2023 ᠣᠨ ᠤ 1 - 7 ᠰᠠᠷ᠎ᠠ ᠳᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠠᠵᠤ ᠠᠬᠤᠢ ᠦᠷᠭᠦᠯᠵᠢᠯᠡᠨ ᠰᠠᠶᠢᠵᠢᠷᠠᠪᠠ
ᠨᠡᠶᠢᠲᠡᠯᠡᠭᠰᠡᠨ ᠴᠠᠭ᠄
2023/8/29
    ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ︽ᠬᠤᠶᠠᠷ ᠰᠢᠨ᠎ᠡ︾᠎ ᠶᠢᠨ ᠤᠳᠤᠷᠢᠳᠤᠮᠵᠢ ᠶᠢ ᠪᠠᠷᠢᠮᠲᠠᠯᠠᠵᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ︾ ᠪᠣᠯᠣᠨ ︽ᠳᠡᠯᠡᠬᠡᠢ ᠶᠢᠨ ᠪᠣᠬᠢᠷᠲᠤᠯ ᠦᠭᠡᠢ ᠴᠠᠬᠢᠭᠤᠷ ᠤᠨ ᠬᠤᠳᠠ︾ ᠎ ᠶᠢᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠬᠦᠴᠦ ᠪᠠᠨ ᠲᠥᠪᠯᠡᠷᠡᠭᠦᠯᠵᠡᠢ᠃ 1 ︱ 7 ᠳ᠋ᠤᠭᠠᠷ ᠰᠠᠷ᠎ᠠ ᠳᠤ᠂ ᠪᠥᠬᠦ ᠣᠷᠣᠨ ᠤ ᠠᠵᠤ ᠠᠬᠤᠢ ᠲᠣᠭᠲᠠᠭᠤᠨ ᠢᠶᠠᠷ ᠰᠠᠶᠢᠵᠢᠷᠠᠬᠤ ᠬᠠᠨᠳᠤᠰᠢ ᠪᠠᠨ ᠪᠠᠲᠤᠯᠠᠪᠠ᠃    ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠠᠷᠤᠯᠲᠠᠲᠤ ᠨᠡᠮᠡᠭᠳᠡᠯ    1 ︱ 7 ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 28%᠎ ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 2.4 ᠵᠠᠭᠤᠨ ᠤ ᠨᠢᠭᠡᠴᠢ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠣᠷᠣᠨ ︵7.2%︶᠂ ᠪᠥᠬᠦ ᠬᠤᠲᠠ ︵23.4%︶᠎ ᠶᠢᠨ 20.8 ᠪᠠ 4.6 ᠵᠠᠭᠤᠨ ᠤ ᠨᠢᠭᠡᠴᠢ ᠥᠨᠳᠥᠷ ᠪᠣᠯᠵᠠᠢ᠃     ᠭᠤᠷᠪᠠᠨ ᠶᠡᠭᠡ ᠲᠦᠷᠦᠯ ᠤᠨ ᠨᠡᠮᠡᠭᠳᠡᠯ ᠦᠷᠲᠡᠭ ᠤᠨ ︽ᠬᠤᠶᠠᠷ ᠢ ᠨᠡᠮᠡᠭᠳᠡᠭᠦᠯᠵᠦ ᠨᠢᠭᠡ ᠶᠢ ᠪᠠᠭᠤᠷᠠᠭᠤᠯᠪᠠ︾ ᠃ 1-7 ᠰᠠᠷ᠎ᠠ ᠳᠤ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 31.1%᠎ ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.6 ᠵᠠᠭᠤᠨ ᠤ ᠨᠢᠭᠡᠴᠢ ᠪᠠᠭᠠᠰᠴᠠᠢ  ᠃ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 27.9% ᠨᠡᠮᠡᠭᠳᠡᠵᠦ᠂ ᠴᠠᠬᠢᠯᠭᠠᠨ ᠬᠦᠴᠦᠨ ᠤ ᠰᠢᠲᠠᠮᠠᠬᠠᠢ ᠬᠡᠢ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 34.5% ᠨᠡᠮᠡᠭᠳᠡᠵᠡᠢ᠃ ᠭᠤᠷᠪᠠᠨ ᠲᠣᠮᠣ ᠲᠥᠷᠥᠯ ᠤᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ ᠨᠢ ᠲᠣᠰ ᠲᠣᠰ 0.1%᠂ 97% ᠪᠠ 2.9% ᠪᠣᠯᠣᠨ᠎ᠠ᠃     22 ᠠᠵᠢᠯ ᠲᠦᠷᠦᠯ ᠤᠨ ᠶᠡᠭᠡ ᠲᠦᠷᠦᠯ ᠤᠨ ᠳᠣᠲᠣᠷᠠᠬᠢ 16 ᠠᠵᠢᠯ ᠲᠦᠷᠦᠯ ᠤᠨ ᠨᠡᠮᠡᠭᠳᠡᠯ ᠦᠷᠳᠡᠭ ᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ ᠠᠷᠪᠠᠨ ᠤ ᠲᠤᠯᠤᠭᠠᠨ ᠬᠤᠪᠢ ᠳᠤ ᠬᠦᠷᠴᠡᠢ᠃ ᠨᠡᠮᠡᠭᠳᠡᠯ ᠥᠷᠲᠡᠭ ᠤᠨ ᠲᠦᠷᠦᠭᠦᠸ ᠭᠤᠷᠪᠠ ᠳᠤ ᠡᠵᠡᠯᠡᠬᠦ ᠠᠵᠢᠯ ᠲᠥᠷᠥᠯ ᠪᠣᠯ ᠲᠣᠰ ᠲᠣᠰ ᠥᠩᠭᠡᠲᠦ ᠲᠡᠮᠦᠷᠯᠢᠭ ᠪᠣᠯᠪᠠᠰᠤᠷᠠᠭᠤᠯᠬᠤ ᠪᠠ ᠳᠠᠷᠤᠵᠤ ᠤᠷᠲᠤᠳᠬᠠᠨ ᠪᠣᠯᠪᠠᠰᠤᠷᠠᠭᠤᠯᠬᠤ ᠠᠵᠤ ᠦᠢᠯᠡᠰ ᠪᠣᠯᠣᠨ᠎ᠠ᠂ ᠨᠡᠮᠡᠭᠳᠡᠯ ᠥᠷᠲᠡᠭ ᠎ ᠨᠢ ᠠᠳᠠᠯᠢ ᠬᠤᠭᠤᠴᠠᠭᠠᠨ ᠤ ᠬᠢ ᠠᠴᠠ 22.4% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 14.8 ᠵᠠᠭᠤᠨ ᠤ ᠨᠢᠭᠡᠴᠢ ᠳᠠᠶᠢᠴᠢᠯᠠᠪᠠ  ᠃ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠦᠢᠯᠡᠳᠬᠦᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 7.7%᠎ ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠳᠠᠶᠢᠴᠢᠯᠠᠨ 9.3 ᠵᠠᠭᠤᠨ ᠤ ᠨᠢᠭᠡᠴᠢ ᠨᠡᠮᠡᠭᠳᠡᠭᠦᠯᠵᠦ᠂ ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ ᠢ ᠳᠠᠶᠢᠴᠢᠯᠠᠨ ᠠᠳᠠᠯᠢ ᠬᠤᠭᠤᠴᠠᠭᠠᠨ ᠤ ᠬᠢ ᠠᠴᠠ 52.9%᠎ ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠳᠠᠶᠢᠴᠢᠯᠠᠨ 4.8 ᠵᠠᠭᠤᠨ ᠤ ᠨᠢᠭᠡᠴᠢ ᠨᠡᠮᠡᠭᠳᠡᠭᠦᠯᠪᠡ᠃     ︽ᠬᠤᠶᠠᠷ ᠬᠤᠲᠠ︾᠎ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠲᠣᠪᠣᠶᠢᠮ᠎ᠠ ᠪᠣᠯᠪᠠ᠃ 1-7 ᠰᠠᠷ᠎ᠠ ᠳᠤ᠂ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠥᠷᠲᠡᠭ 27.4% ᠨᠡᠮᠡᠭᠳᠡᠵᠦ᠂ ᠲᠠᠯᠠᠰᠲᠤ ᠴᠠᠬᠢᠭᠤᠷ ᠤᠨ ᠠᠵᠤ ᠦᠢᠯᠡᠰ ᠤᠨ ᠨᠡᠮᠡᠭᠳᠡᠯ ᠥᠷᠲᠡᠭ 319.6% ᠨᠡᠮᠡᠭᠳᠡᠵᠦ᠂ ᠬᠤᠶᠠᠷ ᠲᠣᠮᠣ ᠲᠤᠭ ᠬᠡᠯᠪᠡᠷᠢᠲᠦ ᠠᠵᠤ ᠦᠢᠯᠡᠰ ᠢᠶᠠᠷ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 24.8 ᠵᠠᠭᠤᠨ ᠤ ᠨᠢᠭᠡᠴᠢ ᠨᠡᠮᠡᠭᠳᠡᠭᠦᠯᠬᠦ ᠪᠠᠷ ᠳᠠᠶᠢᠴᠢᠯᠠᠪᠠ᠃ ᠳᠥᠷᠪᠡᠨ ᠶᠡᠭᠡ ᠭᠤᠣᠯᠳᠠᠯᠭ᠎ᠠ ᠲᠠᠢ ᠠᠵᠤ ᠦᠢᠯᠡᠰ ᠤᠨ ᠬᠤᠪᠢ ᠨᠡᠮᠡᠷᠢ ᠬᠤᠪᠣᠷ ᠰᠢᠷᠣᠢ ᠶᠢᠨ ᠠᠵᠤ ᠦᠢᠯᠡᠰ᠂ ᠲᠡᠷᠢᠭᠦᠨ ᠤ ᠲᠡᠮᠦᠷᠯᠢᠭ ᠤᠨ ᠦᠢᠯᠡᠳᠬᠦ ᠦᠢᠯᠡᠰ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠰᠢᠨ᠎ᠡ ᠡᠨᠧᠷᠭᠢ ᠶᠢᠨ ᠠᠵᠤ ᠦᠢᠯᠡᠰ ᠵᠡᠷᠭᠡ ᠳᠥᠷᠪᠡᠨ ᠶᠡᠭᠡ ᠭᠤᠣᠯᠳᠠᠯᠭ᠎ᠠ ᠲᠠᠢ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 27.9% ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 90.1%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 97.8% ᠬᠦᠷᠴᠡᠢ᠃ ᠡᠭᠦᠨ ᠳᠤ᠂ ᠰᠢᠨ᠎ᠡ ᠡᠨᠧᠷᠭᠢ ᠶᠢᠨ ᠠᠵᠤ ᠦᠢᠯᠡᠰ ᠲᠠᠬᠢ ᠬᠡᠷᠡᠯ ᠴᠡᠨᠡᠭ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 252.2% ᠨᠡᠮᠡᠭᠳᠡᠵᠦ᠂ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠥᠷᠲᠡᠭ 27.4% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 24.7 ᠵᠠᠭᠤᠨ ᠤ ᠨᠢᠭᠡᠴᠢ ᠳᠠᠶᠢᠴᠢᠯᠠᠵᠤ᠂ ᠬᠤᠪᠢ ᠨᠡᠮᠡᠷᠢ ᠶᠢᠨ ᠨᠣᠷᠮ᠎ᠠ 88% ᠪᠣᠯᠪᠠ᠃     ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠳᠬᠡᠨ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠨᠡᠮᠡᠭᠳᠡᠯ ᠦᠷᠳᠡᠭ ᠳᠡᠭᠡᠳᠦ ᠬᠤᠷᠳᠤᠴᠠ ᠪᠠᠷ ᠨᠡᠮᠡᠭᠳᠡᠪᠡ᠃ 1-7 ᠰᠠᠷ᠎ᠠ ᠳᠤ᠂ ᠱᠤᠸᠠᠩ ᠯᠢᠶᠠᠩ ᠴᠠᠬᠢᠭᠤᠷ ᠮᠠᠲ᠋ᠧᠷᠢᠶᠠᠯ ︵ᠪᠤᠭᠤᠲᠤ︶᠎ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠨ ᠳᠠᠶᠢᠴᠢᠯᠠᠯᠲᠠ ᠳᠣᠣᠷ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠡᠭᠡᠳᠦ ᠮᠡᠷᠭᠡᠵᠢᠯ ᠤᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 81.6% ᠨᠡᠮᠡᠭᠳᠡᠵᠦ᠂ ᠪᠥᠬᠦ ᠣᠷᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ 53.6 ᠵᠠᠭᠤᠨ ᠤ ᠨᠢᠭᠡᠴᠢ ᠥᠨᠳᠥᠷ ᠪᠣᠯᠵᠤ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ 16.6% ᠬᠦᠷᠴᠡᠢ᠃     ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ ᠪᠠᠲᠤᠯᠠᠵᠤ᠂ ᠭᠤᠣᠯᠳᠠᠯᠭ᠎ᠠ ᠲᠠᠢ ᠬᠦᠷᠢᠶᠡᠨ ᠳᠠᠬᠢ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠣᠰᠢ ᠮᠠᠰᠢ ᠴᠢᠩᠭ᠎ᠠ     1 ︱ 7 ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠡᠶᠡᠯᠡᠭᠦᠯᠦᠭᠰᠡᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 61.9% ᠎ ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 9.1 ᠵᠠᠭᠤᠨ ᠤ ᠨᠢᠭᠡᠴᠢ ᠳᠡᠭᠡᠭᠰᠢᠯᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠣᠷᠣᠨ ︵31.2%︶᠂ ᠪᠥᠬᠦ ᠬᠤᠲᠠ ︵41.9%︶᠎ ᠠᠴᠠ 30.7 ᠪᠠ 20 ᠵᠠᠭᠤᠨ ᠤ ᠨᠢᠭᠡᠴᠢ ᠥᠨᠳᠥᠷ ᠪᠣᠯᠵᠠᠢ᠃    ᠠᠵᠤ ᠦᠢᠯᠡᠰ ᠤᠨ ᠪᠡᠯᠡ ᠣᠷᠣᠭᠤᠯᠤᠯᠲᠠ ᠶᠢ ᠬᠦᠴᠦᠲᠡᠢ ᠳᠠᠶᠢᠴᠢᠯᠠᠪᠠ᠃ ᠬᠤᠶᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 88.3% ᠨᠡᠮᠡᠭᠳᠡᠵᠦ᠂ ᠪᠡᠯᠡ ᠣᠷᠣᠭᠤᠯᠤᠯᠲᠠ ᠶᠢᠨ ᠨᠡᠮᠡᠭᠳᠡᠯ ᠢ 54.9 ᠵᠠᠭᠤᠨ ᠤ ᠨᠢᠭᠡᠴᠢ ᠳᠠᠶᠢᠴᠢᠯᠠᠪᠠ᠂ ᠡᠭᠦᠨ ᠳᠤ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ 81% ᠪᠠᠶᠢᠵᠤ᠂ ᠪᠡᠯᠡ ᠣᠷᠣᠭᠤᠯᠤᠯᠲᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 80% ᠬᠦᠷᠴᠡᠢ  ᠃ ᠭᠤᠷᠪᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 18.3%᠎ ᠪᠠᠷ ᠨᠡᠮᠡᠭᠳᠡᠪᠡ᠃     ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠳᠠᠭᠠᠰᠢᠷᠠᠵᠤ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠳᠤᠯᠢᠭ ᠬᠦᠴᠦᠨ 1 ︱ 7 ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 6.3% ᠨᠡᠮᠡᠭᠳᠡᠵᠦ ᠂ ᠪᠥᠬᠦ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 19.3% ᠠᠷᠠᠳ ᠤᠨ ᠪᠡᠯᠡ ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 54% ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ 86% ᠬᠦᠷᠴᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠬᠦ ᠠᠷᠠᠳ ᠤᠨ ᠪᠡᠯᠡ ᠣᠷᠣᠭᠤᠯᠤᠯᠲᠠ ᠶᠢᠨ ᠬᠤᠪᠢ ᠨᠡᠮᠡᠷᠢ ᠶᠢᠨ ᠨᠣᠷᠮ᠎ᠠ 78.8% ᠬᠦᠷᠴᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 49 ᠵᠠᠭᠤᠨ ᠤ ᠨᠢᠭᠡᠴᠢ  ᠲᠦᠯᠬᠢᠨ ᠠᠬᠢᠭᠤᠯᠪᠠ᠃     ᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠳᠠᠶᠢᠴᠢᠯᠠᠬᠤ ᠦᠢᠯᠡᠳᠦᠯ ᠢᠯᠡᠷᠬᠡᠢ ᠪᠠᠶᠢᠨ᠎ᠠ᠃ 1 ︱ 7 ᠰᠠᠷ᠎ᠠ ᠳᠤ᠂ ᠬᠥᠮᠥᠷᠭᠡ ᠳᠤ ᠣᠷᠣᠭᠤᠯᠤᠭᠰᠠᠨ 51 ᠲᠥᠷᠥᠯ ᠵᠦᠢᠯ ︵ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ 1 ᠵᠦᠢᠯ ᠢ ᠪᠠᠭᠲᠠᠭᠠᠨ᠎ᠠ︶᠎ ᠳᠤ 43.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠪᠥᠬᠦ ᠪᠡᠯᠡ ᠣᠷᠣᠭᠤᠯᠤᠯᠲᠠ ᠶᠢᠨ ᠪᠥᠬᠦ ᠲᠣᠭᠠᠨ ᠤ 45%᠎ ᠶᠢ ᠡᠵᠡᠯᠡᠨ᠂ ᠪᠥᠬᠦ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 73.3 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ ᠬᠥᠮᠥᠷᠭᠡ ᠳᠤ ᠣᠷᠣᠭᠤᠯᠤᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠤᠨ 18 ᠲᠥᠷᠥᠯ ᠵᠦᠢᠯ ᠪᠠᠶᠢᠵᠤ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ 33.6 ᠳ᠋ᠦᠩᠰᠢᠭᠤᠷ ᠲᠥᠭᠦᠷᠢᠭ ᠲᠤ ᠬᠦᠷᠴᠦ᠂ ᠪᠥᠬᠦ ᠪᠡᠯᠡ ᠣᠷᠣᠭᠤᠯᠤᠯᠲᠠ ᠶᠢᠨ ᠶᠡᠷᠦᠩᠬᠡᠢ ᠲᠣᠭᠠᠨ ᠤ 35%᠎ ᠶᠢ ᠡᠵᠡᠯᠡᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 56 ᠵᠠᠭᠤᠨ ᠤ ᠨᠢᠭᠡᠴᠢ ᠲᠦᠯᠬᠢᠨ ᠠᠬᠢᠭᠤᠯᠪᠠ᠃    ᠭᠤᠷᠪᠠ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠰᠡᠷᠭᠦᠪᠠ     1 ︱ 7 ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 43.64 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.7%᠎ ᠪᠠᠷ ᠨᠡᠮᠡᠭᠳᠡᠪᠡ᠃ ᠡᠭᠦᠨ ᠳᠤ᠂ ᠬᠢᠵᠠᠭᠠᠷᠯᠠᠭᠰᠠᠨ ᠲᠤᠭ᠎ᠠ  ᠎ ᠠᠴᠠ ᠳᠡᠭᠡᠭᠰᠢᠬᠢ ᠠᠵᠤ ᠠᠬᠤᠶᠢᠯᠠᠯ ᠤᠨ ᠪᠡᠶᠡᠯᠡᠭᠦᠯᠦᠭᠰᠡᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 22.22 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8%᠎ ᠪᠠᠷ ᠨᠡᠮᠡᠭᠳᠡᠪᠡ᠂ ᠲᠠᠸᠠᠷ ᠤᠨ ᠲᠥᠷᠥᠯ ᠬᠡᠯᠪᠡᠷᠢ ᠠᠴᠠ ᠦᠵᠡᠪᠡᠯ᠂ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 20.69 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.1%᠎ ᠪᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ  ᠎ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭᠠᠨ ᠤ 93.1%᠎ ᠶᠢ ᠡᠵᠡᠯᠡᠵᠦ᠂ ᠬᠢᠵᠠᠭᠠᠷᠯᠠᠭᠰᠠᠨ ᠲᠤᠭ᠎ᠠ  ᠎ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭᠠᠨ ᠤ 1 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠪᠠ  ᠃ ᠭᠡᠷ ᠤᠨ ᠴᠠᠬᠢᠯᠭᠠᠨ ᠬᠡᠷᠡᠭᠰᠡᠯ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 0.29 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.1%᠎ ᠪᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ  ᠎ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭᠠᠨ ᠤ 1.3%᠎ ᠶᠢ ᠡᠵᠡᠯᠡᠪᠡ︔ ᠬᠢᠲᠠᠳ ᠡᠸᠦ᠋ᠷᠦᠫᠡ ᠡᠮ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 0.62 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1%᠎ ᠪᠠᠷ ᠨᠡᠮᠡᠭᠳᠡᠪᠡ᠃     ᠳᠥᠷᠪᠡ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠲᠣᠭᠲᠠᠭᠤᠨ ᠪᠠᠶᠢᠬᠤ ᠶᠢ ᠪᠠᠲᠤᠯᠠᠵᠤ᠂ ᠭᠤᠣᠯᠳᠠᠯᠭ᠎ᠠ ᠲᠠᠢ ᠠᠵᠢᠯ ᠲᠥᠷᠥᠯ ᠲᠣᠭᠲᠠᠭᠤᠨ ᠢᠶᠠᠷ ᠨᠡᠮᠡᠭᠳᠡᠪᠡ     1 ︱ 7 ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ ᠳᠡᠭᠡᠭᠰᠢᠬᠢ 65 ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ 69.37 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 25%᠎ ᠪᠠᠷ ᠨᠡᠮᠡᠭᠳᠡᠪᠡ᠃    ᠠᠵᠢᠯ ᠲᠥᠷᠥᠯ ᠤᠨ ᠲᠥᠷᠥᠯ ᠵᠦᠢᠯ ᠠᠴᠠ ᠦᠵᠡᠪᠡᠯ᠂ ᠬᠤᠯᠪᠣᠭᠳᠠᠭᠰᠠᠨ 8 ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ︽ᠲᠤᠯᠤᠭᠠᠨ ᠨᠡᠮᠡᠭᠳᠡᠯ ᠨᠢᠭᠡ ᠲᠣᠷᠣᠭᠰᠢᠯᠠᠯ︾ ᠎ ᠲᠠᠢ ᠪᠠᠶᠢᠨ᠎ᠠ᠃ ᠭᠤᠣᠯᠳᠠᠯᠭ᠎ᠠ ᠲᠠᠢ ᠠᠵᠢᠯ ᠲᠥᠷᠥᠯ ᠠᠴᠠ ᠦᠵᠡᠪᠡᠯ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 42.52 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.9%᠎ ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 61.3%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 21.9 ᠵᠠᠭᠤᠨ ᠤ ᠨᠢᠭᠡᠴᠢ ᠨᠡᠮᠡᠭᠳᠡᠭᠦ ᠶᠢ ᠲᠦᠯᠬᠢᠨ ᠠᠬᠢᠭᠤᠯᠪᠠ  ᠃ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 15.57 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 2.9%᠎ ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 22.4%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 0.8 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠪᠠ  ᠃ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 6.13 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠎ ᠬᠢ ᠠᠴᠠ 21.4%᠎ ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 8.8%᠎ ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 1.9 ᠵᠠᠭᠤᠨ ᠤ ᠨᠢᠭᠡᠴᠢ ᠨᠡᠮᠡᠭᠳᠡᠭᠦ ᠶᠢ ᠲᠦᠯᠬᠢᠨ ᠠᠬᠢᠭᠤᠯᠪᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号