【ᠲᠠᠪᠤᠨ ᠶᠡᠭᠡ ᠡᠭᠦᠷᠭᠡ】ᠭᠤᠷᠪᠠᠳᠤᠭᠠᠷ ᠬᠤᠭᠤᠴᠠᠭᠠᠨ ᠤ ᠠᠺᠠᠳᠧᠮᠢᠴᠢ ᠶᠢᠨ ᠬᠥᠬᠡᠬᠤᠲᠠ ᠳᠠᠬᠢ ᠠᠶᠠᠯᠠᠯ ᠵᠢᠴᠢ ᠣᠷᠣᠨ ᠤ ᠲᠥᠪ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠶᠡᠭᠡ ᠬᠤᠷᠠᠯ ᠶᠠᠪᠤᠭᠳᠠᠪᠠ ᠪᠣᠤ ᠭᠠᠩ ᠪᠠᠶᠠᠷ ᠤᠨ ᠦᠭᠡ ᠬᠡᠯᠡᠵᠦ ᠪᠦᠦ ᠰᠢᠶᠠᠨ ᠬᠤᠸᠠ ᠶᠠᠷᠢᠶ᠎ᠠ ᠲᠠᠯᠪᠢᠨ ᠰᠦᠨ ᠵᠢᠶᠦ᠋ᠨ ᠴᠢᠩ ᠣᠷᠣᠯᠴᠠᠵᠠᠢ
ᠨᠡᠶᠢᠲᠡᠯᠡᠭᠰᠡᠨ ᠴᠠᠭ᠄
2023/9/5
    8 ᠳ᠋ᠤᠭᠠᠷ ᠰᠠᠷ᠎ᠠ ᠶᠢᠨ 28 ᠤ ᠡᠳᠦᠷ᠂ ︽ᠴᠢᠳᠠᠪᠤᠷᠢᠲᠠᠳ ᠢ ᠬᠥᠬᠡᠬᠤᠲᠠᠨ᠎ᠠ ᠴᠤᠭᠯᠠᠷᠠᠭᠤᠯᠵᠤ᠂ ᠳᠠᠭᠤᠷᠢᠰᠤᠮ᠎ᠠ ᠢᠷᠡᠭᠡᠳᠦᠢ ᠶᠢ ᠴᠣᠭᠴᠠᠯᠠᠶ᠎ᠠ︾ ᠭᠤᠣᠯ ᠰᠡᠳᠦᠪᠲᠦ ᠭᠤᠷᠪᠠᠳᠤᠭᠠᠷ ᠬᠤᠭᠤᠴᠠᠭᠠᠨ ᠤ ᠠᠺᠠᠳᠧᠮᠢᠴᠢ ᠶᠢᠨ ᠬᠥᠬᠡᠬᠤᠲᠠ ᠳᠠᠬᠢ ᠠᠶᠠᠯᠠᠯ ᠵᠢᠴᠢ ᠣᠷᠣᠨ ᠤ ᠲᠥᠪ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠤ ᠶᠡᠭᠡ ᠬᠤᠷᠠᠯ ᠶᠠᠪᠤᠭᠳᠠᠪᠠ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠥᠬᠡᠬᠤᠲᠠ ᠶᠢᠨ ᠨᠠᠮ ᠤᠨ ᠬᠤᠷᠢᠶᠠᠨ ᠤ ᠱᠦᠵᠢ ᠪᠦᠦ ᠭᠠᠩ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠶᠠᠷᠢᠶ᠎ᠠ ᠲᠠᠯᠪᠢᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠤᠨ ᠳᠠᠷᠤᠭ᠎ᠠ ᠰᠦᠨ ᠵᠢᠶᠦ᠋ᠨ ᠴᠢᠩ ᠬᠤᠷᠠᠯ ᠳᠤ ᠣᠷᠣᠯᠴᠠᠵᠠᠢ᠃     ᠪᠦᠦ ᠭᠠᠩ ᠪᠠᠶᠠᠷ ᠤᠨ ᠦᠭᠡᠨ ᠳᠤ ᠪᠠᠨ᠂ 2021 ᠣᠨ ᠳᠤ ︽ᠠᠺᠠᠳᠧᠮᠢᠴᠢ ᠶᠢᠨ ᠬᠥᠬᠡᠬᠤᠲᠠ ᠳᠠᠬᠢ ᠠᠶᠠᠯᠠᠯ︾ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢ᠂ ᠣᠷᠣᠨ ᠤ ᠲᠥᠪ ᠤᠨ ᠰᠢᠨ᠎ᠡ ᠶᠢ ᠡᠭᠦᠳᠬᠦ ᠪᠣᠳᠠᠲᠤ ᠬᠦᠴᠦᠨ ᠢ ᠰᠢᠨ᠎ᠡ ᠳᠡᠭᠲᠡᠷ ᠲᠤ ᠭᠠᠷᠭᠠᠬᠤ᠂ ᠰᠢᠨ᠎ᠡ ᠶᠢ ᠡᠭᠦᠳᠬᠦ ᠠᠵᠤ ᠠᠬᠤᠶᠢᠯᠠᠯ ᠢ ᠪᠤᠶᠢᠵᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠ ᠰᠢᠨ᠎ᠡ ᠶᠢ ᠡᠭᠦᠳᠬᠦ ᠬᠠᠮᠲᠤᠷᠠᠯᠴᠠᠭ᠎ᠠ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠵᠤ᠂ ᠣᠷᠣᠨ ᠤ ᠲᠥᠪ ᠤᠨ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠ ᠴᠢᠳᠠᠪᠤᠷᠢᠲᠠᠨ ᠤ ᠥᠨᠳᠦᠷᠯᠢᠭ ᠢ ᠲᠦᠷᠭᠡᠬᠡᠨ ᠪᠠᠶᠢᠭᠤᠯᠬᠤ ᠳᠤ ᠬᠦᠴᠦᠨ ᠨᠡᠮᠡᠷᠢᠯᠡᠵᠡᠢ᠃ ᠲᠥᠪ ᠬᠤᠳᠠ ᠶᠢᠨ ᠬᠢᠨ ᠡᠯ᠎ᠡ ᠲᠦᠷᠦᠯ ᠤᠨ ᠴᠢᠳᠠᠪᠤᠷᠢᠲᠠᠳ ᠢ ᠬᠥᠬᠡᠬᠤᠲᠠ ᠲᠠᠢ ᠬᠠᠮᠲᠤᠷᠠᠨ ︽ᠬᠦᠭᠵᠢᠭᠦᠯᠬᠦ ᠬᠠᠮᠰᠠᠭᠠᠲᠠᠨ︾᠂ ︽ᠲᠡᠮᠡᠴᠡᠬᠦ ᠬᠠᠮᠲᠤ ᠶᠢᠨ ᠴᠣᠭᠴᠠ︾ ᠪᠣᠯᠬᠤ ᠶᠢ ᠴᠢᠩ ᠰᠡᠳᠬᠢᠯ ᠠᠴᠠ ᠪᠠᠨ ᠤᠷᠢᠵᠤ᠂ ᠴᠠᠭ ᠦᠶ᠎ᠡ ᠶᠢᠨ ᠪᠣᠯᠵᠣᠭᠠᠨ ᠳᠤ ᠬᠠᠮᠲᠤ ᠪᠠᠷ ᠪᠣᠯᠵᠣᠵᠤ᠂ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠬᠠᠮᠲᠤ ᠪᠠᠷ ᠵᠢᠷᠤᠭᠯᠠᠶ᠎ᠠ ᠭᠡᠪᠡ᠃    ᠪᠦᠦ ᠰᠢᠶᠠᠨ ᠬᠤᠸᠠ ᠢᠯᠡᠷᠬᠡᠶᠢᠯᠡᠬᠦ ᠳᠤ ᠪᠠᠨ᠂ ᠲᠣᠰ ᠤᠳᠠᠭᠠᠨ ᠤ ᠶᠡᠭᠡ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠶᠢᠨ ᠲᠣᠭᠤᠷᠢᠨ ᠳᠤ ᠨᠡᠭᠡᠭᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠴᠢᠳᠠᠪᠤᠷᠢᠲᠠᠨ ᠤ ᠦᠢᠯᠡᠴᠢᠯᠡᠭᠡᠨ ᠤ ︽ᠪᠠᠲᠤ ᠴᠢᠩᠭ᠎ᠠ ᠪᠠᠲᠤᠯᠠᠭ᠎ᠠ︾ ᠶᠢ ᠲᠡᠭᠦᠯᠳᠡᠷᠵᠢᠭᠦᠯᠵᠦ᠂ ᠴᠢᠳᠠᠪᠤᠷᠢᠲᠠᠨ ᠤ ᠬᠥᠭᠵᠢᠯᠲᠡ ᠶᠢᠨ ︽ᠵᠥᠭᠡᠯᠡᠨ ᠪᠣᠳᠠᠲᠤ ᠬᠦᠴᠦᠨ︾ ᠢ ᠳᠡᠭᠡᠭᠰᠢᠯᠡᠭᠦᠯᠦᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠢᠭᠡ ᠪᠦᠯᠦᠭ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ᠂ ᠠᠵᠤ ᠦᠢᠯᠡᠰ ᠤᠨ ᠬᠦᠷᠢᠶᠡᠨ ᠳᠠᠬᠢ ᠳᠡᠭᠡᠳᠦ ᠲᠠᠰ ᠳᠠᠪᠬᠤᠷᠭ᠎ᠠ ᠶᠢᠨ ᠳᠠᠭᠠᠭᠤᠯᠤᠭᠴᠢ ᠴᠢᠳᠠᠪᠤᠷᠢᠲᠠᠳ ᠢ ᠴᠤᠭᠯᠠᠷᠠᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠣᠯᠭᠤᠬᠤ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号