ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠤᠭᠤᠲᠤ · ᠬᠤᠪᠣᠷ ᠰᠢᠷᠣᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ ᠡᠬᠢᠯᠡᠪᠡ    ᠸᠠᠩ ᠯᠢ ᠰᠢᠶᠠ ᠪᠠᠶᠠᠷ ᠤᠨ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2023/8/20
    8 ᠰᠠᠷ᠎ᠠ ᠶᠢᠨ 16᠎ ᠤ ᠡᠳᠦᠷ᠂ ᠪᠥᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠳᠡᠯᠡᠬᠡᠢ ᠶᠢᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠤᠭᠤᠲᠤ · ᠬᠤᠪᠣᠷ ᠰᠢᠷᠣᠢ ᠶᠢᠨ ᠠᠵᠤ ᠦᠢᠯᠡᠰ ᠤᠨ ᠶᠠᠷᠢᠶᠠᠨ ᠤ ᠲᠠᠪᠴᠠᠩ ᠬᠦᠰᠢᠭᠡ ᠰᠡᠭᠦᠪᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠨᠥᠬᠦᠷ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠠᠶᠠᠷ ᠤᠨ ᠶᠠᠷᠢᠶ᠎ᠠ ᠲᠠᠯᠪᠢᠭᠰᠠᠨ ᠪᠥᠭᠡᠳ ᠶᠠᠷᠢᠶᠠᠨ ᠤ ᠲᠠᠪᠴᠠᠩ ᠳᠤ ᠣᠷᠣᠯᠴᠠᠬᠤ ᠪᠠᠷ ᠢᠷᠡᠭᠰᠡᠨ ᠠᠺᠠᠳᠧᠮᠢᠴᠢ ᠲᠤᠰᠬᠠᠢ ᠮᠡᠷᠭᠡᠵᠢᠯᠲᠡᠨ ᠪᠣᠯᠣᠨ ᠠᠵᠤ ᠠᠬᠤᠶᠢᠯᠠᠯᠲᠠᠨ ᠤ ᠲᠥᠯᠥᠭᠡᠯᠡᠭᠴᠢᠳ ᠲᠠᠢ ᠠᠭᠤᠯᠵᠠᠪᠠ᠃
   ᠡᠬᠢᠯᠡᠯᠲᠡ ᠶᠢᠨ ᠶᠣᠰᠣᠯᠠᠯ ᠳᠡᠭᠡᠷ᠎ᠡ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠭᠠᠨ ᠶᠦᠩ᠂ ᠸᠠᠩ ᠬᠠᠢ ᠵᠧᠦ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠵᠡᠢ᠃ ᠳᠤᠮᠳᠠᠳᠤ ᠤᠯᠤᠰ ᠤᠨ ᠬᠤᠪᠣᠷ ᠰᠢᠷᠣᠢ ᠶᠢᠨ ᠠᠵᠢᠯ ᠲᠥᠷᠥᠯ ᠤᠨ ᠨᠡᠶᠢᠭᠡᠮᠯᠢᠭ᠂ ᠳᠤᠮᠳᠠᠳᠤ ᠤᠯᠤᠰ ᠤᠨ ᠬᠤᠪᠣᠷ ᠰᠢᠷᠣᠢ ᠶᠢᠨ ᠰᠢᠨᠵᠢᠯᠡᠭᠡᠨ ᠤ ᠨᠡᠶᠢᠭᠡᠮᠯᠢᠭ ᠲᠣᠰ ᠲᠣᠰ ᠬᠤᠪᠣᠷ ᠰᠢᠷᠣᠢ ᠶᠢᠨ ᠠᠵᠢᠯ ᠲᠥᠷᠥᠯ ᠤᠨ ᠬᠥᠭᠵᠢᠯᠲᠡ ᠶᠢᠨ ᠣᠨ ᠤ ᠮᠡᠳᠡᠭᠦᠯᠦᠯᠲᠡ ᠪᠠ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ ᠤᠨ ᠥᠷᠢᠰᠦᠯᠳᠦᠬᠦ ᠬᠦᠴᠦᠨ ᠤ ᠵᠠᠳᠠᠯᠤᠯᠲᠠ ᠶᠢᠨ ᠮᠡᠳᠡᠭᠦᠯᠦᠯᠲᠡ ᠶᠢ ᠨᠡᠶᠢᠲᠡᠯᠡᠵᠦ᠂ ᠪᠥᠬᠦ ᠤᠯᠤᠰ ᠤᠨ ᠬᠤᠪᠣᠷ ᠰᠢᠷᠣᠢ ᠶᠢᠨ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠢ ᠬᠥᠬᠢᠭᠦᠯᠦᠨ ᠰᠠᠶᠢᠰᠢᠶᠠᠵᠤ᠂ 2022 ᠣᠨ ᠤ ᠳᠤᠮᠳᠠᠳᠤ ᠤᠯᠤᠰ ᠤᠨ ᠬᠤᠪᠣᠷ ᠰᠢᠷᠣᠢ ᠶᠢᠨ ᠰᠢᠨᠵᠢᠯᠡᠭᠡᠨ ᠤ ᠨᠡᠶᠢᠭᠡᠮᠯᠢᠭ ᠤᠨ ᠰᠢᠯᠭᠠᠷᠠᠭᠰᠠᠨ ᠢᠨᠵᠧᠨᠧᠷ ᠤᠨ ᠱᠠᠩᠨᠠᠯ ᠪᠠ ᠬᠤᠪᠣᠷ ᠰᠢᠷᠣᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠢ ᠭᠥᠷᠳᠡᠭᠰᠡᠨ ᠨᠢᠭᠡᠴᠡ ᠪᠠ ᠬᠤᠪᠢ ᠬᠥᠮᠥᠨ ᠳᠤ ᠱᠠᠩᠨᠠᠯ ᠭᠠᠷᠳᠠᠭᠤᠯᠪᠠ᠃     ᠶᠠᠷᠢᠶᠠᠨ ᠤ ᠲᠠᠪᠴᠠᠩ ᠤᠨ ᠬᠤᠭᠤᠴᠠᠭᠠᠨ ᠳᠤ᠂ ᠪᠠᠰᠠ ᠳᠤᠮᠳᠠᠳᠤ ᠤᠯᠤᠰ ᠤᠨ ᠬᠤᠪᠣᠷ ᠰᠢᠷᠣᠢ ᠶᠢᠨ ᠰᠢᠨᠵᠢᠯᠡᠭᠡᠨ ᠤ ᠨᠡᠶᠢᠭᠡᠮᠯᠢᠭ ᠤᠨ 2023 ᠡᠷᠳᠡᠮ ᠰᠢᠨᠵᠢᠯᠡᠭᠡᠨ ᠤ ᠣᠨ ᠤ ᠬᠤᠷᠠᠯ᠂ ᠪᠦᠬᠦ ᠤᠯᠤᠰ ᠤᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠢᠴᠢ ᠬᠡᠷᠡᠭᠯᠡᠭᠡᠨ ᠤ ᠦᠢᠯᠡᠳᠬᠦᠨ ᠤ ᠦᠵᠡᠭᠦᠯᠪᠠ᠂ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠬᠠᠮᠵᠢᠯᠴᠠᠨ ᠬᠥᠭᠵᠢᠬᠦ ᠶᠢ ᠵᠣᠯᠭᠠᠭᠤᠯᠬᠤ ᠬᠤᠷᠠᠯ᠂ ᠬᠤᠷᠢᠨ ᠭᠤᠷᠪᠠᠳᠤᠭᠠᠷ ᠤᠳᠠᠭ᠎ᠠ ᠶᠢᠨ ᠲᠡᠮᠦᠷᠯᠢᠭ ᠬᠠᠶᠢᠯᠤᠭᠤᠯᠬᠤ ᠶᠡᠭᠡ ᠳᠡᠭᠡᠳᠦ ᠰᠤᠷᠭᠠᠭᠤᠯᠢ ᠶᠢᠨ ᠱᠦᠵᠢ ᠰᠤᠷᠭᠠᠭᠤᠯᠢ ︵ᠬᠦᠷᠢᠶᠡᠯᠡᠩ︶᠎ ᠶᠢᠨ ᠳᠠᠷᠤᠭ᠎ᠠ ᠨᠠᠷ ᠤᠨ ᠶᠠᠷᠢᠶᠠᠨ ᠤ ᠲᠠᠪᠴᠠᠩ ᠵᠡᠷᠭᠡ ᠲᠤᠰᠬᠠᠢ ᠰᠡᠳᠦᠪᠲᠦ ᠠᠵᠢᠯᠯᠠᠭ᠎ᠠ ᠵᠢᠴᠢ ᠬᠤᠪᠣᠷ ᠰᠢᠷᠣᠢ ᠶᠢᠨ ᠣᠷᠴᠢᠨ ᠲᠣᠭᠤᠷᠢᠨ ᠤ ᠠᠵᠤ ᠠᠬᠤᠢ ᠬᠢᠭᠡᠳ ᠠᠵᠤ ᠦᠢᠯᠡᠰ ᠤᠨ ᠲᠦᠷᠦ ᠶᠢᠨ ᠪᠣᠳᠣᠯᠭ᠎ᠠ᠂ ᠬᠤᠪᠣᠷ ᠰᠢᠷᠣᠢ ᠶᠢᠨ ᠡᠨᠧᠷᠭᠢ ᠶᠢᠨ ᠮᠠᠲ᠋ᠧᠷᠢᠶᠠᠯ ᠬᠢᠭᠡᠳ ᠬᠡᠷᠡᠭᠯᠡᠭᠡ ᠵᠡᠷᠭᠡ 20 ᠭᠠᠷᠤᠢ ᠲᠠᠯᠠᠪᠤᠷ ᠬᠤᠪᠢᠶᠠᠷᠢ ᠶᠠᠷᠢᠶᠠᠨ ᠤ ᠲᠠᠪᠴᠠᠩ ᠢ ᠡᠷᠬᠢᠯᠡᠨ᠎ᠡ᠃    ᠶᠠᠷᠢᠶᠠᠨ ᠤ ᠲᠠᠪᠴᠠᠩ ᠡᠬᠢᠯᠡᠬᠦ ᠠᠴᠠ ᠡᠮᠦᠨ᠎ᠡ᠂ ᠸᠠᠩ ᠯᠢ ᠰᠢᠶᠠ ᠪᠤᠭᠤᠲᠤ ᠶᠢᠨ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠳᠤ ᠪᠠᠶᠢᠴᠠᠭᠠᠨ ᠰᠤᠳᠤᠯᠤᠯᠲᠠ ᠬᠢᠵᠦ᠂ ᠬᠤᠪᠣᠷ ᠰᠢᠷᠣᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠪᠣᠯᠣᠨ ᠦᠢᠯᠡᠳᠪᠦᠷᠢᠯᠡᠯ ᠰᠤᠳᠤᠯᠭᠠᠨ ᠤ ᠤᠶᠠᠯᠳᠤᠯ ᠤᠨ ᠪᠠᠶᠢᠳᠠᠯ ᠢ ᠣᠶᠢᠯᠠᠭᠠᠵᠤ᠂ ᠡᠭᠦᠳᠡ ᠪᠠᠨ ᠨᠡᠭᠡᠭᠡᠵᠦ ᠰᠢᠨᠵᠢᠯᠡᠬᠦ ᠤᠬᠠᠭᠠᠨ ᠤ ᠰᠤᠳᠤᠯᠭᠠᠨ ᠬᠢᠵᠦ᠂ ᠪᠦᠬᠦ ᠤᠯᠤᠰ ᠤᠨ ᠴᠢᠳᠠᠪᠤᠷᠢᠲᠠᠨ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠴᠦᠨ ᠢ ᠭᠦᠢᠴᠡᠳ ᠰᠠᠶᠢᠲᠤᠷ ᠬᠡᠷᠡᠭᠯᠡᠵᠦ᠂ ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠢ ︽ᠬᠤᠷᠢᠭ᠎ᠠ ᠦᠭᠡᠢ ᠰᠤᠳᠤᠯᠭᠠᠨ ᠤ ᠬᠦᠷᠢᠶᠡᠯᠡᠩ︾ ᠪᠣᠯᠭᠠᠨ ᠪᠦᠲᠦᠭᠡᠨ ᠪᠠᠶᠢᠭᠤᠯᠵᠤ ᠂ ︽ᠬᠤᠶᠠᠷ ᠬᠤᠪᠣᠷ ᠰᠢᠷᠣᠢ ᠶᠢᠨ ᠰᠠᠭᠤᠷᠢᠨ︾᠎ ᠢ ᠪᠦᠲᠦᠭᠡᠨ ᠪᠠᠶᠢᠭᠤᠯᠬᠤ ᠳᠤ ᠬᠦᠴᠦᠷᠬᠡᠭ ᠶᠡᠭᠡ ᠤᠶᠤᠨ ᠤ ᠳᠡᠮᠵᠢᠯᠭᠡ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠳ᠋ᠢᠩ ᠰᠢᠸ ᠹᠧᠩ᠂ ᠪᠠᠢ ᠴᠢᠩ ᠶᠤᠸᠠᠨ᠂ ᠰᠦᠨ ᠵᠢᠶᠦ᠋ᠨ ᠴᠢᠩ ᠶᠠᠷᠢᠶᠠᠨ ᠤ ᠲᠠᠪᠴᠠᠩ ᠪᠣᠯᠣᠨ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号