︽ᠡᠳᠦᠷ ᠤᠨ ᠬᠦᠴᠦᠨ ᠤ ᠵᠠᠬ᠎ᠠ ᠳᠡᠯᠭᠡᠭᠦᠷ︾ ᠤᠨ ᠰᠡᠳᠬᠢᠯ ᠳᠤᠯᠠᠭᠠᠴᠠᠭᠤᠯᠬᠤ ᠦᠢᠯᠡᠴᠢᠯᠡᠭᠡ
ᠨᠡᠶᠢᠲᠡᠯᠡᠭᠰᠡᠨ ᠴᠠᠭ᠄
2023/9/18
    ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠨᠢᠭᠡ ᠲᠠᠯ᠎ᠠ ᠨᠢ ᠲᠦᠮᠡᠨ ᠭᠡᠷ ᠲᠠᠢ ᠬᠤᠯᠪᠣᠯᠳᠤᠵᠤ᠂ ᠨᠦᠭᠦᠭᠡ ᠲᠠᠯ᠎ᠠ ᠨᠢ ᠠᠵᠤ ᠠᠬᠤᠢ ᠶᠢᠨ ᠶᠡᠭᠡ ᠲᠠᠯ᠎ᠠ ᠲᠠᠢ ᠬᠤᠯᠪᠣᠭᠳᠠᠵᠤ ᠪᠠᠶᠢᠳᠠᠭ᠃ ᠡᠨᠡ ᠵᠢᠯ ᠠᠴᠠ ᠨᠠᠰᠢ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠪᠡᠶᠡᠯᠡᠭᠦᠯᠬᠦ ᠠᠵᠢᠯ ᠤᠨ ᠬᠠᠷᠠᠯᠲᠠ ᠲᠠᠢ ᠨᠢᠭᠲᠠ ᠤᠶᠠᠯᠳᠤᠭᠤᠯᠵᠤ᠂ ᠠᠵᠢᠯ ᠣᠯᠭᠤᠯᠲᠠ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠣᠨ ︽ᠡᠳᠦᠷ ᠤᠨ ᠬᠦᠴᠦᠨ ᠤ ᠵᠠᠬ᠎ᠠ ᠳᠡᠯᠭᠡᠭᠦᠷ︾  ᠢ ᠡᠬᠢᠯᠡᠨ ᠡᠵᠡᠩᠨᠡᠵᠦ᠂ ᠠᠮᠢᠳᠤᠯᠢᠭ ᠢᠶᠠᠷ ᠠᠵᠢᠯ ᠣᠯᠣᠭᠰᠠᠳ ᠤᠨ ᠠᠵᠢᠯ ᠣᠯᠭᠤᠯᠲᠠ ᠶᠢᠨ ᠠᠷᠭ᠎ᠠ ᠵᠠᠮ ᠢ ᠦᠷᠭᠡᠳᠭᠡᠨ ᠠᠵᠢᠯ ᠣᠯᠭᠤᠬᠤ ᠦᠢᠯᠡᠰ ᠪᠣᠰᠬᠠᠬᠤ ᠲᠠᠪᠴᠠᠩ ᠢ ᠪᠠᠶᠢᠭᠤᠯᠵᠤ᠂ ᠲᠤᠬᠠᠢ ᠶᠢᠨ ᠭᠠᠵᠠᠷ ᠲᠤᠨᠢ ᠣᠶᠢᠷ᠎ᠠ ᠬᠠᠪᠢ ᠳᠤᠨᠢ ᠳᠤᠯᠠᠭᠠᠴᠠᠭᠤᠯᠬᠤ ᠦᠢᠯᠡᠴᠢᠯᠡᠭᠡ ᠬᠠᠩᠭᠠᠨ ᠠᠵᠢᠯ ᠣᠯᠭᠤᠯᠲᠠ ᠶᠢᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠠᠢ᠃     ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠪᠣᠯ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠠᠷᠠᠳ ᠲᠦᠮᠡᠨ ᠳᠤ ᠪᠣᠳᠠᠲᠠᠢ ᠠᠵᠢᠯ ᠬᠢᠵᠦ ᠥᠭᠬᠦ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ᠤᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠪᠠᠶᠢᠷᠢᠯᠠᠭᠤᠯᠵᠤ᠂ ᠡᠳᠦᠷ ᠤᠨ ᠬᠦᠴᠦᠨ ᠤ ᠠᠵᠢᠯ ᠳᠤ ᠨᠠᠩ ᠰᠠᠶᠢᠨ ᠦᠢᠯᠡᠴᠢᠯᠡᠬᠦ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠬᠥᠯᠥᠰᠦᠨ ᠠᠵᠢᠯ ᠬᠢᠵᠦ ᠪᠠᠶᠢᠭ᠎ᠠ ᠬᠥᠮᠥᠰ ᠤᠨ ᠴᠤᠭᠯᠠᠷᠠᠬᠤ ᠭᠠᠵᠠᠷ ᠲᠤ ᠪᠠᠶᠢᠭᠤᠯᠵᠤ᠂ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠬᠠᠮᠢᠭ᠎ᠠ ᠲᠥᠪᠯᠡᠷᠡᠭᠦᠯᠪᠡᠯ ᠵᠠᠬ᠎ᠠ ᠳᠡᠯᠭᠡᠭᠦᠷ ᠢ ᠲᠡᠨᠳᠡ ᠪᠠᠶᠢᠭᠤᠯᠵᠤ᠂ ᠦᠢᠯᠡᠴᠢᠯᠡᠭᠡ ᠶᠢ ᠲᠡᠨᠳᠡ ᠬᠦᠷᠲᠡᠯ᠎ᠡ ᠪᠠᠲᠤᠯᠠᠬᠤ ᠶᠢ ᠦᠨᠡᠨ ᠬᠦ ᠪᠡᠶᠡᠯᠡᠭᠦᠯᠵᠠᠢ᠃ ᠠᠮᠢᠳᠤᠯᠢᠭ ᠢᠶᠠᠷ ᠠᠵᠢᠯ ᠣᠯᠣᠭᠰᠠᠳ ᠤᠨ ᠣᠨᠴᠠᠯᠢᠭ ᠪᠠ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠠᠵᠢᠯ ᠡᠷᠢᠬᠦ ᠳᠠᠩᠰᠠᠯᠠᠯᠲᠠ ᠬᠢᠬᠦ᠂ ᠠᠵᠢᠯᠴᠢᠨ ᠬᠡᠷᠡᠭᠯᠡᠬᠦ ᠶᠢ ᠲᠠᠨᠢᠯᠴᠠᠭᠤᠯᠬᠤ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠬᠢᠬᠦ ᠪᠠ ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡᠨ ᠤ ᠴᠣᠩᠬᠤ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠡᠳᠦᠷ ᠤᠨ ᠬᠦᠴᠦ ᠶᠠᠪᠤᠭᠰᠠᠳ ᠲᠤ ᠠᠵᠢᠯᠴᠢᠨ ᠬᠡᠷᠡᠭᠯᠡᠬᠦ ᠮᠡᠳᠡᠭᠡ ᠵᠠᠩᠭᠢ᠂ ᠠᠵᠢᠯ ᠬᠦᠯᠢᠶᠡᠵᠦ ᠠᠮᠠᠷᠠᠬᠤ᠂ ᠵᠥᠪᠳᠡᠯᠴᠡᠨ ᠰᠣᠯᠢᠯᠴᠠᠬᠤ᠂ ᠭᠠᠷ ᠤᠲᠠᠰᠤ ᠪᠠᠷ ᠴᠠᠬᠢᠯᠭᠠᠨ ᠴᠡᠨᠡᠭᠯᠡᠬᠦ᠂ ᠤᠤᠭᠤᠬᠤ ᠤᠰᠤ ᠵᠢᠴᠢ ᠲᠧᠯᠸᠢᠰ ᠤᠨ ᠫᠷᠣᠭ᠍ᠷᠠᠮ ᠢ ᠭᠥᠯᠢᠶᠡᠨ ᠠᠪᠴᠤ ᠦᠵᠡᠬᠦ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠶᠢ ᠦᠨ᠎ᠡ ᠲᠥᠯᠥᠪᠦᠷᠢ ᠦᠭᠡᠢ ᠪᠠᠷ ᠬᠠᠩᠭᠠᠨ᠎ᠠ᠃     ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢ ᠨᠠᠩ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠪᠣᠯᠭᠠᠬᠤ ᠶᠢᠨ ᠲᠥᠯᠥᠭᠡ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠪᠠ ᠣᠯᠠᠨ ᠲᠦᠮᠡᠨ ᠤ ᠠᠵᠢᠯ ᠤᠨ ᠬᠡᠯᠲᠡᠰ ᠨᠢ ᠥᠪᠥᠷ ᠮᠣᠩᠭᠤᠯ ᠤᠨ ᠪᠠᠷᠠᠭᠤᠨ ᠣᠷᠣᠨ ᠤ ᠴᠢᠳᠠᠪᠤᠷᠢᠲᠠᠨ ︵ᠪᠦᠯᠦᠭᠯᠡᠯ ︶ ᠤ ᠬᠢᠵᠠᠭᠠᠷᠲᠤ ᠺᠣᠮᠫᠠᠨᠢ ᠲᠠᠢ ᠡᠵᠡᠩᠨᠡᠯᠲᠡ ᠬᠠᠮᠢᠶᠠᠷᠤᠯᠲᠠ ᠶᠢᠨ ᠬᠡᠯᠡᠯᠴᠡᠭᠡᠷ ᠲᠣᠭᠲᠠᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠲᠤᠰᠬᠠᠢ ᠪᠠᠶᠢᠭᠤᠯᠤᠮᠵᠢ ᠳᠤ ᠨᠠᠶᠢᠳᠠᠨ ᠡᠵᠡᠩᠨᠡᠭᠦᠯᠪᠠ  ᠃ ᠡᠭᠦᠨ ᠤ ᠬᠠᠮᠲᠤ᠂ ᠤᠯᠠᠭᠠᠨᠴᠠᠪ ᠬᠤᠲᠠ ᠶᠢᠨ ᠭᠠᠳᠠᠭᠰᠢ ᠭᠠᠷᠤᠭᠰᠠᠳ ᠤᠨ ᠪᠤᠭᠤᠲᠤ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠨᠠᠮ ᠤᠨ ᠡᠭᠦᠷ ᠤᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠲᠤ ᠣᠷᠣᠬᠤ ᠶᠢ ᠢᠳᠡᠪᠬᠢᠲᠡᠢ ᠪᠠᠷ ᠵᠣᠬᠢᠴᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠨᠠᠮ ᠤᠨ ᠭᠡᠰᠢᠭᠦᠨ ᠺᠠᠳ᠋ᠷᠴᠤᠳ ᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠡᠳᠦᠷ ᠤᠨ ᠬᠦᠴᠦᠨ ᠤ ᠠᠵᠢᠯᠴᠢᠨ ᠢ ᠬᠠᠪᠰᠤᠷᠤᠨ ᠠᠵᠢᠯ ᠣᠯᠭᠤᠬᠤ ᠶᠠᠪᠤᠴᠠ ᠳᠠᠬᠢ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠨ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠵᠠᠰᠠᠭ ᠤᠨ ᠣᠷᠳᠣᠨ ᠢᠶᠠᠷ ᠤᠳᠤᠷᠢᠳᠤᠮᠵᠢ ᠪᠣᠯᠭᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ︾ ᠠᠮᠢᠳᠤᠯᠢᠭ ᠠᠵᠢᠯᠯᠠᠭᠠᠨ ᠤ ᠵᠠᠭᠪᠤᠷ ᠢ ᠪᠤᠢ ᠪᠣᠯᠭᠠᠵᠤ᠂ ᠤᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠶᠢ ᠨᠡᠩ ᠨᠠᠷᠢᠯᠢᠭ ᠣᠨᠣᠴᠠᠲᠠᠢ ᠪᠠᠷ ᠠᠬᠢᠭᠤᠯᠪᠠ᠃     ᠠᠮᠢᠳᠤᠯᠢᠭ ᠢᠶᠠᠷ ᠠᠵᠢᠯ ᠣᠯᠣᠭᠰᠠᠳ ᠲᠤ ᠲᠥᠷᠥ ᠶᠢᠨ ᠪᠣᠳᠣᠯᠭ᠎ᠠ ᠶᠢᠨ ᠵᠥᠪᠯᠡᠯᠭᠡ᠂ ᠠᠵᠢᠯ ᠮᠡᠷᠭᠡᠵᠢᠯ ᠤᠨ ᠲᠠᠨᠢᠯᠴᠠᠭᠤᠯᠭ᠎ᠠ ᠵᠡᠷᠭᠡ ᠦᠢᠯᠡᠴᠢᠯᠡᠭᠡ ᠬᠠᠩᠭᠠᠬᠤ ᠠᠴᠠ ᠭᠠᠳᠠᠨ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ  ᠣᠷᠣᠨ ᠪᠠᠰᠠ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ᠂ ᠲᠣᠭᠲᠠᠮᠠᠯ ᠠᠵᠢᠯ ᠮᠡᠷᠭᠡᠵᠢᠯ ᠦᠭᠡᠢ ᠰᠠᠭᠤᠭᠠᠯᠢ ᠠᠷᠠᠳ ᠲᠤ ᠬᠠᠨᠳᠤᠭᠤᠯᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ᠂ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠵᠡᠷᠭᠡ ᠠᠵᠢᠯ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠦᠢᠯᠡᠴᠢᠯᠡᠭᠡ ᠬᠠᠩᠭᠠᠵᠤ᠂ ᠡᠳᠦᠷ ᠤᠨ ᠬᠦᠴᠦᠨ ᠤ ᠬᠥᠮᠥᠰ ᠢ ᠬᠠᠪᠰᠤᠷᠤᠨ ᠬᠥᠳᠡᠯᠮᠦᠷᠢ ᠶᠢᠨ ᠤᠷ᠎ᠠ ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠶᠢᠷ᠎ᠠ ᠬᠠᠪᠢ ᠳᠠᠭᠠᠨ ᠲᠤᠬᠠᠢ ᠶᠢᠨ ᠭᠠᠵᠠᠷ ᠲᠤᠨᠢ ᠲᠣᠭᠲᠠᠪᠤᠷᠢᠲᠠᠢ ᠠᠵᠢᠯ ᠣᠯᠬᠤ ᠶᠢ ᠪᠡᠶᠡᠯᠡᠭᠦᠯᠪᠡ᠃ ᠠᠵᠢᠯ ᠣᠯᠭᠤᠯᠲᠠ ᠶᠢᠨ ︽ᠦᠨᠳᠦᠰᠦᠨ ᠵᠦᠢᠯ ᠢ ᠪᠠᠲᠤᠯᠠᠬᠤ︾ ᠬᠠᠪᠰᠤᠷᠤᠨ ᠲᠡᠳᠬᠦᠬᠦ ᠠᠵᠢᠯ ᠢ ᠢᠳᠡᠪᠬᠢᠲᠡᠢ ᠥᠷᠨᠢᠭᠦᠯᠵᠦ᠂ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠨᠠᠰᠤ ᠠᠬᠢᠭᠰᠠᠳ ᠤᠨ ᠠᠵᠢᠯ ᠠᠯᠳᠠᠭᠰᠠᠳ᠂ ᠣᠷᠳᠣ ᠬᠤᠭᠤᠴᠠᠭ᠎ᠠ ᠪᠠᠷ ᠠᠵᠢᠯ ᠠᠯᠳᠠᠭᠰᠠᠳ᠂ ᠨᠢᠭᠡ ᠴᠦ ᠠᠵᠢᠯ ᠣᠯᠣᠭᠰᠠᠨ ᠦᠭᠡᠢ ᠭᠡᠷ ᠪᠦᠯᠢ ᠶᠢᠨ ᠪᠦᠷᠢᠯᠳᠦᠭᠦᠨ᠂ ᠭᠠᠵᠠᠷ ᠰᠢᠷᠣᠢ ᠪᠠᠨ ᠠᠯᠳᠠᠭᠰᠠᠨ ᠮᠠᠯᠴᠢᠨ ᠲᠠᠷᠢᠶᠠᠴᠢᠨ ᠵᠡᠷᠭᠡ ᠠᠵᠢᠯ ᠣᠯᠬᠤ ᠳᠤ ᠬᠦᠴᠢᠷᠲᠡᠢ ᠬᠠᠮᠲᠤᠯᠢᠭ ᠢ ᠬᠠᠪᠰᠤᠷᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ᠂ ᠨᠢᠭᠡ ᠤᠳᠠᠭ᠎ᠠ ᠶᠢᠨ ᠴᠢᠨᠠᠷᠲᠠᠢ ᠠᠳᠠᠯ ᠦᠢᠯᠡᠰ ᠴᠣᠭᠴᠠᠯᠠᠬᠤ ᠨᠥᠬᠦᠪᠦᠷᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢᠨ ᠨᠥᠬᠦᠪᠦᠷᠢ᠂ ᠠᠮᠢᠳᠤᠯᠢᠭ ᠢᠶᠠᠷ ᠠᠵᠢᠯ ᠣᠯᠣᠭᠰᠠᠳ ᠤᠨ ᠨᠡᠶᠢᠭᠡᠮ ᠤᠨ ᠪᠠᠲᠤᠯᠠᠭ᠎ᠠ ᠶᠢᠨ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠣᠯᠭᠤᠯᠲᠠ ᠶᠢᠨ ᠬᠠᠮᠲᠤᠯᠢᠭ ᠪᠠ ᠠᠵᠢᠯ ᠤᠨ ᠪᠠᠶᠢᠷᠢ ᠶᠢᠨ ︽ᠬᠤᠣᠰ ᠴᠢᠭᠯᠡᠯ ᠢᠶᠠᠷ ᠤᠷᠤᠭᠰᠢᠯᠠᠬᠤ︾ ᠶᠢ ᠪᠡᠶᠡᠯᠡᠭᠦᠯᠪᠠ᠃     ᠡᠳᠦᠷ ᠤᠨ ᠬᠦᠴᠦᠨ ᠤ ᠠᠵᠢᠯ ᠪᠣᠯ ᠬᠤᠲᠠ ᠶᠢᠨ ᠬᠥᠭᠵᠢᠯᠲᠡ ᠶᠢᠨ ︽ᠪᠦᠲᠦᠭᠡᠨ ᠪᠠᠶᠢᠭᠤᠯᠤᠭᠴᠢ︾ ᠪᠠ ︽ᠭᠡᠷᠡᠴᠢᠯᠡᠭᠴᠢ︾ ᠮᠥᠨ᠃ ᠲᠠᠷᠠᠭᠠᠴᠢ ᠶᠢᠨ ᠠᠯᠬᠤᠮ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠠᠯ᠎ᠠ ᠪᠠᠷ ᠲᠠᠰᠤᠷᠠᠯᠲᠠ ᠦᠭᠡᠢ ᠬᠦᠴᠦᠯᠡᠵᠦ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ᠂ ᠠᠵᠢᠯᠴᠢᠨ ᠤ ᠡᠪᠯᠡᠯ᠂ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠥᠷᠭᠡᠨ ᠣᠯᠠᠨ ᠡᠳᠦᠷ ᠤᠨ ᠬᠦᠴᠦᠨ ᠤ ᠠᠵᠢᠯᠴᠢᠨ ᠳᠤ ᠨᠠᠩ ᠪᠥᠬᠦ ᠲᠠᠯ᠎ᠠ ᠶᠢᠨ ᠬᠠᠤᠯᠢ ᠴᠠᠭᠠᠵᠠ ᠶᠢᠨ ᠵᠥᠪᠯᠡᠯᠭᠡ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠦᠢᠯᠡᠴᠢᠯᠡᠭᠡ ᠬᠠᠩᠭᠠᠵᠤ᠂ ᠨᠠᠩ ᠣᠯᠠᠨ ︽ᠡᠳᠦᠷ ᠤᠨ ᠬᠦᠴᠦᠨ ᠤ ᠠᠵᠢᠯᠲᠠᠨ︾ ᠳᠤ ᠬᠤᠲᠠ ᠶᠢᠨ ᠪᠠᠶᠢᠳᠠᠯ ᠢ ᠮᠡᠳᠡᠷᠡᠭᠦᠯᠵᠦ᠂ ᠠᠮᠢᠳᠤᠯᠢᠭ ᠢᠶᠠᠷ ᠠᠵᠢᠯ ᠣᠯᠣᠭᠰᠠᠳ ᠤᠨ ᠠᠰᠢᠭ ᠭᠥᠷᠳᠡᠭᠰᠡᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号