ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠠᠵᠤ ᠠᠬᠤᠶᠢᠯᠠᠯ ᠢ ᠬᠠᠮᠤᠭ ᠬᠤᠷᠳᠤᠨ ᠳᠠᠭᠠᠨ 9 ᠮᠢᠨᠦ᠋ᠲ ᠤᠨ ᠳᠣᠲᠣᠷ᠎ᠠ ᠣᠴᠢᠷ ᠶᠠᠪᠣᠳᠠᠯ ᠢ ᠨᠢ ᠰᠢᠢᠳᠪᠦᠷᠢᠯᠡᠭᠦ ᠶᠢ ᠪᠡᠶᠡᠯᠡᠭᠦᠯᠪᠠ
ᠨᠡᠶᠢᠲᠡᠯᠡᠭᠰᠡᠨ ᠴᠠᠭ᠄
2023/7/30
   ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠡᠨᠡ ᠵᠢᠯ ᠤᠨ 6 ᠰᠠᠷ᠎ᠠ ᠶᠢᠨ ᠰᠡᠭᠦᠯᠴᠢ ᠪᠣᠯᠲᠠᠯ᠎ᠠ ᠂ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ 1783 ᠪᠣᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 31.8% ᠨᠡᠮᠡᠭᠳᠡᠵᠡᠢ᠂ ᠡᠭᠦᠨ ᠳᠤ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ 940᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 33.5% ᠨᠡᠮᠡᠭᠳᠡᠵᠦ᠂ ᠰᠢᠨ᠎ᠡ ᠪᠠᠷ ᠨᠡᠮᠡᠭᠳᠡᠭᠰᠡᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 840  ᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 29.6% ᠨᠡᠮᠡᠭᠳᠡᠵᠡᠢ᠃ ᠣᠳᠣᠬᠠᠨ ᠳᠤ ᠵᠠᠬ᠎ᠠ ᠳᠡᠯᠭᠡᠭᠦᠷ ᠤᠨ ᠪᠡᠶᠡᠴᠢ ᠴᠣᠭᠴᠠ 23908 ᠡᠷᠦᠬᠡ ᠳᠤ ᠣᠷᠣᠰᠢᠵᠤ ᠪᠠᠶᠢᠨ᠎ᠠ᠂ ᠡᠭᠦᠨ ᠳᠤ ᠠᠵᠤ ᠠᠬᠤᠶᠢᠯᠠᠯ 11756 ᠡᠷᠦᠬᠡ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 12112 ᠡᠷᠦᠬᠡ᠂ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ 40 ᠡᠷᠦᠬᠡ ᠪᠠᠶᠢᠨ᠎ᠠ᠃    ᠵᠠᠬ᠎ᠠ ᠳᠡᠯᠭᠡᠭᠦᠷ ᠤᠨ ᠭᠤᠣᠯ ᠴᠣᠭᠴᠠ ᠬᠤᠷ᠎ᠠ ᠶᠢᠨ ᠳᠠᠷᠠᠭᠠᠬᠢ ᠬᠤᠯᠤᠰᠤᠨ ᠰᠦᠶ᠎ᠡ ᠮᠡᠲᠦ ᠲᠦᠷᠭᠡᠨ ᠢᠶᠠᠷ ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠵᠣᠬᠢᠴᠠᠩᠭᠤᠢ ᠢᠵᠢ ᠪᠦᠷᠢᠳᠦᠭᠰᠡᠨ ᠦᠢᠯᠡᠴᠢᠯᠡᠭᠡ ᠶᠢ ᠳᠠᠭᠠᠵᠤ᠂ ᠠᠵᠤ ᠠᠬᠤᠶᠢᠯᠠᠯ ᠤᠨ ︽ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭ᠎ᠠ︾᠎ ᠶᠢᠨ ᠦᠢᠯᠡᠴᠢᠯᠡᠭᠡ ᠶᠢ ᠶᠡᠬᠡᠪᠡᠷ ᠠᠬᠢᠭᠤᠯᠵᠤ᠂ ︽ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠥᠭᠡᠷᠡᠴᠢᠯᠡᠯᠲᠡ︾᠎ ᠶᠢᠨ ᠠᠵᠢᠯ ᠤᠨ ᠡᠷᠴᠢᠮ ᠢ ᠴᠢᠩᠭᠠᠷᠠᠭᠤᠯᠵᠤ᠂ ᠤᠯᠠᠨ ᠲᠠᠯ᠎ᠠ ᠶᠢᠨ ᠪᠠᠶᠢᠴᠠᠭᠠᠨ ᠰᠤᠳᠤᠯᠤᠯᠲᠠ ᠬᠢᠬᠦ᠂ ᠦᠷᠭᠦᠯᠵᠢᠯᠡᠨ ᠬᠦᠴᠦᠯᠡᠬᠦ ᠪᠠᠷ ᠳᠠᠮᠵᠢᠭᠤᠯᠵᠤ᠂ ᠠᠵᠤ ᠠᠬᠤᠶᠢᠯᠠᠯ ᠤᠨ ᠪᠠᠶᠢᠭᠤᠯᠤᠭᠰᠠᠨ ᠦᠢᠯᠡᠴᠢᠯᠡᠭᠡᠨ ᠤ ᠶᠠᠪᠤᠴᠠ ᠶᠢ ᠦᠨᠡᠨᠬᠦ  ᠰᠢᠯᠢᠳᠡᠭᠵᠢᠭᠦᠯᠦᠨ᠂ ︽ᠠᠵᠤ ᠠᠬᠤᠶᠢᠯᠠᠯ ᠢ ᠬᠠᠮᠤᠭ ᠬᠤᠷᠳᠤᠨ ᠳᠠᠭᠠᠨ 9 ᠮᠢᠨᠦ᠋ᠲ ᠲᠤ ᠣᠴᠢᠷ ᠶᠠᠪᠣᠳᠠᠯ ᠢ ᠨᠢ ᠲᠠᠭᠤᠰᠬᠠᠬᠤ︾ ᠦᠢᠯᠡᠴᠢᠯᠡᠭᠡ ᠶᠢ ᠬᠡᠷᠡᠭᠵᠢᠭᠦᠯᠪᠡ᠃     ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠬᠦ᠂ ᠠᠵᠢᠯᠲᠠᠨ ᠢ ᠣᠷᠣᠯᠠᠨ ᠭᠦᠶᠦᠯᠭᠡᠬᠦ ᠪᠠᠷ ᠳᠠᠮᠵᠢᠭᠤᠯᠤᠨ᠂ ᠣᠯᠠᠨ ᠲᠦᠮᠡᠨ ᠢ ᠳᠤᠲᠠᠭᠤ ᠭᠦᠶᠦᠯᠭᠡᠬᠦ ᠬᠠᠷᠠᠯᠲᠠ ᠶᠢ ᠪᠡᠶᠡᠯᠡᠭᠦᠯᠵᠦ᠂ ᠨᠠᠷᠢᠯᠢᠭ ᠣᠨᠣᠴᠠᠲᠠᠢ᠂ ᠳᠣᠲᠣᠨᠣ᠂ ᠲᠤᠰᠬᠠᠢ ᠮᠡᠷᠭᠡᠵᠢᠯ ᠤᠨ ︽ᠠᠰᠠᠷᠠᠭᠴᠢ ᠮᠠᠶ᠋ᠢᠭ ᠤᠨ ᠦᠢᠯᠡᠴᠢᠯᠡᠭᠡ︾᠎ ᠪᠠᠷ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号