ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠦᠨᠳᠦᠰᠦᠲᠡᠨ ᠤ ᠪᠦᠯᠬᠦᠮᠳᠡᠯ‌‍ᠲ᠋ᠠᠪᠰᠢᠯᠲᠠ ᠶᠢᠨ ᠵᠢᠱᠢᠶᠡᠴᠢ ᠶᠢ ᠡᠭᠦᠳᠦᠨ ᠪᠠᠶᠢᠭᠤᠯᠬᠤ ᠠᠵᠢᠯᠯᠠᠭ᠎ᠠ ᠶᠠᠪᠣᠭᠳᠠᠵᠣ ᠪᠣᠢ
ᠨᠡᠶᠢᠲᠡᠯᠡᠭᠰᠡᠨ ᠴᠠᠭ᠄
2023/8/18
    ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ‌‍ᠤ ᠨᠠᠮ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ᠤᠨ ᠳᠠᠷᠤᠭ᠎ᠠ‌ᠵᠣᠣ ᠵᠧᠩ ᠪᠦᠯᠬᠦᠮ ᠳᠠᠭᠠᠭᠤᠯᠵᠤ᠂ ᠨᠠᠮ ᠤᠨ ᠠᠵᠢᠯ ᠤᠨ ᠬᠤᠷᠢᠶ᠎ᠠ ᠶᠢᠨ ᠭᠡᠰᠢᠭᠦᠨ᠂ ᠬᠠᠮᠢᠶᠠᠷᠤᠯᠲᠠ ᠵᠢᠨ‌ᠵᠥ᠋ᠪᠯᠡᠯ ᠤᠨ ᠳᠡᠳ᠋ ᠡᠷᠬᠢᠯᠡᠭᠴᠢ ᠶᠠᠩ ᠸᠧᠨ ᠴᠢᠤᠸᠠᠨ᠂ ᠨᠢᠭᠡᠳᠦᠮᠡᠯ ᠹᠷᠣᠨᠲ᠂ ᠦᠨᠳᠦᠰᠦᠲᠡᠨ᠂ ᠤᠬᠠᠭᠤᠯᠭ᠎ᠠ ᠵᠡᠷᠭᠡ‌‍ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠪᠣᠷ ᠰᠢᠷᠣᠢ ᠶᠢᠨ ᠮᠦᠽᠧᠢ ᠵᠡᠷᠭᠡ ᠦᠵᠡᠭᠦᠯᠦᠯᠭᠡ ᠶᠢᠨ ᠵᠢᠱᠢᠶ᠎ᠡ‌ᠦᠵᠡᠭᠦᠯᠬᠦ ᠴᠡᠭ ᠢ ᠡᠭᠦᠳᠦᠨ ᠪᠠᠶᠢᠭᠤᠯᠬᠤ ᠪᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ᠃         ᠬᠤᠪᠣᠷ ᠰᠢᠷᠣᠢ ᠶᠢᠨ ᠮᠦᠽᠧᠢ ᠳᠤ ᠵᠣᠣ ᠵᠧᠩ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠮᠠᠨ ᠤ ᠬᠤᠲᠠ ᠶᠢᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠶᠡᠴᠢ ᠬᠤᠲᠠ ᠶᠢ ᠡᠭᠦᠳᠦᠨ‌‍ᠪᠠᠶᠢᠭᠤᠯᠬᠤ ᠵᠠᠩᠭᠢᠯᠠᠭ᠎ᠠ ᠶᠢᠨ ᠵᠢᠯ ᠮᠥᠨ᠂ ᠣᠳᠣᠬᠠᠨ ᠳᠤ ᠶᠠᠭ ᠰᠢᠪᠲᠤᠯᠤᠯᠲᠠ ᠶᠢᠨ ᠱᠠᠲᠤᠨ ᠳᠤ ᠪᠠᠶᠢᠭ᠎ᠠ‌ᠤᠴᠢᠷ ᠠᠴᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠦᠷᠭᠦᠯᠵᠢᠯᠡᠨ ᠴᠢᠩᠭᠠᠳᠬᠠᠵᠤ᠂ ᠪᠠᠷᠢᠮᠵᠢᠶ᠎ᠠ ᠶᠢ ᠬᠠᠷᠭᠤᠭᠤᠯᠤᠨ ᠲᠣᠳᠠᠭᠳᠠᠯ ᠢᠶᠠᠨ ᠨᠦᠭᠦᠪᠦᠷᠢᠯᠡᠨ ᠰᠢᠯᠭᠠᠨ ᠦᠨᠡᠯᠡᠬᠦ‌‍ᠪᠠᠷᠢᠮᠵᠢᠶ᠎ᠠ ᠶᠢ ᠰᠤᠷᠤᠯᠴᠠᠨ ᠣᠶᠢᠯᠠᠭᠠᠵᠤ᠂ ᠡᠭᠦᠳᠦᠨ ᠪᠠᠶᠢᠭᠤᠯᠬᠤ ᠠᠵᠢᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠵᠤ᠂ ᠪᠦᠬᠦ ᠵᠢᠯ ᠤᠨ ᠡᠭᠦᠳᠦᠨ ᠪᠠᠶᠢᠭᠤᠯᠬᠤ ᠠᠵᠢᠯ ᠤᠨ ᠰᠡᠳᠬᠢᠴᠡ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠷᠢᠯᠢᠭᠵᠢᠭᠤᠯᠤᠨ ᠲᠡᠭᠦᠯᠳᠡᠷᠵᠢᠭᠦᠯᠭᠦ ᠬᠡᠷᠡᠭᠳᠡᠢ᠃ ᠨᠠᠷᠢᠨ ᠲᠦᠯᠦᠪᠯᠯᠡᠵᠣ ᠨᠢᠮᠪᠠᠢ ᠠᠵᠢᠯᠯᠠᠨ ᠡᠬᠢ ᠪᠠᠶᠠᠯᠢᠭ ᠢ‌ᠨᠡᠶᠢᠳᠬᠡᠵᠦ᠂ ᠲᠤᠰ ᠲᠤᠰ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠭᠲᠠᠭᠠᠵᠤ᠂ ᠴᠢᠨᠠᠷ ᠰᠠᠶᠢᠲᠠᠢ‌‍ᠪᠠᠶᠢᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠠᠵᠢᠯ ᠤᠨ ᠲᠣᠬᠢᠷᠠᠭᠤᠯᠤᠯᠲᠠ ᠪᠠ ᠤᠬᠠᠭᠤᠯᠭ᠎ᠠ ᠵᠢ‌‍ᠴᠢᠩᠭᠠᠳᠬᠠᠵᠤ᠂ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠦᠢᠯᠡᠳᠦᠯ ᠢ ᠤᠯᠠᠮ ᠨᠢᠭᠡ‌ᠠᠯᠬᠤᠮ ᠪᠠᠳᠠᠷᠠᠭᠤᠯᠤᠨ᠂ ᠡᠭᠦᠳᠦᠨ ᠪᠠᠶᠢᠭᠤᠯᠬᠤ ᠠᠵᠢᠯ ᠤᠨ ᠣᠯᠠᠨ ᠲᠦᠮᠡᠨ ᠤ ᠣᠶᠢᠯᠠᠭᠠᠬᠤ ᠨᠣᠷᠮ᠎ᠠ᠂ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ ᠡᠭᠦᠳᠦᠨ‌‍ᠪᠠᠶᠢᠭᠤᠯᠬᠤ ᠳᠤ ᠢᠳᠡᠪᠬᠢᠲᠡᠢ ᠣᠷᠣᠯᠴᠠᠭᠤᠯᠵᠤ᠂ ᠪᠥᠬᠦ ᠠᠷᠠᠳ ᠢᠶᠠᠷ ᠢᠶᠠᠨ ᠬᠠᠮᠲᠤ ᠪᠠᠷ ᠪᠠᠶᠢᠭᠤᠯᠬᠤ ᠭᠦᠨ‌ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠯ᠎ᠡ ᠵᠦᠢᠯ ᠤᠨ ᠠᠵᠢᠯ ᠢ‌ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠵᠢᠨ‌‍ᠴᠡᠭ ᠢ ᠴᠢᠩᠭ᠎ᠠ ᠠᠩᠬᠠᠷᠣᠨ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠮᠠᠨ ᠤ ᠬᠤᠲᠠ ᠶᠢᠨ ᠡᠭᠦᠳᠦᠨ‌‍ᠪᠠᠶᠢᠭᠤᠯᠬᠤ ᠠᠵᠢᠯ ᠢ ᠲᠦᠯᠬᠢᠨ ᠠᠬᠢᠭᠤᠯᠬᠤ ᠳᠤ ᠳᠡᠭᠡᠳᠦ ᠰᠢᠨ᠎ᠡ ᠣᠷᠣᠨ ᠤ ᠬᠦᠴᠦᠨ ᠴᠢᠳᠠᠯ ᠢᠶᠠᠨ ᠡᠷᠭᠦᠭᠦ‌‍ᠬᠡᠷᠡᠭᠳᠡᠢ ᠭᠡᠪᠡ᠃           ᠪᠠᠶᠢᠴᠠᠭᠠᠨ ᠰᠤᠳᠤᠯᠤᠯᠲᠠ ᠶᠢᠨ ᠳᠤᠮᠳᠠ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠣᠯᠠᠨᠪᠣᠯᠠᠭ ᠪᠠᠯᠭᠠᠰᠣ‌‍ᠶᠢᠨ ᠨᠢᠭᠡᠳᠬᠡᠯ ᠠᠩᠭᠢ ᠶᠢᠨ ᠦᠵᠡᠭᠦᠯᠦᠯᠭᠡ ᠶᠢᠨ ᠲᠢᠩᠬᠢᠮ᠂ ᠳ᠋ᠦᠩ ᠪᠦᠦ ᠠᠮᠢᠳᠤ ᠪᠣᠳᠠᠰ᠂ ᠤᠰᠤ ᠬᠠᠩᠭᠠᠬᠤ ᠺᠣᠮᠫᠠᠨᠢ ᠶᠢ ᠡᠭᠦᠳᠦᠨ ᠪᠠᠶᠢᠭᠤᠯᠬᠤ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠤ ᠰᠣᠳᠣᠨ ᠵᠢᠱᠢᠶ᠎ᠡ ᠦᠵᠡᠭᠦᠯᠬᠦ‌‍ᠴᠡᠭ ᠪᠣᠯᠭᠠᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号