ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠲᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ︽ | ᠬᠤᠶᠠᠷ ᠬᠤᠪᠣᠷ ᠰᠢᠷᠣᠢ ᠶᠢᠨ ᠰᠠᠭᠤᠷᠢᠨ︾ ᠪᠣᠯᠣᠨ ︽ᠳᠡᠯᠡᠬᠡᠢ ᠶᠢᠨ ᠪᠣᠬᠢᠷᠲᠤᠯ ᠦᠭᠡᠢ ᠴᠠᠬᠢᠭᠤᠷ ᠤᠨ ᠬᠤᠳᠠ︾ | ᠶᠢᠨ ᠪᠦᠲᠦᠭᠡᠨ ᠪᠠᠶᠢᠭᠤᠯᠤᠯᠲᠠ ᠳᠤ ᠠᠩᠬᠠᠷᠤᠯ ᠬᠦᠴᠦ ᠪᠠᠨ ᠲᠥᠪᠯᠡᠷᠡᠭᠦᠯᠵᠡᠢ᠃ 1 ︱ 7 ᠳ᠋ᠤᠭᠠᠷ ᠰᠠᠷ᠎ᠠ ᠳᠤ᠂ | ᠪᠥᠬᠦ ᠣᠷᠣᠨ ᠤ ᠠᠵᠤ ᠠᠬᠤᠢ ᠲᠣᠭᠲᠠᠭᠤᠨ ᠢᠶᠠᠷ ᠰᠠᠶᠢᠵᠢᠷᠠᠬᠤ ᠬᠠᠨᠳᠤᠰᠢ ᠪᠠᠨ ᠪᠠᠲᠤᠯᠠᠪᠠ᠃ | ᠨᠢᠭᠡ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠳᠠᠷᠤᠯᠲᠠᠲᠤ ᠨᠡᠮᠡᠭᠳᠡᠯ | 1 ︱ 7 ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 28% ᠪᠠᠷ | ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 2.4 ᠵᠠᠭᠤᠨ ᠤ ᠨᠢᠭᠡᠴᠢ ᠳᠡᠭᠡᠭᠰᠢᠯᠡᠵᠦ᠂ ᠨᠡᠮᠡᠭᠳᠡᠯ ᠤᠨ | ᠬᠤᠷᠳᠤᠴᠠ ᠨᠢ ᠲᠣᠰ ᠲᠣᠰ ᠪᠥᠬᠦ ᠣᠷᠣᠨ ︵7.2%︶᠂ ᠪᠥᠬᠦ ᠬᠤᠲᠠ ︵23.4%︶ ᠶᠢᠨ 20.8 ᠪᠠ 4. | 6 ᠵᠠᠭᠤᠨ ᠤ ᠨᠢᠭᠡᠴᠢ ᠥᠨᠳᠥᠷ ᠪᠣᠯᠵᠠᠢ᠃ | ᠭᠤᠷᠪᠠᠨ ᠶᠡᠭᠡ ᠲᠦᠷᠦᠯ ᠤᠨ ᠨᠡᠮᠡᠭᠳᠡᠯ ᠦᠷᠲᠡᠭ ᠤᠨ ︽ᠬᠤᠶᠠᠷ ᠢ ᠨᠡᠮᠡᠭᠳᠡᠭᠦᠯᠵᠦ ᠨᠢᠭᠡ ᠶᠢ ᠪᠠᠭᠤᠷᠠᠭᠤᠯᠪᠠ︾ | ᠃ 1-7 ᠰᠠᠷ᠎ᠠ ᠳᠤ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ | 31.1% ᠪᠠᠷ ᠪᠠᠭᠤᠷᠠᠵᠤ᠂ ᠪᠠᠭᠤᠷᠠᠯᠲᠠ ᠶᠢᠨ ᠬᠡᠮᠵᠢᠶ᠎ᠡ ᠨᠢ ᠲᠦᠷᠦᠭᠦᠸ ᠰᠠᠷ᠎ᠠ ᠶᠢᠨ ᠬᠢ ᠠᠴᠠ 0.6 ᠵᠠᠭᠤᠨ ᠤ | ᠨᠢᠭᠡᠴᠢ ᠪᠠᠭᠠᠰᠴᠠᠢ ᠃ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 27.9% | ᠨᠡᠮᠡᠭᠳᠡᠵᠦ᠂ ᠴᠠᠬᠢᠯᠭᠠᠨ ᠬᠦᠴᠦᠨ ᠤ ᠰᠢᠲᠠᠮᠠᠬᠠᠢ ᠬᠡᠢ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 34.5% ᠨᠡᠮᠡᠭᠳᠡᠵᠡᠢ᠃ ᠭᠤᠷᠪᠠᠨ ᠲᠣᠮᠣ ᠲᠥᠷᠥᠯ ᠤᠨ | ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ ᠨᠢ ᠲᠣᠰ ᠲᠣᠰ 0.1%᠂ 97% ᠪᠠ 2.9% ᠪᠣᠯᠣᠨ᠎ᠠ᠃ | 22 ᠠᠵᠢᠯ ᠲᠦᠷᠦᠯ ᠤᠨ ᠶᠡᠭᠡ ᠲᠦᠷᠦᠯ ᠤᠨ ᠳᠣᠲᠣᠷᠠᠬᠢ 16 ᠠᠵᠢᠯ ᠲᠦᠷᠦᠯ ᠤᠨ ᠨᠡᠮᠡᠭᠳᠡᠯ ᠦᠷᠳᠡᠭ ᠨᠢ | ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ ᠠᠷᠪᠠᠨ ᠤ ᠲᠤᠯᠤᠭᠠᠨ ᠬᠤᠪᠢ ᠳᠤ ᠬᠦᠷᠴᠡᠢ᠃ ᠨᠡᠮᠡᠭᠳᠡᠯ | ᠥᠷᠲᠡᠭ ᠤᠨ ᠲᠦᠷᠦᠭᠦᠸ ᠭᠤᠷᠪᠠ ᠳᠤ ᠡᠵᠡᠯᠡᠬᠦ ᠠᠵᠢᠯ ᠲᠥᠷᠥᠯ ᠪᠣᠯ ᠲᠣᠰ ᠲᠣᠰ ᠥᠩᠭᠡᠲᠦ ᠲᠡᠮᠦᠷᠯᠢᠭ | ᠪᠣᠯᠪᠠᠰᠤᠷᠠᠭᠤᠯᠬᠤ ᠪᠠ ᠳᠠᠷᠤᠵᠤ ᠤᠷᠲᠤᠳᠬᠠᠨ ᠪᠣᠯᠪᠠᠰᠤᠷᠠᠭᠤᠯᠬᠤ ᠠᠵᠤ ᠦᠢᠯᠡᠰ ᠪᠣᠯᠣᠨ᠎ᠠ᠂ ᠨᠡᠮᠡᠭᠳᠡᠯ ᠥᠷᠲᠡᠭ | ᠨᠢ ᠠᠳᠠᠯᠢ ᠬᠤᠭᠤᠴᠠᠭᠠᠨ ᠤ ᠬᠢ ᠠᠴᠠ 22.4% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 14.8 ᠵᠠᠭᠤᠨ ᠤ ᠨᠢᠭᠡᠴᠢ ᠳᠠᠶᠢᠴᠢᠯᠠᠪᠠ ᠃ ᠬᠢᠮᠢ ᠶᠢᠨ | ᠲᠦᠭᠦᠬᠡᠢ ᠮᠠᠲ᠋ᠧᠷᠢᠶᠠᠯ ᠪᠠ ᠬᠢᠮᠢ ᠶᠢᠨ ᠦᠢᠯᠡᠳᠬᠦᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 7. | 7% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠳᠠᠶᠢᠴᠢᠯᠠᠨ | 9.3 ᠵᠠᠭᠤᠨ ᠤ ᠨᠢᠭᠡᠴᠢ ᠨᠡᠮᠡᠭᠳᠡᠭᠦᠯᠵᠦ᠂ ᠺᠣᠮᠫᠢᠦ᠋ᠲ᠋ᠧᠷ᠂ ᠮᠡᠳᠡᠭᠡ ᠬᠤᠯᠪᠣᠭ᠎ᠠ ᠪᠠ ᠪᠤᠰᠤᠳ ᠡᠯᠧᠺᠲᠷᠣᠨ | ᠲᠥᠬᠦᠭᠡᠷᠦᠮᠵᠢ ᠦᠢᠯᠡᠳᠬᠦ ᠦᠢᠯᠡᠰ ᠢ ᠳᠠᠶᠢᠴᠢᠯᠠᠨ ᠠᠳᠠᠯᠢ ᠬᠤᠭᠤᠴᠠᠭᠠᠨ ᠤ ᠬᠢ ᠠᠴᠠ 52.9% ᠪᠠᠷ | ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠳᠠᠶᠢᠴᠢᠯᠠᠨ 4.8 | ᠵᠠᠭᠤᠨ ᠤ ᠨᠢᠭᠡᠴᠢ ᠨᠡᠮᠡᠭᠳᠡᠭᠦᠯᠪᠡ᠃ | ︽ᠬᠤᠶᠠᠷ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠲᠣᠪᠣᠶᠢᠮ᠎ᠠ ᠪᠣᠯᠪᠠ᠃ 1-7 | ᠰᠠᠷ᠎ᠠ ᠳᠤ᠂ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠥᠷᠲᠡᠭ 27.4% ᠨᠡᠮᠡᠭᠳᠡᠵᠦ᠂ ᠲᠠᠯᠠᠰᠲᠤ | ᠴᠠᠬᠢᠭᠤᠷ ᠤᠨ ᠠᠵᠤ ᠦᠢᠯᠡᠰ ᠤᠨ ᠨᠡᠮᠡᠭᠳᠡᠯ ᠥᠷᠲᠡᠭ 319.6% ᠨᠡᠮᠡᠭᠳᠡᠵᠦ᠂ ᠬᠤᠶᠠᠷ ᠲᠣᠮᠣ ᠲᠤᠭ ᠬᠡᠯᠪᠡᠷᠢᠲᠦ | ᠠᠵᠤ ᠦᠢᠯᠡᠰ ᠢᠶᠠᠷ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 24.8 | ᠵᠠᠭᠤᠨ ᠤ ᠨᠢᠭᠡᠴᠢ ᠨᠡᠮᠡᠭᠳᠡᠭᠦᠯᠬᠦ ᠪᠠᠷ ᠳᠠᠶᠢᠴᠢᠯᠠᠪᠠ᠃ | ᠳᠥᠷᠪᠡᠨ ᠶᠡᠭᠡ ᠭᠤᠣᠯᠳᠠᠯᠭ᠎ᠠ ᠲᠠᠢ ᠠᠵᠤ ᠦᠢᠯᠡᠰ ᠤᠨ ᠬᠤᠪᠢ ᠨᠡᠮᠡᠷᠢ ᠬᠤᠪᠣᠷ ᠰᠢᠷᠣᠢ ᠶᠢᠨ ᠠᠵᠤ ᠦᠢᠯᠡᠰ᠂ | ᠲᠡᠷᠢᠭᠦᠨ ᠤ ᠲᠡᠮᠦᠷᠯᠢᠭ ᠤᠨ ᠦᠢᠯᠡᠳᠬᠦ ᠦᠢᠯᠡᠰ᠂ ᠲᠣᠨᠤᠭ ᠲᠥᠬᠦᠭᠡᠷᠦᠮᠵᠢ ᠦᠢᠯᠡᠳᠬᠦ ᠦᠢᠯᠡᠰ᠂ ᠰᠢᠨ᠎ᠡ | ᠡᠨᠧᠷᠭᠢ ᠶᠢᠨ ᠠᠵᠤ ᠦᠢᠯᠡᠰ ᠵᠡᠷᠭᠡ ᠳᠥᠷᠪᠡᠨ ᠶᠡᠭᠡ ᠭᠤᠣᠯᠳᠠᠯᠭ᠎ᠠ ᠲᠠᠢ ᠠᠵᠤ ᠦᠢᠯᠡᠰ ᠤᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 27.9% ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠪᠥᠬᠦ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 90.1% ᠶᠢ ᠡᠵᠡᠯᠡᠵᠦ᠂ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 97.8% | ᠬᠦᠷᠴᠡᠢ᠃ ᠡᠭᠦᠨ ᠳᠤ᠂ ᠰᠢᠨ᠎ᠡ ᠡᠨᠧᠷᠭᠢ ᠶᠢᠨ ᠠᠵᠤ ᠦᠢᠯᠡᠰ ᠲᠠᠬᠢ ᠬᠡᠷᠡᠯ ᠴᠡᠨᠡᠭ ᠤᠨ ᠦᠢᠯᠡᠳᠬᠦ ᠦᠢᠯᠡᠰ ᠤᠨ | ᠨᠡᠮᠡᠭᠳᠡᠯ ᠥᠷᠲᠡᠭ 252.2% ᠨᠡᠮᠡᠭᠳᠡᠵᠦ᠂ ᠬᠤᠪᠣᠷ ᠰᠢᠷᠣᠢ ᠶᠢᠨ ᠠᠵᠤ ᠦᠢᠯᠡᠰ ᠤᠨ ᠨᠡᠮᠡᠭᠳᠡᠯ ᠥᠷᠲᠡᠭ 27. | 4% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ | 24.7 ᠵᠠᠭᠤᠨ ᠤ ᠨᠢᠭᠡᠴᠢ ᠳᠠᠶᠢᠴᠢᠯᠠᠵᠤ᠂ ᠬᠤᠪᠢ ᠨᠡᠮᠡᠷᠢ ᠶᠢᠨ ᠨᠣᠷᠮ᠎ᠠ 88% ᠪᠣᠯᠪᠠ᠃ | ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠳᠬᠡᠨ᠂ ᠳᠡᠭᠡᠳᠦ ᠮᠡᠷᠭᠡᠵᠢᠯ ᠤᠨ ᠠᠵᠤ | ᠦᠢᠯᠡᠰ ᠤᠨ ᠨᠡᠮᠡᠭᠳᠡᠯ ᠦᠷᠳᠡᠭ ᠳᠡᠭᠡᠳᠦ ᠬᠤᠷᠳᠤᠴᠠ ᠪᠠᠷ ᠨᠡᠮᠡᠭᠳᠡᠪᠡ᠃ 1-7 ᠰᠠᠷ᠎ᠠ ᠳᠤ᠂ ᠱᠤᠸᠠᠩ ᠯᠢᠶᠠᠩ | ᠴᠠᠬᠢᠭᠤᠷ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠨ ᠳᠠᠶᠢᠴᠢᠯᠠᠯᠲᠠ | ᠳᠣᠣᠷ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠡᠭᠡᠳᠦ ᠮᠡᠷᠭᠡᠵᠢᠯ ᠤᠨ ᠠᠵᠤ | ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 81.6% ᠨᠡᠮᠡᠭᠳᠡᠵᠦ᠂ ᠪᠥᠬᠦ ᠣᠷᠣᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ | 53.6 ᠵᠠᠭᠤᠨ ᠤ ᠨᠢᠭᠡᠴᠢ ᠥᠨᠳᠥᠷ ᠪᠣᠯᠵᠤ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ | 16.6% ᠬᠦᠷᠴᠡᠢ᠃ | ᠬᠤᠶᠠᠷ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ ᠪᠠᠲᠤᠯᠠᠵᠤ᠂ | ᠭᠤᠣᠯᠳᠠᠯᠭ᠎ᠠ ᠲᠠᠢ ᠬᠦᠷᠢᠶᠡᠨ ᠳᠠᠬᠢ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠣᠰᠢ ᠮᠠᠰᠢ ᠴᠢᠩᠭ᠎ᠠ | 1 ︱ 7 ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠪᠡᠶᠡᠯᠡᠭᠦᠯᠦᠭᠰᠡᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 61.9% | ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 9.1 ᠵᠠᠭᠤᠨ ᠤ ᠨᠢᠭᠡᠴᠢ ᠳᠡᠭᠡᠭᠰᠢᠯᠡᠵᠦ᠂ ᠨᠡᠮᠡᠭᠳᠡᠯ ᠤᠨ | ᠬᠤᠷᠳᠤᠴᠠ ᠨᠢ ᠲᠣᠰ ᠲᠣᠰ ᠪᠥᠬᠦ ᠣᠷᠣᠨ ︵31.2%︶᠂ ᠪᠥᠬᠦ ᠬᠤᠲᠠ ︵41.9%︶ ᠠᠴᠠ 30.7 ᠪᠠ | 20 ᠵᠠᠭᠤᠨ ᠤ ᠨᠢᠭᠡᠴᠢ ᠥᠨᠳᠥᠷ ᠪᠣᠯᠵᠠᠢ᠃ | ᠠᠵᠤ ᠦᠢᠯᠡᠰ ᠤᠨ ᠪᠡᠯᠡ ᠣᠷᠣᠭᠤᠯᠤᠯᠲᠠ ᠶᠢ ᠬᠦᠴᠦᠲᠡᠢ ᠳᠠᠶᠢᠴᠢᠯᠠᠪᠠ᠃ ᠬᠤᠶᠠᠳᠤᠭᠠᠷ ᠠᠵᠤ ᠦᠢᠯᠡᠰ ᠤᠨ | ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 88.3% ᠨᠡᠮᠡᠭᠳᠡᠵᠦ᠂ | ᠪᠡᠯᠡ ᠣᠷᠣᠭᠤᠯᠤᠯᠲᠠ ᠶᠢᠨ ᠨᠡᠮᠡᠭᠳᠡᠯ ᠢ 54.9 ᠵᠠᠭᠤᠨ ᠤ ᠨᠢᠭᠡᠴᠢ ᠳᠠᠶᠢᠴᠢᠯᠠᠪᠠ᠂ ᠡᠭᠦᠨ ᠳᠤ ᠦᠢᠯᠡᠳᠬᠦ | ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ 81% ᠪᠠᠶᠢᠵᠤ᠂ ᠪᠡᠯᠡ ᠣᠷᠣᠭᠤᠯᠤᠯᠲᠠ ᠳᠤ ᠦᠵᠡᠭᠦᠯᠦᠭᠰᠡᠨ | ᠬᠤᠪᠢ ᠨᠡᠮᠡᠷᠢ ᠶᠢᠨ ᠨᠣᠷᠮ᠎ᠠ 80% ᠬᠦᠷᠴᠡᠢ ᠃ ᠭᠤᠷᠪᠠᠳᠤᠭᠠᠷ ᠠᠵᠤ ᠦᠢᠯᠡᠰ ᠤᠨ ᠪᠡᠶᠡᠯᠡᠭᠦᠯᠦᠭᠰᠡᠨ ᠪᠡᠯᠡ | ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 18.3% ᠪᠠᠷ ᠨᠡᠮᠡᠭᠳᠡᠪᠡ᠃ | ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠳᠠᠭᠠᠰᠢᠷᠠᠵᠤ᠂ | ᠠᠷᠠᠳ ᠤᠨ ᠪᠡᠯᠡ ᠣᠷᠣᠭᠤᠯᠤᠯᠲᠠ ᠶᠢᠨ ᠠᠮᠢᠳᠤᠯᠢᠭ ᠬᠦᠴᠦᠨ 1 ︱ 7 ᠰᠠᠷ᠎ᠠ ᠳᠤ᠂ ᠬᠤᠪᠣᠷ ᠰᠢᠷᠣᠢ ᠶᠢᠨ | ᠳᠡᠭᠡᠳᠦ ᠰᠢᠨ᠎ᠡ ᠮᠡᠷᠭᠡᠵᠢᠯ ᠤᠨ ᠣᠷᠣᠨ ᠤ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ | ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 6.3% ᠨᠡᠮᠡᠭᠳᠡᠵᠦ | ᠂ ᠪᠥᠬᠦ ᠪᠡᠯᠡ ᠣᠷᠣᠭᠤᠯᠤᠯᠲᠠ ᠶᠢᠨ ᠡᠵᠡᠯᠡᠬᠦ ᠬᠤᠪᠢ ᠶᠢᠨ ᠵᠢᠩ ᠨᠢ 19.3% ᠠᠷᠠᠳ ᠤᠨ ᠪᠡᠯᠡ | ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 54% ᠨᠡᠮᠡᠭᠳᠡᠵᠦ᠂ ᠪᠥᠬᠦ ᠪᠡᠯᠡ | ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ 86% ᠬᠦᠷᠴᠦ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠳᠤ | ᠦᠵᠡᠭᠦᠯᠬᠦ ᠠᠷᠠᠳ ᠤᠨ ᠪᠡᠯᠡ ᠣᠷᠣᠭᠤᠯᠤᠯᠲᠠ ᠶᠢᠨ ᠬᠤᠪᠢ ᠨᠡᠮᠡᠷᠢ ᠶᠢᠨ ᠨᠣᠷᠮ᠎ᠠ 78.8% ᠬᠦᠷᠴᠦ᠂ ᠪᠥᠬᠦ | ᠪᠡᠯᠡ ᠣᠷᠣᠭᠤᠯᠤᠯᠲᠠ ᠶᠢᠨ ᠨᠡᠮᠡᠭᠳᠡᠯ ᠢ 49 ᠵᠠᠭᠤᠨ ᠤ ᠨᠢᠭᠡᠴᠢ ᠲᠦᠯᠬᠢᠨ ᠠᠬᠢᠭᠤᠯᠪᠠ᠃ | ᠰᠢᠨ᠎ᠡ ᠪᠠᠷ ᠠᠵᠢᠯ ᠡᠬᠢᠯᠡᠭᠦᠯᠦᠭᠰᠡᠨ ᠲᠥᠷᠥᠯ ᠵᠦᠢᠯ ᠤᠨ ᠳᠠᠶᠢᠴᠢᠯᠠᠬᠤ ᠦᠢᠯᠡᠳᠦᠯ ᠢᠯᠡᠷᠬᠡᠢ ᠪᠠᠶᠢᠨ᠎ᠠ᠃ 1 | ︱ 7 ᠰᠠᠷ᠎ᠠ ᠳᠤ᠂ ᠬᠥᠮᠥᠷᠭᠡ ᠳᠤ ᠣᠷᠣᠭᠤᠯᠤᠭᠰᠠᠨ 51 ᠲᠥᠷᠥᠯ ᠵᠦᠢᠯ ︵ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ 1 ᠵᠦᠢᠯ ᠢ ᠪᠠᠭᠲᠠᠭᠠᠨ᠎ᠠ︶ ᠳᠤ 43.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ | ᠪᠡᠶᠡᠯᠡᠭᠦᠯᠵᠦ᠂ ᠪᠥᠬᠦ ᠪᠡᠯᠡ ᠣᠷᠣᠭᠤᠯᠤᠯᠲᠠ ᠶᠢᠨ ᠪᠥᠬᠦ ᠲᠣᠭᠠᠨ ᠤ 45% ᠶᠢ ᠡᠵᠡᠯᠡᠨ᠂ ᠪᠥᠬᠦ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 73.3 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ | ᠬᠥᠮᠥᠷᠭᠡ ᠳᠤ ᠣᠷᠣᠭᠤᠯᠤᠭᠰᠠᠨ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠰ ᠤᠨ ᠲᠥᠷᠥᠯ ᠤᠨ 18 | ᠲᠥᠷᠥᠯ ᠵᠦᠢᠯ ᠪᠠᠶᠢᠵᠤ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ 33.6 ᠳ᠋ᠦᠩᠰᠢᠭᠤᠷ | ᠲᠥᠭᠦᠷᠢᠭ ᠲᠤ ᠬᠦᠷᠴᠦ᠂ ᠪᠥᠬᠦ ᠪᠡᠯᠡ ᠣᠷᠣᠭᠤᠯᠤᠯᠲᠠ ᠶᠢᠨ ᠶᠡᠷᠦᠩᠬᠡᠢ ᠲᠣᠭᠠᠨ ᠤ 35% ᠶᠢ ᠡᠵᠡᠯᠡᠨ᠂ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 56 ᠵᠠᠭᠤᠨ ᠤ ᠨᠢᠭᠡᠴᠢ ᠲᠦᠯᠬᠢᠨ ᠠᠬᠢᠭᠤᠯᠪᠠ᠃ | | ᠭᠤᠷᠪᠠ᠂ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠰᠡᠷᠭᠦᠪᠠ | 1 ︱ 7 ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠨᠡᠶᠢᠭᠡᠮ ᠤᠨ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 43.64 ᠳ᠋ᠦᠩᠰᠢᠭᠤᠷ ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 3.7% ᠪᠠᠷ ᠨᠡᠮᠡᠭᠳᠡᠪᠡ᠃ ᠡᠭᠦᠨ ᠳᠤ᠂ ᠬᠢᠵᠠᠭᠠᠷᠯᠠᠭᠰᠠᠨ ᠲᠤᠭ᠎ᠠ | ᠠᠴᠠ ᠳᠡᠭᠡᠭᠰᠢᠬᠢ ᠠᠵᠤ ᠠᠬᠤᠶᠢᠯᠠᠯ ᠤᠨ ᠪᠡᠶᠡᠯᠡᠭᠦᠯᠦᠭᠰᠡᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠶᠡᠷᠦᠩᠬᠡᠢ ᠲᠤᠭ᠎ᠠ 22.22 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0. | 8% ᠪᠠᠷ ᠨᠡᠮᠡᠭᠳᠡᠪᠡ᠂ ᠲᠠᠸᠠᠷ ᠤᠨ ᠲᠥᠷᠥᠯ ᠬᠡᠯᠪᠡᠷᠢ ᠠᠴᠠ ᠦᠵᠡᠪᠡᠯ᠂ ᠮᠠᠰᠢᠨ ᠲᠡᠷᠭᠡᠨ ᠤ ᠲᠥᠷᠥᠯ ᠤᠨ ᠵᠢᠵᠢᠭᠯᠡᠨ | ᠬᠤᠳᠠᠯᠳᠤᠭᠰᠠᠨ ᠲᠤᠭ᠎ᠠ 20.69 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ | 1.1% ᠪᠠᠷ ᠨᠡᠮᠡᠭᠳᠡᠨ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠶᠡᠷᠦᠩᠬᠡᠢ ᠲᠣᠭᠠᠨ ᠤ 93.1% ᠶᠢ ᠡᠵᠡᠯᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ | ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭᠠᠨ ᠤ 1 ᠵᠠᠭᠤᠨ ᠤ ᠨᠢᠭᠡᠴᠢ ᠨᠡᠮᠡᠭᠳᠡᠬᠦ ᠶᠢ | ᠳᠠᠶᠢᠴᠢᠯᠠᠪᠠ ᠃ ᠭᠡᠷ ᠤᠨ ᠴᠠᠬᠢᠯᠭᠠᠨ ᠬᠡᠷᠡᠭᠰᠡᠯ ᠤᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 0.29 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.1% ᠪᠠᠷ ᠨᠡᠮᠡᠭᠳᠡᠨ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ | ᠲᠣᠭᠠᠨ ᠤ 1.3% ᠶᠢ ᠡᠵᠡᠯᠡᠪᠡ︔ ᠬᠢᠲᠠᠳ ᠡᠸᠦ᠋ᠷᠦᠫᠡ ᠡᠮ ᠤᠨ ᠲᠥᠷᠥᠯ ᠤᠨ ᠵᠢᠵᠢᠭᠯᠡᠨ ᠬᠤᠳᠠᠯᠳᠤᠭᠰᠠᠨ | ᠲᠤᠭ᠎ᠠ 0.62 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1% ᠪᠠᠷ | ᠨᠡᠮᠡᠭᠳᠡᠪᠡ᠃ | ᠳᠥᠷᠪᠡ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠲᠣᠭᠲᠠᠭᠤᠨ ᠪᠠᠶᠢᠬᠤ ᠶᠢ ᠪᠠᠲᠤᠯᠠᠵᠤ᠂ | ᠭᠤᠣᠯᠳᠠᠯᠭ᠎ᠠ ᠲᠠᠢ ᠠᠵᠢᠯ ᠲᠥᠷᠥᠯ ᠲᠣᠭᠲᠠᠭᠤᠨ ᠢᠶᠠᠷ ᠨᠡᠮᠡᠭᠳᠡᠪᠡ | 1 ︱ 7 ᠰᠠᠷ᠎ᠠ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠵᠢᠯ ᠠᠴᠠ | ᠳᠡᠭᠡᠭᠰᠢᠬᠢ 65 ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ 69.37 ᠳ᠋ᠦᠩᠰᠢᠭᠤᠷ ᠲᠥᠭᠦᠷᠢᠭ ᠤᠨ | ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 25% ᠪᠠᠷ ᠨᠡᠮᠡᠭᠳᠡᠪᠡ᠃ | ᠠᠵᠢᠯ ᠲᠥᠷᠥᠯ ᠤᠨ ᠲᠥᠷᠥᠯ ᠵᠦᠢᠯ ᠠᠴᠠ ᠦᠵᠡᠪᠡᠯ᠂ ᠬᠤᠯᠪᠣᠭᠳᠠᠭᠰᠠᠨ 8 ᠠᠵᠢᠯ ᠲᠥᠷᠥᠯ ᠤᠨ | ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ︽ᠲᠤᠯᠤᠭᠠᠨ ᠨᠡᠮᠡᠭᠳᠡᠯ ᠨᠢᠭᠡ ᠲᠣᠷᠣᠭᠰᠢᠯᠠᠯ︾ | ᠲᠠᠢ ᠪᠠᠶᠢᠨ᠎ᠠ᠃ ᠭᠤᠣᠯᠳᠠᠯᠭ᠎ᠠ ᠲᠠᠢ ᠠᠵᠢᠯ ᠲᠥᠷᠥᠯ ᠠᠴᠠ ᠦᠵᠡᠪᠡᠯ᠂ ᠵᠠᠮ ᠬᠠᠷᠢᠯᠴᠠᠭ᠎ᠠ ᠲᠡᠭᠡᠭᠡᠪᠦᠷᠢ᠂ | ᠬᠥᠮᠥᠷᠭᠡᠯᠡᠨ ᠬᠠᠳᠠᠭᠠᠯᠠᠬᠤ ᠪᠠ ᠰᠢᠤᠳᠠᠨ ᠤ ᠦᠢᠯᠡᠰ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 42.52 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.9% ᠪᠠᠷ ᠨᠡᠮᠡᠭᠳᠡᠨ᠂ | ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ | ᠣᠷᠣᠯᠭ᠎ᠠ ᠶᠢᠨ 61.3% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ | ᠡᠵᠡᠩᠨᠡᠯᠲᠡ ᠶᠢᠨ ᠣᠷᠣᠯᠭ᠎ᠠ ᠶᠢ 21.9 ᠵᠠᠭᠤᠨ ᠤ ᠨᠢᠭᠡᠴᠢ ᠨᠡᠮᠡᠭᠳᠡᠭᠦ ᠶᠢ ᠲᠦᠯᠬᠢᠨ ᠠᠬᠢᠭᠤᠯᠪᠠ ᠃ ᠮᠡᠳᠡᠭᠡ | ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ | ᠡᠵᠡᠩᠨᠡᠯᠲᠡ ᠶᠢᠨ ᠣᠷᠣᠯᠭ᠎ᠠ 15.57 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 2.9% ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ | ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 22.4% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ | ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 0.8 ᠵᠠᠭᠤᠨ ᠤ ᠨᠢᠭᠡᠴᠢ ᠨᠡᠮᠡᠭᠳᠡᠬᠦ ᠶᠢ | ᠳᠠᠶᠢᠴᠢᠯᠠᠪᠠ ᠃ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ | ᠡᠵᠡᠩᠨᠡᠯᠲᠡ ᠶᠢᠨ ᠣᠷᠣᠯᠭ᠎ᠠ ᠶᠢ 6.13 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ | ᠬᠢ ᠠᠴᠠ 21.4% ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠨᠢ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ | ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 8.8% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ | ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 1.9 ᠵᠠᠭᠤᠨ ᠤ ᠨᠢᠭᠡᠴᠢ ᠨᠡᠮᠡᠭᠳᠡᠭᠦ ᠶᠢ ᠲᠦᠯᠬᠢᠨ | ᠠᠬᠢᠭᠤᠯᠪᠠ᠃ |