ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠡᠨᠡ ᠵᠢᠯ ᠤᠨ 6 ᠰᠠᠷ᠎ᠠ ᠶᠢᠨ ᠰᠡᠭᠦᠯᠴᠢ ᠪᠣᠯᠲᠠᠯ᠎ᠠ | ᠂ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ 1783 ᠪᠣᠯᠵᠤ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠲᠠᠢ ᠬᠠᠷᠢᠴᠠᠭᠤᠯᠪᠠᠯ 31.8% ᠨᠡᠮᠡᠭᠳᠡᠵᠡᠢ᠂ ᠡᠭᠦᠨ ᠳᠤ ᠰᠢᠨ᠎ᠡ ᠪᠠᠷ ᠨᠡᠮᠡᠭᠳᠡᠭᠰᠡᠨ ᠠᠵᠤ | ᠠᠬᠤᠶᠢᠯᠠᠯ 940᠂ ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 33.5% ᠨᠡᠮᠡᠭᠳᠡᠵᠦ᠂ | ᠰᠢᠨ᠎ᠡ ᠪᠠᠷ ᠨᠡᠮᠡᠭᠳᠡᠭᠰᠡᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 840 ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠲᠠᠢ ᠬᠠᠷᠢᠴᠠᠭᠤᠯᠪᠠᠯ 29.6% ᠨᠡᠮᠡᠭᠳᠡᠵᠡᠢ᠃ ᠣᠳᠣᠬᠠᠨ ᠳᠤ ᠵᠠᠬ᠎ᠠ ᠳᠡᠯᠭᠡᠭᠦᠷ ᠤᠨ ᠪᠡᠶᠡᠴᠢ | ᠴᠣᠭᠴᠠ 23908 ᠡᠷᠦᠬᠡ ᠳᠤ ᠣᠷᠣᠰᠢᠵᠤ ᠪᠠᠶᠢᠨ᠎ᠠ᠂ ᠡᠭᠦᠨ ᠳᠤ ᠠᠵᠤ ᠠᠬᠤᠶᠢᠯᠠᠯ 11756 ᠡᠷᠦᠬᠡ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 12112 ᠡᠷᠦᠬᠡ᠂ ᠲᠠᠷᠢᠶᠠᠴᠢᠨ ᠤ ᠲᠤᠰᠬᠠᠢ ᠠᠵᠢᠯ ᠤᠨ | ᠬᠤᠷᠰᠢᠶ᠎ᠠ 40 ᠡᠷᠦᠬᠡ ᠪᠠᠶᠢᠨ᠎ᠠ᠃ | ᠵᠠᠬ᠎ᠠ ᠳᠡᠯᠭᠡᠭᠦᠷ ᠤᠨ ᠭᠤᠣᠯ ᠴᠣᠭᠴᠠ ᠬᠤᠷ᠎ᠠ ᠶᠢᠨ ᠳᠠᠷᠠᠭᠠᠬᠢ ᠬᠤᠯᠤᠰᠤᠨ ᠰᠦᠶ᠎ᠡ ᠮᠡᠲᠦ ᠲᠦᠷᠭᠡᠨ ᠢᠶᠠᠷ | ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ | ᠵᠣᠬᠢᠴᠠᠩᠭᠤᠢ ᠢᠵᠢ ᠪᠦᠷᠢᠳᠦᠭᠰᠡᠨ ᠦᠢᠯᠡᠴᠢᠯᠡᠭᠡ ᠶᠢ ᠳᠠᠭᠠᠵᠤ᠂ ᠠᠵᠤ ᠠᠬᠤᠶᠢᠯᠠᠯ ᠤᠨ ︽ᠪᠦᠬᠦ ᠠᠮᠢ ᠨᠠᠰᠤᠨ ᠤ | ᠦᠶᠡᠯᠡᠯ ᠤᠨ ᠬᠤᠭᠤᠴᠠᠭ᠎ᠠ︾ ᠶᠢᠨ ᠦᠢᠯᠡᠴᠢᠯᠡᠭᠡ ᠶᠢ ᠶᠡᠬᠡᠪᠡᠷ ᠠᠬᠢᠭᠤᠯᠵᠤ᠂ ︽ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠤ ᠥᠭᠡᠷᠡᠴᠢᠯᠡᠯᠲᠡ︾ ᠶᠢᠨ ᠠᠵᠢᠯ ᠤᠨ ᠡᠷᠴᠢᠮ ᠢ ᠴᠢᠩᠭᠠᠷᠠᠭᠤᠯᠵᠤ᠂ ᠤᠯᠠᠨ ᠲᠠᠯ᠎ᠠ ᠶᠢᠨ ᠪᠠᠶᠢᠴᠠᠭᠠᠨ | ᠰᠤᠳᠤᠯᠤᠯᠲᠠ ᠬᠢᠬᠦ᠂ ᠦᠷᠭᠦᠯᠵᠢᠯᠡᠨ ᠬᠦᠴᠦᠯᠡᠬᠦ ᠪᠠᠷ ᠳᠠᠮᠵᠢᠭᠤᠯᠵᠤ᠂ ᠠᠵᠤ ᠠᠬᠤᠶᠢᠯᠠᠯ ᠤᠨ ᠪᠠᠶᠢᠭᠤᠯᠤᠭᠰᠠᠨ | ᠦᠢᠯᠡᠴᠢᠯᠡᠭᠡᠨ ᠤ ᠶᠠᠪᠤᠴᠠ ᠶᠢ ᠦᠨᠡᠨᠬᠦ ᠰᠢᠯᠢᠳᠡᠭᠵᠢᠭᠦᠯᠦᠨ᠂ ︽ᠠᠵᠤ ᠠᠬᠤᠶᠢᠯᠠᠯ ᠢ ᠬᠠᠮᠤᠭ ᠬᠤᠷᠳᠤᠨ ᠳᠠᠭᠠᠨ 9 | ᠮᠢᠨᠦ᠋ᠲ ᠲᠤ ᠣᠴᠢᠷ ᠶᠠᠪᠣᠳᠠᠯ ᠢ ᠨᠢ ᠲᠠᠭᠤᠰᠬᠠᠬᠤ︾ ᠦᠢᠯᠡᠴᠢᠯᠡᠭᠡ ᠶᠢ ᠬᠡᠷᠡᠭᠵᠢᠭᠦᠯᠪᠡ᠃ | ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠲᠤᠭ᠎ᠠ | ᠪᠠᠷᠢᠮᠲᠠ ᠶᠢ ᠢᠯᠡᠭᠦᠬᠡᠨ ᠭᠦᠶᠦᠯᠭᠡᠬᠦ᠂ ᠠᠵᠢᠯᠲᠠᠨ ᠢ ᠣᠷᠣᠯᠠᠨ ᠭᠦᠶᠦᠯᠭᠡᠬᠦ ᠪᠠᠷ ᠳᠠᠮᠵᠢᠭᠤᠯᠤᠨ᠂ ᠣᠯᠠᠨ ᠲᠦᠮᠡᠨ ᠢ | ᠳᠤᠲᠠᠭᠤ ᠭᠦᠶᠦᠯᠭᠡᠬᠦ ᠬᠠᠷᠠᠯᠲᠠ ᠶᠢ ᠪᠡᠶᠡᠯᠡᠭᠦᠯᠵᠦ᠂ ᠨᠠᠷᠢᠯᠢᠭ ᠣᠨᠣᠴᠠᠲᠠᠢ᠂ ᠳᠣᠲᠣᠨᠣ᠂ ᠲᠤᠰᠬᠠᠢ ᠮᠡᠷᠭᠡᠵᠢᠯ ᠤᠨ ︽ | ᠠᠰᠠᠷᠠᠭᠴᠢ ᠮᠠᠶ᠋ᠢᠭ ᠤᠨ ᠦᠢᠯᠡᠴᠢᠯᠡᠭᠡ︾ ᠪᠠᠷ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠣᠭᠰᠠᠨ ᠪᠠᠶᠢᠨ᠎ᠠ᠃ |