︽ᠬᠤᠶᠠᠷ ᠬᠤᠪᠣᠷ ᠰᠢᠷᠣᠢ ᠶᠢᠨ ᠰᠠᠭᠤᠷᠢᠨ︾᠎ ᠢ ᠪᠦᠲᠦᠭᠡᠨ ᠪᠠᠶᠢᠭᠤᠯᠬᠤ ᠭᠤᠣᠯ ᠬᠦᠴᠦᠨ ᠤ ᠴᠡᠷᠢᠭ ᠤᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠤᠭᠤᠲᠤ ᠶᠢᠨ ᠪᠦᠬᠦ ᠤᠯᠤᠰ ᠤᠨ ᠵᠠᠭᠤᠨ ᠬᠦᠴᠦᠷᠬᠡᠭ ᠬᠤᠳᠠ ᠳᠤ ᠳᠠᠰᠤᠷᠠᠯᠳᠠ ᠦᠭᠡᠢ ᠣᠷᠣᠬᠤ ᠪᠠᠷ ᠴᠢᠷᠮᠠᠶᠢᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ ︱ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ ᠦ᠋ ᠵᠢᠶᠦ᠋ᠨ ᠵᠢᠶᠦ᠋ᠨ ᠢ ᠰᠤᠷᠪᠤᠯᠵᠢᠯᠠᠭᠰᠠᠨ ᠨᠢ
ᠨᠡᠶᠢᠲᠡᠯᠡᠭᠰᠡᠨ ᠴᠠᠭ᠄
2023/8/20
   ︽ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠦᠬᠦᠳᠠ ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠢ ᠰᠢᠰᠲ᠋ᠧᠮ ᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠢᠯᠠᠩᠭᠤᠶ᠎ᠠ ᠪᠥᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠪᠥᠬᠦ ᠳᠡᠯᠡᠬᠡᠢ ᠶᠢᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢᠨ ᠲᠣᠭᠤᠷᠢᠨ ᠳᠤ᠂ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠰᠢᠨ᠎ᠡ ᠠᠶᠠᠨ ᠵᠠᠮ ᠳᠤ ᠬᠤᠪᠣᠷ ᠰᠢᠷᠣᠢ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠴᠢᠭᠯᠡᠯ ᠢ ᠲᠣᠳᠣᠷᠬᠠᠢ ᠵᠢᠭᠠᠨ ᠥᠭᠴᠦ᠂ ᠵᠠᠮ ᠱᠤᠭᠤᠮ ᠢ ᠲᠣᠳᠣᠷᠬᠠᠢ ᠲᠣᠭᠲᠠᠭᠠᠭᠰᠠᠨ ᠪᠠᠶᠢᠨ᠎ᠠ︾ ᠭᠡᠵᠡᠢ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ ᠦ᠋ ᠵᠢᠶᠦ᠋ᠨ ᠵᠢᠶᠦ᠋ᠨ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ  ᠶᠢ ᠬᠦᠯᠢᠶᠡᠬᠦ ᠳᠡᠭᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ︽ᠪᠦᠬᠦ ᠤᠯᠤᠰ ᠲᠤ ᠬᠠᠮᠤᠭ ᠤᠨ ᠲᠣᠮᠣ︾ ︽ᠪᠦᠬᠦ ᠪᠥᠮᠪᠥᠷᠴᠡᠭ ᠲᠤ ᠲᠦᠷᠦᠭᠦᠯᠡᠬᠦ︾ ᠲᠡᠮᠡᠴᠡᠯ ᠤᠨ ᠬᠠᠷᠠᠯᠲᠠ ᠪᠠᠨ ᠲᠣᠭᠲᠠᠭᠠᠵᠤ᠂ ᠪᠦᠬᠦ ᠬᠤᠲᠠ ᠶᠢᠨ ︽ᠳᠡᠯᠡᠬᠡᠢ ᠶᠢᠨ ᠬᠤᠪᠣᠷ ᠰᠢᠷᠣᠢ ᠶᠢᠨ ᠬᠤᠲᠠ︾᠎ ᠶᠢ ᠪᠠᠶᠢᠭᠤᠯᠬᠤ ᠡᠭᠦᠷᠭᠡ ᠬᠠᠷᠢᠭᠤᠴᠠᠯᠭ᠎ᠠ ᠶᠢ ᠡᠷᠡᠰ ᠪᠠᠲᠤ ᠤᠬᠠᠮᠰᠠᠷ ᠠᠴᠠ ᠪᠠᠨ ᠡᠭᠦᠷᠭᠡᠯᠡᠵᠦ᠂ ︽ᠬᠤᠶᠠᠷ ᠰᠢᠨ᠎ᠡ︾᠎ ᠶᠢᠨ ᠤᠳᠤᠷᠢᠳᠤᠮᠵᠢ ᠶᠢ ᠲᠣᠪᠤᠶᠢᠯᠭᠠᠨ᠂ ᠨᠡᠮᠡᠭᠳᠡᠯ ᠤᠨ ᠤᠬᠠᠮᠰᠠᠷ ᠢ ᠴᠢᠩᠭᠠᠷᠠᠭᠤᠯᠵᠤ᠂ ︽ᠲᠠᠶᠢᠯᠪᠤᠷᠢ ᠲᠠᠢ ᠰᠡᠳᠬᠢᠬᠦᠢ︾᠎ ᠶᠢ ᠪᠠᠷᠢᠮᠲᠠᠯᠠᠨ᠂  ︽ᠲᠠᠨ ᠤ ᠰᠠᠨᠠᠭᠠᠨ ᠳᠤ ᠨᠡᠶᠢᠴᠡᠬᠦ ᠶᠢ ᠳᠠᠭᠠᠭᠠᠬᠤ︾ ᠡᠵᠡᠩᠨᠡᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠬᠤᠪᠣᠷ ᠰᠢᠷᠣᠢ ᠶᠢᠨ ᠡᠬᠢ ᠪᠠᠶᠠᠯᠢᠭ ᠤᠨ ᠡᠵᠡᠮᠳᠡᠬᠦ ᠬᠦᠴᠦᠨ᠂ ᠠᠵᠤ ᠦᠢᠯᠡᠰ ᠤᠨ ᠬᠥᠲᠥᠯᠥᠨ ᠳᠠᠭᠠᠭᠤᠯᠬᠤ ᠬᠦᠴᠦᠨ᠂ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ ᠪᠠ ᠪᠠᠶᠢᠯᠳᠤᠬᠤ ᠪᠣᠳᠣᠯᠭ᠎ᠠ ᠶᠢᠨ ᠲᠠᠭᠠᠭᠤᠯᠬᠤ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠪᠣᠷ ᠰᠢᠷᠣᠢ ᠶᠢᠨ ᠠᠵᠤ ᠦᠢᠯᠡᠰ ᠤᠨ ︽ᠳᠡᠯᠡᠬᠡᠢ ᠶᠢᠨ ᠲᠠᠰ ᠤᠨ ᠬᠠᠳᠠᠭᠠᠯᠠᠭᠳᠠᠴᠠ︾  ᠎ ᠠᠴᠠ ︽ᠳᠡᠯᠡᠬᠡᠢ ᠶᠢᠨ ᠲᠠᠰ ᠤᠨ ᠠᠵᠤ ᠦᠢᠯᠡᠰ︾ ᠳᠠᠰᠢ ᠤᠷᠤᠭᠰᠢᠯᠠᠬᠤ ᠶᠢ ᠠᠬᠢᠭᠤᠯᠤᠨ᠎ᠠ᠃    ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠬᠤᠪᠣᠷ ᠰᠢᠷᠣᠢ ᠶᠢᠨ ᠠᠵᠤ ᠦᠢᠯᠡᠰ ᠤᠨ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠵᠢᠯ ᠢ ᠴᠢᠩᠭᠠᠳᠬᠠᠨ ᠬᠡᠯᠬᠢᠶᠡᠵᠢᠯ ᠢ ᠨᠥᠬᠦᠪᠦᠷᠢᠯᠡᠵᠦ ᠬᠡᠯᠬᠢᠶᠡᠵᠢᠯ ᠢ ᠤᠷᠲᠤᠳᠬᠠᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠤᠨ ᠳᠡᠭᠡᠳᠦ ᠲᠠᠰ ᠪᠠ ᠬᠤᠰᠢᠭᠤᠷᠠᠯ ᠬᠦᠷᠢᠶ᠎ᠡ ᠳᠠᠰᠢ ᠥᠷᠭᠡᠳᠬᠦ ᠶᠢ ᠲᠦᠷᠭᠡᠳᠬᠡᠨ ᠠᠬᠢᠭᠤᠯᠵᠤ᠂ ᠡᠨᠡ ᠵᠢᠯ ᠤᠨ ᠳᠣᠲᠣᠷ᠎ᠠ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ 600 ᠳ᠋ᠦᠩᠰᠢᠭᠤᠷ ᠲᠥᠭᠦᠷᠢᠭ ᠪᠡᠶᠡᠯᠡᠭᠦᠯᠬᠦ ᠪᠠᠷ ᠦ᠋ ᠵᠢᠶᠦ᠋ᠨ ᠵᠢᠶᠦ᠋ᠨ ᠬᠡᠯᠡᠬᠦ ᠳᠡᠭᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠬᠤ ᠭᠤᠣᠯ ᠬᠦᠴᠦᠨ᠂ ᠭᠤᠣᠯ ᠵᠢᠭᠰᠠᠭᠠᠯ ᠤᠨ ᠭᠠᠵᠠᠷ᠂ ᠭᠤᠣᠯ ᠬᠥᠳᠡᠯᠭᠡᠭᠦᠷ ᠤᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠪᠥᠬᠦ ᠤᠯᠤᠰ ᠲᠤ ᠬᠠᠮᠤᠭ ᠤᠨ ᠶᠡᠭᠡ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠶᠢᠨ ᠯᠢ᠂ ᠶᠦᠨ ᠱᠧᠩ᠂ ᠠᠨ ᠲᠠᠢ ᠵᠡᠷᠭᠡ ᠪᠥᠬᠦ ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠡᠮᠦᠨ᠎ᠡ 10 ᠬᠦᠴᠦᠷᠬᠡᠭ ᠤᠨ 7 ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠪᠠᠨ ᠦᠷᠭᠦᠯᠵᠢᠯᠡᠨ ᠪᠠᠳᠠᠷᠠᠭᠤᠯᠬᠤ ᠶᠢ ᠠᠬᠢᠭᠤᠯᠵᠤ᠂ ᠰᠣᠷᠢᠨᠵᠢᠨ ᠮᠠᠲ᠋ᠧᠷᠢᠶᠠᠯ᠂ ᠤᠰᠤᠲᠥ᠋ᠷᠥᠭᠴᠢ ᠬᠠᠳᠠᠭᠠᠯᠠᠬᠤ᠂ ᠬᠠᠶᠢᠯᠤᠰᠢ ᠶᠢᠨ ᠠᠵᠤ ᠦᠢᠯᠡᠰ ᠤᠨ ᠰᠦᠷᠦᠭᠵᠢᠯ ᠢ ᠪᠥᠬᠦ ᠬᠦᠴᠦᠨ ᠢᠶᠠᠷ ᠢᠶᠠᠨ ᠴᠢᠩᠭᠠᠳᠬᠠᠵᠤ᠂ ᠭᠢᠯᠠᠶᠢᠯᠭᠠᠬᠤ᠂ ᠲᠦᠷᠭᠡᠳᠬᠡᠬᠦ᠂ ᠬᠡᠷᠡᠯ ᠤᠨ ᠴᠢᠳᠠᠮᠵᠢᠲᠤ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ᠂ ᠪᠥᠬᠦ ᠤᠯᠤᠰ ᠤᠨ ᠠᠵᠤ ᠦᠢᠯᠡᠰ ᠤᠨ ᠬᠡᠪᠴᠢᠶ᠎ᠡ ᠪᠠᠷ ᠬᠠᠮᠤᠭ ᠤᠨ ᠶᠡᠭᠡ᠂ ᠪᠣᠳᠠᠲᠤ ᠬᠦᠴᠦᠨ ᠢᠶᠠᠷ ᠬᠠᠮᠤᠭ ᠤᠨ ᠴᠢᠩᠭ᠎ᠠ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ︽ᠪᠥᠬᠦ ᠳᠡᠯᠡᠬᠡᠢ ᠪᠠᠷ ᠢᠶᠠᠨ ᠲᠦᠷᠦᠭᠦᠯᠡᠬᠦ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠨᠲᠡ 6 ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠠᠬᠤᠶᠢᠯᠠᠯ ᠤᠨ ᠰᠠᠭᠤᠷᠢᠨ ᠳᠡᠭᠡᠷ᠎ᠡ᠂ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠦᠢᠯᠡᠰ ᠤᠨ ᠪᠥᠬᠦ ᠳᠡᠯᠡᠬᠡᠢ ᠶᠢᠨ ᠲᠡᠷᠢᠭᠦᠨ ᠤ ᠬᠢᠷᠢ ᠲᠦᠪᠰᠢᠨ ᠳᠠᠰᠢ ᠳᠠᠪᠰᠢᠬᠤ ᠶᠢ ᠲᠦᠷᠭᠡᠳᠬᠡᠨ ᠠᠬᠢᠭᠤᠯᠤᠨ᠎ᠠ᠃    ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠬᠤᠪᠣᠷ ᠰᠢᠷᠣᠢ ᠶᠢᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠵᠤ ᠦᠢᠯᠡᠰ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠨ ᠬᠡᠷᠡᠭᠯᠡᠭᠡᠨ ᠤ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠡᠨᠡᠬᠦ ︿ᠵᠠᠩᠭᠢᠯᠠᠭ᠎ᠠ ᠶᠢᠨ ᠬᠤᠪᠢᠰᠤᠯᠲᠠ﹀᠎ ᠶᠢ ᠬᠠᠮᠤᠭ ᠤᠨ ᠶᠡᠭᠡ ᠨᠡᠮᠡᠭᠳᠡᠯ ᠤᠨ ᠬᠡᠮᠵᠢᠶ᠎ᠡ ᠪᠣᠯᠭᠠᠨ᠎ᠠ᠃︾ ᠦ᠋ ᠵᠢᠶᠦ᠋ᠨ ᠵᠢᠶᠦ᠋ᠨ ᠬᠡᠯᠡᠬᠦ ᠳᠡᠭᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠭᠤᠷᠪᠠᠨ ᠵᠦᠢᠯ ᠤᠨ ᠭᠤᠣᠯᠳᠠᠯᠭ᠎ᠠ  ᠲᠠᠢ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠨᠢᠭᠡ ᠴᠣᠭᠴᠠᠵᠢᠭᠤᠯᠬᠤ  ᠶᠢ ᠲᠦᠷᠭᠡᠳᠬᠡᠵᠦ᠂ ᠰᠢᠨ᠎ᠡ ᠶᠢ ᠡᠭᠦᠳᠬᠦ ᠬᠡᠯᠬᠢᠶ᠎ᠡ ᠶᠢᠨ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠤᠯᠤᠰ ᠤᠨ ᠲᠠᠰ ᠤᠨ ᠰᠢᠨ᠎ᠡ ᠶᠢ ᠡᠭᠦᠳᠬᠦ ᠲᠠᠪᠴᠠᠩ ᠪᠣᠯᠭᠠᠨ ᠪᠠᠶᠢᠭᠤᠯᠬᠤ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ 25%᠎ ᠪᠠᠷ ᠨᠡᠮᠡᠭᠳᠡᠭᠦᠯᠵᠦ᠂ R&D ᠣᠷᠣᠭᠤᠯᠤᠯᠲᠠ ᠶᠢᠨ ᠬᠦᠴᠦᠯᠡᠴᠡ ᠶᠢ 4%  ᠎ ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠢ ᠬᠥᠬᠡᠬᠤᠲᠠ ᠪᠤᠭᠤᠲᠤ ᠣᠷᠳᠣᠰ ᠤᠨ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠭᠤᠣᠯ ᠣᠷᠣᠨ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃    ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠬᠤᠪᠣᠷ ᠰᠢᠷᠣᠢ ᠶᠢᠨ ᠠᠵᠤ ᠦᠢᠯᠡᠰ ᠤᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠪᠡᠷᠬᠡ ᠰᠡᠳᠦᠪ ᠢ ᠰᠢᠢᠳᠪᠦᠷᠢᠯᠡᠬᠦ ᠠᠵᠢᠯᠯᠠᠭ᠎ᠠ ᠶᠢ ᠬᠡᠷᠡᠭᠵᠢᠭᠦᠯᠵᠦ᠂ ︿ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ﹀᠎ ᠢ ᠪᠦᠲᠦᠭᠡᠨ ᠪᠠᠶᠢᠭᠤᠯᠬᠤ ᠴᠢᠬᠤᠯᠠ ᠶᠡᠭᠡ ᠠᠵᠠ ᠲᠣᠬᠢᠶᠠᠯ ᠢ ᠵᠠᠪᠳᠤᠨ ᠠᠳᠬᠤᠵᠤ᠂ ᠪᠥᠬᠦ ᠬᠦᠴᠦᠨ ᠢᠶᠠᠷ ᠢᠶᠠᠨ ᠲᠡᠭᠡᠷᠡᠬᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠪᠥᠬᠦ ᠪᠥᠮᠪᠥᠷᠴᠡᠭ ᠤᠨ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶᠡᠨ ᠳᠠᠬᠢ ᠪᠤᠭᠤᠲᠤ ᠶᠢᠨ ᠴᠢᠬᠤᠯᠠ ᠪᠠᠶᠢᠷᠢ ᠰᠠᠭᠤᠷᠢ ᠵᠢᠴᠢ ᠦᠭᠡ ᠬᠡᠯᠡᠬᠦ ᠡᠷᠬᠡ ᠶᠢ ᠳᠡᠭᠡᠭᠰᠢᠯᠡᠭᠦᠯᠬᠦ ᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠎ ᠳᠤ ᠬᠤᠪᠢ ᠨᠡᠮᠡᠷᠢ ᠦᠵᠡᠭᠦᠯᠦᠨ᠎ᠡ︾ ᠭᠡᠵᠡᠢ᠃ ᠦ᠋ ᠵᠢᠶᠦ᠋ᠨ ᠵᠢᠶᠦ᠋ᠨ ᠬᠡᠯᠡᠬᠦ ᠳᠡᠭᠡᠨ᠂ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠤᠭᠤᠲᠤ · ᠬᠤᠪᠣᠷ ᠰᠢᠷᠣᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ ᠤᠳᠠᠯ ᠦᠭᠡᠢ ᠬᠤᠷᠠᠯᠳᠤᠬᠤ ᠭᠡᠵᠦ ᠪᠠᠶᠢᠨ᠎ᠠ᠂ ᠠᠳᠠᠯᠢ ᠬᠤᠭᠤᠴᠠᠭᠠᠨ ᠳᠤ ᠪᠠᠰᠠ ᠳᠤᠮᠳᠠᠳᠤ ᠤᠯᠤᠰ ᠤᠨ ᠬᠤᠪᠣᠷ ᠰᠢᠷᠣᠢ ᠶᠢᠨ ᠰᠢᠨᠵᠢᠯᠡᠭᠡᠨ ᠤ ᠨᠡᠶᠢᠭᠡᠮᠯᠢᠭ ᠤᠨ 2023 ᠡᠷᠳᠡᠮ ᠰᠢᠨᠵᠢᠯᠡᠭᠡᠨ ᠤ ᠣᠨ ᠤ ᠬᠤᠷᠠᠯ᠂ ᠪᠥᠬᠦ ᠤᠯᠤᠰ ᠤᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠢᠴᠢ ᠬᠡᠷᠡᠭᠯᠡᠭᠡᠨ ᠤ ᠦᠢᠯᠡᠳᠬᠦᠨ ᠤ ᠦᠵᠡᠰᠬᠦᠯᠡᠩ ᠵᠡᠷᠭᠡ 5 ᠲᠠᠯᠠᠪᠤᠷ ᠲᠤᠰᠬᠠᠢ ᠰᠡᠳᠦᠪᠲᠦ ᠠᠵᠢᠯᠯᠠᠭ᠎ᠠ ᠪᠠ N ᠲᠠᠯᠠᠪᠤᠷ ᠬᠤᠪᠢᠶᠠᠷᠢ ᠶᠠᠷᠢᠶᠠᠨ ᠤ ᠲᠠᠪᠴᠠᠩ ᠢ ᠡᠷᠭᠢᠯᠡᠵᠦ᠂ ︽1+5+N︾ ᠶᠠᠷᠢᠶᠠᠨ ᠤ ᠲᠠᠪᠴᠠᠩ ᠤᠨ ᠬᠡᠯᠪᠡᠷᠢ ᠶᠢ ᠪᠦᠷᠢᠯᠳᠦᠭᠦᠯᠦᠨ᠎ᠡ ᠭᠡᠵᠡᠢ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠎ ᠬᠢᠨ ᠪᠤᠭᠤᠲᠤ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ ᠤᠨ ᠡᠨᠡᠬᠦ ᠠᠯᠲᠠᠨ ᠨᠡᠷ᠎ᠡ ᠶᠢᠨ ᠬᠠᠭᠤᠳᠠᠰᠤ ᠪᠠᠨ ᠭᠢᠯᠠᠶᠢᠲᠠᠯ᠎ᠠ ᠬᠡᠷᠡᠭᠯᠡᠵᠦ᠂ ᠬᠤᠪᠣᠷ ᠰᠢᠷᠣᠢ ᠶᠢᠨ ᠣᠨ ᠤ ᠮᠡᠳᠡᠭᠦᠯᠦᠯᠲᠡ ᠶᠢ ᠨᠡᠶᠢᠲᠡᠯᠡᠬᠦ᠂ ᠳᠠᠭᠠᠭᠤᠯᠤᠭᠴᠢ ᠬᠥᠮᠥᠰ ᠢ ᠰᠢᠯᠭᠠᠷᠠᠭᠤᠯᠬᠤ ᠵᠢᠴᠢ ᠰᠢᠨ᠎ᠡ ᠦᠢᠯᠡᠳᠬᠦᠨ ᠰᠢᠨ᠎ᠡ ᠮᠡᠷᠭᠡᠵᠢᠯ ᠤᠨ ᠦᠵᠡᠭᠦᠯᠦᠯᠭᠡ ᠵᠡᠷᠭᠡ ᠠᠵᠢᠯᠯᠠᠭ᠎ᠠ ᠪᠠᠷ ᠳᠠᠮᠵᠢᠭᠤᠯᠤᠨ᠂ ᠶᠠᠷᠢᠶᠠᠨ ᠤ ᠲᠠᠪᠴᠠᠩ ᠤᠨ ᠰᠢᠨ᠎ᠡ ᠶᠢ ᠡᠭᠦᠳᠬᠦ ᠴᠢᠨᠠᠷ᠂ ᠬᠤᠰᠢᠭᠤᠷᠠᠯ ᠴᠢᠨᠠᠷ᠂ ᠡᠷᠬᠡ ᠰᠦᠷᠲᠦ ᠴᠢᠨᠠᠷ ᠢ ᠭᠦᠢᠴᠡᠳ ᠢᠯᠡᠷᠡᠭᠦᠯᠵᠦ᠂ ᠶᠠᠷᠢᠶᠠᠨ ᠤ ᠲᠠᠪᠴᠠᠩ ᠢ ᠦᠨᠡᠨᠬᠦ ᠪᠥᠬᠦ ᠤᠯᠤᠰ ᠲᠤ ᠨᠥᠯᠥᠭᠡᠯᠡᠬᠦ ᠬᠦᠴᠦᠨ ᠪᠦᠬᠦᠢ ᠡᠷᠳᠡᠮ ᠰᠢᠨᠵᠢᠯᠡᠭᠡᠨ ᠤ ᠰᠣᠯᠢᠯᠴᠠᠭ᠎ᠠ᠂ ᠰᠢᠨ᠎ᠡ ᠮᠡᠷᠭᠡᠵᠢᠯ ᠤᠨ ᠦᠵᠡᠭᠦᠯᠦᠯᠭᠡ᠂ ᠰᠢᠨ᠎ᠡ ᠤᠬᠠᠭᠳᠠᠬᠤᠨ ᠢ ᠬᠤᠪᠢᠷᠠᠭᠤᠯᠬᠤ ᠲᠠᠪᠴᠠᠩ ᠪᠣᠯᠭᠠᠨ ᠪᠠᠶᠢᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠢ ᠳᠡᠭᠡᠳᠦ ᠲᠠᠰ ᠤᠨ ᠪᠣᠯᠭᠠᠬᠤ ᠪᠠ ᠬᠤᠰᠢᠭᠤᠷᠠᠯ ᠬᠦᠷᠢᠶ᠎ᠡ ᠳᠠᠰᠢ ᠥᠷᠭᠡᠳᠬᠡᠬᠦ ᠶᠢ ᠠᠬᠢᠭᠤᠯᠤᠨ᠎ᠠ᠃    ᠰᠠᠶᠢᠨ ᠰᠠᠯᠬᠢ ᠬᠦᠴᠦᠨ ᠳᠡᠭᠡᠨ ᠲᠦᠰᠢᠭᠯᠡᠵᠦ᠂ ᠡᠷᠡᠯᠬᠡᠭᠯᠡᠨ ᠤᠷᠤᠭᠰᠢᠯᠠᠬᠤ ᠴᠠᠭ ᠦᠶ᠎ᠡ ᠳᠡᠭᠡᠨ ᠪᠠᠶᠢᠨ᠎ᠠ᠃ ᠦ᠋ ᠵᠢᠶᠦ᠋ᠨ ᠵᠢᠶᠦ᠋ᠨ ᠢᠯᠡᠷᠬᠡᠶᠢᠯᠡᠬᠦ ᠳᠡᠭᠡᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠶᠠᠭ ᠡᠷᠡᠯᠬᠡᠭᠯᠡᠨ ᠤᠷᠤᠭᠰᠢᠯᠠᠬᠤ ᠪᠠᠶᠢᠳᠠᠯ ᠢᠶᠠᠷ᠂ ᠬᠠᠷᠠᠯᠲᠠ ᠳᠠᠭᠠᠨ ᠬᠠᠨᠳᠤᠬᠤ ᠰᠥᠰᠥ ᠵᠣᠷᠢᠭ᠂ ᠬᠦᠴᠢᠷ ᠪᠡᠷᠬᠡᠰᠢᠶᠡᠯ ᠢ ᠢᠯᠠᠨ ᠳᠠᠪᠠᠭ᠋ᠤ ᠰᠥᠰᠥ ᠵᠣᠷᠢᠭ  ᠲᠠᠢ ᠪᠠᠶᠢᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠠᠵᠢᠯ ᠢ ᠲᠡᠷᠢᠭᠦᠨ ᠳᠤ ᠲᠠᠯᠪᠢᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠳᠬᠤᠨ᠂ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ ᠲᠤ ᠡᠷᠲᠡᠬᠡᠨ ᠣᠷᠣᠵᠤ᠂ ᠪᠤᠭᠤᠲᠤ ᠶᠢᠨ ᠪᠥᠬᠦ ᠤᠯᠤᠰ ᠤᠨ ᠵᠠᠭᠤᠨ ᠬᠦᠴᠦᠷᠬᠡᠭ ᠬᠤᠲᠠ ᠶᠢᠨ ᠳᠤᠮᠳᠠ ᠲᠠᠰᠤᠷᠠᠯᠲᠠ ᠦᠭᠡᠢ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠪᠤᠭᠤᠲᠤ ᠶᠢᠨ ᠰᠦᠷ ᠵᠢᠪᠬᠤᠭ᠎ᠠ ᠪᠠᠨ ᠳᠠᠬᠢᠨ ᠮᠠᠨᠳᠤᠭᠤᠯᠵᠤ ᠳᠠᠬᠢᠨᠲᠠ ᠬᠡᠷᠡᠯ ᠰᠠᠴᠤᠷᠠᠩᠭᠤᠢ ᠠᠮᠵᠢᠯᠲᠠ ᠣᠯᠬᠤ ᠳᠤ ᠳᠡᠭᠡᠳᠦ ᠰᠢᠨ᠎ᠡ ᠮᠡᠷᠭᠡᠵᠢᠯ ᠤᠨ ᠣᠷᠣᠨ ᠬᠤᠪᠢ ᠨᠡᠮᠡᠷᠢ ᠦᠵᠡᠭᠦᠯᠬᠦ ᠬᠡᠷᠡᠭᠲᠡᠢ᠃
 
ᠢᠷᠡᠯᠲᠡ᠄ ᠪᠤᠭᠤᠲᠤ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号