ᠲᠣᠭᠤᠭᠠᠨ ᠪᠣᠯᠠᠭ ᠪᠠᠯᠭᠠᠰᠣ ᠄ ︽ᠥᠴᠥᠬᠡᠨ ᠪᠣᠳᠠᠲᠤ ᠶᠠᠪᠤᠳᠠᠯ︾᠎ ᠨᠢ ᠠᠷᠠᠳ ᠢᠷᠭᠡᠳ ᠤᠨ ︽ᠶᠡᠭᠡ ᠵᠣᠯ ᠵᠢᠷᠭᠠᠯ︾᠎ ᠢ ᠰᠠᠬᠢᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2023/8/31
  ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠣᠯᠠᠨ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡ ᠨᠠᠮ ᠤᠨ ᠡᠭᠦᠷ ᠨᠢᠭᠡ ᠪᠠᠬᠢᠯᠡᠯᠲᠡ᠂ ᠨᠢᠭᠡ ᠨᠠᠮ ᠤᠨ ᠭᠡᠰᠢᠭᠦᠨ ᠤ ᠨᠢᠭᠡ ᠲᠤᠭ ᠲᠡᠮᠳᠡᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠨ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠬᠤ ᠶᠢ ᠴᠢᠬᠤᠯᠠᠴᠢᠯᠠᠵᠤ᠂ ᠡᠬᠢ ᠪᠠᠶᠠᠯᠢᠭ᠂ ᠬᠠᠮᠢᠶᠠᠷᠤᠯᠲᠠ᠂ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠠᠬᠢᠭᠤᠯᠣᠨ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠤᠭᠰᠠᠨ᠂ ᠤᠯᠠᠨ ᠡᠰᠢᠴᠢᠯᠡᠨ ᠬᠠᠮᠲᠤᠪᠠᠷ ᠵᠠᠰᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ︽ᠬᠠᠮᠲᠤ ᠶᠢᠨ ᠴᠣᠭᠴᠠ︾᠎ ᠶᠢ ᠪᠠᠶᠢᠭᠤᠯᠵᠤ᠂ ᠨᠠᠮ ᠤᠨ ᠪᠠᠶᠢᠭᠤᠯᠤᠯᠲᠠ ᠪᠣᠯᠣᠨ ᠦᠨᠳᠦᠰᠦᠨ ᠱᠠᠲᠤᠨ ᠤ ᠵᠠᠰᠠᠯᠲᠠ ᠶᠢᠨ ᠰᠣᠯᠪᠢᠴᠠᠨ ᠠᠭᠤᠰᠤᠯᠴᠠᠭᠰᠠᠨ᠂ ᠬᠤᠣᠰ ᠴᠢᠭᠯᠡᠯ ᠢᠶᠠᠷ ᠳᠡᠭᠡᠭᠰᠢᠯᠡᠭᠰᠡᠨ ᠰᠠᠶᠢᠨ ᠰᠠᠶᠢᠬᠠᠨ ᠪᠠᠶᠢᠷᠢᠰᠢᠯ ᠢ ᠪᠦᠷᠢᠯᠳᠦᠭᠦᠯᠪᠡ᠃    ᠭᠤᠣᠯᠯᠠᠭᠴᠢ ᠬᠦᠴᠦᠨ ᠤ  ︽ᠡᠨᠧᠷᠬᠢᠳᠣ  ᠴᠥᠭᠦᠷᠥᠮ︾ ᠎ ᠢ ᠰᠠᠶᠢᠲᠤᠷ ᠪᠠᠶᠢᠭᠤᠯᠬᠤ ᠬᠡᠷᠡᠭᠲᠡᠢ    ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠣᠭᠤᠭᠠᠨ ᠪᠣᠯᠠᠭ ᠪᠠᠯᠭᠠᠰᠣ ᠶᠢᠨ ᠬᠢᠨ ᠤᠬᠠᠭᠤᠯᠵᠤ ᠬᠥᠲᠥᠯᠥᠨ ᠵᠢᠯᠤᠭᠤᠳᠬᠤ ᠶᠢ ᠳᠣᠪᠤᠶᠢᠯᠭᠠᠵᠤ᠂ ᠬᠡᠪᠰᠢᠮᠡᠯ ᠰᠡᠳᠬᠢᠬᠦᠢ ᠶᠢ ᠡᠪᠳᠡᠵᠦ᠂ ᠰᠢᠰᠲ᠋ᠧᠮᠲᠦ ᠣᠶᠢᠯᠠᠭᠠᠭᠳᠠᠬᠤᠨ ᠢᠶᠠᠨ ᠴᠢᠩᠭᠠᠳᠬᠠᠵᠤ᠂ ︽ᠨᠠᠮ ᠤᠨ ᠲᠠᠭᠤᠨ ᠲᠦᠮᠡᠨ ᠡᠷᠦᠬᠡ ᠳᠤ ᠳᠠᠭᠤᠷᠢᠰᠬᠤ︾᠎ ᠪᠠᠷ ᠭᠤᠣᠯ ᠰᠡᠳᠦᠪ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠪᠠᠷ ᠭᠤᠣᠯᠳᠠᠭᠤᠯᠵᠤ᠂ ᠰᠢᠷᠢᠰ ᠭᠤᠣᠯ ᠰᠡᠳᠦᠪᠲᠦ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 20 ᠭᠠᠷᠤᠢ ᠤᠳᠠᠭ᠎ᠠ ᠥᠷᠨᠢᠭᠦᠯᠵᠦ᠂ ᠡᠯ᠎ᠡ ᠲᠦᠷᠦᠯ ᠤᠨ ᠤᠬᠠᠭᠤᠯᠬᠤ ᠮᠠᠲ᠋ᠧᠷᠢᠶᠠᠯ ᠢ 5000 ᠭᠠᠷᠤᠢ ᠬᠤᠪᠢ ᠲᠠᠷᠬᠠᠭᠠᠵᠤ᠂ ︽ᠬᠠᠭᠤᠴᠢᠨ ᠢ ᠡᠪᠳᠡᠨ ᠰᠢᠨ᠎ᠡ ᠶᠢ ᠪᠠᠶᠢᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ︾ ᠪᠣᠯᠪᠠᠰᠤᠨ ᠰᠢᠨ᠎ᠡ ᠬᠡᠪ ᠰᠤᠷᠲᠠᠯ ᠢ ᠶᠡᠭᠡ ᠪᠠᠷ ᠰᠠᠨᠠᠭᠠᠴᠢᠯᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠡᠷ ᠣᠷᠣᠨ ᠢᠶᠠᠨ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ︾ ᠵᠡᠷᠭᠡ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭ᠎ᠠ ᠶᠢ ᠥᠷᠭᠡᠨ ᠳᠡᠯᠭᠡᠷᠡᠩᠭᠦᠢ ᠪᠠᠷ ᠥᠷᠨᠢᠭᠦᠯᠵᠦ᠂ ᠤᠯᠠᠨ ᠲᠦᠮᠡᠨ ᠳᠤ ᠬᠠᠤᠯᠢ ᠪᠠᠷ ᠵᠠᠰᠠᠬᠤ᠂ ᠣᠷᠴᠢᠨ ᠠᠬᠤᠢ ᠶᠢ ᠬᠠᠮᠠᠭᠠᠯᠠᠬᠤ᠂ ᠬᠠᠪᠰᠤᠷᠤᠨ ᠲᠡᠳᠬᠦᠬᠦ᠂ ᠪᠡᠶ᠎ᠡ ᠮᠠᠬᠠᠪᠤᠳ ᠢ ᠴᠢᠭᠢᠷᠠᠭᠵᠢᠭᠤᠯᠬᠤ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠬᠠᠨᠳᠤᠯᠭᠠᠲᠤ ᠴᠢᠨᠠᠷᠲᠠᠢ ᠰᠠᠶᠢᠨ ᠳᠤᠷ᠎ᠠ ᠶᠢᠨ ᠤᠬᠠᠭᠤᠯᠭ᠎ᠠ ᠶᠢᠨ ᠦᠢᠯᠡᠴᠢᠯᠡᠭᠡ ᠶᠢ 40 ᠭᠠᠷᠤᠢ ᠲᠠᠯᠠᠪᠤᠷ ᠬᠠᠩᠭᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢᠨ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠢ ᠲᠠᠰᠤᠷᠠᠯᠳᠠ ᠦᠭᠡᠢ ᠴᠢᠩᠭᠠᠳᠬᠠᠪᠠ᠃    ᠰᠢᠷᠢᠰ ᠤᠬᠠᠭᠤᠯᠤᠨ ᠲᠠᠶᠢᠯᠪᠤᠷᠢᠯᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠥᠷᠨᠢᠭᠦᠯᠬᠦ ᠶᠢᠨ ᠬᠠᠮᠲᠤ᠂ ᠳᠡᠭᠡᠳᠦ ᠰᠢᠨ᠎ᠡ ᠮᠡᠷᠭᠡᠵᠢᠯ ᠤᠨ  ᠤᠷᠤᠨ ᠤ ᠸᠠᠨ ᠱᠦᠢ ᠴᠢᠤᠸᠠᠨ ᠪᠠᠯᠭᠠᠰᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠪᠠᠰᠠ ︽ᠤᠳᠤᠷᠢᠳᠬᠤ ᠪᠠᠭ ᠤᠨ ᠪᠦᠷᠢᠯᠳᠦᠭᠦᠨ ᠳᠠᠭᠠᠭᠠᠴᠢᠯᠠᠨ ᠬᠤᠯᠪᠣᠭᠠᠯᠠᠬᠤ ᠳᠦᠷᠢᠮ︾᠎ ᠢ ᠬᠡᠷᠡᠭᠵᠢᠭᠦᠯᠵᠦ᠂ ᠪᠦᠬᠦ ᠪᠠᠯᠭᠠᠰᠤᠨ ᠤ 120 ᠭᠠᠷᠤᠢ ᠨᠠᠮ ᠤᠨ ᠭᠡᠰᠢᠭᠦᠨ ᠺᠠᠳ᠋ᠷ ᠪᠦᠬᠦᠨ ᠢᠶᠠᠷ ᠢᠶᠠᠨ ᠦᠨᠳᠦᠰᠦᠨ ᠱᠠᠲᠤᠨ ᠤ ᠨᠡᠶᠢᠭᠡᠮ ᠲᠣᠭᠤᠷᠢᠭ ᠲᠤ ᠣᠴᠢᠨ᠂ 19 ᠦᠨᠳᠦᠰᠦᠨ ᠱᠠᠲᠤᠨ ᠤ ᠨᠠᠮ ᠤᠨ ᠡᠭᠦᠷ ᠲᠤ ᠨᠡᠷ᠎ᠡ ᠮᠡᠳᠡᠭᠦᠯᠵᠦ᠂ ᠲᠦᠷᠦᠭᠦᠨ ᠳᠤᠨᠢ ᠭᠠᠪᠰᠢᠭᠠᠶᠢᠯᠠᠨ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠳᠡᠭᠡᠳᠦ ᠱᠠᠲᠤᠨ ᠠᠴᠠ ᠠᠳᠬᠤᠬᠤ᠂ ᠨᠠᠮ ᠤᠨ ᠭᠡᠰᠢᠭᠦᠨ ᠺᠠᠳ᠋ᠷ ᠬᠠᠮᠲᠤ ᠪᠠᠷ ᠠᠳᠬᠤᠬᠤ ᠠᠵᠢᠯ ᠤᠨ ᠪᠠᠶᠢᠳᠠᠯ ᠢ ᠪᠤᠶ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠦᠨᠡᠨᠬᠦ ᠦᠨᠳᠦᠰᠦᠨ ᠱᠠᠲᠤᠨ ᠤ ᠵᠥᠷᠢᠴᠡᠯ ᠢ ᠰᠢᠢᠳᠪᠦᠷᠢᠯᠡᠬᠦ ︽ᠲᠣᠰᠣᠯᠠᠭᠤᠷ︾ ᠪᠣᠯᠭᠠᠨ ᠰᠠᠶᠢᠨ ᠳᠤᠷ᠎ᠠ ᠶᠢᠨ ᠠᠵᠢᠯᠯᠠᠭᠴᠢ ᠶᠢ ᠬᠥᠲᠥᠯᠥᠨ ᠵᠢᠯᠤᠭᠤᠳᠴᠤ ᠪᠠᠶᠢᠭᠠᠳ ᠡᠭᠦᠳᠡ ᠲᠣᠭᠰᠢᠵᠤ ᠬᠡᠷᠡᠭᠴᠡᠭᠡ ᠶᠢ ᠨᠢ ᠠᠰᠠᠭᠤᠬᠤ᠂ ᠭᠡᠷ ᠎ ᠲᠤᠨᠢ ᠬᠦᠷᠴᠦ ᠰᠡᠳᠦᠪ ᠢ ᠨᠢ ᠪᠤᠳᠤᠬᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠠᠯᠠᠨ ᠪᠦᠷᠢᠳᠬᠡᠬᠦ ᠵᠡᠷᠭᠡ ᠠᠷᠭ᠎ᠠ ᠬᠡᠯᠪᠡᠷᠢ ᠪᠠᠷ ᠤᠯᠠᠨ ᠲᠦᠮᠡᠨ ᠳᠤ 500 ᠭᠠᠷᠤᠢ ᠪᠣᠳᠠᠲᠠᠢ ᠶᠠᠪᠤᠳᠠᠯ ᠰᠠᠶᠢᠨ ᠶᠠᠪᠤᠳᠠᠯ ᠬᠢᠵᠦ ᠬᠦᠴᠢᠷ ᠶᠠᠪᠤᠳᠠᠯ ᠢ ᠎ ᠨᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠢ ᠳᠠᠰᠤᠷᠠᠯᠳᠠ ᠦᠭᠡᠢ ᠲᠡᠭᠡᠭᠰᠢᠯᠡᠭᠦᠯᠵᠠᠢ᠃    ᠣᠯᠠᠨ ᠡᠰᠢᠴᠢᠯᠡᠨ ᠬᠠᠮᠲᠤ ᠪᠠᠷ ᠵᠠᠰᠠᠬᠤ ︽ᠵᠠᠯᠠᠭᠤᠷ︾᠎ ᠢ ᠰᠠᠶᠢᠲᠤᠷ ᠠᠳᠬᠤᠬᠤ ᠬᠡᠷᠡᠭᠳᠡᠢ    ︽ᠮᠠᠨ ᠤ ᠡᠨᠡ ᠤᠳᠠᠭ᠎ᠠ  ᠎ ᠶᠢᠨ ︿ᠵᠣᠯ ᠵᠢᠷᠭᠠᠯᠲᠤ ᠠᠰᠠᠷ ᠤᠨ ᠭᠤᠳᠣᠮᠵᠢ﹀᠎ ᠶᠢ ᠰᠢᠯᠭᠠᠷᠠᠭᠤᠯᠬᠤ ᠠᠵᠢᠯᠯᠠᠭ᠎ᠠ ᠪᠣᠯ ᠰᠠᠭᠤᠭᠠᠯᠢ ᠠᠷᠠᠳ ᠤᠨ ᠡᠭᠦᠳᠦᠨ ᠪᠠᠶᠢᠭᠤᠯᠬᠤ ᠳᠤ ᠣᠷᠣᠯᠴᠠᠬᠤ ᠢᠳᠡᠪᠬᠢᠵᠢᠯ  ᠎ ᠢ ᠭᠦᠢᠴᠡᠳ ᠳᠠᠶᠢᠴᠢᠯᠠᠵᠤ᠂ ᠣᠯᠠᠨ  ᠎ ᠢ ᠬᠥᠲᠥᠯᠥᠨ ᠵᠢᠯᠤᠭᠤᠳᠴᠤ ᠪᠠᠶᠢᠭᠠᠳ ︿ᠨᠠᠳᠠ  ᠎ ᠶᠢ ᠣᠷᠣᠯᠴᠠᠭᠤᠯᠬᠤ﹀ ᠪᠠᠶᠢᠭᠰᠠᠨ  ᠎ ᠠᠴᠠ ︿ᠪᠢ ᠣᠷᠣᠯᠴᠠᠬᠤ﹀ ᠪᠣᠯᠭᠠᠨ ᠬᠤᠪᠢᠷᠠᠭᠤᠯᠬᠤ  ᠎ ᠶᠢᠨ ᠲᠥᠯᠥᠭᠡ ᠶᠤᠮ︾᠃ ︽ᠵᠣᠯ ᠵᠢᠷᠭᠠᠯᠲᠤ ᠠᠰᠠᠷ ᠤᠨ ᠭᠤᠳᠤᠮᠵᠢ︾ ᠎ ᠶᠢ ᠰᠢᠯᠭᠠᠷᠠᠭᠤᠯᠬᠤ ᠲᠤᠬᠠᠢ ᠶᠢᠨ ᠲᠠᠯᠠᠪᠠᠢ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ  ᠸᠠᠨ ᠴᠢᠤᠸᠠᠨ ᠵᠢᠶᠠ ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢ ᠵᠢᠩ ᠵᠢᠩ ᠰᠠᠭᠤᠭᠠᠯᠢ ᠠᠷᠠᠳ ᠲᠤ ᠢᠩᠭᠢᠵᠦ ᠬᠡᠯᠡᠪᠡ᠃    ᠡᠨᠡ ᠵᠢᠯ ᠠᠴᠠ ᠨᠠᠰᠢ᠂  ᠲᠣᠭᠤᠭᠠᠨ ᠪᠣᠯᠠᠭ ᠪᠠᠯᠭᠠᠰᠣ ᠶᠢᠨ ᠬᠢᠨ ᠠᠵᠢᠯ ᠤᠨ ᠰᠡᠳᠬᠢᠴᠡ ᠪᠠᠨ ᠰᠢᠨᠡᠴᠢᠯᠡᠵᠦ᠂ ᠠᠵᠢᠯ ᠤᠨ ᠴᠢᠨᠠᠷ ᠴᠢᠨᠰᠠᠭ᠎ᠠ ᠪᠠᠷ ᠢᠶᠠᠨ ᠪᠣᠯᠪᠠᠰᠤᠨ ᠤ ᠥᠩᠭᠡ ᠶᠢ ᠬᠡᠷᠡᠯᠳᠦᠭᠦᠯᠦᠨ ᠤᠯᠠᠨ ᠲᠦᠮᠡᠨ ᠳᠤ ᠰᠠᠶᠢᠨ ᠳᠤᠷ᠎ᠠ ᠶᠢᠨ ᠦᠢᠯᠡᠴᠢᠯᠡᠭᠡ ᠶᠢᠨ ᠠᠮᠢᠳᠤᠷᠠᠯ ᠳᠤ ᠠᠪᠴᠢᠷᠠᠭᠰᠠᠨ ᠦᠨᠡᠨ ᠪᠣᠳᠠᠲᠠᠢ ᠬᠤᠪᠢᠷᠠᠯᠲᠠ ᠶᠢ ᠦᠨᠡᠨᠬᠦ ᠮᠡᠳᠡᠷᠡᠭᠦᠯᠵᠡᠢ᠃ ᠡᠭᠦᠨ ᠳᠤ᠂ ᠲᠣᠭᠤᠭᠠᠨ ᠪᠣᠯᠠᠭ ᠪᠠᠯᠭᠠᠰᠤᠨ ᠤ ᠠᠨ ᠲᠠᠢ ᠨᠡᠶᠢᠭᠡᠮ ᠲᠣᠭᠤᠷᠢᠭ ᠨᠢ ︽ᠤᠯᠠᠭᠠᠨ ᠤᠰᠤᠨ ᠳᠤᠰᠤᠯ ᠤᠨ ᠶᠣᠰᠣ ᠰᠤᠷᠲᠠᠬᠤᠨ ᠤ ᠪᠠᠩᠬᠢ︾᠎ ᠪᠠᠷ ᠬᠠᠶᠢᠷ᠎ᠠ ᠳᠤ ᠴᠢᠳᠠᠮᠵᠢ ᠪᠣᠯᠭᠠᠨ᠂ ᠤᠯᠠᠮᠵᠢᠯᠠᠯᠲᠤ ᠬᠡᠪ ᠵᠠᠭᠪᠤᠷ ᠢ ︽ᠰᠠᠶᠢᠵᠢᠷᠠᠭᠤᠯᠬᠤ︾ ᠶᠣᠰᠣ ᠰᠤᠷᠲᠠᠬᠤᠨ ᠤ ᠪᠠᠩᠬᠢ ᠪᠠᠷ ᠳᠠᠮᠵᠢᠭᠤᠯᠵᠤ᠂ ︽ᠡᠶ᠎ᠡ ᠨᠠᠶᠢᠷᠲᠠᠢ ᠪᠣᠯᠪᠠᠴᠤ ᠠᠳᠠᠯᠢ ᠪᠤᠰᠤ︾ ᠰᠢᠨ᠎ᠡ ᠬᠡᠪ ᠵᠠᠭᠪᠤᠷ ᠢ ᠪᠦᠷᠢᠯᠳᠦᠭᠦᠯᠵᠦ᠂ ᠰᠠᠶᠢᠨ ᠬᠥᠮᠥᠨ ᠰᠠᠶᠢᠨ ᠶᠠᠪᠤᠳᠠᠯ ᠲᠠᠰᠤᠷᠠᠯᠳᠡ ᠦᠭᠡᠢ ᠴᠣᠯᠭᠤᠷᠠᠨ ᠭᠠᠷᠪᠠ᠃ ᠴᠦᠨ ᠬᠤᠸᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ︽ᠪᠢᠴᠢᠯ ᠪᠣᠳᠠᠲᠤ ᠶᠠᠪᠤᠳᠠᠯ︾᠎ ᠨᠢ ᠠᠷᠠᠳ ᠢᠷᠭᠡᠳ ᠤᠨ ︽ᠶᠡᠭᠡ ᠵᠣᠯ ᠵᠢᠷᠭᠠᠯ︾᠎ ᠢ ᠰᠠᠬᠢᠨ ᠬᠠᠮᠠᠭᠠᠯᠠᠵᠤ᠂ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠬᠠᠶᠢᠷᠴᠠᠭ ᠢ ᠤᠭᠰᠠᠷᠠᠬᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠠᠵᠢᠯᠯᠠᠭᠠᠨ ᠤ ᠲᠠᠰᠤᠭ ᠢ ᠥᠭᠡᠷᠡᠴᠢᠯᠡᠨ ᠰᠠᠶᠢᠵᠢᠷᠠᠭᠤᠯᠬᠤ᠂ ᠪᠣᠬᠢᠷ ᠤᠰᠤᠨ ᠤ ᠲᠠᠲᠠᠭᠠᠯ ᠢ ᠥᠭᠡᠷᠡᠴᠢᠯᠡᠨ ᠰᠢᠨᠡᠳᠬᠡᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠢᠯ ᠢᠶᠠᠨ ᠨᠠᠷᠢᠯᠢᠭ ᠵᠦᠢᠯ ᠳᠤ ᠠᠳᠬᠤᠵᠤ᠂ ᠪᠣᠳᠠᠲᠤ ᠦᠷ᠎ᠡ ᠪᠦᠲᠦᠮᠵᠢ ᠳᠤ ᠨᠠᠶᠢᠳᠠᠪᠤᠷᠢᠵᠢᠭᠤᠯᠬᠤ ᠬᠡᠷᠡᠭᠲᠡᠢ  ᠃ ᠲᠧᠩ ᠹᠧᠢ ᠨᠡᠶᠢᠭᠡᠮ ᠲᠣᠭᠤᠷᠢᠭ ᠤᠨ ᠬᠢᠨ ︽ᠬᠤᠪᠢᠰᠬᠠᠯ ᠤᠨ ᠠᠳᠠᠯ ᠠᠬᠤᠢ︾᠎ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠵᠠᠭᠪᠤᠷ ᠢ ᠰᠦᠪᠡᠭᠴᠢᠯᠡᠵᠦ᠂ ᠠᠳᠠᠯ ᠠᠬᠤᠢ ᠶᠢᠨ ᠲᠥᠷᠥᠯ ᠵᠦᠢᠯ ᠤᠨ ︽ᠣᠳᠣᠨ ᠲᠠᠰ ᠤᠨ ᠦᠨᠡᠯᠡᠨ ᠲᠣᠭᠲᠠᠭᠠᠵᠤ ᠫᠠᠶᠢᠰᠠ ᠣᠯᠭᠤᠬᠤ︾᠎ ᠪᠠᠷ ᠭᠠᠷᠳᠠᠴᠠ ᠪᠣᠯᠭᠠᠵᠤ᠂ ᠠᠳᠠᠯ ᠠᠬᠤᠢ ᠶᠢᠨ ᠬᠠᠮᠢᠶᠠᠷᠤᠯᠲᠠ ᠵᠢᠷᠤᠮᠵᠢᠯ ᠦᠭᠡᠢ᠂ ᠦᠢᠯᠡᠴᠢᠯᠡᠭᠡ ᠬᠦᠷᠦᠯᠴᠡᠬᠦ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠵᠦ᠂ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠦᠢᠯᠡᠳᠦᠯ ᠴᠢᠳᠠᠪᠤᠷᠢ ᠶᠢ ᠦᠨᠡᠨᠬᠦ ᠲᠡᠭᠡᠭᠰᠢᠯᠡᠭᠦᠯᠪᠠ᠃     ᠣᠳᠣ ᠪᠣᠯᠲᠠᠯ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠣᠭᠤᠭᠠᠨ ᠪᠣᠯᠠᠭ ᠪᠠᠯᠭᠠᠰᠤᠨ ᠤ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ᠂ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠠᠵᠢᠯᠯᠠᠭᠴᠢ᠂ ᠰᠤᠷᠤᠭᠴᠢᠳ ᠤᠨ ᠰᠠᠶᠢᠨ ᠳᠤᠷ᠎ᠠ ᠶᠢᠨ ᠠᠵᠢᠯᠯᠠᠭᠴᠢ ᠨᠠᠷ ᠠᠰᠠᠷ ᠤᠨ ᠭᠤᠳᠤᠮᠵᠢ ᠶᠢᠨ ᠡᠯᠳᠡᠪ ᠶᠠᠭᠤᠮ᠎ᠠ ᠶᠢ ᠴᠡᠪᠡᠷᠯᠡᠵᠦ᠂ ᠮᠠᠰᠢᠨᠲᠤ ᠪᠤᠰᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠵᠤ᠂ ᠨᠢᠰᠬᠡᠯ ᠢᠶᠠᠷ ᠴᠠᠬᠢᠯᠭᠠᠨ ᠴᠡᠨᠡᠭᠯᠡᠬᠦ ᠶᠢ ᠨᠡᠶᠢᠳᠡ 1000 ᠭᠠᠷᠤᠢ ᠭᠠᠵᠠᠷ ᠲᠤ ᠴᠡᠪᠡᠷᠯᠡᠵᠦ᠂ 2000 ᠰᠢᠬᠠᠮ ᠪᠤᠵᠠᠷ ᠪᠤᠷᠲᠠᠭ ᠢ ᠴᠡᠪᠡᠷᠯᠡᠵᠦ᠂ ᠮᠢᠩᠭ᠎ᠠ ᠭᠠᠷᠤᠢ ᠲᠣᠨ ᠬᠤᠭ ᠨᠣᠪᠰᠢ ᠶᠢ ᠴᠡᠪᠡᠷᠯᠡᠵᠦ᠂ ᠡᠪᠡᠳᠴᠢᠨ ᠤ ᠵᠠᠭᠤᠴᠢᠯᠠᠭᠤᠷ ᠤᠨ ᠠᠮᠢᠳᠤ ᠪᠣᠳᠠᠰ ᠤᠨ ᠦᠷᠡᠵᠢᠭᠰᠡᠨ ᠭᠠᠵᠠᠷ ᠢ ᠵᠠᠭᠤ ᠭᠠᠷᠤᠢ ᠴᠡᠪᠡᠷᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠰᠠᠭᠤᠭᠠᠯᠢ ᠠᠷᠠᠳ ᠲᠤ ᠠᠮᠤᠷ ᠲᠦᠪᠰᠢᠨ᠂ ᠠᠷᠢᠭᠤᠨ ᠴᠡᠪᠡᠷ᠂ ᠲᠠᠭᠠᠯᠠᠮᠵᠢᠲᠠᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号