【ᠲᠠᠪᠤᠨ ᠶᠡᠭᠡ ᠡᠭᠦᠷᠭᠡ】ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠸᠠᠩ ᡁᠢ ᠭᠠᠩ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠪᠡ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠸᠠᠩ ᠯᠢ ᠰᠢᠶᠠ ᠵᠠᠩ ᠶᠠᠨ ᠺᠦᠨ ᠣᠷᠣᠯᠴᠠᠪᠠ
ᠨᠡᠶᠢᠲᠡᠯᠡᠭᠰᠡᠨ ᠴᠠᠭ᠄
2023/9/5
   8 ᠰᠠᠷ᠎ᠠ ᠶᠢᠨ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2023 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠸᠠᠩ ᡁᠢ ᠭᠠᠩ ᠢ ᠤᠷᠢᠵᠤ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠯᠭᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
    ᠰᠤᠷᠤᠯᠴᠠᠯᠭ᠎ᠠ ᠶᠢᠨ ᠬᠤᠷᠠᠯ ᠳᠡᠭᠡᠷ᠎ᠡ᠂ ᠸᠠᠩ ᡁᠢ ᠭᠠᠩ ︽ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ‌‍ᠬᠦ᠋ᠴᠦᠷᠬᠡᠭᠵᠢᠭᠦᠯᠬᠦ ᠡᠭᠦᠷᠭᠡ ᠶᠢ ᠡᠭᠦᠷᠭᠡᠯᠡᠵᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠯᠬᠤᠭ᠎ᠠ ᠵᠢ‌‍ᠲ᠋ᠦ᠋ᠷᠭᠡᠳᠬᠡᠶ᠎ᠡ︾ ᠭᠡᠬᠦ ᠰᠡᠳᠦᠪ ᠢᠶᠠᠷ ᠥᠪᠡᠷ ᠤᠨ ᠤᠷᠲᠤ ᠬᠤᠭᠤᠴᠠᠭᠠᠨ ᠤ ᠲᠤᠷᠰᠢᠬᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠨᠣᠯ ᠤᠨ ᠰᠤᠳᠤᠯᠭᠠᠨ ᠪᠠ ᠦᠢᠯᠡᠳᠦᠯᠭᠡ ᠶᠢᠨ ᠬᠤᠷᠠᠮᠳᠤᠭᠤᠯᠤᠯ ᠲᠠᠢ ᠪᠠᠨ ᠤᠶᠠᠯᠳᠤᠭᠤᠯᠵᠤ᠂ ᠤᠨᠤᠯ ᠤᠨ ᠯᠣᠭᠢᠭ ᠂ ᠲᠡᠦᠬᠡ ᠶᠢᠨ ᠯᠣᠭᠢᠭ᠂ ᠪᠣᠳᠠᠲᠤ ᠠᠬᠤᠢ ᠵᠢᠨ‌ᠯᠣᠭᠢᠭ ᠵᠡᠷᠭᠡ ᠤᠯᠠᠨ ᠬᠠᠷᠠᠭᠠᠰᠤ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠠᠴᠠ ᠨᠠᠭᠠᠰᠢᠬᠢ ᠮᠠᠨ ᠤ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ‍ᠤᠨ‌‍ᠰᠢᠨ᠎ᠡ ᠡᠭᠦᠳᠦᠯᠲᠡ ᠶᠢᠨ ᠣᠯᠣᠭᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠢᠯᠡᠰ ᠤᠨ ᠠᠯᠤᠰ ᠤᠨ ᠬᠠᠷᠠᠯᠲᠠ ᠶᠢ ᠰᠢᠰᠲ᠋ᠧᠮ ᠲᠠᠢ ᠲᠠᠨᠢᠯᠴᠠᠭᠤᠯᠤᠭᠰᠠᠨ ᠪᠥᠭᠡᠳ ᠶᠡᠷᠦᠩᠬᠡᠢ ᠱᠦᠵᠢ ᠰᠢ ᠶᠢᠨ ᠫᠢᠩ ‍ᠤᠨ‌ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠬᠢᠭᠡᠳ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠦ᠋ᠭᠨᠢᠭ‌ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠢ ᠰᠠᠨᠠᠯ ᠢᠶᠠᠨ ᠶᠠᠷᠢᠪᠠ᠃ ᠣᠯᠠᠨ ᠢᠶᠠᠷ ᠢᠶᠠᠨ ᠰᠣᠨᠣᠰᠤᠭᠰᠠᠨ ᠤ ᠳᠠᠷᠠᠭ᠎ᠠ᠂ ᠭᠦᠨ ᠰᠡᠩᠬᠡᠷᠡᠭᠦᠯᠦᠯ ᠣᠯᠵᠤ᠂ᠶᠡᠬᠡᠬᠡᠨ ᠣᠯᠣᠯᠲᠠ ᠲᠠᠢ ᠪᠣᠯᠵᠠᠢ᠃    ᠰᠦᠨ ᠱᠤᠤ ᠴᠧᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠥᠪᠥᠷ ᠮᠣᠩᠭᠤᠯ ᠤᠨ ᠲᠣᠪᠤᠶᠢᠮ᠎ᠠ ᠳᠤᠲᠠᠭᠤᠳᠠᠯ ᠪᠣᠯᠣᠨ᠎ᠠ᠂ ᠪᠢᠳᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠬᠥᠭᠵᠢᠭᠡᠳᠦᠢ ᠭᠠᠵᠠᠷ ᠣᠷᠣᠨ ᠳᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠰᠡᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠᠲᠠᠢ︾ᠭᠡᠬᠦ ᠰᠤᠷᠭᠠᠯ ᠢ ᠪᠠᠲᠤ ᠴᠡᠭᠡᠵᠢᠯᠡᠵᠦ᠂ ᠨᠡᠩ ᠶᠡᠭᠡ ᠰᠥᠰᠥ ᠵᠣᠷᠢᠭ ᠪᠣᠯᠣᠨ ᠴᠤᠭ ᠰᠦᠯᠳᠡ ᠪᠠᠷ ᠰᠢᠨ᠎ᠡ ᠶᠢ ᠡᠭᠦᠳᠬᠦ ᠶᠢ ᠰᠦᠪᠡᠭᠴᠢᠯᠡᠨ ᠰᠢᠨ᠎ᠡ ᠶᠢ ᠡᠭᠦᠳᠬᠦ ᠵᠢ‌ᠠᠳᠬᠤᠵᠤ᠂ ᠡᠨᠡ ᠬᠦ ᠳᠤᠲᠠᠭᠤᠳᠠᠯ ᠢ ᠠᠯᠢ ᠲᠦᠷᠭᠡᠨ ᠢᠶᠠᠷ ᠨᠥᠬᠦᠪᠦᠷᠢᠯᠡᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠰᠢᠨ᠎ᠡ ᠵᠠᠮ ᠢᠶᠠᠷ ᠵᠠᠮᠨᠠᠵᠤ ᠳᠤᠮᠳᠠ‌‍ᠲ᠋ᠦ᠋ᠪᠰᠢᠨ ᠳᠤ ᠲᠠᠪᠰᠢᠨ ᠣᠷᠣᠬᠤ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠭᠤᠣᠯᠳᠠᠯᠭ᠎ᠠ ᠶᠢ ᠲᠤᠪᠤᠶᠢᠯᠭᠠᠵᠤ᠂ ᠴᠢᠬᠤᠯᠠ‌‍ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠲᠦᠷᠦᠯ ᠢ ᠭᠦᠨᠵᠡᠭᠡᠢ ᠲᠥᠯᠥᠪᠵᠢᠭᠦᠯᠦᠨ ᠬᠡᠷᠡᠭᠵᠢᠭᠦᠯᠵᠦ᠂ ᠶᠡᠭᠡ ᠬᠦᠴᠦ ᠣᠷᠣᠭᠤᠯᠵᠤ ᠪᠠᠶᠢᠭᠠᠳ‌ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠬᠤᠪᠣᠷ ᠰᠢᠷᠣᠢ᠂ ᠡᠨᠧᠷᠭᠢ ᠨᠥᠭᠡᠴᠡᠯᠡᠬᠦ ᠵᠡᠷᠭᠡ ᠬᠦᠷᠢᠶᠡᠨ ᠳᠠᠬᠢ ︽ᠪᠣᠭᠤᠮᠢ︾ ᠶᠢᠨ ᠠᠰᠠᠭᠤᠳᠠᠯ ᠢ ᠰᠢᠢᠳᠪᠦᠷᠢᠯᠡᠵᠦ᠂ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠭᠠᠵᠠᠷ ᠰᠢᠷᠣᠢ᠂ ᠤᠰᠤ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ ᠶᠢᠨ ᠠᠵᠤ ᠦᠢᠯᠡᠰ ᠤᠨ ᠪᠣᠭᠤᠮᠢ ᠵᠢᠨ‌‍ᠬᠢᠵᠠᠭᠠᠷᠯᠠᠯ ᠢ ᠰᠢᠪᠲᠤᠯᠬᠤ ᠬᠡᠷᠡᠭᠲᠡᠢ᠃ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠵᠤ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ‍ᠤᠨ‌‍ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠳᠦᠷᠢᠮ ᠤᠨ ᠲᠠᠯ᠎ᠠ ᠠᠴᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ‌ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠰᠠᠶᠢᠲᠤᠷ ᠨᠠᠶᠢᠳᠠᠪᠤᠷᠢᠵᠢᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ‌‍ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠪᠤᠶᠢᠵᠢᠭᠤᠯᠬᠤ᠂ ᠦᠯᠡᠳᠡᠭᠡᠬᠦ᠂ ᠬᠡᠷᠡᠭᠯᠡᠬᠦ ᠠᠵᠢᠯ ᠢ ᠰᠠᠶᠢᠲᠤᠷ ᠬᠢᠬᠦ‌‍ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ ᠶᠢ ᠴᠢᠬᠤᠯᠠᠴᠢᠯᠠᠵᠤ᠂ ᠡᠯ᠎ᠡ ᠬᠦᠷᠢᠶ᠎ᠡ ᠡᠯ᠎ᠡ ᠲᠠᠯ᠎ᠠ ᠶᠢᠨ ᠰᠢᠨᠵᠢᠯᠡᠬᠦ‌ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠦᠭᠦ ᠲᠠᠯ᠎ᠠ ᠪᠠᠷ ᠪᠠᠶᠢᠴᠠᠭᠠᠨ ᠭᠠᠷᠭᠠᠵᠤ᠂ ᠦᠢᠯᠡᠳᠪᠦᠷᠢᠯᠡᠯ ᠵᠢᠭᠠᠨ ᠰᠤᠷᠭᠠᠯᠲᠠ‌‍ᠰᠤᠳᠤᠯᠭᠠᠨ ᠬᠡᠷᠡᠭᠯᠡᠯᠲᠡ ᠶᠢᠨ ᠡᠯ᠎ᠡ ᠲᠠᠯ᠎ᠠ ᠶᠢᠨ ᠬᠠᠮᠲᠤᠷᠠᠯᠴᠠᠭᠠᠨ ᠤ ᠵᠠᠮ ᠢ ᠨᠠᠪᠲᠠᠷᠡᠭᠦᠯᠵᠦ᠂ ᠨᠡᠩ ᠤᠯᠠᠨ ︽ᠦᠷ᠎ᠡ︾ ᠶᠢ ︽ᠴᠢᠬᠢ ᠮᠣᠳᠣ︾ ᠪᠣᠯᠭᠠᠨ‌ᠬᠤᠪᠢᠷᠠᠭᠤᠯᠵᠤ᠂ ︽ᠫᠧᠩᠰᠡᠲᠦ ᠦᠵᠡᠮᠵᠢ︾ ᠶᠢ ︽ᠤᠢ ᠰᠢᠭᠤᠢ︾ ᠪᠣᠯᠭᠠᠨ ᠬᠤᠪᠢᠷᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ‍ᠤ‌ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠩ‌ᠤᠯᠠᠨ ᠨᠡᠶᠢᠭᠡᠮ ᠤᠨ ᠬᠥᠷᠥᠩᠭᠡ ᠶᠢ ᠰᠢᠨ᠎ᠡ ᠶᠢ ᠡᠭᠦᠳᠬᠦ ᠳᠤ ᠣᠷᠣᠯᠴᠠᠭᠤᠯᠬᠤ ᠪᠠᠷ ᠬᠥᠲᠥᠯᠥᠨ ᠳᠠᠭᠠᠭᠤᠯᠬᠤ ᠬᠡᠷᠡᠭᠲᠡᠢ᠃ ᠡᠭᠦᠳᠡ ᠪᠠᠨ ᠨᠡᠭᠡᠭᠡᠨ ᠰᠢᠨ᠎ᠡ ᠵᠢ‌ᠡᠭᠦᠳᠬᠦ ᠶᠢ ᠪᠠᠷᠢᠮᠲᠠᠯᠠᠵᠤ᠂ ᠨᠡᠩ ᠤᠯᠠᠨ ᠰᠢᠨ᠎ᠡ ᠶᠢ ᠡᠭᠦᠳᠬᠦ ᠲᠠᠪᠴᠠᠩ᠂ ᠠᠵᠤ ᠠᠬᠤᠶᠢᠯᠠᠯ᠂ ᠦᠷ᠎ᠡ ᠪᠦᠲᠦᠭᠡᠯ᠂ ᠴᠢᠳᠠᠪᠤᠷᠢᠲᠠᠨ ᠵᠡᠷᠭᠡ ᠳᠠᠪᠠᠭᠤᠯᠢᠭ ᠡᠬᠢ ᠪᠠᠶᠠᠯᠢᠭ ᠢ ᠥᠪᠡᠷ ᠤᠨ ᠪᠡᠶ᠎ᠡ ᠳᠡᠭᠡᠨ ᠠᠰᠢᠭᠯᠠᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠵᠣᠬᠢᠬᠤ ᠳᠦᠷᠢᠮᠯᠡᠯ‌‍ᠭᠡᠵᠦ ᠪᠠᠶᠢᠳᠠᠭ ᠦᠭᠡᠢ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠴᠢᠯᠦᠭᠡᠯᠡᠵᠦ᠂ ᠵᠣᠷᠢᠭᠲᠠᠢ‌‍ᠲ᠋ᠤᠷᠰᠢᠵᠤ᠂ ᠵᠣᠷᠢᠭᠲᠠᠢ ᠬᠢᠬᠦ ᠬᠡᠷᠡᠭᠲᠡᠢ ᠭᠡᠵᠦ ᠬᠡᠯᠡᠪᠡ᠃    ᠰᠤᠷᠤᠯᠴᠠᠯᠭ᠎ᠠ ᠶᠢᠨ ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠳ᠋ᠤ᠋‌ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠳᠥᠷᠪᠡᠨ ᠶᠡᠭᠡ ᠤᠳᠤᠷᠢᠳᠬᠤ ᠪᠠᠭ ᠤᠨ ᠪᠦᠷᠢᠯᠳᠦᠭᠦᠨ ᠪᠣᠯᠣᠨ ᠰᠢᠭᠦᠬᠦ‌ᠬᠤᠷᠢᠶ᠎ᠠ ᠶᠢᠨ ᠳᠠᠷᠤᠭ᠎ᠠ᠂ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ‌ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ‍ᠤᠨ‌‍ᠰᠤᠳᠤᠯᠭᠠᠨ ᠤ ᠬᠦᠷᠢᠶᠡᠯᠡᠩ ᠤᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠪᠤᠰᠤᠳ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠭᠤᠣᠯ‌ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号