2023 ᠣᠨ ᠤ ᠳᠡᠭᠡᠷ᠎ᠡ ᠬᠠᠭᠠᠰ ᠵᠢᠯ ᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ  ᠤ ᠠᠵᠤ ᠠᠬᠤᠢ ᠶᠢᠨ ᠰᠡᠷᠭᠦᠯᠲᠡ ᠰᠠᠶᠢᠵᠢᠷᠠᠪᠠ
ᠨᠡᠶᠢᠲᠡᠯᠡᠭᠰᠡᠨ ᠴᠠᠭ᠄
2023/7/31
    ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠤ ᠠᠬᠤᠢ ᠶᠢ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠪᠠ᠃ ᠳᠡᠭᠡᠷ᠎ᠡ ᠬᠠᠭᠠᠰ ᠵᠢᠯ ᠳᠤ᠂ ᠪᠦᠬᠦ ᠣᠷᠣᠨ ᠤ ᠠᠵᠤ ᠠᠬᠤᠢ ᠶᠢᠨ ᠰᠡᠷᠭᠦᠯᠲᠡ ᠰᠠᠶᠢᠵᠢᠷᠠᠵᠤ᠂ ᠲᠣᠭᠲᠠᠭᠤᠨ ᠤ ᠳᠤᠮᠳᠠ ᠤᠷᠤᠭᠰᠢᠯᠠᠪᠠ᠃    ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠲᠦᠷᠦᠭᠦᠸ ᠬᠠᠭᠠᠰ ᠵᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 309.89 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.6% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠬᠢ ᠠᠴᠠ 0.8 ᠵᠠᠭᠤᠨ ᠤ ᠨᠢᠭᠡᠴᠢ ᠥᠨᠳᠥᠷ ᠪᠣᠯᠵᠠᠢ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 0.57 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.1% ᠪᠠᠷ ᠨᠡᠮᠡᠭᠳᠡᠪᠡ᠃ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 214.44 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.9% ᠨᠡᠮᠡᠭᠳᠡᠪᠡ  ᠃ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 94.88 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.7% ᠪᠠᠷ ᠨᠡᠮᠡᠭᠳᠡᠪᠡ᠃ ᠭᠤᠷᠪᠠᠨ ᠠᠵᠤ ᠦᠢᠯᠡᠰ ᠤᠨ ᠡᠵᠡᠯᠡᠬᠦ ᠬᠠᠷᠢᠴᠠᠯ ᠨᠢ 0.2᠄ 69.2᠄ 30.6 ᠪᠣᠯᠣᠨ᠎ᠠ᠃   ᠨᠢᠭᠡ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠦᠷᠭᠦᠯᠵᠢᠯᠡᠨ ᠳᠡᠭᠡᠳᠦ ᠬᠤᠷᠳᠤᠴᠠ ᠪᠠᠷ ᠨᠡᠮᠡᠭᠳᠡᠪᠡ᠃     ᠳᠡᠭᠡᠷ᠎ᠡ ᠬᠠᠭᠠᠰ ᠵᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 25.6% ᠨᠡᠮᠡᠭᠳᠡᠵᠦ᠂ ᠨᠢᠭᠡᠳᠦᠭᠡᠷ ᠤᠯᠠᠷᠢᠯ ᠤᠨ ᠬᠢ ᠠᠴᠠ 5.1 ᠵᠠᠭᠤᠨ ᠤ ᠨᠢᠭᠡᠴᠢ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠣᠷᠣᠨ ︵6.9%︶᠂ ᠪᠥᠬᠦ ᠬᠤᠲᠠ ︵22.5%︶   ᠠᠴᠠ 18.7 ᠪᠠ 3.1 ᠵᠠᠭᠤᠨ ᠤ ᠨᠢᠭᠡᠴᠢ ᠥᠨᠳᠥᠷ ᠪᠣᠯᠵᠠᠢ᠃     ᠭᠤᠷᠪᠠᠨ ᠶᠡᠭᠡ ᠲᠦᠷᠦᠯ ᠤᠨ ᠨᠡᠮᠡᠭᠳᠡᠯ ᠦᠷᠲᠡᠭ ᠤᠨ ︽ᠬᠤᠶᠠᠷ ᠢ ᠨᠡᠮᠡᠭᠳᠡᠭᠦᠯᠵᠦ ᠨᠢᠭᠡ ᠶᠢ ᠪᠠᠭᠤᠷᠠᠭᠤᠯᠪᠠ︾ ᠃ ᠲᠦᠷᠦᠭᠦᠸ ᠬᠠᠭᠠᠰ ᠵᠢᠯ ᠳᠤ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 31.7% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 19.7 ᠵᠠᠭᠤᠨ ᠤ ᠨᠢᠭᠡᠴᠢ ᠪᠠᠭᠠᠰᠴᠠᠢ  ᠃ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 25.5% ᠨᠡᠮᠡᠭᠳᠡᠵᠦ᠂ ᠴᠠᠬᠢᠯᠭᠠᠨ ᠬᠦᠴᠦᠨ ᠤ ᠰᠢᠲᠠᠮᠠᠬᠠᠢ ᠬᠡᠢ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 29.7% ᠨᠡᠮᠡᠭᠳᠡᠵᠡᠢ᠃ ᠭᠤᠷᠪᠠᠨ ᠲᠣᠮᠣ ᠲᠥᠷᠥᠯ ᠤᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ ᠨᠢ ᠲᠣᠰ ᠲᠣᠰ 0.1%᠂ 97% ᠪᠠ 2.9% ᠪᠣᠯᠣᠨ᠎ᠠ᠃     22 ᠠᠵᠢᠯ ᠲᠦᠷᠦᠯ ᠤᠨ ᠶᠡᠭᠡ ᠲᠦᠷᠦᠯ ᠤᠨ ᠳᠣᠲᠣᠷᠠᠬᠢ 12 ᠠᠵᠢᠯ ᠲᠦᠷᠦᠯ ᠤᠨ ᠨᠡᠮᠡᠭᠳᠡᠯ ᠦᠷᠳᠡᠭ ᠨᠢ ᠨᠡᠮᠡᠭᠳᠡᠯ ᠢ ᠪᠡᠶᠡᠯᠡᠭᠦᠯᠪᠡ᠃ ᠨᠡᠮᠡᠭᠳᠡᠯ ᠥᠷᠲᠡᠭ ᠤᠨ ᠲᠦᠷᠦᠭᠦᠸ ᠭᠤᠷᠪᠠ ᠶᠢ ᠡᠵᠡᠯᠡᠬᠦ ᠠᠵᠢᠯ ᠲᠥᠷᠥᠯ ᠪᠣᠯ ᠲᠣᠰ ᠲᠣᠰ ᠥᠩᠭᠡᠲᠦ ᠲᠡᠮᠦᠷᠯᠢᠭ ᠪᠣᠯᠪᠠᠰᠤᠷᠠᠭᠤᠯᠬᠤ ᠪᠠ ᠳᠠᠷᠤᠵᠤ ᠤᠷᠲᠤᠳᠬᠠᠨ ᠡᠳ᠋ᠰᠢᠭᠦᠯᠬᠦ ᠦᠢᠯᠡᠰ ᠪᠣᠯᠣᠨ᠎ᠠ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 19.5% ᠪᠠᠷ ᠨᠡᠮᠡᠭᠳᠡᠵᠦ᠂ ᠪᠥᠬᠦ ᠣᠷᠣᠨ ᠤ ᠲᠣᠭᠲᠠᠭᠠᠭᠰᠠᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 13 ᠵᠠᠭᠤᠨ ᠤ ᠨᠢᠭᠡᠴᠢ ᠳᠠᠶᠢᠴᠢᠯᠠᠪᠠ  ᠃ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠠᠳᠠᠯᠢ ᠬᠤᠭᠤᠴᠠᠭᠠᠨ ᠤ  ᠬᠢ ᠠᠴᠠ 8.3% ᠨᠡᠮᠡᠭᠳᠡᠵᠦ᠂ ᠪᠥᠬᠦ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 1.1 ᠵᠠᠭᠤᠨ ᠤ ᠨᠢᠭᠡᠴᠢ ᠳᠠᠶᠢᠴᠢᠯᠠᠨ᠂ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠢ ᠠᠳᠠᠯᠢ ᠬᠤᠭᠤᠴᠠᠭᠠᠨ ᠤ ᠬᠢ ᠠᠴᠠ 49.6% ᠨᠡᠮᠡᠭᠳᠡᠭᠦᠯᠵᠦ᠂ ᠪᠥᠬᠦ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 4.2 ᠵᠠᠭᠤᠨ ᠤ ᠨᠢᠭᠡᠴᠢ ᠳᠠᠶᠢᠴᠢᠯᠠᠪᠠ᠃     ︽ᠬᠤᠶᠠᠷ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠦᠢᠯᠡᠳᠦᠯ ᠲᠣᠪᠣᠶᠢᠮ᠎ᠠ᠃ ᠳᠡᠭᠡᠷ᠎ᠡ ᠬᠠᠭᠠᠰ ᠵᠢᠯ ᠳᠤ᠂ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠥᠷᠲᠡᠭ 23.5% ᠪᠠᠷ ᠨᠡᠮᠡᠭᠳᠡᠵᠦ᠂ ᠲᠠᠯᠠᠰᠲᠤ ᠴᠠᠬᠢᠭᠤᠷ ᠤᠨ ᠠᠵᠤ ᠦᠢᠯᠡᠰ ᠤᠨ ᠨᠡᠮᠡᠭᠳᠡᠯ ᠥᠷᠲᠡᠭ 369.9% ᠪᠠᠷ ᠨᠡᠮᠡᠭᠳᠡᠵᠦ᠂ ᠬᠤᠶᠠᠷ ᠲᠣᠮᠣ ᠲᠤᠭ ᠬᠡᠯᠪᠡᠷᠢᠲᠦ ᠠᠵᠤ ᠦᠢᠯᠡᠰ ᠨᠢ ᠮᠠᠨ ᠤ ᠣᠷᠣᠨ ᠤ ᠲᠣᠭᠲᠠᠭᠠᠯ ᠳᠡᠭᠡᠷᠡᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 22.5 ᠵᠠᠭᠤᠨ ᠤ ᠨᠢᠭᠡᠴᠢ ᠨᠡᠮᠡᠭᠳᠡᠭᠦᠯᠬᠦ ᠪᠠᠷ ᠲᠦᠯᠬᠢᠨ ᠠᠬᠢᠭᠤᠯᠪᠠ᠃     ᠳᠥᠷᠪᠡᠨ ᠶᠡᠭᠡ ᠭᠤᠣᠯᠳᠠᠯᠭ᠎ᠠ ᠲᠠᠢ ᠠᠵᠤ ᠦᠢᠯᠡᠰ ᠤᠨ ᠬᠤᠪᠢ ᠨᠡᠮᠡᠷᠢ ᠬᠤᠪᠣᠷ ᠰᠢᠷᠣᠢ ᠶᠢᠨ ᠠᠵᠤ ᠦᠢᠯᠡᠰ᠂ ᠲᠡᠷᠢᠭᠦᠨ ᠤ ᠲᠡᠮᠦᠷᠯᠢᠭ ᠤᠨ ᠦᠢᠯᠡᠳᠬᠦ ᠦᠢᠯᠡᠰ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ ᠤᠨ ᠳᠡᠭᠡᠳᠦ ᠰᠢᠨ᠎ᠡ ᠮᠡᠷᠭᠡᠵᠢᠯ ᠤᠨ  ᠬᠦᠷᠢᠶᠡᠯᠡᠭ ᠵᠡᠷᠭᠡ ᠳᠥᠷᠪᠡᠨ ᠶᠡᠭᠡ ᠭᠤᠣᠯᠳᠠᠯᠭ᠎ᠠ ᠲᠠᠢ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 27.6% ᠨᠡᠮᠡᠭᠳᠡᠵᠦ᠂ ᠪᠥᠬᠦ ᠲᠣᠭᠲᠠᠭᠠᠯ   ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 90.3% ᠶᠢ ᠡᠵᠡᠯᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 97.8% ᠬᠦᠷᠴᠡᠢ᠃ ᠡᠭᠦᠨ ᠳᠤ᠂ ᠰᠢᠨ᠎ᠡ ᠡᠨᠧᠷᠭᠢ ᠶᠢᠨ ᠠᠵᠤ ᠦᠢᠯᠡᠰ ᠲᠠᠬᠢ ᠬᠡᠷᠡᠯ ᠸᠣᠯᠲ ᠦᠢᠯᠡᠳᠬᠦ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 284.2% ᠲᠤ ᠬᠦᠷᠴᠦ᠂ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 23.5% ᠳᠤ ᠬᠦᠷᠴᠦ᠂ ᠴᠠᠬᠢᠭᠤᠷ ᠪᠠ ᠬᠤᠪᠣᠷ ᠰᠢᠷᠣᠢ ᠶᠢᠨ ᠬᠤᠶᠠᠷ ᠲᠣᠮᠣ ᠠᠵᠤ ᠦᠢᠯᠡᠰ ᠤᠨ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 22.4 ᠵᠠᠭᠤᠨ ᠤ ᠨᠢᠭᠡᠴᠢ ᠠᠬᠢᠭᠤᠯᠵᠤ᠂ ᠬᠤᠪᠢ ᠨᠡᠮᠡᠷᠢ ᠶᠢᠨ ᠨᠣᠷᠮ᠎ᠠ 88% ᠳᠤ ᠬᠥᠷᠪᠡ᠃      ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠳᠬᠡᠨ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠨᠡᠮᠡᠭᠳᠡᠯ ᠦᠷᠳᠡᠭ ᠳᠡᠭᠡᠳᠦ ᠬᠤᠷᠳᠤᠴᠠ ᠪᠠᠷ ᠨᠡᠮᠡᠭᠳᠡᠪᠡ᠃ ᠳᠡᠭᠡᠷ᠎ᠡ ᠬᠠᠭᠠᠰ ᠵᠢᠯ ᠳᠤ᠂ ᠱᠤᠸᠠᠩ ᠯᠢᠶᠠᠩ ᠴᠠᠬᠢᠭᠤᠷ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠨ ᠲᠠᠶᠢᠴᠢᠯᠠᠯ ᠢᠶᠠᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠡᠭᠡᠳᠦ ᠮᠡᠷᠭᠡᠵᠢᠯ ᠤᠨ ᠠᠵᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 75.3% ᠨᠡᠮᠡᠭᠳᠡᠵᠦ᠂ ᠪᠦᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ ᠠᠴᠠ 49.7 ᠵᠠᠭᠤᠨ ᠤ ᠨᠢᠭᠡᠴᠢ ᠥᠨᠳᠥᠷ ᠪᠣᠯᠵᠤ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠡᠵᠡᠯᠡᠬᠦ ᠬᠠᠷᠢᠴᠠᠯ 16.5% ᠲᠤ ᠬᠦᠷᠴᠡᠢ᠃      ᠬᠤᠶᠠᠷ᠂ ᠪᠡᠯᠡ ᠣᠷᠣᠭᠤᠯᠤᠯᠲᠠ ᠦᠷᠭᠦᠯᠵᠢᠯᠡᠨ ᠲᠦᠷᠭᠡᠨ ᠢᠶᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢ ᠬᠦᠴᠦᠲᠡᠢ ᠲᠦᠯᠬᠢᠨ ᠠᠬᠢᠭᠤᠯᠪᠠ᠃     ᠳᠡᠭᠡᠷ᠎ᠡ ᠬᠠᠭᠠᠰ ᠵᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠡᠶᠡᠯᠡᠭᠦᠯᠦᠭᠰᠡᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 52.8% ᠨᠡᠮᠡᠭᠳᠡᠵᠦ᠂ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠬᠦᠴᠦᠲᠡᠢ ᠳᠠᠶᠢᠴᠢᠯᠠᠯᠲᠠ᠂ ᠬᠤᠶᠠᠳᠤᠭᠠᠷ ᠠᠵᠤ ᠦᠢᠯᠡᠰ ᠤᠨ ᠬᠤᠪᠢ ᠨᠡᠮᠡᠷᠢ ᠲᠣᠪᠣᠶᠢᠮ᠎ᠠ ᠪᠣᠯᠪᠠ᠃     ᠠᠵᠤ ᠦᠢᠯᠡᠰ ᠢᠶᠠᠷ ᠬᠤᠪᠢᠶᠠᠵᠤ ᠦᠵᠡᠪᠡᠯ᠂ ᠬᠤᠶᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 91.4% ᠪᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 51.1 ᠵᠠᠭᠤᠨ ᠤ ᠨᠢᠭᠡᠴᠢ ᠳᠠᠶᠢᠴᠢᠯᠠᠪᠠ᠂ ᠡᠭᠦᠨ ᠳᠤ ᠦᠢᠯᠡᠳᠬᠦ ᠦᠢᠯᠡᠰ ᠤᠨ ᠪᠡᠯᠡ ᠣᠷᠣᠭᠤᠯᠤᠯᠲᠠ 82% ᠢᠶᠠᠷ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 85.5% ᠬᠦᠷᠴᠡᠢ︔ ᠭᠤᠷᠪᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 3.4% ᠨᠡᠮᠡᠭᠳᠡᠪᠡ᠃     ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠳᠠᠭᠠᠰᠢᠷᠠᠵᠤ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠳᠤᠯᠢᠭ ᠬᠦᠴᠦᠨ ᠲᠦᠷᠦᠭᠦᠸ ᠬᠠᠭᠠᠰ ᠵᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 13.8% ᠪᠠᠷ ᠪᠠᠭᠤᠷᠠᠵᠤ᠂ ᠪᠥᠬᠦ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠠᠷᠠᠳ ᠤᠨ ᠪᠡᠯᠡ ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 40.8% ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ 86% ᠬᠦᠷᠴᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠬᠦ ᠠᠷᠠᠳ ᠤᠨ ᠪᠡᠯᠡ ᠣᠷᠣᠭᠤᠯᠤᠯᠲᠠ ᠶᠢᠨ ᠬᠤᠪᠢ ᠨᠡᠮᠡᠷᠢ ᠶᠢᠨ ᠨᠣᠷᠮ᠎ᠠ 72% ᠬᠦᠷᠴᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 38 ᠵᠠᠭᠤᠨ ᠤ ᠨᠢᠭᠡᠴᠢ ᠳᠠᠶᠢᠴᠢᠯᠠᠪᠠ᠃     ᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠳᠠᠶᠢᠴᠢᠯᠠᠬᠤ ᠦᠢᠯᠡᠳᠦᠯ ᠢᠯᠡᠷᠬᠡᠢ ᠪᠠᠶᠢᠨ᠎ᠠ᠃ ᠲᠦᠷᠦᠭᠦᠸ ᠬᠠᠭᠠᠰ ᠵᠢᠯ ᠳᠤ ᠬᠥᠮᠥᠷᠭᠡ ᠳᠤ ᠣᠷᠣᠭᠤᠯᠤᠭᠰᠠᠨ 44 ᠲᠥᠷᠥᠯ ᠵᠦᠢᠯ ︵ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ 1 ᠵᠦᠢᠯ ᠢ ᠪᠠᠭᠲᠠᠭᠠᠨ᠎ᠠ︶ ᠪᠠᠶᠢᠵᠤ᠂ 32.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠥᠬᠦ ᠪᠡᠯᠡ ᠣᠷᠣᠭᠤᠯᠤᠯᠲᠠ ᠶᠢᠨ ᠪᠥᠬᠦ ᠲᠣᠭᠠᠨ ᠤ 40.2% ᠢ ᠡᠵᠡᠯᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 61.5 ᠵᠠᠭᠤᠨ ᠤ ᠨᠢᠭᠡᠴᠢ ᠨᠡᠮᠡᠭᠳᠡᠭᠦᠯᠬᠦ ᠶᠢ ᠲᠦᠯᠬᠢᠨ ᠠᠬᠢᠭᠤᠯᠪᠠ᠃ ᠡᠭᠦᠨ ᠳᠤ ᠬᠥᠮᠥᠷᠭᠡ ᠳᠤ ᠣᠷᠣᠭᠤᠯᠤᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠤᠨ 18 ᠲᠥᠷᠥᠯ ᠵᠦᠢᠯ ᠪᠠᠶᠢᠵᠤ᠂ ᠪᠡᠯᠡ ᠣᠷᠣᠭᠤᠯᠤᠯᠲᠠ ᠶᠢᠨ ᠲᠤᠭ᠎ᠠ ᠨᠢ 24.84 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠪᠡᠯᠡ ᠣᠷᠣᠭᠤᠯᠤᠯᠲᠠ ᠶᠢᠨ ᠶᠡᠷᠦᠩᠬᠡᠢ ᠲᠣᠭᠠᠨ ᠤ 31% ᠶᠢ ᠡᠵᠡᠯᠡᠵᠦ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ 46.7 ᠵᠠᠭᠤᠨ ᠤ ᠨᠢᠭᠡᠴᠢ ᠨᠡᠮᠡᠭᠳᠡᠬᠦ ᠶᠢ ᠲᠦᠯᠬᠢᠨ ᠠᠬᠢᠭᠤᠯᠪᠠ᠃    ᠭᠤᠷᠪᠠ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠪᠡ᠃     ᠲᠦᠷᠦᠭᠦᠸ ᠬᠠᠭᠠᠰ ᠵᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 36.69 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠪᠠᠷ ᠨᠡᠮᠡᠭᠳᠡᠪᠡ᠃ ᠡᠭᠦᠨ ᠳᠤ᠂ ᠬᠢᠵᠠᠭᠠᠷᠯᠠᠭᠰᠠᠨ ᠲᠤᠭ᠎ᠠ   ᠠᠴᠠ ᠳᠡᠭᠡᠭᠰᠢᠬᠢ ᠠᠵᠤ ᠠᠬᠤᠶᠢᠯᠠᠯ ᠤᠨ ᠪᠡᠶᠡᠯᠡᠭᠦᠯᠦᠭᠰᠡᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 18.32 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8% ᠪᠠᠷ ᠨᠡᠮᠡᠭᠳᠡᠪᠡ᠂ ᠲᠠᠸᠠᠷ ᠤᠨ ᠲᠥᠷᠥᠯ ᠬᠡᠯᠪᠡᠷᠢ ᠠᠴᠠ ᠦᠵᠡᠪᠡᠯ᠂ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 16.98 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2% ᠢᠶᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ   ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭᠠᠨ ᠤ 92.7% ᠶᠢ ᠡᠵᠡᠯᠡᠵᠦ᠂ ᠬᠢᠵᠠᠭᠠᠷᠯᠠᠭᠰᠠᠨ ᠲᠤᠭ᠎ᠠ   ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭᠠᠨ ᠤ 2 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠪᠠ  ᠃ ᠭᠡᠷ ᠤᠨ ᠴᠠᠬᠢᠯᠭᠠᠨ ᠬᠡᠷᠡᠭᠰᠡᠯ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 0.23 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 31.8% ᠪᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ   ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭᠠᠨ ᠤ 1.3% ᠶᠢ ᠡᠵᠡᠯᠡᠪᠡ  ᠃ ᠬᠢᠲᠠᠳ ᠡᠸᠦ᠋ᠷᠦᠫᠡ ᠡᠮ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 0.54 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠪᠡ᠃    ᠳᠥᠷᠪᠡ᠂ ᠦᠢᠯᠡᠴᠢᠯᠡᠭᠡᠨ ᠤ ᠦᠢᠯᠡᠰ ᠲᠦᠷᠭᠡᠨ ᠢᠶᠠᠷ ᠰᠡᠷᠭᠦᠵᠦ᠂ ᠨᠡᠮᠡᠭᠳᠡᠯ ᠤᠨ ᠬᠠᠨᠳᠤᠰᠢ ᠲᠠᠢ ᠪᠣᠯᠪᠠ᠃     ᠳᠡᠭᠡᠷ᠎ᠡ ᠬᠠᠭᠠᠰ ᠵᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 65 ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ 61.68 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 35% ᠪᠠᠷ ᠨᠡᠮᠡᠭᠳᠡᠪᠡ᠃     ᠠᠵᠢᠯ ᠲᠥᠷᠥᠯ ᠤᠨ ᠲᠥᠷᠥᠯ ᠵᠦᠢᠯ ᠠᠴᠠ ᠦᠵᠡᠪᠡᠯ᠂ ᠬᠤᠯᠪᠣᠭᠳᠠᠭᠰᠠᠨ 8 ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠨᠢ ᠴᠥᠮ ᠡᠶᠡᠷᠭᠦ ᠨᠡᠮᠡᠭᠳᠡᠯ ᠢ ᠪᠡᠶᠡᠯᠡᠭᠦᠯᠪᠡ᠃ ᠭᠤᠣᠯᠳᠠᠯᠭ᠎ᠠ ᠲᠠᠢ ᠠᠵᠢᠯ ᠲᠥᠷᠥᠯ ᠠᠴᠠ ᠦᠵᠡᠪᠡᠯ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 38.08 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 55.8% ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 61.7% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 29.8 ᠵᠠᠭᠤᠨ ᠤ ᠨᠢᠭᠡᠴᠢ ᠨᠡᠮᠡᠭᠳᠡᠭᠦᠯᠬᠦ ᠶᠢ ᠲᠦᠯᠬᠢᠨ ᠠᠬᠢᠭᠤᠯᠪᠠ  ᠃ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 14.13 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.5% ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 22.9% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 2.4 ᠵᠠᠭᠤᠨ ᠤ ᠨᠢᠭᠡᠴᠢ ᠨᠡᠮᠡᠭᠳᠡᠭᠦᠯᠬᠦ ᠪᠠᠷ ᠳᠠᠶᠢᠴᠢᠯᠠᠪᠠ  ᠃ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 5.13 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 8.3% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 1.8 ᠵᠠᠭᠤᠨ ᠤ ᠨᠢᠭᠡᠴᠢ ᠨᠡᠮᠡᠭᠳᠡᠪᠡ᠃     ᠲᠠᠪᠤ᠂ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠪᠡ᠃     ᠳᠡᠭᠡᠷ᠎ᠡ ᠬᠠᠭᠠᠰ ᠵᠢᠯ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 29916 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.6% ᠨᠡᠮᠡᠭᠳᠡᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ 21685 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.7% ᠨᠡᠮᠡᠭᠳᠡᠵᠡᠢ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号