ᠷᠦᠩ ᠲᠠᠢ ᠵᠠᠮ ᠤᠨ ᠨᠡᠶᠢᠭᠡᠮ ᠲᠣᠭᠤᠷᠢᠭ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠨ᠎ᠡ ᠬᠡᠯᠪᠡᠷᠢ ᠶᠢ ᠨᠡᠭᠡᠭᠡᠪᠠ
ᠨᠡᠶᠢᠲᠡᠯᠡᠭᠰᠡᠨ ᠴᠠᠭ᠄
2023/9/18
   ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠢᠨ ᠰᠢᠨ ᠵᠠᠮ ᠵᠡᠭᠡᠯᠢ ᠭᠤᠳᠤᠮᠵᠢ ᠶᠢᠨ ᠷᠦᠩ ᠲᠠᠢ  ᠵᠠᠮ ᠤᠨ ᠨᠡᠶᠢᠭᠡᠮ ᠣᠷᠣᠨ ᠤ ᠬᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠰᠠᠶᠢᠲᠤᠷ ᠬᠢᠬᠦ ᠳᠤ ᠦᠷᠭᠦᠯᠵᠢᠯᠡᠨ ᠬᠦᠴᠦ ᠲᠠᠯᠪᠢᠵᠤ᠂ ᠨᠠᠰᠤᠵᠢᠯ ᠤᠨ ᠠᠰᠠᠷᠠᠮᠵᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠤᠨ᠂ ᠪᠡᠯᠡᠳᠬᠡᠮᠵᠢ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠡᠵᠡᠩᠨᠡᠯᠲᠡ ᠶᠢ ᠵᠢᠷᠤᠮᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠪᠡᠯᠡᠳᠬᠡᠮᠵᠢ ᠶᠢ ᠪᠦᠬᠦᠨ ᠢ ᠬᠠᠮᠤᠷᠬᠤ ᠶᠢ ᠠᠬᠢᠭᠤᠯᠵᠤ᠂ ᠨᠠᠰᠤᠲᠠᠶᠢᠴᠤᠳ ᠤᠨ ᠵᠣᠯ ᠵᠢᠷᠭᠠᠯ ᠤᠨ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠴᠢᠷᠮᠠᠶᠢᠨ ᠨᠡᠮᠡᠭᠳᠡᠭᠦᠯᠵᠣ ᠪᠠᠶᠢᠨ᠎ᠠ᠃    ᠷᠦᠩ ᠲᠠᠢ ᠵᠠᠮ ᠤᠨ ᠨᠡᠶᠢᠭᠡᠮ ᠣᠷᠣᠨ ᠤ ᠬᠢᠨ ᠨᠠᠰᠤᠲᠠᠶᠢᠴᠤᠳ ᠤᠨ ᠪᠣᠳᠠᠲᠠᠢ ᠬᠡᠷᠡᠭᠴᠡᠭᠡ ᠶᠢ ᠦᠨᠳᠦᠰᠦᠯᠡᠨ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠲᠤ ᠢᠳᠡᠭᠡᠨ ᠤᠮᠳᠠᠭᠠᠨ ᠤ ᠪᠡᠶ᠎ᠡ ᠰᠤᠪᠢᠯᠠᠯᠲᠠ ᠶᠢᠨ ᠲᠣᠭᠤᠷᠢᠭ ᠪᠠᠶᠢᠭᠤᠯᠵᠤ᠂ ︽ᠷᠦᠩ ᠲᠠᠢ ᠶᠢᠰᠦᠨ ᠠᠮᠲᠠ︾᠎ ᠶᠢᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠰᠢᠮ᠎ᠡ ᠲᠡᠵᠢᠭᠡᠯ ᠤᠨ ᠮᠡᠷᠭᠡᠵᠢᠯᠲᠡᠨ ᠢ ᠤᠷᠢᠵᠤ ᠠᠳᠠᠯᠢ ᠪᠤᠰᠤ ᠤᠯᠠᠷᠢᠯ᠂ ᠴᠠᠭ ᠤᠯᠠᠷᠢᠯ ᠢᠶᠠᠷ ᠪᠡᠶ᠎ᠡ ᠰᠤᠪᠢᠯᠠᠯᠲᠠ ᠶᠢᠨ ᠢᠳᠡᠭᠡᠨ ᠤᠮᠳᠠᠭᠠᠨ ᠤ ᠡᠮᠴᠢᠯᠡᠭᠡᠨ ᠤ ᠵᠠᠭᠤᠰᠢ ᠶᠢᠨ ᠵᠣᠷ ᠢ ᠲᠣᠭᠲᠠᠭᠠᠨ᠂ ᠲᠤᠬᠠᠢ ᠶᠢᠨ ᠲᠠᠯᠠᠪᠤᠷ ᠲᠤ ᠬᠤᠭᠤᠯᠠ ᠬᠢᠬᠦ᠂ ᠰᠦᠯᠵᠢᠶᠡᠨ ᠤ ᠲᠠᠪᠴᠠᠩ ᠢ ᠵᠡᠷᠭᠡ ᠪᠠᠷ ᠰᠢᠭᠤᠳ ᠨᠡᠪᠲᠡᠷᠡᠭᠦᠯᠬᠦ ᠠᠷᠭ᠎ᠠ ᠮᠠᠶ᠋ᠢᠭ ᠢᠶᠠᠷ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠡᠷᠡᠭᠦᠯ ᠮᠡᠨᠳᠦ ᠪᠡᠶ᠎ᠡ ᠰᠤᠪᠢᠯᠠᠯᠲᠠ ᠶᠢᠨ ᠣᠶᠢᠯᠠᠭᠠᠭᠳᠠᠬᠤᠨ ᠢ ᠤᠯᠠᠮᠵᠢᠯᠠᠵᠤ᠂ ᠬᠤᠭᠤᠯᠠ ᠬᠢᠬᠦ ᠤᠷ᠎ᠠ ᠮᠡᠷᠭᠡᠵᠢᠯ ᠢ ᠵᠢᠭᠠᠨ ᠰᠤᠷᠭᠠᠨ᠎ᠠ᠃ 2020 ᠣᠨ ᠠᠴᠠ ᠣᠲᠣ ᠪᠣᠯᠲᠠᠯ᠎ᠠ᠂ ︽ᠷᠦᠩ ᠲᠠᠢ ᠶᠢᠨ ᠶᠢᠰᠦᠨ ᠦᠨᠦᠷ ᠠᠮᠲᠠ︾᠎ ᠶᠢᠨ ᠰᠢᠷᠢᠰ ᠠᠵᠢᠯᠯᠠᠭ᠎ᠠ ᠶᠢ ᠨᠡᠶᠢᠲᠡ 20 ᠭᠠᠷᠤᠢ ᠤᠳᠠᠭ᠎ᠠ ᠥᠷᠨᠢᠭᠦᠯᠵᠦ᠂ 2000 ᠭᠠᠷᠤᠢ ᠰᠠᠭᠤᠭᠠᠯᠢ ᠠᠷᠠᠳ ᠲᠤ ᠦᠢᠯᠡᠴᠢᠯᠡᠪᠡ᠃    ᠡᠭᠦᠨ ᠤ ᠬᠠᠮᠲᠤ᠂ ᠨᠡᠶᠢᠭᠡᠮ ᠣᠷᠣᠨ ᠤ ᠬᠢᠨ ︽ᠦᠳᠡᠰᠢ ᠶᠢᠨ ᠨᠡᠷᠡᠨ︾᠎ ᠤ ᠦᠢᠯᠡᠴᠢᠯᠡᠭᠡᠨ ᠤ ᠲᠥᠷᠥᠯ ᠵᠦᠢᠯ ᠢᠶᠠᠷ ᠠᠵᠢᠯ ᠤᠨ ᠭᠤᠣᠯ ᠱᠤᠭᠤᠮ ᠪᠣᠯᠭᠠᠵᠤ᠂ ᠡᠮᠴᠢᠯᠡᠭᠡ ᠰᠤᠪᠢᠯᠠᠯᠲᠠ ᠶᠢ ᠠᠭᠤᠰᠤᠯᠴᠠᠭᠤᠯᠬᠤ᠂ ᠭᠡᠷ ᠲᠡᠭᠡᠨ ᠰᠠᠭᠤᠵᠤ ᠨᠠᠰᠤᠲᠠᠨ ᠢ ᠠᠰᠠᠷᠠᠬᠤ ᠵᠡᠷᠭᠡ ᠰᠢᠨ᠎ᠡ ᠶᠢ ᠡᠭᠦᠳᠬᠦ ᠰᠡᠳᠬᠢᠴᠡ ᠪᠠᠷ ᠰᠦᠪᠡᠭᠴᠢᠯᠡᠯ ᠪᠣᠯᠭᠠᠵᠤ᠂ ᠰᠡᠳᠬᠢᠯ ᠳᠤᠯᠠᠭᠠᠴᠠᠭᠤᠯᠬᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ᠂ ︽ᠭᠡᠷ ᠤᠨ ᠠᠬᠠᠮᠠᠳ ᠡᠮᠡᠭᠡ︾ ᠬᠤᠸᠠ ᠶᠢᠨ ᠶᠢᠩ ᠤᠨ ᠠᠵᠢᠯᠯᠠᠬᠤ ᠦᠷᠦᠭᠡ ︽ᠯᠧ ᠶᠦᠨ ᠰᠣᠶᠣᠯ︾᠎ ᠤᠨ ᠲᠠᠪᠴᠠᠩ ᠵᠡᠷᠭᠡ ᠪᠠᠷ ᠭᠤᠣᠯ ᠪᠣᠯᠭᠠᠭᠰᠠᠨ ︽15 ᠮᠢᠨᠦ᠋ᠲ ᠤᠨ ᠨᠠᠰᠤᠵᠢᠯ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ︾᠎ ᠶᠢ ᠪᠠᠶᠢᠭᠤᠯᠵᠤ᠂ ᠭᠡᠷ ᠤᠨ ᠡᠭᠦᠳᠡᠨ ᠳᠤ ︽ᠨᠠᠰᠤᠲᠠᠨ ᠢ ᠠᠰᠠᠷᠠᠬᠤ ᠭᠠᠵᠠᠷ︾᠎ ᠢ ᠪᠠᠶᠢᠭᠤᠯᠤᠭᠰᠠᠨ ᠪᠥᠭᠡᠳ ᠵᠡᠭᠡᠯᠢ ᠭᠤᠳᠤᠮᠵᠢ ᠳᠤ ᠨᠡᠶᠢᠭᠡᠮ ᠣᠷᠣᠨ ᠤ ᠨᠠᠰᠤᠲᠠᠨ ᠢ ᠠᠰᠠᠷᠠᠬᠤ ᠦᠢᠯᠡᠴᠢᠯᠡᠭᠡ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠬᠠᠷᠢᠶᠠᠨ ᠳᠠᠬᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠵᠤᠭ᠎ᠠ ᠴᠡᠩᠭᠡᠯ᠂ ᠰᠤᠷᠤᠯᠴᠠᠯᠭ᠎ᠠ᠂ ᠬᠤᠭᠤᠯᠠ ᠤᠮᠳᠠ ᠵᠡᠷᠭᠡ ᠤᠯᠠᠨ ᠵᠦᠢᠯ ᠤᠨ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠵᠡᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号