ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ᠄ ᠬᠤᠪᠢᠰᠬᠠᠯ ᠤᠨ ᠠᠳᠠᠯ ᠠᠬᠤᠢ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ ᠨᠡᠶᠢᠭᠡᠮ ᠲᠣᠭᠤᠷᠢᠭ ᠤᠨ ᠵᠠᠰᠠᠯᠲᠠ ᠶᠢᠨ ᠬᠦᠴᠢᠷᠳᠠᠯ ᠢ ᠰᠢᠢᠳᠪᠦᠷᠢᠯᠡᠵᠣ ᠪᠣᠢ
ᠨᠡᠶᠢᠲᠡᠯᠡᠭᠰᠡᠨ ᠴᠠᠭ᠄
2023/8/31
   ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠪᠣᠯ ᠦᠨᠳᠦᠰᠦᠨ ᠱᠠᠲᠤᠨ ᠤ ᠵᠠᠰᠠᠯᠲᠠ ᠶᠢᠨ ᠭᠤᠣᠯᠳᠠᠯᠭ᠎ᠠ ᠲᠠᠢ ᠬᠦᠴᠢᠷᠳᠡᠯ ᠮᠥᠨ᠂ ᠪᠠᠰᠠ ᠴᠤ ᠠᠷᠠᠳ ᠣᠯᠠᠨ ᠤ ᠨᠢᠭᠲᠠ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠮᠢᠨ ᠰᠢᠨ ᠵᠠᠮ ᠵᠡᠭᠡᠯᠢ ᠭᠤᠳᠤᠮᠵᠢ ᠪᠠᠶᠢᠭᠤᠯᠤᠭᠳᠠᠭᠰᠠᠨ ᠠᠴᠠ ᠨᠠᠰᠢ᠂ ᠭᠥᠯᠢᠶᠡᠨ ᠠᠪᠴᠤ ᠬᠠᠮᠢᠶᠠᠷᠬᠤ ᠨᠡᠶᠢᠭᠡᠮ ᠲᠣᠭᠤᠷᠢᠭ ᠲᠤ ᠠᠳᠠᠯ ᠠᠬᠤᠢ ᠶᠢᠨ ᠬᠠᠮᠢᠶᠠᠷᠤᠯᠲᠠ ᠶᠢᠨ ᠦᠢᠯᠡᠴᠢᠯᠡᠭᠡ ᠳᠤᠲᠠᠭᠳᠠᠵᠤ᠂ ᠰᠠᠭᠤᠭᠠᠯᠢ ᠠᠷᠠᠳ ᠲᠦᠮᠡᠨ ᠤ ᠠᠳᠠᠯ ᠠᠬᠤᠢ ᠶᠢᠨ ᠬᠠᠮᠢᠶᠠᠷᠤᠯᠲᠠ ᠶᠢ ᠭᠥᠯᠢᠶᠡᠨ ᠠᠪᠬᠤ ᠬᠡᠮᠵᠢᠶ᠎ᠡ ᠳᠣᠣᠷ᠎ᠠ ᠪᠠᠶᠢᠬᠤ ᠵᠡᠷᠭᠡ ᠠᠰᠠᠭᠤᠳᠠᠯ ᠲᠤᠯᠭᠠᠷᠠᠵᠤ ᠪᠠᠶᠢᠨ᠎ᠠ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ‍ᠦᠨ‌ᠤᠷᠤᠨ ᠤ ᠨᠠᠮ ᠤᠨ ᠠᠵᠢᠯᠯᠠᠬᠤ ᠬᠤᠷᠢᠶ᠎ᠠ ᠵᠡᠭᠡᠯᠢ ᠭᠤᠳᠤᠮᠵᠢ ᠶᠢ ᠵᠢᠯᠣᠭᠤᠳᠤᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠠᠳᠠᠯ ᠠᠬᠤᠢ ᠶᠢᠨ ᠦᠢᠯᠡᠴᠢᠯᠡᠭᠡᠨ ᠢ ᠠᠯᠬᠤᠮ ᠠᠯᠬᠤᠮ ᠢᠶᠠᠷ ᠲᠦᠭᠡᠮᠡᠯᠵᠢᠭᠦᠯᠦᠭᠰᠡᠨ ᠰᠠᠭᠤᠷᠢᠨ ᠳᠡᠭᠡᠷ᠎ᠡ᠂ ᠬᠤᠪᠢᠰᠬᠠᠯ ᠤᠨ ᠠᠳᠠᠯ ᠠᠬᠤᠢ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠬᠠᠮᠲᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠᠷ ᠲᠣᠯᠢ ᠪᠣᠯᠭᠠᠵᠤ᠂ ᠪᠠᠷᠢᠮᠵᠢᠶ᠎ᠠ ᠲᠣᠭᠲᠠᠭᠠᠬᠤ᠂ ᠱᠠᠭᠠᠷᠳᠠᠯᠭ᠎ᠠ ᠶᠢ ᠲᠣᠳᠣᠷᠬᠠᠶᠢᠯᠠᠬᠤ᠂ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ ᠪᠠᠷ ᠭᠤᠣᠯ ᠠᠭᠤᠯᠭ᠎ᠠ ᠪᠣᠯᠭᠠᠭᠰᠠᠨ ᠠᠵᠢᠯ ᠤᠨ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠵᠤ᠂ ᠠᠳᠠᠯ ᠠᠬᠤᠢ ᠶᠢᠨ ᠬᠠᠮᠢᠶᠠᠷᠤᠯᠲᠠ ᠶᠢᠨ ᠬᠦᠴᠢᠷᠳᠡᠯ ᠲᠠᠢ ᠲᠠᠯ᠎ᠠ ᠶᠢ ᠬᠦᠴᠦᠯᠡᠨ ᠰᠢᠢᠳᠪᠦᠷᠢᠯᠡᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠬᠢᠷᠢ ᠬᠡᠮᠵᠢᠶ᠎ᠡ ᠶᠢ ᠦᠨᠡᠨᠬᠦ ᠲᠡᠭᠡᠭᠰᠢᠯᠡᠭᠦᠯᠪᠠ᠃    ᠨᠢᠭᠡ ᠳᠤ᠂ ᠨᠠᠮ ᠤᠨ ᠤᠳᠤᠷᠢᠳᠤᠯᠭ᠎ᠠ ᠪᠠᠷ ᠭᠤᠣᠯ ᠱᠤᠭᠤᠮ ᠪᠣᠯᠭᠠᠨ᠂ ︽ᠬᠤᠪᠢᠰᠬᠠᠯ ᠤᠨ ᠠᠳᠠᠯ ᠠᠬᠤᠢ︾  ᠶᠢᠨ ᠪᠠᠷᠢᠮᠵᠢᠶ᠎ᠠ ᠶᠢ ᠲᠣᠭᠲᠠᠭᠠᠪᠠ᠃ ︽ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ  ᠪᠠᠷ ᠴᠢᠩᠭᠠᠳᠬᠠᠬᠤ︾ ᠡᠨᠡᠬᠦ ᠨᠡᠶᠢᠭᠡᠮ ᠲᠣᠭᠤᠷᠢᠭ ᠤᠨ ᠵᠠᠰᠠᠯᠲᠠ ᠶᠢᠨ ᠠᠵᠢᠯ ᠤᠨ ᠭᠤᠣᠯ ᠱᠤᠭᠤᠮ ᠢ ᠪᠠᠷᠢᠮᠲᠠᠯᠠᠵᠤ᠂ ︽︿ᠬᠤᠪᠢᠰᠬᠠᠯ ᠤᠨ ᠠᠳᠠᠯ ᠠᠬᠤᠢ﹀ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ︾ ᠶᠢ ᠰᠤᠳᠤᠯᠤᠨ ᠲᠣᠭᠲᠠᠭᠠᠵᠤ᠂ ᠵᠢᠵᠢᠭ ᠲᠣᠭᠤᠷᠢᠭ ᠤᠨ ᠠᠳᠠᠯ ᠠᠬᠤᠢ ᠨᠢ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠬᠦᠯᠢᠶᠡᠵᠦ᠂ ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠯᠴᠠᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ᠂ ᠠᠵᠢᠯᠯᠠᠭᠠᠨ ᠤ ᠲᠣᠭᠲᠠᠴᠠ᠂ ᠨᠠᠮ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ᠂ ᠨᠠᠮ ᠤᠨ ᠭᠡᠰᠢᠭᠦᠨ ᠤ ᠡᠩᠨᠡᠭᠡ᠂ ᠬᠠᠮᠢᠶᠠᠷᠤᠯᠲᠠ ᠦᠢᠯᠡᠴᠢᠯᠡᠭᠡ᠂ ᠦᠨᠳᠦᠰᠦᠨ ᠪᠠᠲᠤᠯᠠᠭ᠎ᠠ᠂ ᠬᠢᠨᠠᠨ ᠰᠢᠯᠭᠠᠵᠤ ᠱᠠᠩᠨᠠᠵᠤ ᠲᠣᠷᠭᠠᠬᠤ ᠵᠡᠷᠭᠡ ᠠᠭᠤᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠲᠦᠭᠡᠨ ᠪᠠᠶᠢᠭᠤᠯᠬᠤ ᠪᠠᠷᠢᠮᠵᠢᠶ᠎ᠠ ᠶᠢ ᠲᠣᠳᠣᠷᠬᠠᠢ ᠪᠥᠭᠡᠳ ᠨᠠᠷᠢᠯᠢᠭᠵᠢᠭᠤᠯᠵᠤ᠂ ᠠᠳᠠᠯ ᠠᠬᠤᠢ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠳᠤ ᠪᠣᠳᠠᠲᠤ ᠬᠡᠷᠡᠭᠯᠡᠭᠡᠨ ᠤ ︽ᠤᠯᠠᠭᠠᠨ ᠲᠦᠷᠦᠭᠦᠲᠦ ᠲᠣᠳᠣᠷᠬᠠᠶᠢᠯᠠᠯᠲᠠ ᠶᠢᠨ ᠪᠢᠴᠢᠭ︾ ᠬᠠᠩᠭᠠᠭᠰᠠᠨ ᠪᠠᠶᠢᠨ᠎ᠠ᠃     ᠬᠤᠶᠠᠷ ᠲᠤ᠂ ᠬᠡᠪ ᠴᠢᠨᠠᠷ ᠪᠠ ᠴᠢᠳᠠᠪᠤᠷᠢ ᠪᠠᠷ ᠰᠠᠭᠤᠷᠢ ᠥᠩᠭᠡ ᠪᠣᠯᠭᠠᠵᠤ᠂ ︽ᠤᠯᠠᠭᠠᠨ ᠬᠠᠮᠢᠶᠠᠷᠤᠭᠴᠢ︾ ᠶᠢᠨ ᠡᠩᠨᠡᠭᠡ ᠶᠢ ᠪᠠᠶᠢᠭᠤᠯᠪᠠ᠃ ᠬᠠᠷᠢᠶᠠᠲᠤ ᠣᠷᠣᠨ ᠤ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠠᠵᠢᠯᠯᠠᠭᠴᠢ ᠪᠠ ᠬᠠᠯᠠᠭᠤᠨ ᠰᠡᠳᠬᠢᠯᠲᠦ ᠰᠠᠭᠤᠭᠠᠯᠢ ᠠᠷᠠᠳ ᠵᠡᠷᠭᠡ ᠬᠦᠴᠦᠨ ᠤ ᠳᠣᠲᠣᠷ᠎ᠠ ᠠᠴᠠ ᠰᠢᠯᠢᠳᠡᠭ ᠦᠢᠯᠡᠴᠢᠯᠡᠭᠡ ᠲᠠᠢ ︽ᠰᠠᠶᠢᠨ ᠬᠠᠮᠢᠶᠠᠷᠤᠭᠴᠢ︾ ᠶᠢᠨ ᠡᠩᠨᠡᠭᠡ ᠶᠢ ᠰᠣᠩᠭᠤᠨ ᠪᠠᠶᠢᠭᠤᠯᠵᠤ᠂ ︽ᠤᠯᠠᠭᠠᠨ ᠬᠤᠭᠤᠯᠠᠢ ᠶᠢᠨ ᠬᠠᠮᠢᠶᠠᠷᠤᠭᠴᠢ︾ ᠶᠢᠨ ᠬᠥᠮᠥᠨ ᠢ ᠨᠢ ᠰᠠᠶᠢᠨ ᠮᠡᠳᠡᠬᠦ᠂ ᠭᠠᠵᠠᠷ ᠢ ᠨᠢ ᠰᠠᠶᠢᠨ ᠮᠡᠳᠡᠬᠦ᠂ ᠪᠠᠶᠢᠳᠠᠯ ᠢ ᠨᠢ ᠰᠠᠶᠢᠨ ᠮᠡᠳᠡᠬᠦ ᠳᠠᠪᠠᠭᠤᠯᠢᠭ ᠢ ᠪᠠᠳᠠᠷᠠᠭᠤᠯᠤᠨ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠ ᠭᠤᠮᠣᠳᠠᠯ ᠱᠠᠭᠠᠷᠳᠠᠯᠭ᠎ᠠ ᠶᠢ ᠣᠶᠢᠯᠠᠭᠠᠨ ᠡᠵᠡᠮᠰᠢᠵᠦ᠂ ᠨᠡᠶᠢᠭᠡᠮ ᠲᠣᠭᠤᠷᠢᠭ ᠢ ᠬᠠᠪᠰᠤᠷᠤᠨ ᠬᠠᠨᠳᠤᠯᠭᠠᠲᠤ ᠴᠢᠨᠠᠷᠲᠠᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠠᠵᠢᠯ ᠢ ᠥᠷᠨᠢᠭᠦᠯᠵᠦ᠂ ᠨᠡᠶᠢᠭᠡᠮ ᠲᠣᠭᠤᠷᠢᠭ ᠤᠨ ᠬᠥᠭᠵᠢᠯᠲᠡ ᠳᠤ ᠪᠦᠲᠦᠭᠡᠯᠴᠢ ᠴᠢᠨᠠᠷᠲᠠᠢ ᠰᠠᠨᠠᠯ ᠳᠤᠷᠠᠳᠴᠤ᠂ ᠤᠯᠠᠨ ᠲᠦᠮᠡᠨ ᠤ ᠪᠣᠳᠠᠲᠠᠢ ᠬᠦᠴᠢᠷᠳᠡᠯ ᠢ ᠬᠠᠪᠰᠤᠷᠤᠨ ᠰᠢᠢᠳᠪᠦᠷᠢᠯᠡᠵᠦ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠪᠠ ᠤᠯᠠᠨ ᠲᠦᠮᠡᠨ ᠤ ᠳᠤᠮᠳᠠ ᠪᠠᠶᠢᠭᠤᠯᠤᠭᠰᠠᠨ ᠰᠡᠳᠬᠢᠯ ᠤᠨ ᠬᠤᠯᠪᠣᠭᠠᠰᠤ᠂ ᠰᠡᠳᠬᠢᠯ ᠢ ᠮᠡᠳᠡᠭᠴᠢ ᠪᠣᠯᠵᠠᠢ᠃     ᠭᠤᠷᠪᠠ ᠳᠤ᠂ ᠬᠠᠷᠢᠭᠤᠴᠠᠯᠭ᠎ᠠ ᠶᠢ ᠲᠣᠳᠣᠷᠬᠠᠶᠢᠯᠠᠵᠤ ᠡᠷᠬᠡ ᠶᠢ ᠨᠤᠲᠠᠯᠠᠨ ᠲᠣᠭᠲᠠᠭᠠᠬᠤ ᠪᠠᠷ ᠬᠠᠷᠠᠯᠲᠠ ᠪᠣᠯᠭᠠᠨ᠂ ︽ᠳᠦᠷᠪᠡᠨ ᠨᠠᠷᠢᠨ ᠳᠠᠩᠰᠠ︾ ᠶᠢ ᠰᠤᠳᠤᠯᠤᠨ ᠲᠣᠭᠳᠠᠭᠠᠪᠠ᠃ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠠᠵᠢᠯ ᠤᠨ ᠬᠤᠷᠢᠶ᠎ᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠶᠢᠳᠠᠪᠤᠷᠢᠵᠢᠭᠤᠯᠬᠤ ᠠᠵᠢᠯ ᠤᠨ ᠡᠭᠦᠷᠭᠡ ᠬᠠᠷᠢᠭᠤᠴᠠᠯᠭ᠎ᠠ  ᠶᠢ ᠲᠣᠳᠣᠷᠬᠠᠶᠢᠯᠠᠵᠤ ᠠᠵᠢᠯ ᠤᠨ ᠬᠠᠷᠢᠭᠤᠴᠠᠯᠭ᠎ᠠ ᠶᠢᠨ ᠳᠥᠷᠪᠡᠨ ᠨᠠᠷᠢᠨ ᠬᠠᠭᠤᠳᠠᠰᠤ ᠶᠢ ᠰᠤᠳᠤᠯᠤᠨ ᠲᠣᠭᠲᠠᠭᠠᠵᠤ᠂ ︽ᠬᠤᠪᠢᠰᠬᠠᠯ ᠤᠨ ᠠᠳᠠᠯ ᠠᠬᠤᠢ︾ ᠶᠢ ᠣᠨ ᠤ ᠨᠠᠮ ᠤᠨ ᠪᠠᠶᠢᠭᠤᠯᠤᠯᠲᠠ ᠶᠢᠨ ᠰᠢᠯᠭᠠᠨ ᠬᠢᠨᠠᠬᠤ ᠠᠭᠤᠯᠭ᠎ᠠ ᠳᠤ ᠣᠷᠣᠭᠤᠯᠤᠨ᠂ ᠱᠦᠵᠢ ᠶᠢᠨ ᠲᠤᠰᠢᠶᠠᠯ ᠤᠨ ᠮᠡᠳᠡᠭᠦᠯᠦᠯᠲᠡ ᠶᠢᠨ ᠵᠦᠢᠯᠡᠰ ᠲᠤ ᠣᠷᠣᠭᠤᠯᠵᠤ᠂ ᠪᠠᠷᠢᠮᠵᠢᠶ᠎ᠠ ᠶᠢ ᠲᠣᠭᠲᠠᠭᠠᠬᠤ᠂ ᠱᠠᠭᠠᠷᠳᠠᠯᠭ᠎ᠠ ᠶᠢ ᠲᠣᠳᠣᠷᠬᠠᠶᠢᠯᠠᠬᠤ᠂ ᠠᠷᠭ᠎ᠠ ᠬᠡᠮᠵᠢᠶ᠎ᠡ ᠶᠢ ᠲᠣᠳᠣᠷᠬᠠᠶᠢᠯᠠᠬᠤ᠂ ᠬᠠᠷᠢᠭᠤᠴᠠᠯᠭ᠎ᠠ ᠶᠢ ᠲᠣᠳᠣᠷᠬᠠᠶᠢᠯᠠᠬᠤ ︽ᠵᠠᠪᠠᠯ ᠭᠤᠷᠪᠠ ᠶᠢ ᠲᠣᠳᠣᠷᠬᠠᠶᠢᠯᠠᠬᠤ︾ ᠠᠵᠢᠯ ᠤᠨ ᠰᠢᠰᠲ᠋ᠧᠮᠵᠢ ᠶᠢ ᠪᠠᠶᠢᠭᠤᠯᠤᠨ᠂ ᠡᠭᠦᠳᠦᠨ ᠪᠠᠶᠢᠭᠤᠯᠬᠤ ᠪᠠᠷᠢᠮᠵᠢᠶ᠎ᠠ ᠨᠢ ᠰᠢᠯᠢᠳᠡᠭ᠂ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠨᠢ ᠰᠢᠯᠢᠳᠡᠭ᠂ ᠡᠩᠨᠡᠭᠡ ᠶᠢᠨ ᠪᠠᠶᠢᠭᠤᠯᠤᠯᠲᠠ ᠨᠢ ᠰᠢᠯᠢᠳᠡᠭ᠂ ᠠᠵᠢᠯᠯᠠᠭᠠᠨ ᠤ ᠲᠣᠭᠲᠠᠴᠠ ᠨᠢ ᠰᠢᠯᠢᠳᠡᠭ᠂ ᠦᠢᠯᠡᠴᠢᠯᠡᠭᠡᠨ ᠤ ᠶᠠᠰᠤ ᠴᠢᠨᠠᠷ ᠨᠢ ᠰᠢᠯᠢᠳᠡᠭ ︽ᠬᠤᠪᠢᠰᠬᠠᠯ ᠤᠨ ᠠᠳᠠᠯ ᠠᠬᠤᠢ︾ ᠶᠢᠨ ᠵᠠᠰᠠᠯᠲᠠ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠪᠠ᠃     ᠳᠥᠷᠪᠡ ᠳᠤ᠂ ᠦᠢᠯᠡᠴᠢᠯᠡᠭᠡ ᠶᠢ ᠳᠡᠭᠡᠭᠰᠢᠯᠡᠭᠦᠯᠬᠦ ᠪᠠᠷ ᠵᠣᠷᠢᠯᠲᠠ ᠪᠣᠯᠭᠠᠵᠤ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠦᠢᠯᠡᠴᠢᠯᠡᠭᠡ ᠶᠢ ᠰᠠᠶᠢᠲᠤᠷ ᠬᠢᠪᠡ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠠᠷ ᠭᠤᠣᠯ ᠴᠣᠭᠴᠠ ᠪᠣᠯᠭᠠᠭᠰᠠᠨ᠂ ᠠᠳᠠᠯ ᠠᠬᠤᠢ ᠶᠢᠨ ᠠᠵᠤ ᠠᠬᠤᠶᠢᠯᠠᠯ᠂ ᠥᠮᠴᠢᠲᠡᠨ ᠤ ᠵᠥᠪᠯᠡᠯ ᠬᠠᠮᠲᠤᠪᠠᠷ ᠵᠥᠪᠳᠡᠯᠴᠡᠬᠦ᠂ ᠬᠠᠮᠲᠤᠪᠠᠷ ᠣᠷᠣᠯᠴᠠᠬᠤ᠂ ᠬᠠᠮᠲᠤᠪᠠᠷ ᠦᠢᠯᠡᠳᠦᠯ ᠢᠶᠠᠨ ᠪᠠᠳᠠᠷᠠᠭᠤᠯᠬᠤ ︽ᠨᠢᠭᠡ ᠴᠥᠮ᠎ᠡ ᠬᠤᠶᠠᠷ ᠵᠢᠭᠦᠷ︾ ᠤᠨ ᠵᠣᠬᠢᠶᠠᠨ ᠪᠠᠶᠢᠭᠤᠯᠤᠯᠲᠠ ᠶᠢᠨ ᠪᠣᠷᠣ ᠲᠥᠯᠥᠪ ᠢ ᠪᠦᠷᠢᠨᠰᠢᠭᠦᠯᠵᠦ᠂ ᠠᠳᠠᠯ ᠠᠬᠤᠢ ᠶᠢᠨ ᠦᠢᠯᠡᠰ ᠤᠨ ᠨᠠᠮ ᠤᠨ ᠪᠠᠶᠢᠭᠤᠯᠤᠯᠲᠠ ᠶᠢ ᠵᠢᠷᠤᠮᠵᠢᠭᠤᠯᠤᠨ ᠳᠡᠭᠡᠭᠰᠢᠯᠡᠭᠦᠯᠬᠦ᠂ ︽ᠬᠤᠪᠢᠰᠬᠠᠯ ᠤᠨ ᠦᠢᠯᠡᠰ ᠤᠨ ᠵᠥᠪᠯᠡᠯ︾ ᠤᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠠᠵᠢᠯ ᠢ ᠲᠤᠰᠬᠠᠢ ᠵᠦᠢᠯ ᠢᠶᠠᠷ ᠠᠬᠢᠭᠤᠯᠪᠠ᠃ ︽ᠣᠶᠤᠨᠲᠤ ᠪᠣᠳᠠᠰ ᠤᠨ ᠬᠠᠮᠢᠶᠠᠷᠤᠯᠲᠠ ᠶᠢᠨ ᠲᠣᠥᠷᠵᠢᠭᠤᠯᠤᠭᠰᠠᠨ ᠬᠠᠮᠢᠶᠠᠷᠤᠯᠲᠠ ᠶᠢᠨ ᠲᠠᠪᠴᠠᠩ︾ ᠲᠠᠢ ᠭᠤᠣᠯᠳᠠᠯᠭ᠎ᠠ ᠲᠠᠢ ᠤᠶᠠᠯᠳᠤᠭᠤᠯᠤᠨ᠂ ᠨᠡᠶᠢᠭᠡᠮ ᠲᠣᠭᠤᠷᠢᠭ ᠤᠨ ᠠᠰᠠᠭᠤᠳᠠᠯ ᠢ ᠴᠠᠭ ᠲᠤᠬᠠᠢ ᠳᠤᠨᠢ ᠬᠠᠷᠢᠭᠤ ᠲᠤᠰᠬᠠᠬᠤ᠂ ᠲᠦᠷᠭᠡᠨ ᠵᠢᠭᠰᠠᠭᠠᠨ ᠪᠠᠶᠢᠴᠠᠭᠠᠬᠤ᠂ ᠴᠠᠭ ᠬᠢᠵᠠᠭᠠᠷᠯᠠᠨ ᠰᠢᠢᠳᠪᠦᠷᠢᠯᠡᠬᠦ᠂ ᠨᠠᠷᠢᠨ ᠲᠣᠳᠣᠷᠬᠠᠢ ᠬᠠᠷᠢᠭᠤ ᠲᠤᠰᠬᠠᠬᠤ ᠶᠢ ᠲᠦᠯᠬᠢᠨ ᠠᠬᠢᠭᠤᠯᠵᠤ᠂ ᠡᠨᠡ ᠵᠢᠯ ᠠᠴᠠ ᠨᠠᠰᠢ ᠰᠠᠭᠤᠭᠠᠯᠢ ᠠᠷᠠᠳ ᠤᠨ ᠠᠮᠢᠳᠤᠷᠠᠯ ᠤᠨ ᠠᠰᠠᠭᠤᠳᠠᠯ ᠢ ᠨᠡᠶᠢᠲᠡ ᠲᠦᠮᠡ ᠰᠢᠬᠠᠮ ᠰᠢᠢᠳᠪᠦᠷᠢᠯᠡᠵᠦ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠨᠠᠷᠠᠲᠤ ᠲᠡᠮᠳᠡᠭᠲᠦ ᠪᠠᠷ ᠳᠠᠶᠢᠴᠢᠯᠠᠬᠤ ᠶᠢᠨ ᠵᠢᠱᠢᠶ᠎ᠡ ᠦᠵᠡᠭᠦᠯᠬᠦ ᠦᠢᠯᠡᠳᠦᠯ ᠢ ᠲᠠᠰᠤᠷᠠᠯᠲᠠ ᠦᠭᠡᠢ ᠥᠷᠭᠡᠳᠬᠡᠪᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠤᠯᠤᠰ ᠲᠥᠷᠥ ᠬᠠᠤᠯᠢ ᠴᠠᠭᠠᠵᠠ ᠶᠢᠨ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号