ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠠ ᠣᠯᠠᠨ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ | ᠰᠢᠨ᠎ᠡ ᠮᠡᠷᠭᠡᠵᠢᠯ ᠤᠨ ᠣᠷᠣᠨ ᠨᠢ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠡ ᠨᠠᠮ ᠤᠨ ᠡᠭᠦᠷ ᠨᠢᠭᠡ ᠪᠠᠬᠢᠯᠡᠯᠲᠡ᠂ ᠨᠢᠭᠡ | ᠨᠠᠮ ᠤᠨ ᠭᠡᠰᠢᠭᠦᠨ ᠤ ᠨᠢᠭᠡ ᠲᠤᠭ ᠲᠡᠮᠳᠡᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠷᠢᠭᠤᠴᠠᠯᠭ᠎ᠠ | ᠡᠭᠦᠷᠭᠡᠯᠡᠬᠦ ᠶᠢ ᠴᠢᠩᠭᠠᠳᠬᠠᠨ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠭᠠᠷᠭᠠᠬᠤ ᠶᠢ ᠴᠢᠬᠤᠯᠠᠴᠢᠯᠠᠵᠤ᠂ ᠡᠬᠢ | ᠪᠠᠶᠠᠯᠢᠭ᠂ ᠬᠠᠮᠢᠶᠠᠷᠤᠯᠲᠠ᠂ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠶᠢ ᠠᠬᠢᠭᠤᠯᠣᠨ ᠨᠠᠮ ᠤᠨ ᠪᠠᠶᠢᠭᠤᠯᠤᠯᠲᠠ ᠪᠠᠷ | ᠬᠥᠲᠥᠯᠥᠨ ᠳᠠᠭᠠᠭᠤᠯᠤᠭᠰᠠᠨ᠂ ᠤᠯᠠᠨ ᠡᠰᠢᠴᠢᠯᠡᠨ ᠬᠠᠮᠲᠤᠪᠠᠷ ᠵᠠᠰᠠᠭᠰᠠᠨ ᠦᠨᠳᠦᠰᠦᠨ ᠱᠠᠲᠤᠨ ᠤ ᠵᠠᠰᠠᠯᠲᠠ ᠶᠢᠨ | ︽ᠬᠠᠮᠲᠤ ᠶᠢᠨ ᠴᠣᠭᠴᠠ︾ ᠶᠢ ᠪᠠᠶᠢᠭᠤᠯᠵᠤ᠂ ᠨᠠᠮ ᠤᠨ ᠪᠠᠶᠢᠭᠤᠯᠤᠯᠲᠠ ᠪᠣᠯᠣᠨ ᠦᠨᠳᠦᠰᠦᠨ ᠱᠠᠲᠤᠨ ᠤ | ᠵᠠᠰᠠᠯᠲᠠ ᠶᠢᠨ ᠰᠣᠯᠪᠢᠴᠠᠨ ᠠᠭᠤᠰᠤᠯᠴᠠᠭᠰᠠᠨ᠂ ᠬᠤᠣᠰ ᠴᠢᠭᠯᠡᠯ ᠢᠶᠠᠷ ᠳᠡᠭᠡᠭᠰᠢᠯᠡᠭᠰᠡᠨ ᠰᠠᠶᠢᠨ ᠰᠠᠶᠢᠬᠠᠨ | ᠪᠠᠶᠢᠷᠢᠰᠢᠯ ᠢ ᠪᠦᠷᠢᠯᠳᠦᠭᠦᠯᠪᠡ᠃ | ᠭᠤᠣᠯᠯᠠᠭᠴᠢ ᠬᠦᠴᠦᠨ ᠤ ︽ᠡᠨᠧᠷᠬᠢᠳᠣ ᠴᠥᠭᠦᠷᠥᠮ︾ ᠢ ᠰᠠᠶᠢᠲᠤᠷ ᠪᠠᠶᠢᠭᠤᠯᠬᠤ ᠬᠡᠷᠡᠭᠲᠡᠢ | ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠣᠭᠤᠭᠠᠨ ᠪᠣᠯᠠᠭ | ᠪᠠᠯᠭᠠᠰᠣ ᠶᠢᠨ ᠬᠢᠨ ᠤᠬᠠᠭᠤᠯᠵᠤ ᠬᠥᠲᠥᠯᠥᠨ ᠵᠢᠯᠤᠭᠤᠳᠬᠤ ᠶᠢ ᠳᠣᠪᠤᠶᠢᠯᠭᠠᠵᠤ᠂ ᠬᠡᠪᠰᠢᠮᠡᠯ ᠰᠡᠳᠬᠢᠬᠦᠢ ᠶᠢ | ᠡᠪᠳᠡᠵᠦ᠂ ᠰᠢᠰᠲ᠋ᠧᠮᠲᠦ ᠣᠶᠢᠯᠠᠭᠠᠭᠳᠠᠬᠤᠨ ᠢᠶᠠᠨ ᠴᠢᠩᠭᠠᠳᠬᠠᠵᠤ᠂ ︽ᠨᠠᠮ ᠤᠨ ᠲᠠᠭᠤᠨ ᠲᠦᠮᠡᠨ ᠡᠷᠦᠬᠡ ᠳᠤ | ᠳᠠᠭᠤᠷᠢᠰᠬᠤ︾ ᠪᠠᠷ ᠭᠤᠣᠯ ᠰᠡᠳᠦᠪ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ | ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠪᠠᠷ ᠭᠤᠣᠯᠳᠠᠭᠤᠯᠵᠤ᠂ | ᠰᠢᠷᠢᠰ ᠭᠤᠣᠯ ᠰᠡᠳᠦᠪᠲᠦ ᠤᠨᠤᠯ ᠤᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 20 ᠭᠠᠷᠤᠢ ᠤᠳᠠᠭ᠎ᠠ | ᠥᠷᠨᠢᠭᠦᠯᠵᠦ᠂ ᠡᠯ᠎ᠡ ᠲᠦᠷᠦᠯ ᠤᠨ ᠤᠬᠠᠭᠤᠯᠬᠤ ᠮᠠᠲ᠋ᠧᠷᠢᠶᠠᠯ ᠢ 5000 ᠭᠠᠷᠤᠢ ᠬᠤᠪᠢ ᠲᠠᠷᠬᠠᠭᠠᠵᠤ᠂ ︽ | ᠬᠠᠭᠤᠴᠢᠨ ᠢ ᠡᠪᠳᠡᠨ ᠰᠢᠨ᠎ᠡ ᠶᠢ ᠪᠠᠶᠢᠭᠤᠯᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ︾ ᠪᠣᠯᠪᠠᠰᠤᠨ ᠰᠢᠨ᠎ᠡ | ᠬᠡᠪ ᠰᠤᠷᠲᠠᠯ ᠢ ᠶᠡᠭᠡ ᠪᠠᠷ ᠰᠠᠨᠠᠭᠠᠴᠢᠯᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠭᠡᠷ ᠣᠷᠣᠨ ᠢᠶᠠᠨ ᠰᠠᠬᠢᠨ ᠪᠠᠷᠠᠯᠠᠵᠦ | ᠬᠠᠷᠢᠯᠴᠠᠨ ᠬᠠᠪᠰᠤᠷᠤᠯᠴᠠᠬᠤ︾ ᠵᠡᠷᠭᠡ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭ᠎ᠠ ᠶᠢ ᠥᠷᠭᠡᠨ | ᠳᠡᠯᠭᠡᠷᠡᠩᠭᠦᠢ ᠪᠠᠷ ᠥᠷᠨᠢᠭᠦᠯᠵᠦ᠂ ᠤᠯᠠᠨ ᠲᠦᠮᠡᠨ ᠳᠤ ᠬᠠᠤᠯᠢ ᠪᠠᠷ ᠵᠠᠰᠠᠬᠤ᠂ ᠣᠷᠴᠢᠨ ᠠᠬᠤᠢ ᠶᠢ ᠬᠠᠮᠠᠭᠠᠯᠠᠬᠤ᠂ | ᠬᠠᠪᠰᠤᠷᠤᠨ ᠲᠡᠳᠬᠦᠬᠦ᠂ ᠪᠡᠶ᠎ᠡ ᠮᠠᠬᠠᠪᠤᠳ ᠢ ᠴᠢᠭᠢᠷᠠᠭᠵᠢᠭᠤᠯᠬᠤ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠵᠡᠷᠭᠡ ᠬᠠᠨᠳᠤᠯᠭᠠᠲᠤ ᠴᠢᠨᠠᠷᠲᠠᠢ ᠰᠠᠶᠢᠨ ᠳᠤᠷ᠎ᠠ ᠶᠢᠨ ᠤᠬᠠᠭᠤᠯᠭ᠎ᠠ ᠶᠢᠨ ᠦᠢᠯᠡᠴᠢᠯᠡᠭᠡ ᠶᠢ 40 ᠭᠠᠷᠤᠢ ᠲᠠᠯᠠᠪᠤᠷ | ᠬᠠᠩᠭᠠᠵᠤ᠂ ᠰᠠᠶᠢᠨ ᠳᠤᠷ᠎ᠠ ᠶᠢᠨ ᠦᠢᠯᠡᠴᠢᠯᠡᠭᠡ ᠶᠢᠨ ᠬᠠᠨᠳᠤᠯᠭᠠᠲᠤ ᠴᠢᠨᠠᠷ᠂ ᠪᠣᠳᠠᠲᠤ ᠪᠦᠲᠦᠮᠵᠢᠲᠦ ᠴᠢᠨᠠᠷ ᠢ | ᠲᠠᠰᠤᠷᠠᠯᠳᠠ ᠦᠭᠡᠢ ᠴᠢᠩᠭᠠᠳᠬᠠᠪᠠ᠃ | ᠰᠢᠷᠢᠰ ᠤᠬᠠᠭᠤᠯᠤᠨ ᠲᠠᠶᠢᠯᠪᠤᠷᠢᠯᠠᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠥᠷᠨᠢᠭᠦᠯᠬᠦ ᠶᠢᠨ | ᠬᠠᠮᠲᠤ᠂ ᠳᠡᠭᠡᠳᠦ ᠰᠢᠨ᠎ᠡ ᠮᠡᠷᠭᠡᠵᠢᠯ ᠤᠨ ᠤᠷᠤᠨ ᠤ ᠸᠠᠨ ᠱᠦᠢ ᠴᠢᠤᠸᠠᠨ ᠪᠠᠯᠭᠠᠰᠤᠨ ᠤ ᠥᠷᠭᠡᠨ ᠣᠯᠠᠨ ᠨᠠᠮ ᠤᠨ | ᠭᠡᠰᠢᠭᠦᠨ ᠺᠠᠳ᠋ᠷ ᠪᠠᠰᠠ ︽ᠤᠳᠤᠷᠢᠳᠬᠤ ᠪᠠᠭ ᠤᠨ ᠪᠦᠷᠢᠯᠳᠦᠭᠦᠨ ᠳᠠᠭᠠᠭᠠᠴᠢᠯᠠᠨ ᠬᠤᠯᠪᠣᠭᠠᠯᠠᠬᠤ ᠳᠦᠷᠢᠮ︾ ᠢ | ᠬᠡᠷᠡᠭᠵᠢᠭᠦᠯᠵᠦ᠂ ᠪᠦᠬᠦ ᠪᠠᠯᠭᠠᠰᠤᠨ ᠤ 120 ᠭᠠᠷᠤᠢ ᠨᠠᠮ ᠤᠨ ᠭᠡᠰᠢᠭᠦᠨ ᠺᠠᠳ᠋ᠷ ᠪᠦᠬᠦᠨ ᠢᠶᠠᠷ ᠢᠶᠠᠨ ᠦᠨᠳᠦᠰᠦᠨ | ᠱᠠᠲᠤᠨ ᠤ ᠨᠡᠶᠢᠭᠡᠮ ᠲᠣᠭᠤᠷᠢᠭ ᠲᠤ ᠣᠴᠢᠨ᠂ 19 ᠦᠨᠳᠦᠰᠦᠨ ᠱᠠᠲᠤᠨ ᠤ ᠨᠠᠮ ᠤᠨ ᠡᠭᠦᠷ ᠲᠤ ᠨᠡᠷ᠎ᠡ | ᠮᠡᠳᠡᠭᠦᠯᠵᠦ᠂ ᠲᠦᠷᠦᠭᠦᠨ ᠳᠤᠨᠢ ᠭᠠᠪᠰᠢᠭᠠᠶᠢᠯᠠᠨ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠬᠤ᠂ | ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠳᠡᠭᠡᠳᠦ ᠱᠠᠲᠤᠨ ᠠᠴᠠ ᠠᠳᠬᠤᠬᠤ᠂ ᠨᠠᠮ ᠤᠨ ᠭᠡᠰᠢᠭᠦᠨ ᠺᠠᠳ᠋ᠷ | ᠬᠠᠮᠲᠤ ᠪᠠᠷ ᠠᠳᠬᠤᠬᠤ ᠠᠵᠢᠯ ᠤᠨ ᠪᠠᠶᠢᠳᠠᠯ ᠢ ᠪᠤᠶ ᠪᠣᠯᠭᠠᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ | ᠦᠨᠡᠨᠬᠦ ᠦᠨᠳᠦᠰᠦᠨ ᠱᠠᠲᠤᠨ ᠤ ᠵᠥᠷᠢᠴᠡᠯ ᠢ ᠰᠢᠢᠳᠪᠦᠷᠢᠯᠡᠬᠦ ︽ᠲᠣᠰᠣᠯᠠᠭᠤᠷ︾ ᠪᠣᠯᠭᠠᠨ ᠰᠠᠶᠢᠨ ᠳᠤᠷ᠎ᠠ ᠶᠢᠨ | ᠠᠵᠢᠯᠯᠠᠭᠴᠢ ᠶᠢ ᠬᠥᠲᠥᠯᠥᠨ ᠵᠢᠯᠤᠭᠤᠳᠴᠤ ᠪᠠᠶᠢᠭᠠᠳ ᠡᠭᠦᠳᠡ ᠲᠣᠭᠰᠢᠵᠤ ᠬᠡᠷᠡᠭᠴᠡᠭᠡ ᠶᠢ ᠨᠢ ᠠᠰᠠᠭᠤᠬᠤ᠂ ᠭᠡᠷ | ᠲᠤᠨᠢ ᠬᠦᠷᠴᠦ ᠰᠡᠳᠦᠪ ᠢ ᠨᠢ ᠪᠤᠳᠤᠬᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠠᠯᠠᠨ ᠪᠦᠷᠢᠳᠬᠡᠬᠦ ᠵᠡᠷᠭᠡ ᠠᠷᠭ᠎ᠠ | ᠬᠡᠯᠪᠡᠷᠢ ᠪᠠᠷ ᠤᠯᠠᠨ ᠲᠦᠮᠡᠨ ᠳᠤ 500 ᠭᠠᠷᠤᠢ ᠪᠣᠳᠠᠲᠠᠢ ᠶᠠᠪᠤᠳᠠᠯ ᠰᠠᠶᠢᠨ ᠶᠠᠪᠤᠳᠠᠯ ᠬᠢᠵᠦ ᠬᠦᠴᠢᠷ ᠶᠠᠪᠤᠳᠠᠯ ᠢ | ᠨᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠵᠣᠯ ᠵᠢᠷᠭᠠᠯ ᠤᠨ | ᠲᠥᠷᠥᠭᠳᠡᠯ ᠢ ᠳᠠᠰᠤᠷᠠᠯᠳᠠ ᠦᠭᠡᠢ ᠲᠡᠭᠡᠭᠰᠢᠯᠡᠭᠦᠯᠵᠠᠢ᠃ | ᠣᠯᠠᠨ ᠡᠰᠢᠴᠢᠯᠡᠨ ᠬᠠᠮᠲᠤ ᠪᠠᠷ ᠵᠠᠰᠠᠬᠤ ︽ᠵᠠᠯᠠᠭᠤᠷ︾ ᠢ ᠰᠠᠶᠢᠲᠤᠷ ᠠᠳᠬᠤᠬᠤ ᠬᠡᠷᠡᠭᠳᠡᠢ | ︽ᠮᠠᠨ ᠤ ᠡᠨᠡ ᠤᠳᠠᠭ᠎ᠠ ᠶᠢᠨ ︿ᠵᠣᠯ ᠵᠢᠷᠭᠠᠯᠲᠤ ᠠᠰᠠᠷ ᠤᠨ ᠭᠤᠳᠣᠮᠵᠢ﹀ ᠶᠢ ᠰᠢᠯᠭᠠᠷᠠᠭᠤᠯᠬᠤ ᠠᠵᠢᠯᠯᠠᠭ᠎ᠠ | ᠪᠣᠯ ᠰᠠᠭᠤᠭᠠᠯᠢ ᠠᠷᠠᠳ ᠤᠨ ᠡᠭᠦᠳᠦᠨ ᠪᠠᠶᠢᠭᠤᠯᠬᠤ ᠳᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ | ᠣᠯᠠᠨ ᠢ ᠬᠥᠲᠥᠯᠥᠨ ᠵᠢᠯᠤᠭᠤᠳᠴᠤ ᠪᠠᠶᠢᠭᠠᠳ ︿ᠨᠠᠳᠠ ᠶᠢ ᠣᠷᠣᠯᠴᠠᠭᠤᠯᠬᠤ﹀ ᠪᠠᠶᠢᠭᠰᠠᠨ ᠠᠴᠠ ︿ᠪᠢ | ᠣᠷᠣᠯᠴᠠᠬᠤ﹀ ᠪᠣᠯᠭᠠᠨ ᠬᠤᠪᠢᠷᠠᠭᠤᠯᠬᠤ ᠶᠢᠨ ᠲᠥᠯᠥᠭᠡ ᠶᠤᠮ︾᠃ ︽ᠵᠣᠯ ᠵᠢᠷᠭᠠᠯᠲᠤ ᠠᠰᠠᠷ ᠤᠨ ᠭᠤᠳᠤᠮᠵᠢ︾ | ᠶᠢ ᠰᠢᠯᠭᠠᠷᠠᠭᠤᠯᠬᠤ ᠲᠤᠬᠠᠢ ᠶᠢᠨ ᠲᠠᠯᠠᠪᠠᠢ ᠳᠤ᠂ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠠᠨ ᠴᠢᠤᠸᠠᠨ ᠵᠢᠶᠠ | ᠶᠤᠸᠠᠨ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢ ᠵᠢᠩ ᠵᠢᠩ ᠰᠠᠭᠤᠭᠠᠯᠢ ᠠᠷᠠᠳ ᠲᠤ ᠢᠩᠭᠢᠵᠦ | ᠬᠡᠯᠡᠪᠡ᠃ | ᠡᠨᠡ ᠵᠢᠯ ᠠᠴᠠ ᠨᠠᠰᠢ᠂ ᠲᠣᠭᠤᠭᠠᠨ ᠪᠣᠯᠠᠭ ᠪᠠᠯᠭᠠᠰᠣ ᠶᠢᠨ ᠬᠢᠨ ᠠᠵᠢᠯ ᠤᠨ ᠰᠡᠳᠬᠢᠴᠡ ᠪᠠᠨ ᠰᠢᠨᠡᠴᠢᠯᠡᠵᠦ᠂ | ᠠᠵᠢᠯ ᠤᠨ ᠴᠢᠨᠠᠷ ᠴᠢᠨᠰᠠᠭ᠎ᠠ ᠪᠠᠷ ᠢᠶᠠᠨ ᠪᠣᠯᠪᠠᠰᠤᠨ ᠤ ᠥᠩᠭᠡ ᠶᠢ ᠬᠡᠷᠡᠯᠳᠦᠭᠦᠯᠦᠨ ᠤᠯᠠᠨ ᠲᠦᠮᠡᠨ ᠳᠤ ᠰᠠᠶᠢᠨ | ᠳᠤᠷ᠎ᠠ ᠶᠢᠨ ᠦᠢᠯᠡᠴᠢᠯᠡᠭᠡ ᠶᠢᠨ ᠠᠮᠢᠳᠤᠷᠠᠯ ᠳᠤ ᠠᠪᠴᠢᠷᠠᠭᠰᠠᠨ ᠦᠨᠡᠨ ᠪᠣᠳᠠᠲᠠᠢ ᠬᠤᠪᠢᠷᠠᠯᠲᠠ ᠶᠢ ᠦᠨᠡᠨᠬᠦ | ᠮᠡᠳᠡᠷᠡᠭᠦᠯᠵᠡᠢ᠃ ᠡᠭᠦᠨ ᠳᠤ᠂ ᠲᠣᠭᠤᠭᠠᠨ ᠪᠣᠯᠠᠭ ᠪᠠᠯᠭᠠᠰᠤᠨ ᠤ ᠠᠨ ᠲᠠᠢ ᠨᠡᠶᠢᠭᠡᠮ ᠲᠣᠭᠤᠷᠢᠭ ᠨᠢ ︽ᠤᠯᠠᠭᠠᠨ | ᠤᠰᠤᠨ ᠳᠤᠰᠤᠯ ᠤᠨ ᠶᠣᠰᠣ ᠰᠤᠷᠲᠠᠬᠤᠨ ᠤ ᠪᠠᠩᠬᠢ︾ ᠪᠠᠷ ᠬᠠᠶᠢᠷ᠎ᠠ ᠳᠤ ᠴᠢᠳᠠᠮᠵᠢ ᠪᠣᠯᠭᠠᠨ᠂ ᠤᠯᠠᠮᠵᠢᠯᠠᠯᠲᠤ ᠬᠡᠪ | ᠵᠠᠭᠪᠤᠷ ᠢ ︽ᠰᠠᠶᠢᠵᠢᠷᠠᠭᠤᠯᠬᠤ︾ ᠶᠣᠰᠣ ᠰᠤᠷᠲᠠᠬᠤᠨ ᠤ ᠪᠠᠩᠬᠢ ᠪᠠᠷ ᠳᠠᠮᠵᠢᠭᠤᠯᠵᠤ᠂ ︽ᠡᠶ᠎ᠡ ᠨᠠᠶᠢᠷᠲᠠᠢ ᠪᠣᠯᠪᠠᠴᠤ | ᠠᠳᠠᠯᠢ ᠪᠤᠰᠤ︾ ᠰᠢᠨ᠎ᠡ ᠬᠡᠪ ᠵᠠᠭᠪᠤᠷ ᠢ ᠪᠦᠷᠢᠯᠳᠦᠭᠦᠯᠵᠦ᠂ ᠰᠠᠶᠢᠨ ᠬᠥᠮᠥᠨ ᠰᠠᠶᠢᠨ ᠶᠠᠪᠤᠳᠠᠯ ᠲᠠᠰᠤᠷᠠᠯᠳᠡ ᠦᠭᠡᠢ | ᠴᠣᠯᠭᠤᠷᠠᠨ ᠭᠠᠷᠪᠠ᠃ ᠴᠦᠨ ᠬᠤᠸᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ︽ᠪᠢᠴᠢᠯ ᠪᠣᠳᠠᠲᠤ | ᠶᠠᠪᠤᠳᠠᠯ︾ ᠨᠢ ᠠᠷᠠᠳ ᠢᠷᠭᠡᠳ ᠤᠨ ︽ᠶᠡᠭᠡ ᠵᠣᠯ ᠵᠢᠷᠭᠠᠯ︾ ᠢ ᠰᠠᠬᠢᠨ ᠬᠠᠮᠠᠭᠠᠯᠠᠵᠤ᠂ ︽ᠪᠢ ᠣᠯᠠᠨ | ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠬᠠᠶᠢᠷᠴᠠᠭ ᠢ ᠤᠭᠰᠠᠷᠠᠬᠤ᠂ ᠨᠡᠶᠢᠭᠡᠮ ᠲᠣᠭᠤᠷᠢᠭ ᠤᠨ | ᠨᠠᠰᠤᠲᠠᠶᠢᠴᠤᠳ ᠤᠨ ᠠᠵᠢᠯᠯᠠᠭᠠᠨ ᠤ ᠲᠠᠰᠤᠭ ᠢ ᠥᠭᠡᠷᠡᠴᠢᠯᠡᠨ ᠰᠠᠶᠢᠵᠢᠷᠠᠭᠤᠯᠬᠤ᠂ ᠪᠣᠬᠢᠷ ᠤᠰᠤᠨ ᠤ ᠲᠠᠲᠠᠭᠠᠯ ᠢ | ᠥᠭᠡᠷᠡᠴᠢᠯᠡᠨ ᠰᠢᠨᠡᠳᠬᠡᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠢᠯ ᠢᠶᠠᠨ ᠨᠠᠷᠢᠯᠢᠭ | ᠵᠦᠢᠯ ᠳᠤ ᠠᠳᠬᠤᠵᠤ᠂ ᠪᠣᠳᠠᠲᠤ ᠦᠷ᠎ᠡ ᠪᠦᠲᠦᠮᠵᠢ ᠳᠤ ᠨᠠᠶᠢᠳᠠᠪᠤᠷᠢᠵᠢᠭᠤᠯᠬᠤ ᠬᠡᠷᠡᠭᠲᠡᠢ ᠃ ᠲᠧᠩ ᠹᠧᠢ ᠨᠡᠶᠢᠭᠡᠮ | ᠲᠣᠭᠤᠷᠢᠭ ᠤᠨ ᠬᠢᠨ ︽ᠬᠤᠪᠢᠰᠬᠠᠯ ᠤᠨ ᠠᠳᠠᠯ ᠠᠬᠤᠢ︾ ᠶᠢᠨ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ | ᠵᠠᠭᠪᠤᠷ ᠢ ᠰᠦᠪᠡᠭᠴᠢᠯᠡᠵᠦ᠂ ᠠᠳᠠᠯ ᠠᠬᠤᠢ ᠶᠢᠨ ᠲᠥᠷᠥᠯ ᠵᠦᠢᠯ ᠤᠨ ︽ᠣᠳᠣᠨ ᠲᠠᠰ ᠤᠨ ᠦᠨᠡᠯᠡᠨ ᠲᠣᠭᠲᠠᠭᠠᠵᠤ | ᠫᠠᠶᠢᠰᠠ ᠣᠯᠭᠤᠬᠤ︾ ᠪᠠᠷ ᠭᠠᠷᠳᠠᠴᠠ ᠪᠣᠯᠭᠠᠵᠤ᠂ ᠠᠳᠠᠯ ᠠᠬᠤᠢ ᠶᠢᠨ ᠬᠠᠮᠢᠶᠠᠷᠤᠯᠲᠠ ᠵᠢᠷᠤᠮᠵᠢᠯ ᠦᠭᠡᠢ᠂ | ᠦᠢᠯᠡᠴᠢᠯᠡᠭᠡ ᠬᠦᠷᠦᠯᠴᠡᠬᠦ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠵᠦ᠂ ᠬᠤᠲᠠ ᠶᠢᠨ ᠦᠨᠳᠦᠰᠦᠨ ᠱᠠᠲᠤᠨ ᠤ | ᠵᠠᠰᠠᠯᠲᠠ ᠶᠢᠨ ᠦᠢᠯᠡᠳᠦᠯ ᠴᠢᠳᠠᠪᠤᠷᠢ ᠶᠢ ᠦᠨᠡᠨᠬᠦ ᠲᠡᠭᠡᠭᠰᠢᠯᠡᠭᠦᠯᠪᠠ᠃ | ᠣᠳᠣ ᠪᠣᠯᠲᠠᠯ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠣᠭᠤᠭᠠᠨ ᠪᠣᠯᠠᠭ | ᠪᠠᠯᠭᠠᠰᠤᠨ ᠤ ᠨᠠᠮ ᠤᠨ ᠭᠡᠰᠢᠭᠦᠨ ᠰᠠᠶᠢᠨ ᠳᠤᠷ᠎ᠠ ᠶᠢᠨ ᠠᠵᠢᠯᠯᠠᠭᠴᠢ᠂ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ | ᠠᠵᠢᠯᠯᠠᠭᠴᠢ᠂ ᠰᠤᠷᠤᠭᠴᠢᠳ ᠤᠨ ᠰᠠᠶᠢᠨ ᠳᠤᠷ᠎ᠠ ᠶᠢᠨ ᠠᠵᠢᠯᠯᠠᠭᠴᠢ ᠨᠠᠷ ᠠᠰᠠᠷ ᠤᠨ ᠭᠤᠳᠤᠮᠵᠢ ᠶᠢᠨ ᠡᠯᠳᠡᠪ | ᠶᠠᠭᠤᠮ᠎ᠠ ᠶᠢ ᠴᠡᠪᠡᠷᠯᠡᠵᠦ᠂ ᠮᠠᠰᠢᠨᠲᠤ ᠪᠤᠰᠤ ᠲᠡᠷᠭᠡ ᠶᠢ ᠳᠤᠷ᠎ᠠ ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠵᠤ᠂ | ᠨᠢᠰᠬᠡᠯ ᠢᠶᠠᠷ ᠴᠠᠬᠢᠯᠭᠠᠨ ᠴᠡᠨᠡᠭᠯᠡᠬᠦ ᠶᠢ ᠨᠡᠶᠢᠳᠡ 1000 ᠭᠠᠷᠤᠢ ᠭᠠᠵᠠᠷ ᠲᠤ ᠴᠡᠪᠡᠷᠯᠡᠵᠦ᠂ 2000 ᠰᠢᠬᠠᠮ | ᠪᠤᠵᠠᠷ ᠪᠤᠷᠲᠠᠭ ᠢ ᠴᠡᠪᠡᠷᠯᠡᠵᠦ᠂ ᠮᠢᠩᠭ᠎ᠠ ᠭᠠᠷᠤᠢ ᠲᠣᠨ ᠬᠤᠭ ᠨᠣᠪᠰᠢ ᠶᠢ ᠴᠡᠪᠡᠷᠯᠡᠵᠦ᠂ ᠡᠪᠡᠳᠴᠢᠨ ᠤ | ᠵᠠᠭᠤᠴᠢᠯᠠᠭᠤᠷ ᠤᠨ ᠠᠮᠢᠳᠤ ᠪᠣᠳᠠᠰ ᠤᠨ ᠦᠷᠡᠵᠢᠭᠰᠡᠨ ᠭᠠᠵᠠᠷ ᠢ ᠵᠠᠭᠤ ᠭᠠᠷᠤᠢ ᠴᠡᠪᠡᠷᠯᠡᠵᠦ᠂ ᠪᠣᠳᠠᠲᠤ | ᠠᠵᠢᠯᠯᠠᠭ᠎ᠠ ᠪᠠᠷ ᠢᠶᠠᠨ ᠰᠠᠭᠤᠭᠠᠯᠢ ᠠᠷᠠᠳ ᠲᠤ ᠠᠮᠤᠷ ᠲᠦᠪᠰᠢᠨ᠂ ᠠᠷᠢᠭᠤᠨ ᠴᠡᠪᠡᠷ᠂ ᠲᠠᠭᠠᠯᠠᠮᠵᠢᠲᠠᠢ ᠣᠷᠣᠨ | ᠰᠠᠭᠤᠴᠠ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠴᠡᠢ᠃ |