ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠮᠢᠨ ᠰᠢᠨ ᠵᠠᠮ ᠵᠡᠭᠡᠯᠢ ᠭᠤᠳᠤᠮᠵᠢ ᠶᠢᠨ | ᠷᠦᠩ ᠲᠠᠢ ᠵᠠᠮ ᠤᠨ ᠨᠡᠶᠢᠭᠡᠮ ᠣᠷᠣᠨ ᠤ ᠬᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠰᠠᠶᠢᠲᠤᠷ | ᠬᠢᠬᠦ ᠳᠤ ᠦᠷᠭᠦᠯᠵᠢᠯᠡᠨ ᠬᠦᠴᠦ ᠲᠠᠯᠪᠢᠵᠤ᠂ ᠨᠠᠰᠤᠵᠢᠯ ᠤᠨ ᠠᠰᠠᠷᠠᠮᠵᠢ ᠶᠢᠨ ᠡᠬᠢ ᠪᠠᠶᠠᠯᠢᠭ ᠢ ᠰᠢᠯᠢᠳᠡᠭᠵᠢᠭᠦᠯᠦᠨ | ᠲᠣᠬᠢᠷᠠᠭᠤᠯᠬᠤ ᠶᠢ ᠠᠬᠢᠭᠤᠯᠤᠨ᠂ ᠪᠡᠯᠡᠳᠬᠡᠮᠵᠢ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠡᠵᠡᠩᠨᠡᠯᠲᠡ ᠶᠢ | ᠵᠢᠷᠤᠮᠵᠢᠭᠤᠯᠤᠨ᠂ ᠨᠠᠰᠤᠵᠢᠯ ᠤᠨ ᠠᠰᠠᠷᠠᠮᠵᠢ ᠶᠢᠨ ᠪᠡᠯᠡᠳᠬᠡᠮᠵᠢ ᠶᠢ ᠪᠦᠬᠦᠨ ᠢ ᠬᠠᠮᠤᠷᠬᠤ ᠶᠢ ᠠᠬᠢᠭᠤᠯᠵᠤ᠂ | ᠨᠠᠰᠤᠲᠠᠶᠢᠴᠤᠳ ᠤᠨ ᠵᠣᠯ ᠵᠢᠷᠭᠠᠯ ᠤᠨ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠴᠢᠷᠮᠠᠶᠢᠨ ᠨᠡᠮᠡᠭᠳᠡᠭᠦᠯᠵᠣ | ᠪᠠᠶᠢᠨ᠎ᠠ᠃ | ᠷᠦᠩ ᠲᠠᠢ ᠵᠠᠮ ᠤᠨ ᠨᠡᠶᠢᠭᠡᠮ ᠣᠷᠣᠨ ᠤ ᠬᠢᠨ ᠨᠠᠰᠤᠲᠠᠶᠢᠴᠤᠳ ᠤᠨ ᠪᠣᠳᠠᠲᠠᠢ ᠬᠡᠷᠡᠭᠴᠡᠭᠡ ᠶᠢ ᠦᠨᠳᠦᠰᠦᠯᠡᠨ᠂ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠲᠤ ᠢᠳᠡᠭᠡᠨ ᠤᠮᠳᠠᠭᠠᠨ ᠤ | ᠪᠡᠶ᠎ᠡ ᠰᠤᠪᠢᠯᠠᠯᠲᠠ ᠶᠢᠨ ᠲᠣᠭᠤᠷᠢᠭ ᠪᠠᠶᠢᠭᠤᠯᠵᠤ᠂ ︽ᠷᠦᠩ ᠲᠠᠢ ᠶᠢᠰᠦᠨ ᠠᠮᠲᠠ︾ ᠶᠢᠨ ᠰᠢᠷᠢᠰ ᠠᠵᠢᠯᠯᠠᠭ᠎ᠠ ᠶᠢ | ᠥᠷᠨᠢᠭᠦᠯᠵᠦ᠂ ᠰᠢᠮ᠎ᠡ ᠲᠡᠵᠢᠭᠡᠯ ᠤᠨ ᠮᠡᠷᠭᠡᠵᠢᠯᠲᠡᠨ ᠢ ᠤᠷᠢᠵᠤ ᠠᠳᠠᠯᠢ ᠪᠤᠰᠤ ᠤᠯᠠᠷᠢᠯ᠂ ᠴᠠᠭ ᠤᠯᠠᠷᠢᠯ ᠢᠶᠠᠷ ᠪᠡᠶ᠎ᠡ | ᠰᠤᠪᠢᠯᠠᠯᠲᠠ ᠶᠢᠨ ᠢᠳᠡᠭᠡᠨ ᠤᠮᠳᠠᠭᠠᠨ ᠤ ᠡᠮᠴᠢᠯᠡᠭᠡᠨ ᠤ ᠵᠠᠭᠤᠰᠢ ᠶᠢᠨ ᠵᠣᠷ ᠢ ᠲᠣᠭᠲᠠᠭᠠᠨ᠂ ᠲᠤᠬᠠᠢ ᠶᠢᠨ | ᠲᠠᠯᠠᠪᠤᠷ ᠲᠤ ᠬᠤᠭᠤᠯᠠ ᠬᠢᠬᠦ᠂ ᠰᠦᠯᠵᠢᠶᠡᠨ ᠤ ᠲᠠᠪᠴᠠᠩ ᠢ ᠵᠡᠷᠭᠡ ᠪᠠᠷ ᠰᠢᠭᠤᠳ ᠨᠡᠪᠲᠡᠷᠡᠭᠦᠯᠬᠦ ᠠᠷᠭ᠎ᠠ | ᠮᠠᠶ᠋ᠢᠭ ᠢᠶᠠᠷ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠡᠷᠡᠭᠦᠯ ᠮᠡᠨᠳᠦ ᠪᠡᠶ᠎ᠡ ᠰᠤᠪᠢᠯᠠᠯᠲᠠ ᠶᠢᠨ | ᠣᠶᠢᠯᠠᠭᠠᠭᠳᠠᠬᠤᠨ ᠢ ᠤᠯᠠᠮᠵᠢᠯᠠᠵᠤ᠂ ᠬᠤᠭᠤᠯᠠ ᠬᠢᠬᠦ ᠤᠷ᠎ᠠ ᠮᠡᠷᠭᠡᠵᠢᠯ ᠢ ᠵᠢᠭᠠᠨ ᠰᠤᠷᠭᠠᠨ᠎ᠠ᠃ 2020 ᠣᠨ ᠠᠴᠠ | ᠣᠲᠣ ᠪᠣᠯᠲᠠᠯ᠎ᠠ᠂ ︽ᠷᠦᠩ ᠲᠠᠢ ᠶᠢᠨ ᠶᠢᠰᠦᠨ ᠦᠨᠦᠷ ᠠᠮᠲᠠ︾ ᠶᠢᠨ ᠰᠢᠷᠢᠰ ᠠᠵᠢᠯᠯᠠᠭ᠎ᠠ ᠶᠢ ᠨᠡᠶᠢᠲᠡ 20 | ᠭᠠᠷᠤᠢ ᠤᠳᠠᠭ᠎ᠠ ᠥᠷᠨᠢᠭᠦᠯᠵᠦ᠂ 2000 ᠭᠠᠷᠤᠢ ᠰᠠᠭᠤᠭᠠᠯᠢ ᠠᠷᠠᠳ ᠲᠤ ᠦᠢᠯᠡᠴᠢᠯᠡᠪᠡ᠃ | ᠡᠭᠦᠨ ᠤ ᠬᠠᠮᠲᠤ᠂ ᠨᠡᠶᠢᠭᠡᠮ ᠣᠷᠣᠨ ᠤ ᠬᠢᠨ ︽ᠦᠳᠡᠰᠢ ᠶᠢᠨ ᠨᠡᠷᠡᠨ︾ ᠤ ᠦᠢᠯᠡᠴᠢᠯᠡᠭᠡᠨ ᠤ ᠲᠥᠷᠥᠯ | ᠵᠦᠢᠯ ᠢᠶᠠᠷ ᠠᠵᠢᠯ ᠤᠨ ᠭᠤᠣᠯ ᠱᠤᠭᠤᠮ ᠪᠣᠯᠭᠠᠵᠤ᠂ ᠡᠮᠴᠢᠯᠡᠭᠡ ᠰᠤᠪᠢᠯᠠᠯᠲᠠ ᠶᠢ ᠠᠭᠤᠰᠤᠯᠴᠠᠭᠤᠯᠬᠤ᠂ ᠭᠡᠷ ᠲᠡᠭᠡᠨ | ᠰᠠᠭᠤᠵᠤ ᠨᠠᠰᠤᠲᠠᠨ ᠢ ᠠᠰᠠᠷᠠᠬᠤ ᠵᠡᠷᠭᠡ ᠰᠢᠨ᠎ᠡ ᠶᠢ ᠡᠭᠦᠳᠬᠦ ᠰᠡᠳᠬᠢᠴᠡ ᠪᠠᠷ ᠰᠦᠪᠡᠭᠴᠢᠯᠡᠯ ᠪᠣᠯᠭᠠᠵᠤ᠂ ᠰᠡᠳᠬᠢᠯ | ᠳᠤᠯᠠᠭᠠᠴᠠᠭᠤᠯᠬᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ᠂ ︽ᠭᠡᠷ ᠤᠨ ᠠᠬᠠᠮᠠᠳ ᠡᠮᠡᠭᠡ︾ ᠬᠤᠸᠠ ᠶᠢᠨ | ᠶᠢᠩ ᠤᠨ ᠠᠵᠢᠯᠯᠠᠬᠤ ᠦᠷᠦᠭᠡ ︽ᠯᠧ ᠶᠦᠨ ᠰᠣᠶᠣᠯ︾ ᠤᠨ ᠲᠠᠪᠴᠠᠩ ᠵᠡᠷᠭᠡ ᠪᠠᠷ ᠭᠤᠣᠯ ᠪᠣᠯᠭᠠᠭᠰᠠᠨ ︽15 | ᠮᠢᠨᠦ᠋ᠲ ᠤᠨ ᠨᠠᠰᠤᠵᠢᠯ ᠤᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ︾ ᠶᠢ ᠪᠠᠶᠢᠭᠤᠯᠵᠤ᠂ ᠭᠡᠷ ᠤᠨ | ᠡᠭᠦᠳᠡᠨ ᠳᠤ ︽ᠨᠠᠰᠤᠲᠠᠨ ᠢ ᠠᠰᠠᠷᠠᠬᠤ ᠭᠠᠵᠠᠷ︾ ᠢ ᠪᠠᠶᠢᠭᠤᠯᠤᠭᠰᠠᠨ ᠪᠥᠭᠡᠳ ᠵᠡᠭᠡᠯᠢ ᠭᠤᠳᠤᠮᠵᠢ ᠳᠤ ᠨᠡᠶᠢᠭᠡᠮ | ᠣᠷᠣᠨ ᠤ ᠨᠠᠰᠤᠲᠠᠨ ᠢ ᠠᠰᠠᠷᠠᠬᠤ ᠦᠢᠯᠡᠴᠢᠯᠡᠭᠡ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠬᠠᠷᠢᠶᠠᠨ ᠳᠠᠬᠢ 60 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠵᠤᠭ᠎ᠠ ᠴᠡᠩᠭᠡᠯ᠂ ᠰᠤᠷᠤᠯᠴᠠᠯᠭ᠎ᠠ᠂ ᠬᠤᠭᠤᠯᠠ ᠤᠮᠳᠠ ᠵᠡᠷᠭᠡ | ᠤᠯᠠᠨ ᠵᠦᠢᠯ ᠤᠨ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ | ᠳᠡᠭᠡᠭᠰᠢᠯᠡᠭᠦᠯᠵᠡᠢ᠃ |