︽ᠬᠥᠳᠡᠯᠮᠦᠷᠢᠴᠢᠳ ᠤᠨ ᠭᠡᠷ︾ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠲᠤ ︽ᠭᠡᠷ ︾᠎ ᠤᠨ ᠬᠠᠯᠠᠭᠤᠨ ᠳᠤᠯᠠᠭᠠᠨ ᠠᠮᠢᠳᠤᠷᠠᠯ ᠢ ᠡᠳ᠋ᠯᠡᠭᠦᠯᠦᠨ᠎ᠡ
ᠨᠡᠶᠢᠲᠡᠯᠡᠭᠰᠡᠨ ᠴᠠᠭ᠄
2023/7/6
    ᠣᠶᠢᠷ᠎ᠠ ᠶᠢᠨ ᠵᠢᠯ ᠠᠴᠠ ᠨᠠᠭᠠᠰᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠤᠨ ᠬᠤᠭᠤᠯᠠ ᠢᠳᠡᠬᠦ ᠳᠤ ᠬᠦᠴᠢᠷ᠂ ᠠᠮᠠᠷᠠᠬᠤ ᠳᠤ ᠬᠦᠴᠢᠷ ᠪᠠᠶᠢᠬᠤ ᠨᠢ ᠨᠡᠶᠢᠭᠡᠮ ᠨᠡᠶᠢᠲᠡ ᠶᠢᠨ ᠠᠩᠬᠠᠷᠤᠯ ᠢ ᠲᠠᠲᠠᠭᠰᠠᠭᠠᠷ ᠢᠷᠡᠭᠰᠡᠨ ᠬᠠᠯᠠᠭᠤᠨ ᠴᠡᠭ ᠤᠨ ᠠᠰᠠᠭᠤᠳᠠᠯ ᠪᠣᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠠᠵᠢᠯ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠲᠠᠳ ᠤᠨ ᠠᠵᠢᠯ ᠤᠨ ᠬᠠᠯᠠᠭᠤᠨ ᠰᠡᠳᠬᠢᠯᠭᠡ ᠪᠣᠯᠣᠨ ᠬᠠᠷᠢᠶᠠᠯᠠᠭᠳᠠᠬᠤ ᠰᠡᠳᠬᠢᠯᠭᠡ ᠶᠢ ᠳᠡᠭᠡᠭᠰᠢᠯᠡᠭᠦᠯᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯᠴᠢᠨ ᠤ ᠡᠪᠯᠡᠯ ᠦᠢᠯᠡᠴᠢᠯᠡᠭᠡᠨ ᠤ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠵᠤ᠂ ︽ᠳᠡᠭᠡᠳᠦ ᠰᠢᠨ᠎ᠡ ᠮᠡᠷᠭᠡᠵᠢᠯ ᠤᠨ ᠦᠷᠳᠡᠭᠡ ᠶᠢᠨ ᠬᠥᠳᠡᠯᠮᠦᠷᠢᠴᠢᠳ ᠤᠨ ᠭᠡᠷ︾᠎ ᠢ ᠪᠠᠶᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ ᠤᠨ ᠪᠣᠳᠠᠲᠠᠢ ᠬᠦᠴᠢᠷᠳᠡᠯ ᠢ ᠦᠨᠡᠨ ᠰᠡᠳᠬᠢᠯ ᠠᠴᠠ ᠪᠠᠨ ᠰᠢᠢᠳᠪᠦᠷᠢᠯᠡᠵᠦ᠂ ᠥᠷᠭᠡᠨ ᠤᠯᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠳ ᠲᠤ ᠠᠵᠢᠯ ᠬᠥᠳᠡᠯᠮᠦᠷᠢ ᠶᠢᠨ ᠳᠤᠮᠳᠠ ᠠᠴᠠ ︽ᠭᠡᠷ︾᠎ ᠤᠨ ᠬᠠᠯᠠᠭᠤᠨ ᠳᠤᠯᠠᠭᠠᠨ ᠢ ᠮᠡᠳᠡᠷᠡᠭᠦᠯᠦᠨ᠎ᠡ᠃     ︽ᠳᠡᠭᠡᠳᠦ ᠰᠢᠨ᠎ᠡ ᠬᠥᠳᠡᠯᠮᠦᠷᠢᠴᠢᠳ ᠤᠨ ᠭᠡᠷ︾ ᠪᠣᠳᠠᠲᠤ ᠬᠡᠷᠡᠭᠴᠡᠭᠡ ᠲᠠᠢ ᠪᠠᠨ ᠤᠶᠠᠯᠳᠤᠭᠤᠯᠤᠨ᠂ ᠬᠥᠳᠡᠯᠮᠦᠷᠢᠴᠢᠳ ᠤᠨ ᠭᠡᠷ ᠤᠨ ᠰᠢᠷᠡᠭᠡ ᠰᠠᠨᠳᠠᠯᠢ᠂ ᠱᠠᠹᠠ᠂ ᠴᠠᠢ ᠶᠢᠨ ᠰᠢᠷᠡᠭᠡ᠂ ᠤᠰᠤ ᠤᠮᠳᠠ ᠶᠢᠨ ᠴᠠᠬᠢᠯᠭᠠᠨ ᠲᠥᠬᠦᠭᠡᠷᠦᠮᠵᠢ᠂ ᠪᠢᠴᠢᠯ ᠳᠣᠯᠭᠢᠶᠠᠨ ᠤ ᠵᠤᠤᠬ᠎ᠠ᠂ ᠪᠠᠴᠢᠮ ᠪᠠᠶᠢᠳᠠᠯ ᠢ ᠠᠷᠭᠠᠴᠠᠬᠤ ᠡᠮ ᠤᠨ ᠬᠠᠶᠢᠷᠴᠠᠭ᠂ ᠴᠠᠬᠢᠯᠭᠠᠨ ᠬᠥᠳᠡᠯᠭᠡᠭᠦᠷᠲᠦ ᠬᠡᠶᠢᠯᠡᠭᠦᠷ᠂ ᠪᠣᠷᠣᠭᠠᠨ ᠤ ᠰᠢᠬᠦᠷ ᠤᠨ ᠲᠠᠯᠪᠢᠭᠤᠷ 1 ︵5 ᠰᠢᠬᠦᠷ ᠪᠠᠭᠲᠠᠨ᠎ᠠ︶᠂ ᠨᠣᠮ ᠰᠣᠨᠢᠨ ᠤ ᠲᠠᠯᠪᠢᠭᠤᠷ᠂ ᠶᠠᠭᠤᠮ᠎ᠠ ᠬᠠᠳᠠᠭᠠᠯᠠᠬᠤ ᠠᠪᠳᠠᠷ᠎ᠠ᠂ ᠰᠡᠯᠪᠢᠨ ᠵᠠᠰᠠᠬᠤ ᠪᠠᠭᠠᠵᠢ ᠬᠡᠷᠡᠭᠰᠡᠯ ᠤᠨ ᠬᠠᠶᠢᠷᠴᠠᠭ᠂ ᠣᠯᠠᠨ ᠴᠢᠳᠠᠪᠤᠷᠢᠲᠤ ᠴᠠᠬᠢᠯᠭᠠᠨ ᠡᠭᠦᠰᠬᠡᠭᠴᠢ ᠶᠢᠨ ᠤᠭᠯᠠᠭᠤᠷᠭ᠎ᠠ ᠵᠡᠷᠭᠡ ᠲᠥᠬᠦᠭᠡᠷᠦᠮᠵᠢ ᠪᠡᠯᠡᠳᠬᠡᠮᠵᠢ ᠶᠢ ᠲᠣᠬᠢᠷᠠᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠲᠠᠳ ᠲᠤ ᠰᠠᠯᠬᠢ ᠪᠣᠷᠣᠭᠠᠨ ᠢ ᠬᠠᠯᠬᠠᠯᠠᠬᠤ ᠳᠤ ᠬᠦᠴᠢᠷ᠂ ᠠᠮᠠᠷᠠᠬᠤ ᠳᠤ ᠬᠦᠴᠢᠷ᠂ ᠬᠠᠯᠠᠭᠤᠨ ᠬᠤᠭᠤᠯᠠ ᠢᠳᠡᠬᠦ ᠳᠤ ᠬᠦᠴᠢᠷ᠂ ᠤᠰᠤ ᠤᠤᠭᠤᠬᠤ ᠳᠤ ᠬᠦᠴᠢᠷ᠂ ᠴᠠᠬᠢᠯᠭᠠᠨ ᠴᠡᠨᠡᠭᠯᠡᠬᠦ ᠳᠤ ᠬᠦᠴᠢᠷ ᠵᠡᠷᠭᠡ ᠠᠰᠠᠭᠤᠳᠠᠯ ᠢ ᠦᠨᠡᠨᠬᠦ ᠰᠢᠢᠳᠪᠦᠷᠢᠯᠡᠵᠦ ᠥᠭᠪᠡ     ︽ᠪᠠᠭ᠎ᠠ ᠬᠡᠪᠴᠢᠶ᠎ᠡ︾᠎ ᠪᠠᠷ ︽ᠶᠡᠭᠡ ᠵᠠᠰᠠᠯᠲᠠ︾᠎ ᠶᠢ ᠠᠬᠢᠭᠤᠯᠵᠤ᠂ ︽ᠬᠥᠳᠡᠯᠮᠦᠷᠢᠴᠢᠨ ᠤ ᠭᠡᠷ︾᠎ ᠢ ᠴᠣᠭᠴᠠᠯᠠᠨ ᠪᠠᠶᠢᠭᠤᠯᠬᠤ ᠨᠢ ᠦᠵᠡᠬᠦ ᠳᠤ ᠪᠠᠭ᠎ᠠ ᠶᠠᠪᠤᠳᠠᠯ ᠰᠢᠭ᠋ ᠪᠣᠯᠪᠠᠴᠤ ᠬᠤᠳᠠ ᠶᠢᠨ ᠵᠠᠰᠠᠯᠲᠠ ᠶᠢᠨ ᠴᠢᠳᠠᠪᠤᠷᠢ ᠪᠣᠯᠣᠨ ᠲᠦᠪᠰᠢᠨ ᠢ ᠬᠠᠷᠠᠭᠤᠯᠵᠤ ᠪᠤᠢ᠃ ︽ᠬᠥᠳᠡᠯᠮᠦᠷᠢᠴᠢᠳ ᠤᠨ ᠭᠡᠷ︾᠎ ᠨᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠵᠡᠷᠭᠡ ᠭᠡᠷ ᠤᠨ ᠭᠠᠳᠠᠨᠠᠬᠢ ᠬᠥᠳᠡᠯᠮᠦᠷᠢᠴᠢᠳ ᠤᠨ ᠬᠠᠮᠲᠤᠯᠢᠭ ᠲᠤ ᠠᠰᠢᠭ ᠬᠦᠷᠲᠡᠭᠡᠬᠦ ᠪᠠᠷ ᠪᠠᠷᠠᠬᠤ ᠦᠭᠡᠢ᠂ ᠨᠠᠩ ᠴᠤ ᠬᠤᠲᠠ ᠶᠢᠨ ᠬᠠᠯᠠᠭᠤᠨ ᠤ ᠬᠡᠮᠵᠢᠶ᠎ᠡ ᠶᠢ ᠬᠠᠷᠠᠭᠤᠯᠤᠨ᠎ᠠ᠃ ᠨᠢᠭᠡ ᠬᠤᠲᠠ ᠨᠢ ᠡᠩ ᠤᠨ ᠬᠥᠳᠡᠯᠮᠦᠷᠢᠴᠢᠳ ᠲᠤ ᠦᠨᠡᠨ ᠰᠡᠳᠬᠢᠯ ᠠᠴᠠ ᠪᠠᠨ ᠬᠠᠨᠳᠤᠪᠠᠯ᠂ ᠨᠠᠩ ᠣᠯᠠᠨ ᠴᠢᠳᠠᠪᠤᠷᠢᠲᠠᠨ ᠤ ᠴᠤᠭᠯᠠᠷᠠᠯ ᠢ ᠲᠡᠳᠡᠨ ᠠᠪᠴᠢᠷᠠᠵᠤ᠂ ᠡᠴᠦᠰ ᠲᠡᠭᠡᠨ ︽ᠬᠥᠮᠥᠨ︾ ᠪᠠ ︽ᠬᠤᠲᠠ︾᠎ ᠶᠢᠨ ︽ᠬᠤᠣᠰ ᠴᠢᠭᠯᠡᠯ ᠢᠶᠠᠷ ᠤᠷᠤᠭᠰᠢᠯᠠᠬᠤ︾᠎ ᠶᠢ ᠪᠡᠶᠡᠯᠡᠭᠦᠯᠬᠦ ᠪᠣᠯᠣᠨ᠎ᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号