︽ᠪᠡᠶ᠎ᠡ ᠴᠢᠨᠢ ᠶᠠᠮᠠᠷ ᠪᠠᠢᠨ᠎ᠠ︖ ᠠᠮᠢᠳᠤᠷᠠᠯ ᠤᠨ ᠲᠠᠯ᠎ᠠ ᠪᠠᠷ ᠣᠳᠣ ᠪᠠᠰᠠ ᠶᠠᠮᠠᠷ ᠬᠦᠴᠢᠷ ᠪᠡᠷᠬᠡᠰᠢᠶᠡᠯ | ᠪᠠᠶᠢᠬᠤ ᠪᠤᠶ︖︾ ︽ᠬᠦᠨᠳᠦ ᠡᠪᠡᠳᠴᠢᠨ ᠤ ᠠᠪᠤᠷᠠᠨ ᠲᠤᠰᠠᠯᠠᠯᠲᠠ᠂ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ | ᠪᠦᠷ ᠣᠶᠢᠯᠠᠭᠠᠵᠤ ᠪᠠᠶᠢᠨ᠎ᠠ ᠦᠦ︖︾ ᠭᠡᠵᠣ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠢᠨ | ᠰᠢᠨ ᠵᠠᠮ ᠤᠨ ᠵᠡᠭᠡᠯᠢ ᠭᠤᠳᠤᠮᠵᠢ ᠶᠢᠨ ᠮᠧᠢ ᠹᠠᠩ ᠳᠠᠪᠬᠤᠷᠭ᠎ᠠ ᠶᠢᠨ ᠬᠤᠣᠰ ᠪᠠᠭ᠎ᠠ ᠲᠣᠭᠤᠷᠢᠭ ᠲᠤ᠂ ︽ᠲᠠᠪᠤᠨ | ᠨᠠᠰᠤᠲᠠᠨ︾ ᠤ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠭᠡᠰᠢᠭᠦᠳ | ᠰᠠᠭᠤᠭᠠᠯᠢ ᠠᠷᠠᠳ ᠲᠠᠢ ᠵᠣᠭᠤᠭᠳᠠᠵᠤ ᠪᠠᠶᠢᠨ᠎ᠠ᠃ | ᠣᠳᠣᠬᠠᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠡᠯ᠎ᠡ ᠲᠣᠭᠤᠷᠢᠭ ᠲᠤ | ᠦᠷᠭᠦᠯᠵᠢ ᠨᠢᠭᠡ ᠪᠦᠯᠦᠭ ᠤᠯᠠᠭᠠᠨ ᠬᠤᠪᠴᠠᠰᠣ ᠲᠠᠢ ᠨᠠᠰᠤᠲᠠᠶᠢᠴᠤᠳ ᠲᠡᠳᠡ ᠵᠡᠭᠡᠯᠢ ᠭᠤᠳᠤᠮᠵᠢ᠂ ᠲᠣᠭᠤᠷᠢᠭ ᠢᠶᠠᠷ | ᠶᠠᠪᠤᠵᠤ᠂ ᠤᠬᠠᠭᠤᠯᠭ᠎ᠠ ᠶᠢᠨ ᠳᠡᠪᠲᠡᠷ ᠪᠤᠶᠤ ᠪᠦᠷᠢᠶ᠎ᠡ ᠪᠠᠷᠢᠨ ᠶᠠᠪᠣᠵᠠᠭᠠᠨ᠎ᠠ᠃ ᠦᠵᠡᠵᠦ ᠳᠠᠳᠬᠤ ᠦᠭᠡᠢ ᠶᠠᠪᠤᠳᠠᠯ᠂ | ᠲᠤᠰᠠᠯᠠᠭᠠᠳ ᠪᠠᠷᠠᠰᠢ ᠦᠭᠡᠢ ᠬᠥᠮᠥᠰ ᠬᠤᠲᠠ ᠶᠢᠨ ᠣᠷᠣᠨ ᠤ ᠥᠨᠴᠥᠭ ᠪᠤᠯᠤᠩ ᠤᠳ ᠲᠤ ᠲᠡᠳᠡᠨ ᠤ ᠪᠠᠷ᠎ᠠ | ᠰᠡᠭᠦᠳᠡᠷ ᠬᠠᠷᠠᠭᠳᠠᠨ᠎ᠠ᠃ ᠬᠥᠨᠳᠡᠯᠡᠨ ᠠᠴᠠ ᠬᠠᠷᠠᠭᠴᠢ ᠪᠣᠯᠬᠤ ᠦᠭᠡᠢ᠂ ᠵᠥᠪᠬᠡᠨ ᠣᠷᠣᠯᠴᠠᠭᠴᠢ ᠪᠣᠯᠣᠨ᠎ᠠ᠂ ᠲᠠᠳᠠ | ᠪᠣᠯ ᠳᠠᠷᠤᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠲᠠᠪᠤᠨ ᠠᠬᠠᠮᠠᠳ︾ ︵ᠠᠬᠠᠮᠠᠳ | ᠺᠠᠳ᠋ᠷ᠂ ᠠᠬᠠᠮᠠᠳ ᠲᠤᠰᠬᠠᠢ ᠮᠡᠷᠭᠡᠵᠢᠯᠲᠡᠨ᠂ ᠠᠬᠠᠮᠠᠳ ᠪᠠᠶᠢᠯᠳᠤᠭᠴᠢ᠂ ᠠᠬᠠᠮᠠᠳ ᠪᠠᠭᠰᠢ᠂ ᠠᠬᠠᠮᠠᠳ ᠵᠢᠱᠢᠶᠡᠴᠢ︶ | ᠤᠨ ᠰᠠᠶᠢᠨ ᠳᠤᠷ᠎ᠠ ᠶᠢᠨ ᠦᠢᠯᠡᠴᠢᠯᠡᠭᠡ ᠪᠣᠯᠣᠨ᠎ᠠ᠃ | ︽ᠨᠠᠮ ᠤᠨ ᠲᠥᠷᠥ ᠶᠢᠨ ᠪᠣᠳᠣᠯᠭ᠎ᠠ ᠤᠯᠠᠮ ᠠᠴᠠ ᠤᠯᠠᠮ ᠰᠠᠶᠢᠵᠢᠷᠠᠵᠤ᠂ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮ ᠤᠯᠠᠮ ᠠᠴᠠ ᠤᠯᠠᠮ ᠲᠡᠭᠦᠯᠳᠡᠷᠵᠢᠵᠦ ᠪᠠᠶᠢᠨ᠎ᠠ᠂ ᠮᠠᠨ ᠤ ᠡᠳᠡᠭᠡᠷ ᠨᠠᠰᠤᠲᠠᠳ ᠨᠡᠶᠢᠭᠡᠮ | ᠣᠷᠣᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠣᠨᠴᠠᠭᠠᠶ ᠳᠤᠷᠠᠲᠠᠢ ᠪᠠᠶᠢᠨ᠎ᠠ᠂ ᠨᠡᠶᠢᠭᠡᠮ ᠲᠣᠭᠤᠷᠢᠭ ᠪᠣᠯ | ᠮᠠᠨ ᠤ ᠭᠡᠷ ᠪᠦᠯᠢ ᠮᠥᠨ ᠪᠣᠯᠬᠤᠷ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠲᠠᠢ ᠶᠤᠮ︾᠃ ᠭᠡᠵᠦ ᠬᠤᠪᠣᠷ | ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ | ᠱᠢ ᠵᠢᠶᠦ᠋ᠨ ᠱᠠᠨ ᠬᠡᠯᠡᠨ᠎ᠡ᠃ | 35 ᠵᠢᠯ ᠤᠨ ᠨᠠᠮ ᠳᠤ ᠣᠷᠣᠭᠰᠠᠨ ᠲᠡᠤᠭᠡ ᠲᠠᠢ ᠱᠢ ᠵᠢᠶᠦ᠋ᠨ ᠱᠠᠨ ᠤ ᠭᠤᠶ᠎ᠠ ᠶᠢᠨ ᠬᠡᠰᠡᠭ ᠲᠤ ᠬᠤᠶᠠᠷ | ᠤᠳᠠᠭ᠎ᠠ ᠮᠡᠰᠡ ᠵᠠᠰᠠᠯ ᠬᠢᠭᠰᠡᠨ ᠪᠣᠯᠪᠠᠴᠤ ᠮᠥᠨ ᠯᠡ ᠪᠡᠶ᠎ᠡ ᠪᠠᠨ ᠪᠣᠯᠪᠠᠰᠤᠷᠠᠭᠤᠯᠬᠤ ᠶᠢ ᠪᠠᠷᠢᠮᠲᠠᠯᠠᠵᠤ᠂ ᠢᠳᠡᠪᠬᠢᠲᠡᠢ | ᠡᠷᠡᠭᠦᠯᠵᠢᠵᠡᠢ᠃ ᠲᠡᠷᠡ ᠲᠠᠢ ᠵᠢᠢ ᠨᠢᠳᠤᠷᠭ᠎ᠠ ᠳᠤ ᠬᠠᠶᠢᠷᠠᠲᠠᠢ ᠪᠥᠭᠡᠳ ᠮᠢᠨ ᠰᠢᠨ ᠵᠢᠶᠠ ᠶᠤᠸᠠᠨ ᠨᠡᠶᠢᠭᠡᠮ ᠣᠷᠣᠨ ᠤ | ᠲᠠᠢ ᠵᠢᠢ ᠨᠢᠳᠤᠷᠭ᠎ᠠ ᠶᠢᠨ ᠠᠩᠭᠢ ᠶᠢᠨ ᠨᠥᠬᠦᠳ ᠢᠶᠠᠨ ᠳᠠᠭᠠᠭᠤᠯᠤᠨ ᠬᠠᠮᠲᠤ ᠪᠠᠷ ᠪᠣᠯᠪᠠᠰᠤᠷᠠᠳᠠᠭ᠃ | ᠪᠣᠯᠪᠠᠰᠣᠨ ᠬᠤᠳᠠ ᠪᠠᠶᠢᠭᠤᠯᠬᠤ ᠠᠵᠢᠯ ᠤᠨ ᠳᠤᠮᠳᠠ᠂ ᠲᠡᠷᠡ ᠰᠠᠨᠠᠭᠠᠴᠢᠯᠠᠭ᠎ᠠ ᠠᠴᠠ ᠪᠠᠨ ᠨᠡᠶᠢᠭᠡᠮ | ᠲᠣᠭᠤᠷᠢᠭ ᠠᠴᠠ ᠡᠭᠦᠷᠭᠡ ᠭᠤᠶᠤᠴᠢᠯᠠᠨ ᠠᠪᠴᠤ᠂ ᠨᠡᠶᠢᠭᠡᠮ ᠣᠷᠣᠨ ᠤ ᠰᠠᠶᠢᠨ ᠳᠤᠷ᠎ᠠ ᠶᠢᠨ ᠦᠢᠯᠡᠴᠢᠯᠡᠭᠡ ᠳᠤ | ᠣᠷᠣᠯᠴᠠᠵᠤ᠂ ᠨᠡᠶᠢᠭᠡᠮ ᠲᠣᠭᠤᠷᠢᠭ ᠢ ᠬᠠᠪᠰᠤᠷᠤᠨ ᠵᠢᠵᠢᠭ ᠵᠠᠷ ᠮᠡᠳᠡᠭᠡ ᠶᠢ ᠠᠷᠢᠯᠭᠠᠵᠤ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠢ ᠬᠢᠨᠠᠨ ᠬᠠᠮᠠᠭᠠᠯᠠᠨ᠎ᠠ᠃ | ︽ᠱᠢ ᠵᠢᠶᠦ᠋ᠨ ᠱᠠᠨ ᠪᠣᠯ ︿ᠲᠠᠪᠤᠨ ᠨᠠᠰᠤᠲᠠᠨ﹀ ᠤ ᠦᠢᠯᠡᠴᠢᠯᠡᠭᠡᠨ ᠤ ᠨᠡᠶᠢᠲᠡᠯᠢᠭ ᠲᠥᠯᠥᠭᠡᠯᠡᠭᠴᠢ ᠮᠥᠨ᠂ | ᠪᠢᠳᠡ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠶᠢᠨ | ᠠᠵᠢᠯ ᠤᠨ ᠬᠦᠷᠢᠶ᠎ᠡ ᠶᠢ ᠤᠷᠲᠤᠳᠬᠠᠬᠤ ᠪᠠᠷ ᠳᠠᠮᠵᠢᠭᠤᠯᠵᠤ᠂ ᠪᠣᠭᠤᠮᠲᠠ ᠶᠢᠨ ᠠᠵᠢᠯ ᠤᠨ ᠵᠥᠪᠯᠡᠯ᠂ ᠪᠠᠭ᠎ᠠ ᠣᠷᠣᠨ | ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠵᠡᠷᠭᠡ ᠵᠣᠬᠢᠶᠠᠨ ᠪᠠᠶᠢᠭᠤᠯᠤᠯᠲᠠ ᠶᠢᠨ ᠬᠦᠴᠦᠨ ᠢ ᠨᠡᠶᠢᠳᠬᠡᠵᠦ᠂ | ᠨᠠᠮ ᠤᠨ ᠪᠠᠶᠢᠭᠤᠯᠤᠯᠲᠠ ᠶᠢᠨ ᠠᠵᠢᠯ ᠤᠨ ᠢ ᠴᠢᠩᠭᠠᠳᠬᠠᠪᠠ︾ ᠭᠡᠵᠦ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠨᠠᠮ ᠤᠯᠠᠨ ᠲᠦᠮᠡᠨ ᠤ ᠠᠵᠢᠯ ᠤᠨ ᠬᠡᠯᠲᠡᠰ ᠤᠨ ᠨᠢᠭᠡᠳᠦᠭᠡᠷ ᠳᠡᠰ ᠤᠨ ᠡᠷᠬᠢᠯᠡᠭᠴᠢ ᠶᠢᠨ | ᠬᠡᠰᠢᠭᠦᠨ ᠵᠠᠩ ᠶᠦᠩ ᠴᠢᠶᠠᠩ ᠬᠡᠯᠡᠪᠡ᠃ | ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠨᠢ ︽ᠲᠠᠪᠤᠨ ᠨᠠᠰᠤᠲᠠᠨ︾ ᠤ ᠰᠠᠶᠢᠨ | ᠳᠤᠷ᠎ᠠ ᠶᠢᠨ ᠦᠢᠯᠡᠴᠢᠯᠡᠭᠡ ᠳᠤ ᠢᠳᠡᠪᠬᠢ ᠬᠦᠴᠦᠨ ᠢ ᠣᠯᠭᠤᠵᠠᠢ᠃ | ︽ᠲᠠᠪᠤᠨ ᠨᠠᠰᠤᠲᠠᠨ︾ ᠢᠶᠠᠷ ᠭᠤᠣᠯ ᠬᠦᠴᠦᠨ ᠪᠣᠯᠭᠠᠵᠤ᠂ ᠰᠠᠭᠤᠭᠠᠯᠢ ᠠᠷᠠᠳ ᠤᠨ ᠲᠣᠭᠤᠷᠢᠭ ᠲᠤ ᠠᠬᠠᠮᠠᠳ | ᠨᠥᠬᠦᠳ ᠤᠨ ᠦᠢᠯᠡᠴᠢᠯᠡᠭᠡᠨ ᠤ ᠥᠷᠲᠡᠭᠡ ᠪᠠᠶᠢᠭᠤᠯᠵᠤ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠥᠷᠭᠡᠳᠬᠡᠨ᠂ | ᠣᠶᠢᠷ᠎ᠠ ᠬᠠᠪᠢ ᠶᠢᠨ ᠰᠠᠭᠤᠭᠠᠯᠢ ᠠᠷᠠᠳ ᠤᠨ ᠲᠣᠭᠤᠷᠢᠭ᠂ ᠵᠡᠭᠡᠯᠢ ᠭᠤᠳᠤᠮᠵᠢ ᠶᠢᠨ ᠨᠡᠶᠢᠭᠡᠮ ᠣᠷᠣᠨ ᠤ | ᠪᠤᠭᠤᠷᠤᠯᠴᠤᠳ ᠲᠤ ᠴᠢᠳᠠᠯ ᠤᠨ ᠬᠢᠷᠢ ᠪᠠᠷ ᠢᠶᠠᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠬᠠᠩᠭᠠᠵᠤ᠂ | ᠰᠢᠯᠢᠳᠡᠭ ᠠᠬᠠᠮᠠᠳ ᠨᠥᠬᠦᠳ ᠢ ᠰᠣᠩᠭᠤᠨ ᠰᠤᠷᠭᠠᠨ ᠬᠥᠮᠦᠵᠢᠯ ᠤᠨ ᠬᠠᠪᠰᠤᠷᠤᠨ ᠵᠢᠯᠣᠭᠤᠳᠤᠭᠴᠢ᠂ | ᠰᠡᠳᠬᠢᠴᠡ ᠶᠢᠨ ᠵᠢᠯᠣᠭᠤᠳᠤᠯᠭ᠎ᠠ᠂ ᠲᠥᠷᠥ ᠶᠢᠨ ᠪᠣᠳᠣᠯᠭ᠎ᠠ ᠶᠢᠨ ᠯᠠᠪᠯᠠᠭᠴᠢ ᠶᠢᠨ ᠡᠭᠦᠷᠭᠡ ᠶᠢ ᠡᠭᠦᠷᠭᠡᠯᠡᠭᠦᠯᠵᠦ᠂ | ᠡᠯ᠎ᠡ ᠵᠢᠵᠢᠭ ᠣᠷᠣᠨ ᠤ ︽110︾ ᠶᠢ ᠪᠠᠶᠢᠭᠤᠯᠵᠤ᠂ ᠪᠠᠭ᠎ᠠ ᠶᠠᠪᠤᠳᠠᠯ ᠢ ᠨᠡᠶᠢᠭᠡᠮ ᠲᠣᠭᠤᠷᠢᠭ ᠲᠤ ᠭᠠᠷᠭᠠᠬᠤ | ᠦᠭᠡᠢ᠂ ᠶᠡᠭᠡ ᠶᠠᠪᠤᠳᠠᠯ ᠢ ᠨᠡᠶᠢᠭᠡᠮ ᠲᠣᠭᠤᠷᠢᠭ ᠲᠤ ᠭᠠᠷᠭᠠᠬᠤ ᠦᠭᠡᠢ ᠪᠠᠶᠢᠬᠤ ᠶᠢ ᠪᠠᠳᠣᠯᠠᠨ᠎ᠠ᠃ | ︽ᠲᠠᠪᠤᠨ ᠨᠠᠰᠤᠲᠠᠨ︾ ᠪᠤᠰᠤᠳ ᠤᠨ ᠲᠥᠯᠥᠭᠡ ᠵᠢᠳᠬᠦᠵᠦ᠂ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠮᠢᠨ ᠰᠢᠨ ᠵᠠᠮ ᠵᠡᠭᠡᠯᠢ ᠭᠤᠳᠤᠮᠵᠢ ᠴᠤ ︽ᠲᠠᠪᠤᠨ ᠨᠠᠰᠤᠲᠠᠨ︾ ᠤ ︽ᠲᠦᠷᠪᠡᠨ ᠭᠤᠣᠯ | ᠰᠡᠳᠦᠪᠲᠦ ᠡᠳᠦᠷ︾ ᠢ ᠬᠡᠷᠡᠭᠵᠢᠭᠦᠯᠦᠭᠰᠡᠨ ᠬᠠᠯᠠᠮᠵᠢᠯᠠᠯ ᠢ ᠬᠦᠷᠲᠡᠵᠦ᠂ ᠲᠡᠳᠡᠨ ᠳᠤ ᠨᠠᠮ ᠤᠨ ᠵᠣᠬᠢᠶᠠᠨ | ᠪᠠᠶᠢᠭᠤᠯᠤᠯᠲᠠ ᠳᠡᠷᠭᠡᠳᠡ ᠨᠢ ᠪᠠᠶᠢᠬᠤ ᠶᠢ ᠴᠠᠭ ᠢᠮᠠᠭᠲᠠ ᠮᠡᠳᠡᠷᠡᠭᠦᠯᠦᠨ᠎ᠡ᠃ | ᠰᠤᠷᠤᠯᠴᠠᠯᠭ᠎ᠠ ᠶᠢᠨ ᠡᠳᠦᠷ᠂ ᠡᠯ᠎ᠡ ᠪᠠᠭ᠎ᠠ ᠣᠷᠣᠨ ᠤ ᠨᠠᠮ ᠤᠨ ᠡᠭᠦᠷ ᠲᠤᠰᠬᠠᠶᠢᠯᠠᠨ ᠨᠠᠮ ᠤᠨ | ᠰᠤᠷᠭᠠᠭᠤᠯᠢ ᠶᠢᠨ ᠫᠷᠤᠹᠥᠰᠰᠤᠷ ᠢ ᠤᠷᠢᠵᠤ ᠡᠭᠦᠷ ᠤᠨ ᠪᠦᠬᠦ ᠨᠠᠮ ᠤᠨ ᠭᠡᠰᠢᠭᠦᠨ ᠳᠤ ᠲᠤᠰᠬᠠᠢ ᠰᠡᠳᠦᠪᠲᠦ | ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠯᠭᠡᠪᠡ᠃ ᠨᠠᠮ ᠤᠨ ᠬᠢᠴᠢᠶᠡᠯ ᠤᠨ ᠡᠳᠦᠷ᠂ ᠨᠠᠮ ᠤᠨ ᠬᠢᠴᠢᠶᠡᠯ | ᠣᠷᠣᠬᠤ ᠬᠡᠯᠪᠡᠷᠢ ᠪᠠᠷ ᠳᠠᠮᠵᠢᠭᠤᠯᠤᠨ᠂ ᠠᠵᠢᠯ ᠠᠴᠠ ᠪᠠᠨ ᠠᠮᠠᠷᠠᠭᠰᠠᠨ ᠺᠠᠳ᠋ᠷ ᠨᠠᠮ ᠤᠨ ᠭᠡᠰᠢᠭᠦᠨ ᠤ ᠬᠦᠰᠡᠯᠡᠩ | ᠢᠲᠡᠭᠡᠯ ᠵᠣᠷᠢᠭ ᠢ ᠤᠯᠠᠮ ᠪᠠᠲᠤᠳᠬᠠᠬᠤ ᠬᠡᠷᠡᠭᠲᠡᠢ᠃ ᠲᠤᠰᠬᠠᠢ ᠰᠡᠳᠦᠪ ᠤᠨ ᠡᠳᠦᠷ ᠲᠤ᠂ ᠨᠠᠮ ᠤᠨ ᠡᠭᠦᠷ | ᠴᠠᠭ ᠤᠨ ᠪᠠᠶᠢᠳᠠᠯ ᠤᠨ ᠬᠠᠯᠠᠭᠤᠨ ᠴᠡᠭ ᠢ ᠴᠠᠭ ᠲᠤᠬᠠᠢ ᠳᠤᠨᠢ ᠰᠣᠩᠭᠤᠨ ᠲᠤᠰᠬᠠᠢ ᠰᠡᠳᠦᠪ ᠢᠶᠠᠷ ᠶᠠᠷᠢᠯᠴᠠᠵᠤ᠂ | ᠠᠵᠢᠯ ᠠᠴᠠ ᠪᠠᠨ ᠠᠮᠠᠷᠠᠭᠰᠠᠨ ᠺᠠᠳ᠋ᠷ ᠨᠠᠮ ᠤᠨ ᠭᠡᠰᠢᠭᠦᠳ ᠲᠤ ᠤᠯᠤᠰ ᠤᠨ ᠳᠣᠲᠣᠭᠠᠳᠤ ᠭᠠᠳᠠᠭᠠᠳᠤ ᠶᠢᠨ | ᠪᠠᠶᠢᠳᠠᠯ ᠢ ᠡᠷᠡᠭᠦᠯ ᠮᠡᠨᠳᠤ ᠶᠢᠨ ᠡᠳᠦᠷ᠂ ᠲᠤᠰᠬᠠᠢ ᠮᠡᠷᠭᠡᠵᠢᠯ ᠤᠨ ᠬᠥᠮᠥᠰ ᠢ ᠤᠷᠢᠵᠤ ᠠᠬᠠᠮᠠᠳ ᠺᠠᠳ᠋ᠷᠴᠤᠳ ᠲᠤ | ᠡᠷᠡᠭᠦᠯ ᠮᠡᠨᠳᠤ ᠶᠢ ᠬᠠᠮᠠᠭᠠᠯᠠᠬᠤ ᠶᠡᠷᠦ ᠶᠢᠨ ᠮᠡᠳᠡᠯᠭᠡ ᠶᠢ ᠤᠯᠠᠮᠵᠢᠯᠠᠨ᠎ᠠ᠃ | 2023 ᠣᠨ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︽ᠲᠠᠪᠤᠨ | ᠨᠠᠰᠤᠲᠠᠨ︾ ᠤ ᠰᠠᠶᠢᠨ ᠳᠤᠷ᠎ᠠ ᠶᠢᠨ ᠦᠢᠯᠡᠴᠢᠯᠡᠭᠡ ᠨᠢ ᠨᠡᠶᠢᠭᠡᠮ ᠣᠷᠣᠨ ᠤ ᠬᠤᠳᠠ ᠪᠠᠶᠢᠭᠤᠯᠬᠤ ᠪᠠ ᠤᠶᠤᠨ ᠤ | ᠪᠣᠯᠪᠠᠰᠤᠨ ᠢ ᠡᠭᠦᠳᠬᠦ ᠳᠤ ᠬᠦᠴᠦ ᠨᠡᠮᠡᠷᠢᠯᠡᠵᠦ᠂ ᠤᠬᠠᠭᠤᠯᠭ᠎ᠠ ᠰᠣᠶᠣᠯ ᠤᠨ ᠠᠵᠢᠯᠯᠠᠭ᠎ᠠ ᠶᠢ 30 ᠭᠠᠷᠤᠢ ᠤᠳᠠᠭ᠎ᠠ | ᠥᠷᠨᠢᠭᠦᠯᠪᠡ᠂ ᠲᠡᠳᠡ ᠪᠣᠳᠠᠲᠤ ᠠᠵᠢᠯᠯᠠᠭ᠎ᠠ ᠪᠠᠷ ᠢᠶᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ | ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠢᠨ᠎ᠡ ᠬᠡᠪ ᠰᠤᠷᠲᠠᠯ ᠢ ᠰᠠᠨᠠᠭᠠᠴᠢᠯᠠᠵᠤ᠂ | ᠪᠣᠯᠪᠠᠰᠤᠨ ᠤ ᠳᠡᠭᠡᠳᠦ ᠰᠢᠨ᠎ᠡ ᠢᠳᠡᠪᠬᠢ ᠬᠦᠴᠦᠨ ᠢ ᠳᠠᠮᠵᠢᠭᠤᠯᠵᠠᠢ᠃ |