᠦ᠂ ︽ᠵᠠᠰᠠᠮᠠᠯ ᠵᠠᠮ ᠢᠶᠠᠷ ᠠᠯᠪᠠᠯᠠᠬᠤ︾ ᠬᠠᠤᠯᠢ ᠬᠡᠷᠡᠭᠵᠢᠭᠦᠯᠬᠦ ᠰᠢᠨ᠎ᠡ ᠪᠠᠶᠢᠷᠢᠰᠢᠯ ᠢ ᠪᠣᠶ ᠪᠣᠯᠭᠠᠪᠠ᠃    ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠠᠷᠠᠭᠤᠯ ᠤᠨ ᠪᠠᠭᠤᠴᠨ ᠶᠢᠨ ᠲᠣᠬᠢᠷᠠᠭᠤᠯᠤᠯᠲᠠ ᠨᠢ ᠣᠯᠠᠨ ᠲᠦᠮᠡᠨ ᠳᠤ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠰᠢᠨ᠎ᠡ ᠠᠷᠭ᠎ᠠ ᠵᠠᠮ ᠢ ᠬᠠᠩᠭᠠᠵᠤ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠤᠲᠠ ᠶᠢᠨ ᠬᠠᠮᠢᠶᠠᠷᠤᠯᠲᠠ ᠶᠢᠨ ᠳᠤᠮᠳᠠ ᠣᠷᠣᠰᠢᠵᠤ ᠪᠠᠶᠢᠭ᠎ᠠ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠪᠠ ᠰᠢᠢᠳᠪᠦᠷᠢᠯᠡᠵᠦ᠂ ᠡᠷᠬᠢᠨ ᠲᠣᠭᠤᠷᠢᠨ ᠤ ᠣᠯᠠᠨ ᠲᠦᠮᠡᠨ ᠳᠤ ᠬᠤᠲᠠ ᠶᠢᠨ ᠬᠠᠮᠢᠶᠠᠷᠤᠯᠲᠠ ᠶᠢᠨ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠬᠠᠩᠭᠠᠬᠤ ᠳᠤ ᠠᠰᠢᠭᠲᠠᠢ ᠶᠢᠨ ᠬᠠᠮᠲᠤ᠂ ᠡᠳᠦᠷ ᠲᠤᠲᠤᠮ ᠤᠨ ᠠᠵᠢᠯ ᠤᠨ ᠴᠠᠭ ᠤᠨ ᠬᠠᠷᠠᠭᠤᠯ ᠤᠨ ᠪᠠᠭᠤᠴᠨ ᠨᠢ ᠬᠤᠲᠠ ᠶᠢᠨ ᠠᠷᠠᠳ ᠲᠤ ᠰᠦᠢᠳᠬᠡᠯ ᠬᠤᠷᠢᠶᠠᠬᠤ ᠦᠭᠡᠢ ᠪᠠᠷ ᠰᠢᠭᠤᠳ ᠤᠤᠭᠤᠬᠤ ᠤᠰᠤ᠂ ᠴᠠᠬᠢᠯᠭᠠᠨ ᠴᠡᠨᠡᠭᠯᠡᠬᠦ᠂ ᠠᠮᠠᠷᠠᠬᠤ ᠥᠷᠥᠭᠡ ᠵᠡᠷᠭᠡ ᠦᠢᠯᠡᠴᠢᠯᠡᠭᠡ ᠬᠠᠩᠭᠠᠵᠤ᠂ ᠬᠤᠲᠠ ᠶᠢᠨ ᠬᠠᠮᠢᠶᠠᠷᠤᠯᠲᠠ ᠶᠢᠨ ᠣᠯᠠᠨ ᠲᠦᠮᠡᠨ ᠲᠠᠢ ᠨᠢᠭᠤᠷᠲᠠᠨ ᠰᠣᠯᠢᠯᠴᠠᠵᠤ ᠨᠡᠪᠲᠡᠷᠡᠯᠴᠡᠬᠦ ᠬᠥᠭᠦᠷᠭᠡ ᠲᠠᠯᠪᠢᠵᠤ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠡᠳ᠋ᠯᠡᠬᠦ᠂ ᠬᠠᠮᠲᠤ ᠪᠠᠷ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃    ᠳᠦᠷᠢ ᠲᠥᠷᠬᠦ ᠶᠢ ᠪᠤᠶ ᠪᠣᠯᠭᠠᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠬᠠᠷᠠᠭᠤᠯ ᠤᠨ ᠪᠠᠭᠤᠴᠨ ᠶᠢ ᠪᠠᠶᠢᠭᠤᠯᠤᠭᠰᠠᠨ ᠨᠢ ᠣᠯᠠᠨ ᠲᠦᠮᠡᠨ ᠤ ᠳᠤᠮᠳᠠ ᠬᠤᠲᠠ ᠶᠢᠨ ᠬᠠᠮᠢᠶᠠᠷᠤᠯᠲᠠ ᠶᠢᠨ ᠰᠢᠨ᠎ᠡ ᠳᠦᠷᠢ ᠲᠥᠷᠬᠦ ᠶᠢ ᠪᠣᠶ ᠪᠣᠯᠭᠠᠭᠰᠠᠨ ᠢᠶᠠᠷ ᠪᠠᠷᠠᠬᠤ ᠦᠭᠡᠢ᠂ ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠶᠢ ᠴᠦ ᠳᠡᠭᠡᠭᠰᠢᠯᠡᠭᠦᠯᠦᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠠᠵᠢᠯ ᠤᠨ ᠪᠠᠶᠢᠷᠢ ᠶᠢᠨ ᠪᠠᠭᠤᠴᠨ ᠶᠢᠨ ᠦᠢᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠮ ᠡᠵᠡᠯᠡᠨ ᠡᠵᠡᠩᠨᠡᠬᠦ᠂ ᠳᠡᠯᠭᠡᠭᠦᠷ ᠤᠨ ᠭᠠᠳᠠᠨ᠎ᠠ ᠡᠵᠡᠩᠨᠡᠬᠦ ᠵᠡᠷᠭᠡ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠠᠰᠠᠬᠤ ᠶᠢᠨ ᠬᠠᠮᠲᠤ ᠬᠡᠷᠡᠭᠴᠡᠭᠡ ᠱᠠᠭᠠᠷᠳᠠᠯᠭ᠎ᠠ ᠲᠠᠢ ᠰᠠᠭᠤᠭᠠᠯᠢ ᠠᠷᠠᠳ ᠲᠤ ᠴᠠᠭ ᠲᠤᠬᠠᠢ ᠳᠤᠨᠢ ᠳᠥᠭᠦᠮ ᠳᠥᠲᠡ ᠦᠢᠯᠡᠴᠢᠯᠡᠭᠡ ᠬᠠᠩᠭᠠᠵᠤ᠂ ᠬᠠᠮᠲᠤ ᠪᠠᠷ ᠵᠠᠰᠠᠬᠤ᠂ ᠬᠠᠮᠲᠤ ᠪᠠᠷ ᠬᠠᠮᠢᠶᠠᠷᠬᠤ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠡᠳ᠋ᠯᠡᠬᠦ ᠬᠤᠲᠠ ᠶᠢᠨ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠬᠦᠴᠦᠯᠡᠨ ᠪᠣᠶ ᠪᠣᠯᠭᠠᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号