ᠥᠪᠥᠷ ᠮᠣᠩᠭᠤᠯ ᠤᠨ ᠬᠤᠪᠣᠷ ᠰᠢᠷᠦ᠋ᠢᠲᠤ ᠸᠠᠭᠠᠷ ᠱᠠᠭᠠᠵᠠᠩ ᠤᠨ ᠢᠯᠴᠢ ᠶᠢᠨ ᠬᠠᠯᠬᠠᠪᠴᠢ ᠶᠢᠨ ᠲᠦᠷᠬᠢᠮᠡᠯ ᠳᠠᠪᠬᠤᠷᠭ᠎ᠠ ᠶᠢᠨ ᠠᠵᠤ ᠦᠢᠯᠡᠰᠵᠢᠭᠦᠯᠦᠯᠲᠡ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2023/8/17
   ᠲᠦᠷᠦᠭᠦᠬᠡᠨ᠂ ᠰᠤᠷᠪᠤᠯᠵᠢᠯᠠᠭᠴᠢ ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠣᠶᠢᠯᠠᠭᠠᠭᠰᠠᠨ ᠨᠢ᠂ ᠥᠪᠥᠷ ᠮᠣᠩᠭᠤᠯ ᠤᠨ ᠵᠢᠩ ᠲᠤᠤ ᠽᠢᠷᠤᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠪᠠ ᠱᠠᠩᠬᠠᠶ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠲᠠᠢ ᠬᠠᠮᠲᠤᠷᠠᠨ ᠰᠤᠳᠤᠯᠤᠨ ᠨᠡᠭᠡᠭᠡᠭᠰᠡᠨ ᠨᠢᠭᠡ ᠵᠦᠶ᠋ᠯ ᠤᠨ ᠬᠤᠪᠣᠷ ᠰᠢᠷᠣᠶ ᠶᠢᠨ ᠮᠠᠲ᠋ᠧᠷᠢᠶᠠᠯ — ᠬᠤᠪᠣᠷ ᠰᠢᠷᠣᠶ ᠶᠢᠨ ᠸᠠᠭᠠᠷ ᠱᠠᠭᠠᠵᠠᠩ ᠤᠨ ᠢᠯᠴᠢ ᠶᠢᠨ ᠬᠠᠯᠬᠠᠪᠴᠢ ᠶᠢᠨ ᠲᠦᠷᠬᠢᠮᠡᠯ ᠳᠠᠪᠬᠤᠷᠭ᠎ᠠ ᠎ ᠢ ᠠᠵᠤ ᠦᠶᠢᠯᠡᠰᠵᠢᠭᠦᠯᠵᠦ᠂ ᠭᠠᠳᠠᠭᠠᠳᠤ ᠶᠢᠨ ᠠᠵᠤ ᠠᠬᠤᠶᠢᠯᠠᠯ ᠤᠨ ᠬᠤᠪᠣᠷ ᠰᠢᠷᠣᠶ ᠶᠢᠨ ᠸᠠᠭᠠᠷ ᠱᠠᠭᠠᠵᠠᠩ ᠤᠨ ᠢᠯᠴᠢ ᠶᠢᠨ ᠬᠠᠯᠬᠠᠪᠴᠢ ᠶᠢᠨ ᠲᠦᠷᠬᠢᠮᠡᠯ ᠳᠠᠪᠬᠤᠷᠭ᠎ᠠ ᠶᠢᠨ ᠮᠠᠲ᠋ᠧᠷᠢᠶᠠᠯ ᠤᠨ ᠲᠠᠯ᠎ᠠ ᠪᠠᠷ ᠬᠢ ᠮᠡᠷᠭᠡᠵᠢᠯ ᠤᠨ ᠮᠣᠨᠣᠫᠣᠯᠢᠴᠢᠯᠠᠯ ᠪᠠ ᠪᠢᠲᠡᠭᠦᠮᠵᠢᠯᠡᠯ ᠢ ᠨᠢᠭᠡ ᠯᠡ ᠳᠡᠭᠡᠷ᠎ᠡ ᠡᠪᠳᠡᠪᠡ᠃    ᠣᠶᠢᠯᠠᠭᠠᠭᠰᠠᠨ ᠢᠶᠠᠷ᠂ ᠥᠪᠥᠷ ᠮᠣᠩᠭᠤᠯ ‍ᠤᠨ‌ᠵᠢᠩ ᠲᠤᠤ ᠽᠢᠷᠤᠨ ᠤ ᠦᠢᠯᠡᠰ ᠤᠨ ᠬᠢᠵᠠᠭᠠᠷᠲᠤ ᠺᠣᠮᠫᠠᠨᠢ ᠬᠢᠭᠡᠳ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢᠨ ᠨᠢᠭᠡᠴᠡ ᠶᠢᠨ ᠣᠷᠳᠣ ᠬᠤᠭᠤᠴᠠᠭᠠᠨ ᠤ ᠮᠡᠷᠭᠡᠵᠢᠯ ᠤᠨ ᠪᠡᠷᠬᠡ ᠰᠡᠳᠦᠪ ᠢ ᠰᠢᠶ᠋ᠳᠪᠦᠷᠢᠯᠡᠬᠦ ᠪᠠᠷ ᠳᠡᠮᠵᠢᠨ᠂ ᠰᠤᠳᠤᠯᠭᠠᠨ ᠤ ᠠᠵᠢᠯᠲᠠᠨ ᠣᠨᠴᠠ ᠲᠣᠭᠲᠠᠭᠰᠠᠨ ᠬᠤᠪᠣᠷ ᠰᠢᠷᠣᠶ ᠶᠢᠨ ᠡᠯᠧᠮᠧᠨ᠋ᠲ ᠬᠤᠯᠢᠬᠤ ᠮᠡᠷᠭᠡᠵᠢᠯ ᠢ ᠨᠡᠭᠡᠭᠡᠨ ᠬᠥᠭᠵᠢᠭᠦᠯᠵᠦ᠂ ᠬᠤᠪᠣᠷ ᠰᠢᠷᠣᠶ ᠶᠢᠨ ᠸᠠᠭᠠᠷ ᠱᠠᠭᠠᠵᠠᠩ ᠤᠨ ᠢᠯᠴᠢ ᠶᠢᠨ ᠬᠠᠯᠬᠠᠪᠴᠢ ᠶᠢᠨ ᠲᠦᠷᠬᠢᠮᠡᠯ ᠳᠠᠪᠬᠤᠷᠭ᠎ᠠ ᠶᠢᠨ ᠬᠠᠷᠪᠤᠯᠲᠠ ᠶᠢᠨ ᠮᠠᠲ᠋ᠧᠷᠢᠶᠠᠯ ᠤᠨ ᠠᠯᠪᠠ ᠬᠠᠭᠠᠬᠤ ᠠᠮᠢ ᠨᠠᠰᠤ ᠪᠠ ᠠᠯᠪᠠ ᠬᠠᠭᠠᠬᠤ ᠳᠤᠯᠠᠭᠠᠨ ᠤ ᠬᠡᠮᠵᠢᠶ᠎ᠡ ᠶᠢ ᠶᠡᠭᠡ ᠪᠠᠷ ᠳᠡᠭᠡᠭᠰᠢᠯᠡᠭᠦᠯᠵᠦ᠂ ᠵᠣᠬᠢᠬᠤ ᠬᠡᠮᠵᠢᠶᠡᠨ ᠳᠡᠭᠡᠷ᠎ᠡ ᠣᠯᠠᠨ ᠤᠯᠤᠰ ᠤᠨ ᠠᠳᠠᠯᠢ ᠲᠥᠷᠥᠯ ᠤᠨ ᠦᠶ᠋ᠯᠡᠳᠬᠦᠨ ᠤ ᠮᠡᠷᠭᠡᠵᠢᠯ ᠤᠨ ᠭᠦᠶ᠋ᠴᠡᠳᠬᠡᠯ ᠲᠤᠭ᠎ᠠ ᠠᠴᠠ ᠳᠠᠪᠠᠭᠰᠠᠨ ᠪᠠᠶᠢᠨ᠎ᠠ᠃ ᠨᠢᠳᠤᠨᠤᠨ ᠤ 6 ᠰᠠᠷ᠎ᠠ ᠳᠤ ᠪᠠᠷᠢᠯᠭ᠎ᠠ ᠶᠢᠨ ᠵᠦᠢᠯᠡᠰ ᠢ ᠡᠬᠢᠯᠡᠨ ᠪᠠᠶᠢᠭᠤᠯᠵᠤ᠂ ᠦᠢᠯᠡᠳᠬᠦᠨ ᠢ ᠨᠢ ᠠᠭᠠᠷ ᠤᠨ ᠠᠶᠠᠯᠠᠯ ᠤᠨ ᠬᠥᠳᠡᠯᠭᠡᠭᠦᠷ ᠪᠣᠯᠤᠨ ᠬᠥᠯᠭᠡ ᠣᠩᠭᠤᠴᠠᠨ ᠳᠡᠭᠡᠷᠡᠬᠢ ᠰᠢᠲᠠᠭᠴᠢ ᠬᠡᠢ ᠶᠢᠨ ᠲᠦᠷᠪᠢᠨ ᠤ ᠢᠯᠲᠠᠰᠤᠨ ᠳᠤ ᠬᠡᠷᠡᠭᠯᠡᠵᠦ᠂ ᠢᠯᠴᠢ ᠶᠢᠨ ᠬᠠᠮᠠᠭᠠᠯᠠᠯᠲᠠ ᠶᠢᠨ ᠬᠠᠯᠬᠠᠪᠴᠢ ᠪᠣᠯᠭᠠᠬᠤ ᠪᠣᠯᠤᠨ᠎ᠠ᠃    ᠣᠶᠢᠯᠠᠭᠠᠭᠰᠠᠨ ᠢᠶᠠᠷ᠂ ᠲᠣᠰ ᠲᠥᠷᠥᠯ ᠵᠦᠶ᠋ᠯ ᠨᠢ ᠮᠠᠨ ᠤ ᠤᠯᠤᠰ ᠤᠨ ᠥᠨᠳᠥᠷ ᠴᠢᠳᠠᠪᠬᠢᠳᠤ ᠢᠯᠴᠢ ᠶᠢᠨ ᠬᠠᠯᠬᠠᠪᠴᠢ ᠶᠢᠨ ᠲᠦᠷᠬᠢᠮᠡᠯ ᠳᠠᠪᠬᠤᠷᠭ᠎ᠠ ᠶᠢ ᠢᠨᠵᠤᠨᠤᠷᠢᠩᠵᠢᠭᠦᠯᠦᠨ ᠬᠡᠷᠡᠭᠯᠡᠬᠦ ᠳᠤ ᠠᠬᠢᠭᠤᠯᠬᠤ ᠦᠶ᠋ᠯᠡᠳᠦᠯ ᠦᠵᠡᠭᠦᠯᠬᠦ ᠪᠣᠯᠤᠨ᠎ᠠ᠃ 2023 ᠣᠨ ᠳᠤ᠂ ᠪᠤᠭᠤᠲᠤ ᠬᠤᠲᠠ ᠶᠢᠨ ︽ᠰᠢᠨ᠎ᠡ ᠶᠢ ᠡᠭᠦᠳᠬᠦ ᠨᠢᠭᠡᠳᠦᠭᠡᠷ︾ ᠪᠢᠴᠢᠭ ᠮᠠᠲ᠋ᠧᠷᠢᠶᠠᠯ ᠤᠨ ᠵᠣᠷᠢᠭᠵᠢᠭᠤᠯᠤᠯ ᠳᠣᠤᠷ᠎ᠠ᠂ ᠠᠵᠤ ᠠᠬᠤᠶᠢᠯᠠᠯ ᠤᠨ ︽ᠰᠢᠨ᠎ᠡ ᠬᠡᠯᠪᠡᠷᠢ ᠶᠢᠨ ᠬᠤᠪᠣᠷ ᠰᠢᠷᠣᠶ ᠶᠢᠨ ᠸᠠᠭᠠᠷ ᠱᠠᠭᠠᠵᠠᠩ ᠤᠨ ᠮᠠᠲ᠋ᠧᠷᠢᠶᠠᠯ ᠢ ᠰᠤᠳᠤᠯᠤᠨ ᠨᠡᠭᠡᠭᠡᠬᠦ ᠲᠥᠪ︾᠎ ᠢ ᠶᠠᠭ ᠱᠠᠯᠠᠪᠳᠠᠨ ᠪᠠᠶᠢᠭᠤᠯᠵᠤ ᠪᠠᠶᠢᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号