ᠬᠠᠮᠢᠶᠠᠷᠣᠯᠳᠠ ᠶᠢᠨ ᠵᠦᠪᠯᠡᠯ ᠤᠨ ᠠᠵᠢᠯ ᠤᠨ ᠬᠠᠷᠢᠭᠤ ᠮᠡᠳᠡᠭᠦᠯᠦᠯᠳᠡ | ︵2023 ᠣᠨ ᠤ 2 ᠰᠠᠷ᠎ᠠ ᠶᠢᠨ 1︶ ᠭᠤᠣ ᠶᠦᠩ | ᠨᠥᠬᠦᠳ ᠠ᠋᠄ | ᠬᠤᠷᠠᠯ ᠤᠨ ᠲᠣᠬᠢᠷᠠᠭᠤᠯᠤᠯᠲᠠ ᠶᠣᠰᠣᠭᠠᠷ᠂ ᠳᠣᠣᠷ᠎ᠠ ᠪᠢ 2022 ᠣᠨ ᠤ ᠠᠵᠢᠯ ᠤᠨ ᠪᠠᠶᠢᠳᠠᠯ ᠪᠣᠯᠣᠨ | 2023 ᠣᠨ ᠤ ᠭᠤᠣᠯᠳᠠᠯᠭ᠎ᠠ ᠲᠠᠢ ᠡᠭᠦᠷᠭᠡ ᠶᠢ ᠳᠣᠣᠷᠠᠬᠢ ᠮᠡᠲᠦ ᠳ᠋ᠦᠩᠨᠡᠶ᠎ᠡ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠪᠣᠯ ᠲᠤᠶᠢᠯ ᠤᠨ ᠶᠡᠷᠦ ᠪᠤᠰᠤ ᠶᠢᠨ᠂ ᠲᠤᠶᠢᠯ ᠤᠨ ᠴᠢᠬᠤᠯᠠ ᠨᠢᠭᠡ ᠵᠢᠯ ᠮᠥᠨ᠃ ᠪᠢᠳᠡ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ | ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ | ᠡᠷᠡᠰ ᠲᠤᠤᠱᠯᠠᠭᠤᠯᠵᠤ᠂ ᠡᠯ᠎ᠡ ᠵᠦᠢᠯ ᠤᠨ ᠠᠵᠢᠯ ᠳᠤ ᠰᠢᠯᠢᠳᠡᠭ ᠠᠮᠵᠢᠯᠲᠠ ᠣᠯᠵᠠᠢ᠃ | ︱ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠪᠦᠬᠦ ᠬᠤᠳᠠ ᠶᠢᠨ ᠡᠮᠦᠨ᠎ᠡ ᠡᠩᠨᠡᠭᠡᠨ ᠳᠤ | ᠣᠷᠣᠪᠠ᠃ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ 562 ᠳ᠋ᠦᠩᠰᠢᠭᠤᠷ ᠲᠥᠭᠦᠷᠢᠭ ᠲᠤ ᠬᠦᠷᠴᠦ | ᠂ ᠠᠳᠠᠯᠢ ᠬᠤᠭᠤᠴᠠᠭᠠᠨ ᠤ ᠬᠢ ᠠᠴᠠ 9% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ | ᠬᠢ ᠠᠴᠠ 1.8 ᠵᠠᠭᠤᠨ ᠤ ᠨᠢᠭᠡᠴᠢ ᠥᠨᠳᠥᠷ ᠪᠣᠯᠵᠤ᠂ ᠬᠤᠲᠠ ᠶᠢᠨ ᠲᠠᠪᠤᠨ ᠣᠷᠣᠨ ᠤ ᠨᠡᠷᠡᠰ ᠤᠨ | ᠵᠢᠭᠰᠠᠭᠠᠯᠲᠠ ᠳᠤ ᠨᠢᠭᠡᠳᠦᠭᠡᠷ ᠲᠤ ᠣᠷᠣᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 32% ᠨᠡᠮᠡᠭᠳᠡᠵᠦ᠂ ᠪᠥᠬᠦ ᠬᠤᠲᠠ ᠶᠢᠨ 12.4 ᠵᠠᠭᠤᠨ ᠤ | ᠨᠢᠭᠡᠴᠢ ᠠᠴᠠ ᠥᠨᠳᠥᠷ ᠪᠣᠯᠵᠤ᠂ ᠬᠤᠲᠠ ᠶᠢᠨ ᠲᠠᠪᠤᠨ ᠣᠷᠣᠨ ᠤ ᠨᠡᠷᠡᠰ ᠤᠨ ᠵᠢᠭᠰᠠᠭᠠᠯᠲᠠ ᠳᠤ ᠨᠢᠭᠡᠳᠦᠭᠡᠷ ᠲᠤ | ᠣᠷᠣᠪᠠ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 29.39 ᠳ᠋ᠦᠩᠰᠢᠭᠤᠷ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 13.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ | ᠪᠥᠬᠦ ᠬᠤᠲᠠ ᠶᠢᠨ ᠬᠢ ᠠᠴᠠ 5.4 ᠵᠠᠭᠤᠨ ᠤ ᠨᠢᠭᠡᠴᠢ ᠥᠨᠳᠥᠷ ᠪᠣᠯᠵᠤ᠂ ᠬᠤᠲᠠ ᠶᠢᠨ ᠲᠠᠪᠤᠨ ᠣᠷᠣᠨ ᠤ | ᠨᠡᠷᠡᠰ ᠤᠨ ᠵᠢᠭᠰᠠᠭᠠᠯᠲᠠ ᠳᠤ ᠨᠢᠭᠡᠳᠦᠭᠡᠷ ᠲᠤ ᠣᠷᠣᠪᠠ᠃ ᠢᠯᠠᠩᠭᠤᠶ᠎ᠠ ᠲᠣᠭᠲᠠᠮᠠᠯ ᠬᠦᠷᠦᠩᠭᠡ ᠶᠢᠨ ᠪᠡᠯᠡ | ᠣᠷᠣᠭᠤᠯᠤᠯᠲᠠ ᠵᠠᠭᠤᠨ ᠳ᠋ᠦᠩᠰᠢᠭᠤᠷ ᠢ ᠳᠠᠪᠠᠵᠤ᠂ ᠠᠵᠤ ᠦᠢᠯᠡᠳᠪᠦᠷᠢ ᠶᠢᠨ ᠦᠢᠯᠡᠳᠭᠦᠨ ᠤ ᠪᠦ᠋ᠬᠦ ᠦᠷᠳᠡᠭ ᠢ | ᠮᠢᠩᠭᠠᠨ ᠳ᠋ᠦᠩᠰᠢᠭᠤᠷ ᠢ ᠳᠠᠪᠠᠭᠰᠠᠨ ᠶᠠᠪᠤᠳᠠᠯ ᠨᠢ ᠮᠠᠨ ᠤ ᠠᠵᠤ ᠠᠬᠤᠢ ᠶᠢᠨ ᠪᠠᠭᠲᠠᠭᠠᠮᠵᠢ ᠨᠢᠭᠡᠨ ᠰᠢᠨ᠎ᠡ | ᠳᠡᠭᠲᠡᠷ ᠲᠤ ᠭᠠᠷᠤᠭᠰᠠᠨ ᠢ ᠬᠠᠷᠠᠭᠤᠯᠵᠤ ᠪᠠᠶᠢᠨ᠎ᠠ᠃ | ︱ ᠴᠢᠬᠤᠯᠠ ᠶᠡᠭᠡ ᠲᠦᠷᠦᠯ ᠵᠦᠢᠯ ᠲᠡᠦᠬᠡ ᠶᠢᠨ ᠬᠠᠮᠤᠭ ᠤᠨ ᠰᠠᠶᠢᠨ ᠲᠦᠪᠰᠢᠨ ᠢ ᠡᠭᠦᠳᠪᠡ᠃ 125 | ᠴᠢᠬᠤᠯᠠ ᠶᠡᠭᠡ ᠲᠥᠷᠥᠯ ᠵᠦᠢᠯ ᠤᠨ ᠳᠣᠲᠣᠷ᠎ᠠ ᠠᠵᠤ ᠦᠢᠯᠡᠳᠪᠦᠷᠢ ᠶᠢᠨ ᠲᠥᠷᠥᠯ ᠵᠦᠢᠯ 83᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠥᠷᠥᠯ ᠵᠦᠢᠯ 75 ᠪᠠᠶᠢᠵᠤ᠂ ᠡᠵᠡᠯᠡᠬᠦ | ᠬᠠᠷᠢᠴᠠᠯ ᠨᠢ ᠲᠣᠰ ᠲᠣᠰ 66.4% ᠪᠠ 60% ᠳᠤ ᠬᠥᠷᠪᠡ᠃ ᠪᠠᠷᠢᠯᠭ᠎ᠠ ᠳᠠᠭᠤᠰᠤᠭᠰᠠᠨ ᠲᠥᠷᠥᠯ ᠵᠦᠢᠯ 90 | ᠪᠠᠶᠢᠵᠤ᠂ ᠪᠠᠷᠢᠯᠭ᠎ᠠ ᠳᠠᠭᠤᠰᠤᠭᠰᠠᠨ ᠨᠣᠷᠮ᠎ᠠ 72% ᠪᠠᠶᠢᠵᠤ᠂ ᠠᠵᠤ ᠦᠢᠯᠡᠰ ᠤᠨ ᠲᠥᠷᠥᠯ ᠤᠨ ᠲᠥᠷᠥᠯ | ᠵᠦᠢᠯ ᠤᠨ ᠡᠵᠡᠯᠡᠬᠦ ᠬᠠᠷᠢᠴᠠᠯ᠂ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠨᠣᠷᠮ᠎ᠠ ᠴᠥᠮ ᠲᠡᠦᠬᠡ ᠶᠢᠨ | ᠬᠠᠮᠤᠭ ᠤᠨ ᠰᠠᠶᠢᠨ ᠬᠢᠷᠢ ᠬᠡᠮᠵᠢᠶ᠎ᠡ ᠶᠢ ᠡᠭᠦᠳᠪᠡ᠃ | ︱ ᠬᠤᠪᠣᠷ ᠰᠢᠷᠣᠢ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ ᠳᠠᠬᠢᠨ ᠢᠶᠠᠷ ᠨᠡᠮᠡᠭᠳᠡᠭᠦᠯᠬᠦ ᠶᠢ | ᠪᠡᠶᠡᠯᠡᠭᠦᠯᠦᠨ᠎ᠡ᠃ 450 ᠳ᠋ᠦᠩᠰᠢᠭᠤᠷ ᠲᠥᠭᠦᠷᠢᠭ ᠢ ᠳᠠᠪᠠᠵᠤ᠂ 2021 ᠣᠨ ᠤ ᠬᠢ ᠠᠴᠠ ᠳᠠᠬᠢᠨ ᠢᠶᠠᠷ | ᠨᠡᠮᠡᠭᠳᠡᠭᠦᠯᠬᠦ ᠶᠢ ᠪᠡᠶᠡᠯᠡᠭᠦᠯᠵᠦ᠂ ᠪᠥᠬᠦ ᠲᠣᠭᠲᠠᠭᠠᠭᠰᠠᠨ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ | ᠥᠷᠲᠡᠭ ᠤᠨ 41% ᠶᠢ ᠡᠵᠡᠯᠡᠵᠦ᠂ ᠣᠶᠢᠷ᠎ᠠ ᠶᠢᠨ ᠵᠢᠯ ᠤᠨ ᠲᠤᠷᠰᠢᠬᠢ ᠬᠠᠮᠤᠭ ᠤᠨ ᠥᠨᠳᠥᠷ ᠬᠠᠷᠢᠴᠠᠯ ᠪᠣᠯᠵᠤ᠂ | ᠪᠤᠭᠤᠲᠤ ᠬᠤᠲᠠ ᠶᠢᠨ ︽ᠳᠡᠯᠡᠬᠡᠢ ᠶᠢᠨ ᠬᠤᠪᠣᠷ ᠰᠢᠷᠣᠢ ᠶᠢᠨ ᠬᠤᠲᠠ︾ ᠶᠢ ᠪᠦᠲᠦᠭᠡᠨ ᠪᠠᠶᠢᠭᠤᠯᠬᠤ ᠳᠤ ᠰᠠᠭᠤᠷᠢ | ᠲᠠᠯᠪᠢᠵᠤ ᠥᠭᠭᠦᠭᠰᠡᠨ ᠪᠠᠶᠢᠨ᠎ᠠ᠃ | ︱ ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠦᠢᠯᠡᠳᠬᠦᠨ ᠤ ᠥᠷᠳᠡᠭ ᠲᠠᠪᠤᠨ | ᠲᠠᠬᠢᠨ ᠢᠶᠠᠷ ᠨᠡᠮᠡᠭᠳᠡᠪᠡ᠃ ᠱᠤᠸᠠᠩ ᠯᠢᠶᠠᠩ ᠪᠦᠯᠦᠭᠯᠡᠯ ᠤᠨ 40GW ᠲᠠᠩ ᠲᠠᠯᠠᠰᠲᠤ ᠴᠠᠬᠢᠭᠤᠷ᠂ 20GW | ᠬᠡᠷᠡᠯ ᠴᠡᠨᠡᠭ ᠤᠨ ᠲᠣᠨᠣᠭᠯᠠᠯ ᠤᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠪᠦᠬᠦᠨ ᠢ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠰᠠᠯᠬᠢᠨ ᠬᠦᠴᠦᠨ ᠤ ᠴᠠᠬᠢᠯᠭᠠᠨ ᠤ ᠰᠤᠪᠤᠷᠭ᠎ᠠ ᠶᠢᠨ | ᠦᠢᠯᠡᠳᠪᠦᠷᠢᠯᠡᠬᠦ ᠴᠢᠳᠠᠪᠤᠷᠢ ᠶᠢ 30 ᠲᠦᠮᠡᠨ ᠲᠣᠨ ᠳᠤ ᠬᠦᠷᠦᠭᠦᠯᠵᠦ᠂ ᠪᠥᠬᠦ ᠵᠢᠯ ᠳᠤ ᠰᠢᠨ᠎ᠡ ᠡᠨᠧᠷᠭᠢ ᠶᠢᠨ ᠠᠵᠤ | ᠦᠢᠯᠡᠰ ᠤᠨ ᠦᠢᠯᠡᠳᠬᠦᠨ ᠤ ᠥᠷᠲᠡᠭ ᠢ 502% ᠢᠶᠠᠷ ᠨᠡᠮᠡᠭᠳᠡᠭᠦᠯᠵᠦ᠂ ᠪᠤᠭᠤᠲᠤ ᠬᠤᠲᠠ ᠶᠢᠨ ︽ᠳᠡᠯᠡᠬᠡᠢ ᠶᠢᠨ | ᠪᠣᠬᠢᠷᠲᠤᠯ ᠦᠭᠡᠢ ᠴᠠᠬᠢᠭᠤᠷ ᠤᠨ ᠬᠤᠲᠠ︾ ᠶᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠪᠡ᠃ | ︱ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠡᠷᠡᠰ ᠤᠨ ᠵᠢᠭᠰᠠᠭᠠᠯᠲᠠ ᠶᠢ ᠠᠷᠪᠠᠨ ᠳᠥᠷᠪᠡ ᠳᠤ | ᠵᠢᠭᠰᠠᠨ ᠳᠡᠭᠡᠷ᠎ᠡ ᠨᠢᠭᠡ ᠵᠢᠯ ᠤᠨ 89 ᠣᠷᠣᠨ ᠪᠠᠶᠢᠭᠰᠠᠨ ᠠᠴᠠ 75 ᠣᠷᠣᠨ ᠪᠣᠯᠵᠤ ᠳᠡᠭᠡᠭᠰᠢᠯᠡᠪᠡ᠃ | ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠄ | ︵ᠨᠢᠭᠡ︶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠢ ᠲᠦᠯᠦᠪᠯᠡᠪᠡ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠣᠯᠠᠨ | ᠡᠭᠡᠯᠵᠢ ᠶᠢᠨ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ | ᠥᠷᠭᠡᠨ ᠣᠯᠠᠨ ᠲᠦᠮᠡᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠰᠠᠬᠢᠨ | ᠬᠠᠮᠠᠭᠠᠯᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠦᠢᠴᠡᠳ ᠨᠤᠲᠠᠯᠠᠯᠲᠠ ᠶᠢ ᠣᠯᠣᠭᠰᠠᠨ | ᠪᠠᠶᠢᠨ᠎ᠠ᠃ ᠠᠵᠤ ᠠᠬᠤᠢ ᠶᠢᠨ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠪᠤᠷᠢᠲᠠᠢ | ᠨᠠᠶᠢᠳᠠᠪᠤᠷᠢᠵᠢᠭᠤᠯᠵᠤ᠂ ᠨᠡᠶᠢᠲᠡ 620 ᠠᠵᠤ ᠠᠬᠤᠶᠢᠯᠠᠯ ᠳᠤ 6.1 ᠳ᠋ᠦᠩᠰᠢᠭᠤᠷ ᠲᠥᠭᠦᠷᠢᠭ ᠤᠨ ᠦᠯᠡᠳᠡᠭᠡᠬᠦ | ᠲᠤᠯᠭᠠᠨ ᠪᠤᠴᠠᠭᠠᠬᠤ ᠭᠠᠷᠳᠠᠮ ᠭᠦᠢᠴᠡᠳᠬᠡᠵᠦ᠂ 8555 ᠵᠠᠬ᠎ᠠ ᠳᠡᠯᠭᠡᠭᠦᠷ ᠤᠨ ᠭᠤᠣᠯ ᠴᠣᠭᠴᠠ ᠳᠤ ︽ᠵᠢᠷᠭᠤᠭᠠᠨ | ᠭᠠᠶᠢᠯᠢ ᠬᠤᠶᠠᠷ ᠰᠦᠢᠳᠬᠡᠯ︾ ᠢ 3763.7 ᠲᠦᠮᠡᠨ ᠲᠥᠭᠦᠷᠢᠭ ᠬᠠᠰᠤᠵᠤ ᠬᠡᠯᠲᠦᠷᠢᠭᠦᠯᠪᠡ᠃ | ︵ᠬᠤᠶᠠᠷ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠭᠤᠣᠯᠳᠠᠯᠭ᠎ᠠ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠬᠤᠪᠣᠷ ᠰᠢᠷᠣᠢ ᠶᠢᠨ | ᠠᠵᠤ ᠦᠢᠯᠡᠰ ᠤᠨ ᠶᠠᠷᠢᠶᠠᠨ ᠤ ᠲᠠᠪᠴᠠᠩ ᠢ ᠪᠥᠬᠦ ᠵᠢᠯ ᠳᠤ 134 ᠲᠥᠷᠥᠯ ᠵᠦᠢᠯ ᠳᠤ ᠭᠠᠷ ᠤᠨ ᠥᠰᠥᠭ ᠵᠢᠷᠤᠵᠤ | ᠂ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 73.4 | ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ 15.5% ᠪᠠᠷ ᠨᠡᠮᠡᠭᠳᠡᠪᠡ᠃ 125 ᠴᠢᠬᠤᠯᠠ ᠶᠡᠭᠡ | ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠣᠭᠲᠠᠭᠠᠭᠰᠠᠨ ᠠᠵᠤ ᠠᠬᠤᠶᠢᠯᠠᠯ ᠢ ᠰᠢᠨ᠎ᠡ ᠪᠠᠷ 30 | ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ 1127 ᠳ᠋ᠦᠩᠰᠢᠭᠤᠷ | ᠲᠥᠭᠦᠷᠢᠭ ᠲᠤ ᠬᠦᠷᠴᠦ᠂ 57% ᠪᠠᠷ ᠨᠡᠮᠡᠭᠳᠡᠪᠡ᠃ | ︵ᠭᠤᠷᠪᠠ︶ ᠴᠢᠳᠠᠪᠤᠷᠢᠲᠠᠨ ᠡᠯᠰᠡᠵᠦ ᠣᠶᠤᠨ ᠣᠷᠢᠬᠤ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ | ᠪᠠᠶᠢᠯᠳᠤᠬᠤ ᠪᠣᠳᠣᠯᠭ᠎ᠠ ᠶᠢ ᠬᠡᠷᠭᠵᠢᠭᠦᠯᠪᠠ᠃ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 57 | ᠰᠢᠨ᠎ᠡ ᠪᠠᠷ ᠮᠠᠭᠠᠳᠯᠠᠨ ᠲᠣᠭᠲᠠᠭᠠᠵᠤ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ | ᠵᠢᠵᠢᠭ ᠠᠵᠤ ᠠᠬᠤᠶᠢᠯᠠᠯ ᠢ 133 ᠰᠢᠨ᠎ᠡ ᠪᠠᠷ ᠨᠡᠮᠡᠭᠳᠡᠭᠦᠯᠵᠦ᠂ 4 ᠠᠵᠤ ᠠᠬᠤᠶᠢᠯᠠᠯᠲᠠᠨ ᠠᠩᠬᠠᠳᠤᠭᠠᠷ | ᠬᠤᠭᠤᠴᠠᠭᠠᠨ ᠤ ᠪᠤᠭᠤᠲᠤ ᠶᠢᠨ ᠰᠢᠨ᠎ᠡ ᠶᠢ ᠡᠭᠦᠳᠦᠨ ᠬᠥᠭᠵᠢᠭᠦᠯᠬᠦ ᠱᠠᠩᠨᠠᠯ ᠢ ᠢᠷᠠᠭᠤ ᠠᠯᠳᠠᠷᠲᠠᠢ ᠪᠠᠷ ᠭᠥᠷᠳᠡᠪᠡ᠃ | ᠮᠠᠨ ᠤ ᠣᠷᠣᠨ ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠦᠴᠦᠷᠬᠡᠭ ᠤᠯᠤᠰ ᠤᠨ | ᠲᠣᠷᠰᠢᠯᠳᠠ ᠶᠢᠨ ᠬᠦᠷᠢᠶᠡᠨ ᠳᠤ ᠣᠷᠣᠪᠠ᠃ | ︵ᠳᠥᠷᠪᠡ︶ ᠲᠥᠷᠥ ᠶᠢᠨ ᠪᠣᠳᠣᠯᠭ᠎ᠠ ᠶᠢᠨ ᠲᠦᠷᠪᠯᠡᠷᠡᠯ ᠭᠠᠵᠠᠷ ᠪᠠ ᠲᠡᠷᠢᠭᠦᠨ ᠵᠡᠷᠭᠡ ᠶᠢᠨ ᠬᠤᠳᠠᠯᠳᠤᠭ᠎ᠠ | ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠪᠠ᠃ ᠪᠦᠬᠦ ᠵᠢᠯ ᠳᠤ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ | ᠴᠣᠭᠴᠠ ᠶᠢ 2656 ᠰᠢᠨ᠎ᠡ ᠪᠠᠷ ᠨᠡᠮᠡᠭᠳᠡᠭᠦᠯᠪᠡ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ | ᠬᠦᠴᠦᠨ ᠢ ᠦᠷᠭᠦᠯᠵᠢᠯᠡᠨ ᠬᠥᠭᠵᠢᠭᠡᠵᠦ᠂ 6140 ᠲᠦᠮᠡᠨ ᠲᠥᠭᠦᠷᠢᠭ ᠤᠨ ᠲᠥᠷᠥᠯ ᠵᠦᠢᠯ ᠤᠨ ᠲᠡᠳᠬᠦᠨ | ᠳᠡᠮᠵᠢᠬᠦ ᠪᠡᠯᠡ ᠮᠥᠩᠭᠦ ᠶᠢ ᠪᠡᠶᠡᠯᠡᠭᠦᠯᠵᠦ᠂ ᠳᠡᠭᠡᠳᠦ ᠱᠠᠲᠤᠨ ᠤ 4.36 ᠳ᠋ᠦᠩᠰᠢᠭᠤᠷ ᠲᠥᠭᠦᠷᠢᠭ ᠤᠨ ᠪᠡᠯᠡ | ᠮᠥᠩᠭᠦ ᠶᠢ ᠴᠢᠷᠮᠠᠶᠢᠨ ᠣᠯᠵᠤ᠂ 4042 ᠮᠦ ᠰᠤᠯᠠ ᠪᠠᠶᠢᠬᠤ ᠦᠷ᠎ᠡ ᠠᠰᠢᠭ ᠢᠶᠠᠷ ᠳᠣᠣᠷ᠎ᠠ ᠭᠠᠵᠠᠷ ᠰᠢᠷᠣᠢ ᠶᠢ | ᠴᠢᠯᠦᠭᠡᠲᠡᠢ ᠴᠢᠯᠦᠭᠡᠲᠡᠢ ᠪᠣᠯᠭᠠᠨ᠎ᠠ᠃ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢ | ᠯᠠᠪᠳᠠᠭᠤᠨ ᠪᠠᠲᠤᠲᠠᠢ ᠠᠬᠢᠭᠤᠯᠵᠤ᠂ ᠵᠥᠪᠰᠢᠶᠡᠷᠡᠬᠦ ᠪᠠᠷ ᠪᠠᠶᠢᠭ᠎ᠠ 70 ᠲᠥᠷᠥᠯ ᠵᠦᠢᠯ ᠳᠤ ᠬᠤᠯᠪᠣᠭᠳᠠᠭᠰᠠᠨ 174 | ᠵᠦᠢᠯ ᠤᠨ ᠭᠠᠷᠳᠠᠮ ᠢ ᠪᠦᠬᠦᠨ ᠢ ᠭᠦᠢᠴᠡᠳᠬᠡᠵᠦ ᠳᠠᠭᠤᠰᠬᠠᠪᠠ᠃ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ | ᠭᠠᠵᠠᠷ ᠰᠢᠷᠣᠢ 232.6 ᠾᠧᠺᠲ᠋ᠠᠷ ᠪᠠᠶᠢᠵᠤ᠂ ᠪᠡᠶᠡᠯᠡᠭᠦᠯᠦᠭᠰᠡᠨ ᠨᠣᠷᠮ᠎ᠠ ᠨᠢ 105.8% ᠳᠤ ᠬᠥᠷᠪᠡ᠃ | 5076 ᠲᠦᠮᠡᠨ ᠲᠥᠭᠦᠷᠢᠭ ᠤᠨ ᠳᠠᠷᠤᠭᠳᠠᠮᠠᠯ ᠪᠡᠯᠡ ᠮᠥᠩᠭᠦ ᠶᠢ ᠳᠡᠭᠡᠭᠰᠢ ᠲᠤᠰᠢᠶᠠᠭᠰᠠᠨ ᠢᠶᠠᠷ ᠮᠠᠭᠠᠳᠯᠠᠨ | ᠲᠣᠭᠲᠠᠭᠠᠵᠤ᠂ ᠲᠤᠰᠢᠶᠠᠬᠤ ᠶᠣᠰᠣᠲᠠᠢ ᠶᠢ ᠨᠢ ᠪᠦᠬᠦᠨ ᠢ ᠲᠤᠰᠢᠶᠠᠬᠤ ᠶᠢ ᠪᠡᠶᠡᠯᠡᠭᠦᠯᠪᠡ᠃ | ︵ᠲᠠᠪᠤ︶ ᠪᠦᠲᠦᠴᠡ ᠶᠢᠨ ᠲᠣᠬᠢᠷᠠᠭᠤᠯᠤᠯᠲᠠ ᠪᠠ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠲᠦᠷᠭᠡᠳᠬᠡᠨ᠎ᠡ᠃ ᠬᠤᠪᠣᠷ ᠰᠢᠷᠣᠢ᠂ ᠬᠡᠷᠡᠯ ᠸᠣᠯᠲ᠂ ᠬᠥᠩᠭᠡᠨ ᠴᠠᠭᠠᠨ ᠵᠡᠰ᠂ ᠲᠣᠨᠤᠭ | ᠲᠥᠬᠦᠭᠡᠷᠦᠮᠵᠢ ᠵᠡᠷᠭᠡ ᠳᠥᠷᠪᠡᠨ ᠭᠤᠣᠯᠳᠠᠯᠭ᠎ᠠ ᠲᠠᠢ ᠠᠵᠤ ᠦᠢᠯᠡᠰ ᠤᠨ ᠲᠣᠭᠲᠠᠭᠠᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ 90.8% ᠳᠤ ᠬᠦᠷᠴᠦ᠂ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ᠂ ᠳᠡᠭᠡᠳᠦ ᠮᠡᠷᠭᠡᠵᠢᠯ ᠤᠨ ᠠᠵᠤ ᠦᠢᠯᠡᠰ ᠤᠨ | ᠨᠡᠮᠡᠭᠳᠡᠯ ᠥᠷᠲᠡᠭ ᠲᠣᠰ ᠲᠣᠰ 106.1% ᠪᠠ 72.8% ᠪᠠᠷ ᠨᠡᠮᠡᠭᠳᠡᠪᠡ᠃ 1.5 ᠲᠦᠮᠡᠨ ᠲᠣᠨ ᠥᠨᠳᠥᠷ | ᠴᠢᠳᠠᠪᠬᠢᠲᠤ ᠬᠤᠪᠣᠷ ᠰᠢᠷᠣᠢ ᠶᠢᠨ ᠰᠣᠷᠢᠨᠵᠢᠨ ᠮᠠᠲ᠋ᠧᠷᠢᠶᠠᠯ ᠵᠡᠷᠭᠡ 36 ᠬᠤᠪᠣᠷ ᠰᠢᠷᠣᠢ ᠶᠢᠨ ᠵᠦᠢᠯᠡᠰ ᠢ | ᠲᠦᠷᠭᠡᠪᠴᠢᠯᠡᠨ ᠪᠦᠲᠦᠭᠡᠨ ᠪᠠᠶᠢᠭᠤᠯᠵᠤ᠂ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠶᠢ | 15 ᠲᠦᠮᠡᠨ ᠲᠣᠨ ᠳᠤ ᠬᠦᠷᠭᠡᠵᠦ᠂ ᠪᠦᠬᠦ ᠤᠯᠤᠰ ᠤᠨ ᠭᠤᠷᠪᠠᠨ ᠤ ᠨᠢᠭᠡ ᠬᠤᠪᠢ ᠶᠢ ᠡᠵᠡᠯᠡᠵᠦ᠂ | ᠤᠰᠤᠲᠥ᠋ᠷᠥᠭᠴᠢ ᠬᠠᠳᠠᠭᠠᠯᠠᠬᠤ᠂ ᠭᠢᠯᠠᠶᠢᠯᠭᠠᠬᠤ ᠮᠠᠲ᠋ᠧᠷᠢᠶᠠᠯ ᠤᠨ ᠭᠠᠷᠤᠯᠲᠠ ᠶᠢᠨ ᠬᠡᠮᠵᠢᠶ᠎ᠡ ᠶᠢ ᠪᠦᠬᠦ ᠤᠯᠤᠰ ᠲᠤ | ᠨᠢᠭᠡᠳᠦᠭᠡᠷ ᠲᠤ ᠣᠷᠣᠭᠤᠯᠪᠠ᠃ | ︵ᠵᠢᠷᠭᠤᠭ᠎ᠠ︶ ᠬᠤᠲᠠ ᠬᠥᠳᠡᠭᠡ ᠶᠢᠨ ᠣᠷᠴᠢᠨ ᠲᠣᠭᠤᠷᠢᠨ ᠪᠠ ᠦᠨᠳᠦᠰᠦᠨ ᠱᠠᠲᠤᠨ ᠤ ᠨᠡᠶᠢᠭᠡᠮ ᠤᠨ | ᠵᠠᠰᠠᠯᠲᠠ ᠶᠢ ᠰᠠᠶᠢᠵᠢᠷᠠᠭᠤᠯᠪᠠ᠃ ᠬᠤᠳᠠ ᠶᠢ ᠰᠢᠨᠡᠳᠬᠡᠬᠦ ᠪᠠ ᠨᠠᠷᠢᠯᠢᠭᠵᠢᠭᠤᠯᠬᠤ ᠬᠠᠮᠢᠶᠠᠷᠤᠯᠲᠠ ᠶᠢ ᠭᠦᠨᠵᠡᠭᠡᠢ | ᠲᠦᠯᠬᠢᠨ ᠠᠬᠢᠭᠤᠯᠵᠤ᠂ 12 ᠭᠤᠣᠯ ᠪᠠ ᠳᠡᠳ᠋ ᠭᠤᠣᠯ ᠵᠠᠮ ᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠵᠦ | ᠥᠷᠭᠡᠳᠬᠡᠨ ᠪᠠᠶᠢᠭᠤᠯᠵᠤ᠂ 3 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠣᠨ᠂ 6 ᠵᠡᠭᠡᠯᠢ | ᠭᠤᠳᠤᠮᠵᠢ ᠶᠢ ᠵᠠᠰᠠᠨ ᠴᠡᠭᠴᠡᠯᠡᠵᠦ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ | ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠪᠠ | ᠃ ᠣᠷᠴᠢᠨ ᠠᠬᠤᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠪᠦᠬᠦ | ᠵᠢᠯ ᠤᠨ ᠠᠭᠠᠷ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠡᠳᠦᠷ ᠤᠨ ᠲᠤᠭ᠎ᠠ 325 ᠡᠳᠦᠷ ᠪᠣᠯᠵᠤ᠂ | ᠨᠢᠳᠤᠨᠤᠨ ᠤ ᠬᠢ ᠠᠴᠠ 22 ᠡᠳᠦᠷ ᠨᠡᠮᠡᠭᠳᠡᠪᠡ᠃ ᠨᠡᠶᠢᠭᠡᠮ ᠤᠨ ᠠᠷᠠᠳ ᠤᠨ ᠠᠮᠢᠳᠤᠷᠠᠯ ᠤᠨ ᠦᠢᠯᠡᠰ ᠢ ᠭᠦᠨᠵᠡᠭᠡᠢ | ᠲᠦᠯᠬᠢᠨ ᠠᠬᠢᠭᠤᠯᠵᠤ᠂ ᠬᠤᠲᠠ ᠪᠠᠯᠭᠠᠰᠤ ᠶᠢᠨ 3617 ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠤᠲᠠ | ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4% ᠶᠢᠨ ᠳᠣᠲᠣᠷ᠎ᠠ ᠬᠢᠵᠠᠭᠠᠷᠯᠠᠵᠤ᠂ | ᠨᠡᠶᠢᠭᠡᠮ ᠤᠨ ᠠᠪᠤᠷᠠᠨ ᠲᠤᠰᠠᠯᠠᠬᠤ ᠪᠡᠯᠡ ᠮᠥᠩᠭᠦ ᠶᠢ 761.4 ᠲᠦᠮᠡᠨ ᠲᠥᠭᠦᠷᠢᠭ ᠲᠠᠷᠬᠠᠭᠠᠵᠤ᠂ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠶᠢ 1748 ᠢᠵᠢ ᠬᠠᠩᠭᠠᠵᠤ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠣᠷᠣᠨ ᠤ | ᠨᠠᠰᠤᠵᠢᠯ ᠤᠨ ᠦᠢᠯᠡᠴᠢᠯᠡᠭᠡᠨ ᠤ ᠥᠷᠲᠡᠭᠡ ᠴᠢᠭ᠋ ᠢ 5 ᠰᠢᠨ᠎ᠡ ᠪᠠᠷ ᠪᠠᠶᠢᠭᠤᠯᠪᠠ᠃ ᠠᠯᠪᠠᠨ ᠠᠴᠠ ᠡᠷᠭᠢᠯᠡᠭᠰᠡᠨ | ᠬᠡᠦᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ 27.5% ᠳᠤ ᠬᠦᠷᠴᠦ᠂ ᠲᠦᠭᠡᠮᠡᠯ ᠬᠠᠷᠠᠭᠠᠯᠵᠠᠯ ᠤᠨ ᠨᠣᠷᠮ᠎ᠠ | 91.4% ᠳᠤ ᠬᠦᠷᠴᠦ᠂ 13 ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ | ᠰᠠᠶᠢᠵᠢᠷᠠᠪᠠ᠃ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠶᠢ ᠯᠠᠪᠳᠠᠭᠤᠨ ᠪᠠᠲᠤᠲᠠᠢ | ᠠᠬᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ | ᠠᠵᠢᠯᠯᠠᠭ᠎ᠠ ᠶᠢᠨ ᠡᠭᠦᠷᠭᠡ ᠶᠢ ᠭᠦᠨᠵᠡᠭᠡᠢ ᠥᠷᠨᠢᠭᠦᠯᠵᠦ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠨ᠂ ᠳᠠᠯᠳᠠ ᠥᠭᠴᠡᠭᠡ ᠶᠢ ᠲᠣᠭᠲᠠᠭᠤᠨ ᠢᠶᠠᠷ ᠰᠢᠢᠳᠪᠦᠷᠢᠯᠡᠵᠦ᠂ | ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠰᠡᠷᠭᠡᠶᠢᠯᠡᠬᠦ ᠪᠠ ᠴᠢᠩᠭ᠎ᠠ | ᠴᠣᠬᠢᠯᠲᠠ ᠥᠭᠴᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠨᠥᠬᠦᠳ ᠠ᠋᠂ ᠰᠠᠶ᠋ᠢᠬᠠᠨ ᠥᠩᠭᠡᠷᠡᠭᠰᠡᠨ ᠨᠢᠭᠡ ᠵᠢᠯ ᠳᠤ᠂ ᠪᠢᠳᠡ ᠬᠢᠵᠢᠭ ᠤᠨ ᠪᠠᠶᠢᠳᠠᠯ ᠤᠨ ᠳᠠᠭᠠᠷᠢᠯᠲᠠ ᠶᠢᠨ | ᠨᠠᠵᠠᠭᠠᠢ ᠲᠠᠯ᠎ᠠ ᠶᠢᠨ ᠨᠥᠯᠥᠭᠡ ᠶᠢ ᠡᠷᠡᠰ ᠲᠡᠪᠴᠢᠵᠦ᠂ ᠠᠵᠤ ᠠᠬᠤᠢ ᠶᠢᠨ ᠳᠠᠷᠤᠯᠲᠠ ᠪᠠᠭᠤᠷᠠᠵᠤ ᠪᠠᠶᠢᠭ᠎ᠠ ᠬᠦᠨᠳᠦ | ᠬᠡᠴᠡᠭᠦᠦ ᠰᠢᠯᠭᠠᠯᠲᠠ ᠳᠤ ᠢᠳᠡᠪᠬᠢᠲᠡᠢ ᠪᠠᠷ ᠬᠠᠨᠳᠤᠵᠤ᠂ ᠲᠣᠪᠣᠶᠢᠮ᠎ᠠ ᠠᠮᠵᠢᠯᠲᠠ ᠪᠦᠲᠦᠮᠵᠢ ᠲᠠᠢ᠂ ᠬᠥᠮᠥᠰ ᠢ | ᠤᠷᠮᠠᠰᠢᠭᠤᠯᠤᠨ ᠵᠣᠷᠢᠭᠵᠢᠭᠤᠯᠤᠭᠰᠠᠨ ᠲᠡᠭᠦᠰ ᠠᠮᠵᠢᠯᠲᠠ ᠲᠠᠢ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠭᠰᠠᠨ | ᠪᠠᠶᠢᠨ᠎ᠠ᠃ ᠡᠳᠡᠭᠡᠷ ᠠᠮᠵᠢᠯᠲᠠ ᠶᠢ ᠣᠯᠣᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠨᠵᠢᠯᠡᠬᠦ ᠤᠬᠠᠭᠠᠨᠴᠢ ᠪᠠᠷ | ᠳᠠᠭᠠᠭᠤᠯᠤᠭᠰᠠᠨ ᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠣᠷᠣᠨ ᠤ ᠨᠠᠮ ᠤᠨ ᠠᠵᠢᠯᠯᠠᠬᠤ | ᠬᠤᠷᠢᠶ᠎ᠠ ᠶᠢᠨ ᠵᠥᠪ ᠣᠨᠣᠪᠴᠢᠲᠠᠶ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠡᠷᠡᠰ ᠴᠢᠩᠭ᠎ᠠ ᠤᠳᠤᠷᠢᠳᠤᠭᠰᠠᠨ ᠤ | ᠦᠷ᠎ᠡ ᠳ᠋ᠦᠩ ᠮᠥᠨ᠂ ᠡᠭᠦᠨ ᠤ ᠵᠡᠷᠭᠡ ᠳᠤ ᠬᠢᠵᠢᠭ ᠤᠨ ᠪᠠᠶᠢᠳᠠᠯ ᠢ ᠡᠰᠡᠷᠭᠦᠴᠡᠬᠦ ᠡᠮᠦᠨ᠎ᠡ ᠹᠷᠣᠨᠲ ᠤᠨ ᠠᠵᠢᠯᠲᠠᠨ ᠤ | ᠬᠦᠴᠦ ᠬᠥᠳᠡᠯᠮᠦᠷᠢ ᠪᠠ ᠪᠠᠲᠤ ᠰᠠᠬᠢᠬᠤ ᠠᠴᠠ ᠰᠠᠯᠵᠤ ᠴᠢᠳᠠᠬᠤ ᠦᠭᠡᠢ᠂ ᠪᠥᠬᠦ ᠣᠷᠣᠨ ᠤ ᠡᠯ᠎ᠡ ᠱᠠᠲᠤ ᠡᠯ᠎ᠡ | ᠰᠠᠯᠠᠭ᠎ᠠ ᠮᠥᠴᠢᠷ ᠪᠠ ᠥᠷᠭᠡᠨ ᠣᠯᠠᠨ ᠺᠠᠳ᠋ᠷ ᠣᠯᠠᠨ ᠲᠦᠮᠡᠨ ᠤ ᠬᠦᠴᠦ ᠬᠥᠯᠥᠰᠦ ᠰᠢᠩᠭᠡᠵᠦ᠂ ᠪᠣᠶ ᠪᠦᠬᠦᠢ ᠠᠵᠤ | ᠠᠬᠤᠶᠢᠯᠠᠯᠲᠠᠨ ᠪᠠ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠤᠨ ᠣᠶᠤᠨ ᠤᠬᠠᠭᠠᠨ ᠪᠠ ᠬᠦᠴᠦᠨ ᠴᠢᠳᠠᠯ ᠢ | ᠨᠢᠭᠲᠠᠷᠠᠭᠤᠯᠵᠤ ᠪᠠᠶᠢᠳᠠᠭ᠃ ᠡ᠊ᠨᠳᠡ ᠪᠢ ᠬᠠᠮᠢᠶᠠᠷᠤᠯᠲᠠ ᠶᠢᠨ ᠺᠣᠮᠢᠰ ᠤᠨ ᠡᠮᠦᠨ᠎ᠡ ᠠᠴᠠ ᠡᠯ᠎ᠡ ᠹᠷᠣᠨᠲ ᠲᠤ | ᠰᠢᠷᠭᠠᠭᠤ ᠠᠵᠢᠯᠯᠠᠵᠤ ᠪᠠᠶᠢᠭ᠎ᠠ ᠥᠷᠭᠡᠨ ᠤᠯᠠᠨ ᠺᠠᠳ᠋ᠷ ᠤᠯᠠᠨ ᠲᠦᠮᠡᠨ ᠪᠣᠯᠣᠨ ᠳᠡᠭᠡᠳᠦ ᠰᠢᠨ᠎ᠡ ᠮᠡᠷᠭᠡᠵᠢᠯ ᠤᠨ | ᠣᠷᠣᠨ ᠤ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ | ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠦᠲᠦᠮᠵᠢ ᠪᠠᠨ ᠣᠯᠵᠤ ᠬᠠᠷᠠᠭᠰᠠᠨ ᠤ ᠬᠠᠮᠲᠤ᠂ ᠪᠢᠳᠡ ᠠᠵᠢᠯ ᠤᠨ ᠳᠤᠮᠳᠠ ᠪᠠᠰᠠ ᠮᠠᠰᠢ ᠣᠯᠠᠨ | ᠬᠦᠷᠦᠯᠴᠡᠬᠦ ᠦᠭᠡᠢ ᠲᠠᠯ᠎ᠠ ᠪᠠ ᠠᠰᠠᠭᠤᠳᠠᠯ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠣᠭᠰᠠᠨ ᠪᠠᠶᠢᠨ᠎ᠠ᠂ | ᠡᠨᠡ ᠨᠢ ᠭᠤᠣᠯᠳᠠᠭᠤ᠄ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠲᠠᠯ᠎ᠠ ᠪᠠᠷ᠂ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠬᠡᠳᠦᠶᠢᠪᠡᠷ 15.1% ᠳᠤ ᠬᠦᠷᠦᠭᠰᠡᠨ ᠪᠣᠯᠪᠠᠴᠤ ᠨᠡᠷᠡᠰ ᠤᠨ | ᠵᠢᠭᠰᠠᠭᠠᠯᠲᠠ ᠨᠢ ᠮᠥᠨ ᠬᠦ ᠪᠥᠬᠦ ᠬᠤᠲᠠ ᠶᠢᠨ ᠬᠤᠰᠢᠭᠤ ᠰᠢᠶᠠᠨ ᠣᠷᠣᠨ ᠤ 8 ᠳ᠋ᠤᠭᠠᠷ ᠲᠤ ᠣᠷᠣᠵᠤ᠂ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ ᠶᠢᠨ ᠨᠡᠮᠡᠭᠳᠡᠯ ᠤᠨ | ᠬᠤᠷᠳᠤᠴᠠ - 5.3% ᠳᠤ ᠬᠦᠷᠴᠦ᠂ ᠪᠥᠬᠦ ᠬᠤᠲᠠ ᠶᠢᠨ ᠬᠤᠰᠢᠭᠤ ᠰᠢᠶᠠᠨ ᠣᠷᠣᠨ ᠤ 10 ᠳ᠋ᠤᠭᠠᠷ ᠲᠤ | ᠵᠢᠭᠰᠠᠭᠠᠭᠳᠠᠵᠠᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠯ᠎ᠠ ᠪᠠᠷ᠂ ᠰᠤᠳᠤᠯᠭᠠᠨ ᠪᠠ | ᠲᠤᠷᠰᠢᠯᠲᠠ ᠶᠢᠨ ᠬᠥᠭᠵᠢᠯᠲᠡ ︵R&D︶ ᠶᠢᠨ ᠵᠠᠷᠤᠳᠠᠯ ᠤᠨ ᠣᠷᠣᠭᠤᠯᠤᠯᠲᠠ ᠶᠢᠨ ᠡᠷᠴᠢᠮ 2021 ᠣᠨ ᠳᠤ | 4.12% ᠪᠠᠶᠢᠭᠰᠠᠨ ᠠᠴᠠ ᠪᠠᠨ 2022 ᠣᠨ ᠳᠤ 3.21% ᠪᠣᠯᠵᠤ ᠪᠠᠭᠤᠷᠠᠪᠠ᠃ ᠪᠡᠯᠡ ᠮᠥᠩᠭᠦ ᠣᠯᠬᠤ | ᠲᠠᠯ᠎ᠠ ᠪᠠᠷ᠂ ᠪᠥᠬᠦ ᠵᠢᠯ ᠳᠤ ᠳᠡᠭᠡᠳᠦ ᠱᠠᠲᠤᠨ ᠤ ᠪᠡᠯᠡ ᠮᠥᠩᠭᠦ ᠶᠢ 4.36 ᠳ᠋ᠦᠩᠰᠢᠭᠤᠷ ᠲᠥᠭᠦᠷᠢᠭ ᠣᠯᠵᠤ᠂ | ᠠᠳᠠᠯᠢ ᠬᠤᠭᠤᠴᠠᠭᠠᠨ ᠤ ᠬᠢ ᠠᠴᠠ 14% ᠪᠠᠷ ᠪᠠᠭᠤᠷᠠᠪᠠ᠃ ᠣᠷᠴᠢᠨ ᠠᠬᠤᠢ ᠶᠢᠨ ᠬᠠᠮᠠᠭᠠᠯᠠᠯᠲᠠ ᠶᠢᠨ | ᠵᠠᠰᠠᠯᠲᠠ ᠶᠢᠨ ᠲᠠᠯ᠎ᠠ ᠪᠠᠷ᠂ ᠴᠢᠨᠳᠠᠭᠠᠨ ᠴᠠᠭᠠᠨ ᠤ ᠭᠤᠣᠯ ᠤᠨ ᠬᠠᠲᠤᠨ ᠭᠤᠣᠯ ᠳᠤ ᠴᠢᠳᠬᠤᠬᠤ ᠵᠢᠯ ᠤᠨ | ᠳᠤᠮᠳᠠᠴᠢ ᠬᠡᠮᠵᠢᠭᠳᠡᠯ ᠨᠢ ᠮᠠᠭᠤ V ᠲᠥᠷᠥᠯ ᠳᠤ ᠬᠦᠷᠴᠦ᠂ 5᠂ 7᠂ 8᠂ 9᠂ 10 ᠶᠢᠨ ᠭᠤᠣᠯ ᠪᠣᠯᠬᠤ | ᠦᠷᠡᠵᠢᠭᠳᠡᠬᠦᠨ ᠨᠢ ᠪᠠᠷᠢᠮᠵᠢᠶ᠎ᠠ ᠠᠴᠠ ᠬᠡᠲᠦᠷᠡᠵᠡᠢ᠃ ᠡᠭᠦᠨ ᠠᠴᠠ ᠭᠠᠳᠠᠨ᠎ᠠ᠂ ᠪᠠᠰᠠ 5 ᠵᠦᠢᠯ ᠤᠨ ᠠᠵᠢᠯ ᠨᠢ | ᠥᠪᠡᠷᠲᠡᠭᠡᠨ ᠵᠠᠰᠠᠬᠤ ᠣᠷᠣᠨ ᠤ ᠰᠢᠭᠦᠮᠵᠢᠯᠡᠯ ᠢ ᠣᠯᠣᠭᠰᠠᠨ ᠪᠠᠶᠢᠨ᠎ᠠ᠃ ᠡᠭᠦᠨ ᠢ ᠪᠢᠳᠡ ᠡᠷᠬᠡᠪᠰᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠬᠦᠴᠦᠲᠡᠢ ᠠᠷᠭ᠎ᠠ ᠬᠡᠮᠵᠢᠶ᠎ᠡ | ᠠᠪᠴᠤ ᠪᠠᠶᠢᠭᠠᠳ ᠰᠢᠢᠳᠪᠦᠷᠢᠯᠡᠬᠦ ᠬᠡᠷᠡᠭᠲᠡᠢ᠃ | ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | 2023 ᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ | ᠶᠡᠷᠦᠩᠬᠡᠢ ᠱᠦᠵᠢ ᠶᠢᠨ ᠪᠤᠭᠤᠲᠤ ᠶᠢᠨ ︽ᠨᠢᠭᠡ ᠳᠤ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠲᠤᠬᠠᠢ | ᠴᠢᠬᠤᠯᠠ ᠵᠢᠭᠠᠪᠤᠷᠢ ᠶᠢ ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ︽ᠬᠤᠶᠠᠷ ᠰᠢᠨ᠎ᠡ᠂ ᠭᠤᠷᠪᠠ ᠶᠢ | ᠲᠡᠮᠡᠴᠡᠨ ᠣᠯᠬᠤ︾ ᠪᠠᠷ ᠤᠳᠤᠷᠢᠳᠤᠮᠵᠢ ᠪᠣᠯᠭᠠᠵᠤ᠂ ︽ᠳᠡᠭᠡᠳᠦ︾ ᠪᠠ ︽ᠰᠢᠨ᠎ᠡ︾ ᠬᠤᠶᠠᠷ ᠠᠵᠢᠯ ᠢ ᠰᠠᠶᠢᠲᠤᠷ | ᠬᠢᠵᠦ᠂ ︽ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 50 ᠬᠦᠴᠦᠷᠬᠡᠭ︾ ᠤᠨ | ᠡᠩᠨᠡᠭᠡᠨ ᠳᠤ ᠡᠷᠲᠡᠬᠡᠨ ᠣᠷᠣᠵᠤ᠂ ᠪᠤᠭᠤᠲᠤ ᠬᠤᠲᠠ ᠶᠢᠨ ︽ᠳᠡᠯᠡᠬᠡᠢ ᠶᠢᠨ ᠬᠤᠪᠣᠷ ᠰᠢᠷᠣᠢ ᠶᠢᠨ ᠬᠤᠲᠠ︾ ᠪᠠ ︽ | ᠳᠡᠯᠡᠬᠡᠢ ᠶᠢᠨ ᠪᠣᠬᠢᠷᠲᠤᠯ ᠦᠭᠡᠢ ᠴᠠᠬᠢᠭᠤᠷ ᠤᠨ ᠬᠤᠲᠠ︾ ᠶᠢ ᠪᠥᠬᠦ ᠬᠦᠴᠦᠨ ᠢᠶᠠᠷ ᠢᠶᠠᠨ ᠪᠠᠶᠢᠭᠤᠯᠬᠤ ᠳᠤ | ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃ | ᠬᠥᠭᠵᠢᠯᠲᠡ ᠶᠢᠨ ᠵᠢᠱᠢᠭᠰᠡᠨ ᠬᠠᠷᠠᠯᠲᠠ ᠭᠡᠪᠡᠯ᠄ ᠪᠦᠬᠦ ᠵᠢᠯ ᠳᠤ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ | ᠦᠷᠳᠡᠭ ᠢ 8% ᠠᠴᠠ ᠳᠡᠭᠡᠭᠰᠢ ᠨᠡᠮᠡᠭᠳᠡᠭᠦᠯᠦᠨ᠎ᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠢ 20% ᠠᠴᠠ ᠳᠡᠭᠡᠭᠰᠢ ᠨᠡᠮᠡᠭᠳᠡᠭᠦᠯᠦᠨ᠎ᠡ᠃ ᠲᠣᠭᠲᠠᠮᠠᠯ ᠬᠦ᠋ᠷᠦᠩᠬ᠋ᠡ ᠶᠢᠨ ᠪᠡᠯᠡ | ᠣᠷᠣᠭᠤᠯᠤᠯᠲᠠ ᠶᠢ 15% ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ | 8% ᠠᠴᠠ ᠳᠡᠭᠡᠭᠰᠢ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 8% ᠠᠴᠠ ᠳᠡᠭᠡᠭᠰᠢ | ᠨᠡᠮᠡᠭᠳᠡᠭᠦᠯᠵᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ ᠠᠵᠤ ᠠᠬᠤᠢ ᠶᠢᠨ ᠨᠡᠮᠡᠭᠳᠡᠯ ᠲᠠᠢ ᠠᠳᠠᠯᠢ ᠪᠠᠶᠢᠯᠭᠠᠨ᠎ᠠ᠃ | ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ | ᠶᠢᠰᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄ | ︵ᠨᠢᠭᠡ︶ ᠪᠦᠬᠦ ᠤᠯᠤᠰ ᠤᠨ ᠲᠡᠷᠢᠭᠦᠨ ᠤ ᠬᠦᠷᠢᠶᠡᠯᠡᠩ ᠲᠣᠭᠤᠷᠢᠭ ᠢᠶᠠᠷ ᠪᠠᠷᠢᠮᠵᠢᠶᠠᠯᠠᠵᠤ᠂ ᠪᠦᠬᠦ | ᠬᠤᠲᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠲᠤᠭ ᠢ ᠡᠷᠭᠦᠨ᠎ᠡ᠃ | ᠨᠢᠭᠡ ᠳᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ ᠪᠠᠶᠢᠷᠢ ᠬᠠᠷᠢᠶᠠᠲᠤ ᠣᠷᠣᠨ ᠤ | ᠲᠣᠭᠲᠠᠭᠠᠯ ᠳᠡᠭᠡᠷᠡᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠨᠢᠭᠡ ᠨᠢᠭᠡ ᠪᠠᠷ ︽ᠰᠢᠨᠵᠢᠯᠡᠬᠦ ᠤᠬᠠᠭᠠᠨ | ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ︾ ᠬᠢᠵᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ︽ᠰᠢᠨᠵᠢᠯᠡᠬᠦ | ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ︾ ᠲᠣᠮᠢᠯᠠᠨ ᠰᠠᠭᠤᠯᠭᠠᠬᠤ ᠳᠦᠷᠢᠮ ᠢ ᠰᠦᠪᠡᠭᠴᠢᠯᠡᠨ | ᠪᠠᠶᠢᠭᠤᠯᠤᠨ᠎ᠠ᠃ ᠵᠢᠯ ᠤᠨ ᠳᠣᠲᠣᠷ᠎ᠠ ᠪᠥᠬᠦ ᠣᠷᠣᠨ ᠤ ᠬᠠᠳᠠᠭᠠᠯᠠᠯᠲᠠ ᠶᠢᠨ ᠬᠡᠮᠵᠢᠶ᠎ᠡ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷᠠᠬᠢ ᠰᠤᠳᠤᠯᠤᠨ ᠨᠡᠭᠡᠭᠡᠬᠦ ᠠᠵᠢᠯᠯᠠᠭ᠎ᠠ ᠶᠢᠨ ᠡᠵᠡᠯᠡᠬᠦ ᠬᠠᠷᠢᠴᠠᠯ ᠨᠢ | 50% ᠶᠢ ᠳᠠᠪᠠᠵᠤ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷᠠᠬᠢ | ᠰᠤᠳᠤᠯᠤᠨ ᠨᠡᠭᠡᠭᠡᠬᠦ ᠠᠵᠢᠯᠯᠠᠭ᠎ᠠ ᠶᠢᠨ ᠡᠵᠡᠯᠡᠬᠦ ᠬᠠᠷᠢᠴᠠᠯ ᠨᠢ 60% ᠶᠢ ᠳᠠᠪᠠᠪᠠ᠃ ᠤᠯᠤᠰ ᠤᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ 60 ᠠᠴᠠ ᠳᠡᠭᠡᠭᠰᠢ ᠰᠢᠨ᠎ᠡ ᠪᠠᠷ ᠪᠣᠶᠢᠵᠢᠭᠤᠯᠵᠤ ᠮᠠᠭᠠᠳᠯᠠᠨ ᠲᠣᠭᠲᠠᠭᠠᠵᠤ᠂ | ᠤᠯᠤᠰ ᠤᠨ ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ | ᠠᠬᠤᠶᠢᠯᠠᠯ ᠢ 200 ᠠᠴᠠ ᠳᠡᠭᠡᠭᠰᠢ ᠰᠢᠨ᠎ᠡ ᠪᠠᠷ ᠪᠣᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠠᠭᠠᠭᠤᠯᠤᠭᠴᠢ ᠠᠵᠤ ᠠᠬᠤᠶᠢᠯᠠᠯ ᠢ 5 ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠦᠨ᠎ᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠢ 50% | ᠲᠡᠭᠡᠭᠰᠢ ᠪᠠᠶᠢᠯᠭᠠᠨ᠎ᠠ᠃ | ᠬᠤᠶᠠᠷ ᠲᠤ᠂ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠤᠨ᠎ᠠ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠤᠯᠤᠰ ᠤᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠤᠭᠤᠲᠤ ᠬᠤᠲᠠ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃ | ᠠᠺᠠᠳᠧᠮᠢᠴᠢ ᠶᠢᠨ ᠠᠵᠢᠯ ᠤᠨ ᠥᠷᠲᠡᠭᠡ ᠶᠢ 1 ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠵᠤ᠂ ᠤᠯᠤᠰ᠂ ᠥᠪᠡᠷᠲᠡᠭᠡᠨ | ᠵᠠᠰᠠᠬᠤ ᠣᠷᠣᠨ ᠤ ᠲᠠᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠲᠥᠪ ᠵᠡᠷᠭᠡ | ᠰᠢᠨ᠎ᠡ ᠶᠢ ᠡᠭᠦᠳᠬᠦ ᠲᠠᠪᠴᠠᠩ ᠢ 20 ᠠᠴᠠ ᠳᠡᠭᠡᠭᠰᠢ ᠪᠣᠶᠢᠵᠢᠭᠤᠯᠤᠨ ᠦᠨᠡᠮᠰᠢᠬᠦ ᠪᠠᠷ ᠴᠢᠷᠮᠠᠶᠢᠨ᠎ᠠ᠃ ᠬᠠᠷᠢᠶᠠᠲᠤ | ᠣᠷᠣᠨ ᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠶᠢ ᠥᠷᠭᠡᠨ ᠢᠶᠠᠷ ᠴᠤᠭᠯᠠᠭᠤᠯᠵᠤ᠂ | ᠮᠠᠨ ᠤ ᠬᠤᠲᠠ ᠶᠢᠨ ᠬᠤᠶᠠᠷ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠢᠴᠢ ᠭᠠᠳᠠᠷ ᠣᠷᠣᠨ ᠤ | ᠪᠤᠰᠤᠳ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠬᠦᠷᠭᠡᠨ᠎ᠡ᠃ ᠱᠤᠸᠠᠩ ᠯᠢᠶᠠᠩ ᠤᠨ ᠰᠤᠳᠤᠯᠤᠨ ᠨᠡᠭᠡᠭᠡᠬᠦ | ᠪᠠᠶᠢᠭᠤᠯᠤᠮᠵᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠶᠡᠬᠡᠪᠡᠷ ᠳᠡᠮᠵᠢᠨ᠎ᠡ᠃ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠤᠭᠤᠲᠤ ᠶᠢᠨ ᠬᠤᠪᠣᠷ ᠰᠢᠷᠣᠢ ᠶᠢᠨ ᠰᠤᠳᠤᠯᠤᠨ ᠨᠡᠭᠡᠭᠡᠬᠦ ᠲᠥᠪ᠂ | ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠪᠤᠭᠤᠲᠤ ᠶᠢᠨ ᠮᠠᠲ᠋ᠧᠷᠢᠶᠠᠯ ᠤᠨ ᠰᠤᠳᠤᠯᠭᠠᠨ ᠤ | ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ | ᠪᠡᠭᠡᠵᠢᠩ ᠶᠡᠭᠡ ᠰᠤᠷᠭᠠᠭᠤᠯᠢ ᠶᠢᠨ ᠬᠤᠪᠣᠷ ᠰᠢᠷᠣᠢ ᠶᠢᠨ ᠮᠠᠲ᠋ᠧᠷᠢᠶᠠᠯ ᠤᠨ ᠬᠢᠮᠢ ᠵᠢᠴᠢ ᠬᠡᠷᠡᠭᠯᠡᠯᠲᠡ ᠵᠡᠷᠭᠡ ᠪᠥᠬᠦ | ᠤᠯᠤᠰ ᠤᠨ ᠬᠤᠪᠣᠷ ᠰᠢᠷᠣᠢ ᠲᠠᠢ ᠬᠤᠯᠪᠣᠭᠳᠠᠬᠤ 3 ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ | ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠤᠨ᠎ᠠ᠃ | ᠭᠤᠷᠪᠠ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠠᠴᠠ ᠨᠥᠬᠦᠪᠦᠷᠢ ᠥᠭᠬᠦ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠣᠷᠣᠭᠤᠯᠤᠯᠲᠠ ᠶᠢ ᠬᠥᠲᠥᠯᠥᠨ ᠵᠢᠯᠤᠭᠤᠳᠴᠤ ᠳᠠᠶᠢᠴᠢᠯᠠᠬᠤ ᠲᠣᠭᠲᠠᠴᠠ ᠶᠢ ᠰᠦᠪᠡᠭᠴᠢᠯᠡᠵᠦ᠂ ᠵᠢᠯ ᠤᠨ ᠳᠣᠲᠣᠷ᠎ᠠ | ᠪᠥᠬᠦ ᠨᠡᠶᠢᠭᠡᠮ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢ 20% ᠪᠠᠷ ᠨᠡᠮᠡᠭᠳᠡᠭᠦᠯᠵᠦ᠂ ᠣᠷᠣᠭᠤᠯᠤᠯᠲᠠ ᠶᠢᠨ | ᠬᠦᠴᠦᠯᠡᠴᠡ ᠶᠢ 4% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ | ᠦᠪᠦᠷ ᠮᠣᠩᠭᠤᠯ ᠢᠶᠠᠨ ᠮᠠᠨᠳᠤᠭᠤᠯᠬᠤ︾ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠰᠤᠷᠤᠯᠴᠠᠨ | ᠰᠤᠳᠤᠯᠵᠤ᠂ ᠠᠵᠤ ᠠᠬᠤᠶᠢᠯᠠᠯ ᠢ ᠢᠳᠡᠪᠬᠢᠲᠡᠢ ᠪᠠᠷ ᠬᠠᠪᠰᠤᠷᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ | ᠵᠦᠢᠯ ᠢ ᠭᠤᠶᠤᠴᠢᠯᠠᠨ ᠮᠡᠳᠡᠭᠦᠯᠵᠦ᠂ ᠠᠵᠤ ᠠᠬᠤᠶᠢᠯᠠᠯ ᠳᠤ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢ | ᠬᠠᠮᠤᠭ ᠤᠨ ᠶᠡᠭᠡ ᠪᠠᠷ ᠡᠳ᠋ᠯᠡᠭᠦᠯᠦᠨ᠂ ᠲᠡᠳᠬᠦᠬᠦ ᠪᠡᠯᠡ ᠮᠥᠩᠭᠦ ᠣᠯᠭᠤᠵᠤ᠂ ᠪᠥᠬᠦ ᠵᠢᠯ ᠳᠤ ᠳᠡᠭᠡᠳᠦ ᠱᠠᠲᠤᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢ 1.5 ᠳ᠋ᠦᠩᠰᠢᠭᠤᠷ ᠲᠥᠭᠦᠷᠢᠭ ᠠᠴᠠ ᠳᠡᠭᠡᠭᠰᠢ ᠴᠢᠷᠮᠠᠶᠢᠨ | ᠣᠯᠭᠤᠨ᠎ᠠ᠃ ᠯᠠᠨᠲ᠋ᠠᠨ ᠼᠧᠷᠢ ᠶᠢ ᠲᠡᠩᠴᠡᠭᠦᠷᠢᠲᠡᠢ ᠠᠰᠢᠭᠯᠠᠬᠤ ᠶᠢ ᠠᠬᠢᠭᠤᠯᠬᠤ ᠵᠡᠷᠭᠡ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠰᠤᠳᠤᠯᠭᠠᠨ ᠤ ᠲᠣᠭᠤᠷᠢᠨ ᠳᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠪᠡᠯᠡ ᠮᠥᠩᠭᠦ ᠶᠢ ᠣᠯᠬᠤ ᠪᠠᠷ ᠴᠢᠷᠮᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠬᠤᠪᠣᠷ | ᠰᠢᠷᠣᠢ ᠶᠢᠨ ᠰᠢᠨ᠎ᠡ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠲᠤ ᠲᠦᠰᠢᠭᠯᠡᠨ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠶᠢ 1 ᠳ᠋ᠦᠩᠰᠢᠭᠤᠷ ᠲᠥᠭᠦᠷᠢᠭ ᠲᠡᠮᠡᠴᠡᠨ ᠣᠯᠣᠨ᠎ᠠ᠃ | ᠳᠥᠷᠪᠡ ᠳᠤ᠂ ᠴᠢᠳᠠᠪᠤᠷᠢᠲᠠᠨ ᠢ ᠡᠯᠰᠡᠵᠦ ᠤᠶᠤᠨ ᠣᠷᠢᠬᠤ ᠡᠷᠴᠢᠮ ᠢᠶᠠᠨ ᠴᠢᠩᠭᠠᠷᠠᠭᠤᠯᠤᠨ᠎ᠠ᠃ ︽ᠠᠵᠢᠯ | ᠦᠢᠯᠡᠰ ᠤᠨ ᠣᠷᠣᠨ ᠲᠤᠭ᠎ᠠ ᠶᠢ ᠠᠵᠤ ᠠᠬᠤᠶᠢᠯᠠᠯ ᠬᠡᠷᠡᠭᠯᠡᠬᠦ︾ ︽ᠨᠡᠭᠦᠳᠡᠯ ᠤᠨ ᠰᠢᠪᠠᠭᠤ ᠮᠠᠶ᠋ᠢᠭ︾ ᠢᠶᠠᠷ ᠤᠷᠢᠨ | ᠬᠡᠷᠡᠭᠯᠡᠬᠦ᠂ ︽ᠨᠡᠭᠦᠳᠡᠯ ᠤᠨ ᠰᠢᠪᠠᠭᠤ ᠮᠠᠶ᠋ᠢᠭ︾ ᠢᠶᠠᠷ ᠴᠢᠳᠠᠪᠤᠷᠢᠲᠠᠨ ᠣᠷᠢᠬᠤ ᠵᠡᠷᠭᠡ ᠠᠷᠭ᠎ᠠ ᠮᠠᠶ᠋ᠢᠭ ᠢ ᠠᠪᠴᠤ᠂ | 3 ︱ 5 ᠳᠠᠭᠠᠭᠤᠯᠤᠭᠴᠢ ᠴᠢᠳᠠᠪᠤᠷᠢᠲᠠᠨ ᠤ ᠪᠦᠯᠬᠦᠮ ᠢ ᠣᠷᠣᠭᠤᠯᠤᠨ ᠠᠪᠴᠢᠷᠠᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ᠂ 100 ᠬᠥᠮᠥᠨ ᠠᠴᠠ ᠳᠡᠭᠡᠭᠰᠢ ᠵᠠᠯᠠᠭᠤ ᠰᠢᠨᠵᠢᠯᠡᠬᠦ ᠤᠬᠠᠭᠠᠨ | ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠶᠢᠨ ᠨᠡᠪᠴᠢᠭᠦᠯᠬᠦ ᠠᠴᠢᠶᠠᠯᠠᠪᠤᠷᠢ ᠶᠢ 2 ᠠᠴᠠ ᠳᠡᠭᠡᠭᠰᠢ | ᠣᠯᠬᠤ ᠪᠠᠷ ᠴᠢᠷᠮᠠᠶᠢᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠤᠰᠠᠯᠠᠭᠴᠢ ᠶᠢᠨ ᠠᠵᠢᠯ ᠤᠨ ᠪᠠᠶᠢᠷᠢ ᠶᠢ | ᠨᠡᠭᠡᠭᠡᠨ ᠬᠥᠭᠵᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠵᠤ ᠠᠳᠠᠯ ᠦᠢᠯᠡᠰ | ᠴᠣᠭᠴᠠᠯᠠᠬᠤ᠂ ᠴᠢᠳᠠᠪᠤᠷᠢᠲᠠᠨ ᠪᠣᠯᠵᠤ ᠠᠮᠵᠢᠯᠲᠠ ᠣᠯᠬᠤ ᠳᠤ ᠬᠦᠴᠦᠨ ᠨᠡᠮᠡᠷᠢᠯᠡᠨ᠎ᠡ᠃ ᠳᠣᠲᠣᠷ ᠰᠠᠯᠠᠭᠠᠨ ᠤ | ᠬᠤᠪᠣᠷ ᠰᠢᠷᠣᠢ ᠶᠢᠨ ᠲᠣᠮᠣ ᠠᠵᠤ ᠦᠢᠯᠡᠰ ᠤᠨ ᠳᠡᠭᠡᠳᠦ ᠰᠤᠷᠭᠠᠭᠤᠯᠢ ᠶᠢᠨ ᠱᠠᠩᠨᠠᠯ ᠤᠨ ᠤᠬᠠᠭᠠᠨ ᠤ ᠰᠠᠭᠤᠷᠢ | ᠮᠥᠩᠭᠦ ᠪᠠᠶᠢᠭᠤᠯᠵᠤ᠂ ᠲᠡᠭᠦᠰᠦᠭᠰᠡᠳ ᠤᠨ ᠲᠤᠬᠠᠢ ᠶᠢᠨ ᠭᠠᠵᠠᠷ ᠲᠠᠭᠠᠨ ᠠᠵᠢᠯ ᠣᠯᠬᠤ ᠶᠢ ᠵᠣᠷᠢᠭᠵᠢᠭᠤᠯᠤᠨ᠂ | ᠦᠯᠡᠳᠡᠭᠡᠨ ᠳᠠᠭᠠᠭᠠᠴᠢᠯᠠᠭᠤᠯᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠪᠥᠬᠦ ᠬᠤᠲᠠ ᠶᠢᠨ ︽ᠰᠢᠨ᠎ᠡ ᠶᠢ ᠡᠭᠦᠳᠬᠦ | ᠬᠥᠭᠵᠢᠯᠲᠡ ᠶᠢᠨ ᠱᠠᠩᠨᠠᠯ︾ ᠤᠨ ᠰᠢᠯᠭᠠᠷᠠᠭᠤᠯᠤᠯᠲᠠ ᠳᠤ ᠣᠷᠣᠯᠴᠠᠬᠤ ᠪᠠᠷ ᠢᠷᠠᠭᠤ ᠠᠯᠳᠠᠷ ᠢᠶᠠᠨ ᠪᠣᠯᠭᠠᠵᠤ᠂ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠵᠢᠴᠢ ᠪᠦᠯᠬᠦᠮ ᠨᠡᠶᠢᠲᠡ ᠶᠢᠨ ᠢᠳᠡᠪᠬᠢᠵᠢᠯ | ᠪᠠ ᠪᠦᠲᠦᠭᠡᠯᠴᠢ ᠴᠢᠨᠠᠷ ᠢ ᠳᠠᠶᠢᠴᠢᠯᠠᠨ᠎ᠠ᠃ | ᠲᠠᠪᠤ ᠳᠤ᠂ ᠬᠤᠪᠣᠷ ᠰᠢᠷᠣᠢ ᠶᠢᠨ ᠠᠩᠬᠠᠨ ᠤ ᠡᠭᠦᠳᠦᠯᠲᠡ ᠵᠢᠨᠰᠢᠨ᠎ᠡ ᠶᠢ ᠡᠭᠦᠳᠬᠦ ᠳᠠᠪᠠᠭᠤᠯᠢᠭ ᠡᠬᠢ | ᠪᠠᠶᠠᠯᠢᠭ ᠲᠠᠢ ᠵᠣᠯᠭᠠᠭᠤᠯᠵᠤ᠂ ᠭᠤᠣᠯᠳᠠᠭᠤ ᠳᠡᠭᠡᠳᠦ ᠴᠢᠳᠠᠪᠬᠢᠲᠤ ᠬᠤᠪᠣᠷ ᠰᠢᠷᠣᠢ ᠶᠢᠨ ᠴᠢᠳᠠᠮᠵᠢᠲᠤ ᠮᠠᠲ᠋ᠧᠷᠢᠶᠠᠯ᠂ | ᠯᠠᠨᠲ᠋ᠠᠨ ᠼᠧᠷᠢ ᠶᠢ ᠲᠡᠩᠴᠡᠭᠦᠷᠢᠲᠡᠢ ᠠᠰᠢᠭᠯᠠᠬᠤ᠂ ᠣᠶᠤᠨᠴᠢᠯᠠᠭᠰᠠᠨ ᠬᠤᠪᠣᠷ ᠰᠢᠷᠣᠢ ᠶᠢᠨ ᠲᠣᠨᠤᠭ ᠲᠥᠬᠦᠭᠡᠷᠦᠮᠵᠢ | ᠵᠡᠷᠭᠡ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠲᠣᠭᠤᠷᠢᠨ ᠳᠤ᠂ ᠬᠤᠪᠣᠷ ᠰᠢᠷᠣᠢ ᠶᠢᠨ ᠪᠣᠭᠤᠮᠲᠠ ᠰᠢᠪᠲᠤᠯᠬᠤ | ᠲᠥᠷᠥᠯ ᠵᠦᠢᠯ ᠢ 10 ᠠᠴᠠ ᠳᠡᠭᠡᠭᠰᠢ ᠬᠡᠷᠡᠭᠵᠢᠭᠦᠯᠦᠨ᠎ᠡ᠃ ᠠᠷᠪᠠᠨ ᠲᠠᠪᠤᠳᠤᠭᠠᠷ ᠬᠤᠭᠤᠴᠠᠭᠠᠨ ᠤ ᠬᠤᠪᠣᠷ | ᠰᠢᠷᠣᠢ ᠶᠢᠨ ᠶᠠᠷᠢᠶᠠᠨ ᠤ ᠲᠠᠪᠴᠠᠩ ᠢ ᠰᠠᠶᠢᠲᠤᠷ ᠡᠷᠭᠢᠯᠡᠵᠦ᠂ ᠠᠵᠤ ᠦᠢᠯᠡᠰ ᠤᠨ ᠬᠤᠳᠠᠯᠳᠤᠭᠠᠴᠢᠨ ᠤᠷᠢᠬᠤ᠂ | ᠦᠵᠡᠰᠬᠦᠯᠡᠩ ᠦᠵᠡᠭᠦᠯᠬᠦ᠂ ᠠᠷᠠᠯᠵᠢᠶᠠᠯᠠᠬᠤ ᠵᠡᠷᠭᠡ ᠠᠭᠤᠯᠭ᠎ᠠ ᠳᠤ ᠠᠭᠤᠰᠤᠯᠴᠠᠭᠤᠯᠤᠨ᠂ ᠰᠢᠨ᠎ᠡ ᠶᠢ ᠡᠭᠦᠳᠬᠦ | ᠴᠢᠨᠠᠷ᠂ ᠬᠤᠯᠪᠣᠯᠳᠤᠬᠤ ᠴᠢᠨᠠᠷ᠂ ᠬᠡᠷᠡᠭᠯᠡᠭᠡᠨ ᠤ ᠴᠢᠨᠠᠷ ᠢ ᠳᠣᠪᠤᠶᠢᠯᠭᠠᠵᠤ᠂ ᠶᠠᠷᠢᠶᠠᠨ ᠤ ᠲᠠᠪᠴᠠᠩ ᠢ ᠬᠤᠪᠣᠷ | ᠰᠢᠷᠣᠢ ᠶᠢᠨ ᠬᠦᠷᠢᠶᠡᠨ ᠳᠠᠬᠢ ᠰᠢᠨ᠎ᠡ ᠶᠢ ᠡᠭᠦᠳᠬᠦ ᠤᠷᠤᠯᠳᠤᠭᠠᠨ ᠤ ᠲᠠᠪᠴᠠᠩ᠂ ᠬᠤᠳᠠᠯᠳᠤᠭᠠᠴᠢᠨ ᠤᠷᠢᠬᠤ | ᠡᠮᠦᠨ᠎ᠡ ᠲᠠᠪᠴᠠᠩ ᠪᠠ ᠬᠠᠷᠢᠯᠴᠠᠨ ᠬᠥᠳᠡᠯᠦᠯᠴᠡᠬᠦ ᠲᠠᠪᠴᠠᠩ ᠪᠣᠯᠭᠠᠨ ᠪᠠᠶᠢᠭᠤᠯᠤᠨ᠎ᠠ᠃ | ︵ᠬᠤᠶᠠᠷ︶ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠪᠠᠳᠠᠷᠠᠭᠤᠯᠤᠨ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ | ᠨᠢᠭᠡ ᠳᠤ᠂ ᠠᠵᠢᠯᠲᠠᠨ ᠤ ᠬᠦᠴᠦᠨ ᠢ ᠴᠢᠩᠭᠠᠷᠠᠭᠤᠯᠤᠨ᠎ᠠ᠃ ᠨᠢᠭᠡ ᠪᠦᠯᠦᠭ ᠬᠡᠯᠡᠵᠦ ᠶᠠᠷᠢᠬᠤ ᠳᠠᠭᠠᠨ | ᠴᠢᠳᠠᠮᠠᠭᠠᠢ᠂ ᠲᠡᠷᠭᠡ ᠬᠥᠰᠬᠡ ᠳᠡᠭᠡᠨ ᠳᠠᠳᠮᠠᠭᠠᠢ᠂ ᠠᠭᠤᠯᠠ ᠳᠠᠭᠠᠷᠠᠪᠠᠯ ᠵᠠᠮ ᠨᠡᠭᠡᠭᠡᠳᠡᠭ᠂ ᠲᠠᠨᠢᠬᠤ ᠦᠭᠡᠢ | ᠬᠥᠮᠥᠨ ᠲᠠᠢ ᠬᠠᠷᠢᠯᠴᠠᠬᠤ ᠳᠠᠭᠠᠨ ᠴᠢᠳᠠᠮᠠᠭᠠᠢ ᠠᠷᠠᠯᠵᠢᠶᠠᠴᠢᠨ ᠤᠷᠢᠬᠤ ᠬᠥᠮᠥᠰ ᠢ ᠰᠢᠯᠢᠨ ᠰᠣᠩᠭᠤᠵᠤ᠂ | ᠬᠠᠮᠤᠭ ᠤᠨ ᠰᠢᠯᠢᠳᠡᠭ ᠴᠢᠳᠠᠪᠤᠷᠢᠲᠠᠨ᠂ ᠬᠠᠮᠤᠭ ᠤᠨ ᠰᠠᠶᠢᠨ ᠺᠠᠳ᠋ᠷ ᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠥᠷᠭᠡᠨ ᠠᠭᠤᠳᠠᠮ ᠲᠠᠪᠴᠠᠩ ᠳᠤ ᠬᠡᠷᠡᠭᠯᠡᠨ᠎ᠡ᠃ ᠬᠤᠳᠠᠯᠳᠤᠭᠠᠴᠢᠨ ᠤᠷᠢᠬᠤ ᠰᠠᠯᠠᠭ᠎ᠠ ᠮᠥᠴᠢᠷ ᠪᠣᠯᠣᠨ | ᠠᠵᠢᠯᠲᠠᠨ ᠤ ᠠᠵᠢᠯ ᠶᠠᠪᠤᠳᠠᠯ ᠤᠨ ᠴᠢᠨᠠᠷᠲᠠᠢ ᠠᠵᠢᠯ ᠪᠣᠯᠣᠨ ᠲᠤᠬᠠᠶᠢᠯᠠᠭᠰᠠᠨ ᠠᠵᠢᠯ ᠤᠨ ᠪᠤᠰᠤ ᠳᠠᠷᠤᠭᠠᠰᠤ ᠶᠢ | ᠬᠥᠩᠭᠡᠷᠡᠭᠦᠯᠵᠦ᠂ ᠨᠢᠭᠡ ᠰᠡᠳᠬᠢᠯ ᠨᠢᠭᠡ ᠵᠣᠷᠢᠭ ᠢᠶᠠᠷ ᠬᠤᠳᠠᠯᠳᠤᠭᠠᠴᠢᠨ ᠤᠷᠢᠬᠤ ᠶᠢ ᠠᠳᠬᠤᠬᠤ ᠳᠤ ᠲᠦᠬᠦᠮ | ᠪᠣᠯᠭᠠᠨ᠎ᠠ᠃ ᠠᠷᠠᠯᠵᠢᠶᠠᠴᠢᠨ ᠤᠷᠢᠵᠤ ᠪᠡᠯᠡ ᠮᠥᠩᠭᠦ ᠲᠠᠲᠠᠬᠤ ᠬᠠᠮᠢᠶ᠎ᠠ ᠪᠦᠬᠦᠢ ᠳᠦᠷᠢᠮ ᠢ ᠪᠠᠶᠢᠭᠤᠯᠵᠤ᠂ ᠥᠷᠭᠡᠨ | ᠤᠯᠠᠨ ᠺᠠᠳ᠋ᠷ ᠤᠨ ᠠᠷᠠᠯᠵᠢᠶᠠᠴᠢᠨ ᠤᠷᠢᠬᠤ᠂ ᠠᠷᠠᠯᠵᠢᠶᠠᠴᠢᠨ ᠤᠷᠢᠬᠤ ᠳᠤ ᠵᠣᠷᠢᠭᠲᠠᠢ ᠪᠠᠶᠢᠬᠤ ᠶᠢ ᠵᠣᠷᠢᠭᠵᠢᠭᠤᠯᠤᠨ᠎ᠠ | ᠃ | ᠬᠤᠶᠠᠷ ᠲᠤ᠂ ᠠᠵᠤ ᠦᠢᠯᠡᠰ ᠤᠨ ᠴᠢᠭᠯᠡᠯ ᠢ ᠣᠨᠣᠪᠴᠢᠲᠠᠶ ᠡᠷᠢᠵᠦ ᠣᠯᠣᠨ᠎ᠠ᠃ ᠬᠤᠪᠣᠷ ᠰᠢᠷᠣᠢ᠂ ᠬᠡᠷᠡᠯ | ᠸᠣᠯᠲ᠂ ᠰᠠᠯᠬᠢᠨ ᠬᠦᠴᠦᠨ ᠤ ᠴᠠᠬᠢᠯᠭᠠᠨ᠂ ᠡᠨᠧᠷᠭᠢ ᠬᠠᠳᠠᠭᠠᠯᠠᠬᠤ᠂ ᠠᠵᠤ ᠦᠢᠯᠡᠳᠪᠦᠷᠢ ᠶᠢᠨ ᠡᠵᠡᠮᠳᠡᠯ ᠵᠡᠷᠭᠡ | ᠭᠤᠣᠯᠳᠠᠯᠭ᠎ᠠ ᠲᠠᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠭᠤᠷᠪᠠᠨ500 ᠬᠦᠴᠦᠷᠬᠡᠭ ᠵᠢᠴᠢ | ᠰᠲ᠋ᠣᠺ ᠢᠶᠠᠨ ᠵᠠᠬ᠎ᠠ ᠳᠡᠯᠭᠡᠭᠦᠷ ᠲᠤ ᠭᠠᠷᠭᠠᠭᠰᠠᠨ ᠺᠣᠮᠫᠠᠨᠢ᠂ ᠰᠢᠨ ᠷᠦᠢ ᠠᠵᠤ ᠠᠬᠤᠶᠢᠯᠠᠯ ᠢ ᠥᠷᠭᠡᠨ ᠢᠶᠠᠷ | ᠵᠣᠯᠭᠠᠭᠤᠯᠪᠠ᠃ ᠣᠨᠣᠪᠴᠢᠲᠠᠶ ᠰᠣᠩᠭᠤᠭᠰᠠᠨ ᠠᠵᠤ ᠠᠬᠤᠶᠢᠯᠠᠯ ᠤᠨ ᠲᠥᠷᠥᠯ ᠵᠦᠢᠯ᠂ ᠣᠯᠣᠭᠰᠠᠨ ᠪᠡᠯᠡ | ᠣᠷᠣᠭᠤᠯᠤᠯᠲᠠ ᠶᠢᠨ ᠮᠡᠳᠡᠭᠡ ᠵᠠᠩᠭᠢ ᠳᠤ᠂ ᠠᠯᠢᠪᠠ ᠨᠡᠶᠢᠭᠡᠮ ᠤᠨ ᠬᠠᠷᠢᠴᠠᠭ᠎ᠠ ᠶᠢ ᠬᠥᠳᠡᠯᠭᠡᠨ ᠬᠡᠷᠡᠭᠯᠡᠵᠦ᠂ ᠠᠯᠢᠪᠠ | ᠡᠬᠢ ᠪᠠᠶᠠᠯᠢᠭ ᠤᠨ ᠬᠦᠴᠦᠨ ᠢ ᠠᠭᠤᠳᠠᠯᠤᠨ᠂ ᠬᠠᠮᠤᠭ ᠤᠨ ᠲᠡᠷᠢᠭᠦᠨ ᠳᠤ ᠮᠥᠷᠳᠡᠨ ᠬᠠᠷᠢᠯᠴᠠᠵᠤ᠂ ᠨᠢᠭᠲᠠ | ᠤᠶᠠᠯᠳᠤᠭᠤᠯᠤᠨ᠂ ᠬᠠᠷᠢᠭᠤ ᠮᠡᠳᠡᠭᠦᠯᠵᠦ ᠲᠡᠮᠡᠴᠡᠨ ᠣᠯᠬᠤ ᠬᠡᠷᠡᠭᠲᠡᠢ᠃ ᠡᠳᠡᠭᠡᠷ ᠠᠵᠤ ᠦᠢᠯᠡᠳᠪᠦᠷᠢ ᠠᠴᠠ | ᠭᠠᠳᠠᠨ᠎ᠠ᠃ ᠬᠤᠶᠢᠰᠢᠳᠠ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠬᠠᠯᠬᠠᠪᠴᠢ ᠶᠢ ᠡᠷᠭᠦᠵᠦ᠂ ᠴᠢᠬᠤᠯᠠ | ᠲᠦᠷᠦ ᠶᠢᠨ ᠪᠣᠳᠣᠯᠭ᠎ᠠ ᠠᠴᠠ ᠪᠣᠯᠤᠭᠰᠠᠨ ᠠᠷᠠᠯᠵᠢᠶᠠᠴᠢᠨ ᠤᠷᠢᠬᠤ ᠠᠶᠤᠯ ᠲᠦᠭᠰᠢᠭᠦᠷᠢ ᠶᠢ ᠵᠣᠭᠰᠤᠭ᠎ᠠ ᠵᠢᠯᠣᠭᠤ | ᠦᠭᠡᠢ ᠰᠡᠷᠭᠡᠶᠢᠯᠡᠬᠦ ᠬᠡᠷᠡᠭᠲᠡᠢ᠃ ᠠᠵᠤ ᠠᠬᠤᠶᠢᠯᠠᠯ ᠳᠤ ᠨᠠᠭᠠᠲᠤ ᠵᠠᠬ᠎ᠠ ᠶᠢᠨ ᠠᠰᠢᠭ ᠣᠷᠣᠯᠭ᠎ᠠ ᠣᠯᠬᠤ᠂ ᠪᠡᠯᠡ | ᠣᠷᠣᠭᠤᠯᠤᠯᠲᠠ ᠶᠢᠨ ᠠᠶᠤᠯ ᠲᠦᠭᠰᠢᠭᠦᠷᠢ ᠶᠢᠨ ᠦᠨᠳᠦᠰᠦᠨ ᠵᠦᠢᠯ ᠢ ᠪᠠᠲᠤᠯᠠᠬᠤ᠂ ᠪᠡᠯᠡ ᠣᠷᠣᠭᠤᠯᠤᠯᠲᠠ ᠶᠢᠨ | ᠡᠬᠡ ᠮᠥᠩᠭᠦ ᠶᠢ ᠡᠭᠡᠭᠦᠯᠦᠨ ᠬᠤᠳᠠᠯᠳᠤᠨ ᠠᠪᠬᠤ ᠵᠡᠷᠭᠡ ᠵᠠᠬ᠎ᠠ ᠳᠡᠯᠭᠡᠭᠦᠷ ᠤᠨ ᠠᠵᠤ ᠠᠬᠤᠢ ᠶᠢᠨ ᠵᠢᠮ᠎ᠡ | ᠶᠣᠰᠣ ᠠᠴᠠ ᠢᠯᠡᠳᠲᠡ ᠵᠥᠷᠢᠴᠡᠭᠰᠡᠨ ᠠᠮᠠᠯᠠᠯᠲᠠ ᠬᠢᠬᠦ ᠶᠢ ᠴᠢᠩᠭ᠎ᠠ ᠴᠠᠭᠠᠵᠠᠯᠠᠨ᠎ᠠ᠃ | ᠭᠤᠷᠪᠠ ᠳᠤ᠂ ᠰᠠᠭᠤᠷᠢ ᠠᠵᠢᠯ ᠢ ᠪᠣᠳᠠᠲᠠᠶᠢᠵᠢᠭᠤᠯᠤᠨ᠎ᠠ᠃ ᠤᠯᠤᠰ ᠤᠨ ᠲᠠᠰ ᠤᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ︽ᠨᠡᠷ᠎ᠡ ᠶᠢᠨ ᠬᠠᠭᠤᠳᠠᠰᠤ︾ ᠶᠢ ᠰᠦᠷ ᠳᠠᠯᠠᠶᠢᠴᠠᠲᠠᠢ ᠪᠠᠷ ᠭᠠᠷᠭᠠᠵᠤ᠂ ᠪᠤᠰᠤᠳ | ᠬᠤᠰᠢᠭᠤ ᠰᠢᠶᠠᠨ ᠲᠣᠭᠤᠷᠢᠭ ᠠᠴᠠ ᠢᠯᠭᠠᠭ᠎ᠠ ᠲᠠᠢ ᠪᠡᠯᠡ ᠣᠷᠣᠭᠤᠯᠤᠯᠲᠠ ᠶᠢᠨ ᠳᠠᠪᠠᠭᠤᠯᠢᠭ ᠢ ᠦᠨᠡᠨ ᠬᠦ | ᠢᠯᠡᠷᠡᠭᠦᠯᠬᠦ ᠬᠡᠷᠡᠭᠲᠡᠢ᠃ ᠬᠤᠲᠠ ᠶᠢᠨ ᠵᠠᠰᠠᠭ ᠤᠨ ᠣᠷᠳᠣᠨ ᠠᠴᠠ ᠬᠤᠪᠣᠷ ᠰᠢᠷᠣᠢ ᠶᠢᠨ ᠠᠵᠤ ᠦᠢᠯᠡᠰ ᠤᠨ | ᠪᠠᠶᠢᠳᠠᠯ ᠢ ᠦᠨᠳᠦᠰᠦᠯᠡᠨ ᠲᠣᠭᠲᠠᠭᠠᠭᠰᠠᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ | ᠲᠦᠷᠦ ᠶᠢᠨ ᠪᠣᠳᠣᠯᠭ᠎ᠠ ᠶᠢ ᠥᠷᠭᠡᠨ ᠢᠶᠠᠷ ᠨᠡᠶᠢᠲᠡᠯᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠤᠢ ᠪᠦᠬᠦᠢ | ᠬᠤᠪᠣᠷ ᠰᠢᠷᠣᠢ ᠶᠢᠨ ᠠᠵᠤ ᠠᠬᠤᠶᠢᠯᠠᠯ ᠢ ᠬᠡᠨ ᠴᠦ ᠮᠡᠳᠡᠬᠦ ᠦᠭᠡᠢ ᠪᠣᠯᠭᠠᠬᠤ ᠬᠡᠷᠡᠭᠲᠡᠢ᠃ ᠠᠵᠤ ᠦᠢᠯᠡᠰ ᠤᠨ | ᠡᠮᠦᠨ᠎ᠡ ᠵᠠᠬ᠎ᠠ ᠶᠢᠨ ᠪᠠᠶᠢᠳᠠᠯ ᠢ ᠠᠩᠬᠠᠷᠴᠤ᠂ ᠲᠤᠰᠬᠠᠢ ᠬᠥᠮᠥᠨ ᠠᠵᠤ ᠠᠬᠤᠶᠢᠯᠠᠯ ᠤᠨ ᠬᠥᠷᠥᠩᠭᠡ ᠶᠢᠨ ᠵᠠᠬ᠎ᠠ | ᠳᠡᠯᠭᠡᠭᠦᠷ ᠲᠠᠬᠢ ᠪᠡᠯᠡ ᠲᠣᠬᠢᠷᠠᠭᠤᠯᠭ᠎ᠠ ᠶᠢᠨ ᠮᠡᠳᠡᠭᠡ ᠵᠠᠩᠭᠢ ᠶᠢ ᠤᠷᠢᠳᠴᠢᠯᠠᠨ ᠴᠤᠭᠯᠠᠭᠤᠯᠬᠤ ᠬᠡᠷᠡᠭᠲᠡᠢ᠃ | ᠠᠷᠠᠯᠵᠢᠶᠠᠴᠢᠨ ᠤᠷᠢᠬᠤ ᠡᠲᠡᠭᠡᠳ ᠲᠤ ︽ᠴᠡᠭ ᠠᠴᠠ ᠴᠡᠭ ᠲᠤ︾ ᠲᠠᠨᠢᠯᠴᠠᠭᠤᠯᠭ᠎ᠠ ᠶᠢᠨ ᠮᠠᠲ᠋ᠧᠷᠢᠶᠠᠯ ᠲᠣᠭᠲᠠᠭᠠᠨ | ᠥᠭᠴᠦ᠂ ︽ᠨᠢᠭᠡ ᠳᠡᠪᠲᠡᠷ ᠵᠢᠷᠤᠭᠲᠤ ᠳᠡᠪᠲᠡᠷ ᠢᠶᠠᠷ ᠲᠠᠶᠠᠩ ᠳᠤ ᠠᠶᠠᠯᠠᠬᠤ︾ ᠳᠣᠣᠷ᠎ᠠ ᠲᠦᠪᠰᠢᠨ ᠤ | ᠲᠠᠨᠢᠯᠴᠠᠭᠤᠯᠭ᠎ᠠ ᠶᠢᠨ ᠬᠡᠯᠪᠡᠷᠢ ᠶᠢ ᠬᠤᠪᠢᠷᠠᠭᠤᠯᠵᠤ᠂ ᠦᠷᠲᠡᠭ ᠢ ᠪᠠᠭᠤᠷᠠᠭᠤᠯᠬᠤ ᠴᠡᠭ᠂ ᠢᠷᠡᠭᠡᠳᠦᠢ ᠶᠢᠨ ᠵᠠᠬ᠎ᠠ | ᠳᠡᠯᠭᠡᠭᠦᠷ ᠤᠨ ᠲᠥᠪᠯᠡᠷᠡᠯ ᠤᠨ ᠴᠡᠭ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠠᠩᠬᠠᠷᠤᠯ ᠤᠨ ᠴᠡᠭ ᠢ | ᠦᠨᠡᠨᠬᠦ ᠣᠨᠣᠪᠴᠢᠲᠠᠢ ᠡᠷᠢᠨ ᠣᠯᠵᠤ᠂ ᠦᠨᠡᠨᠬᠦ ᠠᠵᠤ ᠠᠬᠤᠶᠢᠯᠠᠯ ᠤᠨ ᠰᠡᠳᠬᠢᠯ ᠢ ᠣᠯᠬᠤ ᠬᠡᠷᠡᠭᠳᠡᠢ᠃ | ᠳᠥᠷᠪᠡ ᠳᠤ᠂ ᠬᠠᠮᠢᠶᠠᠷᠤᠯᠲᠠ ᠶᠢᠨ ᠵᠠᠭᠪᠤᠷ ᠢ ᠳᠥᠭᠦᠮᠴᠢᠯᠡᠨ ᠰᠢᠯᠢᠳᠡᠭᠵᠢᠭᠦᠯᠦᠨ᠎ᠡ᠃ ᠬᠠᠮᠢᠶᠠᠷᠤᠯᠲᠠ ᠶᠢᠨ | ᠵᠥᠪᠯᠡᠯ ᠤᠨ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠠᠮᠢᠶᠠᠷᠤᠯᠲᠠ ᠶᠢᠨ ᠲᠠᠰ ᠳᠠᠪᠬᠤᠷᠭ᠎ᠠ ᠪᠠᠨ | ᠪᠠᠭᠠᠰᠬᠠᠵᠤ᠂ ᠬᠡᠦᠬᠡᠳ ᠤᠨ ᠴᠡᠴᠡᠷᠯᠢᠭ ᠲᠤ ᠣᠷᠣᠬᠤ ᠭᠠᠷᠳᠠᠮ᠂ ᠡᠮᠦᠨᠡᠬᠢ ᠬᠤᠭᠤᠴᠠᠭᠠᠨ ᠤ ᠠᠵᠢᠯ ᠵᠡᠷᠭᠡ ᠬᠡᠷᠡᠭ | ᠡᠷᠭᠢᠯᠡᠬᠦ ᠲᠠᠰ ᠳᠠᠷᠠᠭᠠᠯᠠᠯ ᠢᠶᠠᠨ ᠳᠥᠭᠦᠮᠴᠢᠯᠡᠵᠦ᠂ ᠬᠡᠦᠬᠡᠳ ᠤᠨ ᠴᠡᠴᠡᠷᠯᠢᠭ ᠲᠤ ᠣᠷᠣᠬᠤ ᠵᠥᠪᠯᠡᠯᠴᠡᠭᠡᠷ ᠤᠨ | ᠪᠠᠷᠢᠮᠵᠢᠶᠠᠵᠢᠭᠤᠯᠤᠭᠰᠠᠨ ᠵᠠᠭᠪᠤᠷ ᠢ ᠪᠠᠶᠢᠭᠤᠯᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠬᠤᠯᠪᠣᠭᠳᠠᠬᠤ | ᠦᠭᠡᠢ ᠪᠠ ᠣᠲᠣ ᠶᠢᠨ ᠲᠥᠷᠥ ᠶᠢᠨ ᠪᠣᠳᠣᠯᠭ᠎ᠠ ᠠᠴᠠ ᠳᠠᠪᠠᠭ᠋ᠤ ᠦᠭᠡᠢ ᠬᠡᠦᠬᠡᠳ ᠤᠨ ᠴᠡᠴᠡᠷᠯᠢᠭ ᠲᠤ ᠣᠷᠣᠬᠤ | ᠵᠥᠪᠯᠡᠯᠴᠡᠭᠡᠷ ᠲᠤ ᠵᠠᠷᠴᠢᠮ ᠳᠡᠭᠡᠷ᠎ᠡ ᠪᠠᠨ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠭᠠᠷ ᠤᠨ ᠥᠰᠥᠭ ᠵᠢᠷᠤᠵᠤ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠳᠠᠩᠰᠠᠯᠠᠭᠤᠯᠵᠤ᠂ ᠰᠠᠶᠢᠨ ᠰᠠᠶᠢᠬᠠᠨ | ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠬᠤ ᠳᠤ ᠳᠦᠷᠢᠮ ᠤᠨ ᠬᠠᠷᠰᠢ ᠰᠠᠭᠠᠳ ᠢ ᠠᠷᠢᠯᠭᠠᠬᠤ | ᠬᠡᠷᠡᠭᠲᠡᠢ᠃ ᠭᠠᠵᠠᠷ ᠰᠢᠷᠣᠢ ᠶᠢ ᠮᠡᠳᠡᠭᠦᠯᠦᠨ ᠵᠥᠪᠰᠢᠶᠡᠷᠡᠭᠦᠯᠬᠦ᠂ ᠣᠷᠴᠢᠨ ᠠᠬᠤᠢ ᠶᠢᠨ ᠨᠥᠯᠥᠭᠡᠯᠡᠯ ᠤᠨ | ᠦᠨᠡᠯᠡᠯᠲᠡ ᠶᠢ ᠳᠠᠩᠰᠠᠯᠠᠬᠤ ᠵᠡᠷᠭᠡ ᠲᠠᠯ᠎ᠠ ᠪᠠᠷ ᠬᠢ ᠪᠡᠶ᠎ᠡ ᠪᠠᠨ ᠳᠠᠭᠠᠭᠠᠭᠰᠠᠨ ᠡᠷᠬᠡ ᠶᠢᠨ ᠬᠡᠪᠴᠢᠶ᠎ᠡ ᠪᠠ ᠶᠡᠬᠡᠩᠬᠢ | ᠳᠦᠷᠢᠮ ᠤᠨ ᠠᠵᠢᠯᠯᠠᠭᠠᠨ ᠢ ᠲᠥᠪᠯᠡᠷᠡᠭᠦᠯᠦᠨ ᠴᠣᠮᠬᠠᠳᠬᠠᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠠᠩ | ᠳᠠᠪᠠᠭᠤᠯᠢᠭ ᠭᠠᠷᠳᠠᠮ ᠢ ᠭᠦᠢᠴᠡᠳᠬᠡᠬᠦ ᠥᠨᠳᠥᠷ ᠪᠦᠲᠦᠮᠵᠢᠲᠡᠶ ᠲᠣᠭᠲᠠᠴᠠ ᠶᠢ ᠪᠣᠶ ᠪᠣᠯᠭᠠᠨ᠎ᠠ᠃ | ᠲᠠᠪᠤ ᠳᠤ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠰᠢᠨ᠎ᠡ ᠶᠢ ᠡᠭᠦᠳᠦᠨ᠎ᠡ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠠᠬᠤᠶᠢᠯᠠᠯ ᠳᠤ | ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠲᠣᠷᠭᠠᠭᠤᠯᠢ ᠠᠴᠠ ᠬᠡᠯᠲᠦᠷᠢᠭᠦᠯᠵᠦ | ᠲᠣᠷᠭᠠᠭᠤᠯᠢ ᠶᠢ ᠬᠥᠩᠭᠡᠪᠴᠢᠯᠡᠬᠦ︾ ᠲᠣᠳᠣᠷᠬᠠᠢ ᠬᠠᠭᠤᠳᠠᠰᠤ 3.0 ᠬᠡᠪᠯᠡᠯ ᠢ ᠬᠡᠷᠡᠭᠵᠢᠭᠦᠯᠵᠦ᠂ ᠮᠠᠨ ᠤ ᠣᠷᠣᠨ ᠤ | ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠤᠯᠤᠰ ᠤᠨ ᠭᠠᠵᠠᠷ ᠰᠢᠷᠣᠢ᠂ | ᠲᠥᠯᠦᠪᠵᠢᠭᠦᠯᠭᠡ ᠶᠢᠨ ᠬᠦᠷᠢᠶᠡᠨ ᠳᠠᠬᠢ ᠠᠵᠤ ᠠᠬᠤᠶᠢᠯᠠᠯ ᠳᠤ ᠬᠤᠯᠪᠣᠭᠳᠠᠭᠰᠠᠨ ᠬᠥᠩᠭᠡᠨ ᠬᠠᠤᠯᠢ ᠵᠥᠷᠢᠴᠡᠭᠰᠡᠨ | ᠦᠢᠯᠡ ᠠᠵᠢᠯᠯᠠᠭ᠎ᠠ ᠪᠠ ᠡᠩ ᠤᠨ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢᠨ︽ᠲᠣᠷᠭᠠᠭᠤᠯᠢ ᠠᠴᠠ | ᠬᠡᠯᠲᠦᠷᠢᠭᠦᠯᠵᠦ ᠬᠥᠩᠭᠡᠨ ᠲᠣᠷᠭᠠᠭᠤᠯᠢ︾ ᠶᠢᠨ ᠨᠠᠷᠢᠨ ᠳᠠᠩᠰᠠ ᠶᠢ ᠲᠣᠭᠲᠠᠭᠠᠵᠤ᠂ ᠵᠥᠪᠰᠢᠶᠡᠷᠡᠭᠦᠯᠦᠭᠡᠳᠦᠢ ᠪᠠᠷ | ᠤᠷᠢᠳᠠᠪᠠᠷ ᠪᠠᠶᠢᠭᠤᠯᠬᠤ᠂ ᠰᠢᠯᠭᠠᠨ ᠪᠠᠶᠢᠴᠠᠭᠠᠭᠰᠠᠨ ᠦᠭᠡᠢ ᠪᠠᠷ ᠤᠷᠢᠳᠠᠪᠠᠷ ᠪᠡᠯᠡ ᠣᠷᠣᠭᠤᠯᠬᠤ ᠵᠡᠷᠭᠡ ᠬᠠᠤᠯᠢ | ᠠᠴᠠ ᠵᠥᠷᠢᠴᠡᠭᠰᠡᠨ ᠬᠥᠩᠭᠡᠨ ᠦᠶᠯᠡ ᠠᠵᠢᠯᠯᠠᠭ᠎ᠠ ᠪᠠ ᠡᠩ ᠤᠨ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠲᠣᠷᠭᠠᠬᠤ ᠠᠴᠠ ᠬᠡᠯᠲᠦᠷᠢᠭᠦᠯᠵᠦ ᠬᠥᠩᠭᠡᠨ ᠢᠶᠠᠷ ᠲᠣᠷᠭᠠᠵᠤ᠂ ᠬᠠᠤᠯᠢ ᠪᠠᠷ ᠲᠣᠭᠲᠠᠭᠠᠭᠰᠠᠨ ᠡᠷᠬᠡ | ᠮᠡᠳᠡᠯ ᠤᠨ ᠬᠡᠪᠴᠢᠶᠡᠨ ᠳᠣᠲᠣᠷ᠎ᠠ ᠠᠵᠤ ᠠᠬᠤᠶᠢᠯᠠᠯ ᠳᠤ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠣᠷᠣᠨ | ᠵᠠᠢ ᠣᠯᠭᠤᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠲᠡᠬᠡᠨ ᠠᠵᠢᠯ ᠡᠬᠢᠯᠡᠭᠦᠯᠬᠦ᠂ ᠬᠥᠩᠭᠡᠨ | ᠬᠠᠭᠤᠳᠠᠮ ᠢᠶᠠᠷ ᠤᠷᠤᠭᠰᠢᠯᠠᠬᠤ᠂ ᠰᠠᠨᠠᠭ᠎ᠠ ᠠᠮᠤᠷ ᠡᠵᠡᠩᠨᠡᠬᠦ ᠳᠤ ︽ᠰᠡᠳᠬᠢᠯ ᠠᠮᠤᠷᠵᠢᠭᠤᠯᠬᠤ ᠡᠮ︾ ᠣᠯᠭᠤᠬᠤ | ᠬᠡᠷᠡᠭᠲᠡᠢ᠃ ᠠᠵᠤ ᠠᠬᠤᠶᠢᠯᠠᠯ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠲᠤᠰᠬᠠᠢ ᠵᠠᠰᠠᠯᠲᠠ ᠶᠢ | ᠥᠷᠨᠢᠭᠦᠯᠵᠦ᠂ ᠣᠯᠠᠨ ᠢ ᠴᠤᠭᠯᠠᠭᠤᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠷᠰᠢᠯᠠᠬᠤ᠂ | ᠪᠠᠷᠢᠯᠭ᠎ᠠ ᠶᠢᠨ ᠠᠵᠢᠯ ᠢ ᠬᠠᠤᠯᠢ ᠪᠤᠰᠤ ᠪᠠᠷ ᠬᠠᠷᠰᠢᠯᠠᠬᠤ ᠵᠡᠷᠭᠡ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ᠃ | ︵ ᠭᠤᠷᠪᠠ︶ ᠵᠦᠢᠯᠡᠰ ᠢ ᠬᠡᠷᠡᠭᠵᠢᠭᠦᠯᠬᠦ ᠠᠬᠢᠴᠠ ᠶᠢ ᠲᠦᠷᠭᠡᠳᠬᠡᠵᠦ᠂ ᠠᠵᠤ ᠠᠬᠤᠢ ᠶᠢᠨ ᠰᠠᠶᠢᠨ | ᠠᠵᠢᠯᠯᠠᠭᠠᠨ ᠢ ᠢᠮᠠᠭᠲᠠ ᠪᠠᠲᠤᠯᠠᠨ᠎ᠠ᠃ | ᠨᠢᠭᠡ ᠳᠤ᠂ ᠲᠥᠷᠥᠯ ᠵᠦᠢᠯ ᠤᠨ ᠭᠠᠷᠳᠠᠮ ᠭᠦᠢᠴᠡᠳᠬᠡᠬᠦ ᠶᠢ ᠲᠦᠷᠭᠡᠳᠬᠡᠨ᠎ᠡ᠃ ᠵᠢᠯ ᠤᠨ ᠳᠣᠲᠣᠷ᠎ᠠ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠲᠥᠷᠥᠯ ᠵᠦᠢᠯ ᠢ 65 ᠬᠡᠷᠡᠭᠵᠢᠭᠦᠯᠵᠦ᠂ 20% | ᠠᠴᠠ ᠳᠡᠭᠡᠭᠰᠢ ᠪᠡᠯᠡ ᠣᠷᠣᠭᠤᠯᠤᠯᠲᠠ ᠶᠢᠨ ᠨᠡᠮᠡᠭᠳᠡᠯ ᠢ ᠪᠡᠶᠡᠯᠡᠭᠦᠯᠬᠦ ᠪᠠᠷ ᠲᠥᠯᠥᠪᠯᠡᠵᠦ᠂ ᠠᠵᠤ ᠦᠢᠯᠡᠰ ᠤᠨ | ᠲᠥᠷᠥᠯ ᠤᠨ ᠲᠥᠷᠥᠯ ᠵᠦᠢᠯ ᠤᠨ ᠲᠤᠭ᠎ᠠ ᠬᠡᠮᠵᠢᠶ᠎ᠡ ᠪᠠ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠢ ᠴᠥᠮ | 70% ᠠᠴᠠ ᠳᠠᠪᠠᠭᠤᠯᠤᠨ᠎ᠠ᠃ ᠰᠢᠨ᠎ᠡ ᠪᠠᠷ ᠠᠵᠢᠯ ᠡᠬᠢᠯᠡᠭᠦᠯᠬᠦ ᠲᠥᠷᠥᠯ ᠵᠦᠢᠯ ᠤᠨ 3 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠭᠠᠷᠳᠠᠮ ᠢ ᠪᠦᠬᠦᠨ ᠢ ᠭᠦᠢᠴᠡᠳᠬᠡᠨ ᠳᠠᠭᠤᠰᠬᠠᠵᠤ᠂ ᠦᠷᠭᠦᠯᠵᠢᠯᠡᠨ ᠪᠠᠶᠢᠭᠤᠯᠬᠤ ᠲᠥᠷᠥᠯ | ᠵᠦᠢᠯ ᠢ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠢᠶᠠᠨ ᠰᠡᠷᠭᠦᠭᠡᠵᠦ᠂ ᠰᠢᠨ᠎ᠡ ᠪᠠᠷ | ᠪᠠᠶᠢᠭᠤᠯᠬᠤ ᠲᠥᠷᠥᠯ ᠵᠦᠢᠯ ᠢ 4 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠬᠦ ᠶᠢ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠤᠨ ᠵᠦᠢᠯᠡᠰ ᠢ ᠤᠷᠢᠳᠠᠪᠠᠷ ᠡᠬᠢᠯᠡᠭᠦᠯᠵᠦ᠂ ᠦᠯᠢᠭᠡᠷ | ᠳᠠᠭᠤᠷᠢᠶᠠᠯ ᠦᠵᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠲᠥᠷᠥᠯ ᠵᠦᠢᠯ ᠤᠨ ᠨᠥᠭᠡᠴᠡ ᠶᠢ ᠲᠤᠬᠠᠢ ᠶᠢᠨ ᠵᠢᠯ ᠤᠨ | ᠭᠤᠣᠯᠳᠠᠯᠭ᠎ᠠ ᠲᠠᠢ ᠲᠥᠷᠥᠯ ᠵᠦᠢᠯ ᠤᠨ ᠪᠣᠳᠠᠲᠠᠢ ᠬᠡᠷᠡᠭᠵᠢᠭᠦᠯᠦᠭᠰᠡᠨ ᠲᠤᠭ᠎ᠠ ᠬᠡᠮᠵᠢᠶ᠎ᠡ ᠶᠢᠨ 2 ᠳᠠᠬᠢᠨ ᠠᠴᠠ | ᠳᠡᠭᠡᠭᠰᠢ ᠳᠤ ᠬᠦᠷᠭᠡᠨ᠎ᠡ᠃ | ᠬᠤᠶᠠᠷ ᠲᠤ᠂ ᠲᠦᠷᠦᠯ ᠵᠦᠢᠯ ᠤᠨ ᠦᠵᠡᠭᠦᠯᠦᠯᠭᠡ ᠶᠢᠨ ᠴᠤᠭᠯᠠᠭᠠᠨ ᠢ ᠰᠠᠶᠢᠲᠤᠷ ᠲᠥᠯᠥᠪᠵᠢᠭᠦᠯᠦᠨ᠎ᠡ᠃ ᠡᠨᠡ | ᠵᠢᠯ ᠪᠥᠬᠦ ᠬᠤᠲᠠ ᠳᠤ ᠨᠠᠭᠠᠲᠤ ᠵᠠᠬ᠎ᠠ ᠳᠠᠭᠠᠨ 5᠂ 8᠂ 11 ᠭᠤᠷᠪᠠᠨ ᠰᠠᠷ᠎ᠠ ᠳᠤ ᠭᠤᠷᠪᠠᠨ ᠡᠭᠡᠯᠵᠢ ᠶᠢᠨ | ᠦᠵᠡᠭᠦᠯᠦᠯᠭᠡ ᠬᠢᠵᠦ᠂ ᠲᠥᠷᠥᠯ ᠵᠦᠢᠯ ᠢ ᠨᠠᠭᠠᠲᠤ ᠵᠠᠬ᠎ᠠ ᠳᠠᠭᠠᠨ 9 ᠠᠴᠠ ᠳᠡᠭᠡᠭᠰᠢ ᠬᠠᠩᠭᠠᠬᠤ ᠬᠡᠷᠡᠭᠲᠡᠢ᠃ ᠮᠠᠨ ᠤ | ᠣᠷᠣᠨ ᠤ ᠣᠳᠣᠬᠠᠨ ᠤ ᠬᠡᠷᠡᠭᠵᠢᠭᠦᠯᠵᠦ ᠪᠠᠶᠢᠭ᠎ᠠ ᠭᠤᠣᠯᠳᠠᠯᠭ᠎ᠠ ᠲᠠᠢ ᠲᠥᠷᠥᠯ ᠵᠦᠢᠯ ᠤᠨ ᠪᠠᠶᠢᠳᠠᠯ ᠠᠴᠠ ᠦᠵᠡᠪᠡᠯ | ᠂ ᠲᠤᠯᠭᠠᠭᠤᠷᠢᠯᠠᠬᠤ ᠳᠤ ᠪᠠᠰᠠ ᠬᠦᠷᠦᠯᠴᠡᠬᠦ ᠦᠭᠡᠢ ᠪᠠᠶᠢᠨ᠎ᠠ᠃ ᠨᠢᠭᠡᠳᠦᠭᠡᠷ ᠡᠭᠡᠯᠵᠢ ᠶᠢᠨ ᠰᠣᠩᠭᠤᠭᠤᠯᠢ ᠳᠤ | ᠪᠡᠯᠡᠳᠬᠡᠭᠰᠡᠨ 3 ᠵᠦᠢᠯ ᠴᠦ ᠲᠡᠶᠢᠮᠦ ᠰᠠᠶᠢᠨ ᠪᠢᠰᠢ ᠶᠤᠮ᠃ ᠢᠯᠠᠩᠭᠤᠶ᠎ᠠ ᠬᠤᠳᠠ ᠶᠢᠨ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ︽ᠦᠷᠭᠦᠯᠵᠢᠯᠡᠨ ᠪᠠᠶᠢᠭᠤᠯᠬᠤ ᠶᠢ ᠦᠵᠡᠬᠦ ᠦᠭᠡᠢ᠂ ᠰᠢᠨ᠎ᠡ ᠪᠠᠷ ᠪᠠᠶᠢᠭᠤᠯᠬᠤ ᠶᠢ ᠦᠵᠡᠬᠦ | ᠦᠭᠡᠢ᠂ ᠬᠤᠭᠤᠴᠠᠭ᠎ᠠ ᠬᠤᠪᠢᠶᠠᠨ ᠡᠬᠢᠨ ᠤ ᠬᠤᠭᠤᠴᠠᠭ᠎ᠠ ᠶᠢ ᠦᠵᠡᠬᠦ ᠦᠭᠡᠢ᠂ ᠠᠵᠢᠯ ᠦᠢᠯᠡᠰ ᠢ ᠦᠵᠡᠬᠦ ᠦᠭᠡᠢ | ᠠᠵᠤ ᠦᠢᠯᠡᠰ ᠢ ᠦᠵᠡᠬᠦ︾ ᠱᠠᠭᠠᠷᠳᠠᠯᠭ᠎ᠠ ᠶᠢᠨ ᠳᠣᠣᠷ᠎ᠠ᠂ ᠤᠯᠠᠮ ᠬᠤᠶᠢᠰᠢᠳᠠ ᠪᠠᠨ ᠰᠣᠩᠭᠤᠬᠤ ᠳᠤ ᠤᠯᠠᠮ | ᠬᠦᠴᠢᠷᠲᠡᠢ ᠪᠣᠯᠵᠠᠢ᠃ ᠪᠢᠳᠡ ᠡᠷᠬᠡᠪᠰᠢ ᠤᠳᠤ ᠠᠴᠠ ᠡᠬᠢᠯᠡᠨ ᠪᠣᠷᠣᠭᠠᠨ ᠠᠴᠠ ᠡᠮᠦᠨ᠎ᠡ ᠪᠡᠯᠡᠳᠬᠡᠯ ᠬᠢᠵᠦ᠂ ᠴᠠᠭ | ᠢᠮᠠᠭᠲᠠ ᠴᠢᠩᠭ᠎ᠠ ᠠᠩᠬᠠᠷᠴᠤ᠂ ᠡᠳᠦᠷ ᠪᠣᠯᠭᠠᠨ ᠲᠣᠬᠢᠷᠠᠭᠤᠯᠤᠯᠲᠠ ᠬᠢᠵᠦ᠂ ᠡᠳᠦᠷ ᠪᠣᠯᠭᠠᠨ ᠰᠢᠨ᠎ᠡ ᠠᠬᠢᠴᠠ ᠲᠠᠢ | ᠪᠣᠯᠭᠠᠬᠤ ᠬᠡᠷᠡᠭᠲᠡᠢ᠃ ᠡᠭᠦᠨ ᠤ ᠬᠠᠮᠲᠤ᠂ ᠦᠵᠡᠭᠦᠯᠦᠯᠭᠡ ᠶᠢᠨ ᠰᠢᠯᠭᠠᠨ ᠦᠨᠡᠯᠡᠬᠦ ᠰᠢᠰᠲ᠋ᠧᠮ ᠤᠨ ᠳᠦᠷᠢᠮ ᠢ | ᠭᠦᠨᠵᠡᠭᠡᠢ ᠰᠤᠳᠤᠯᠵᠤ᠂ ᠣᠯᠣᠭᠰᠠᠨ ᠬᠤᠪᠢ ᠶᠢᠨ ᠴᠡᠭ᠂ ᠠᠯᠳᠠᠭᠰᠠᠨ ᠬᠤᠪᠢ ᠶᠢᠨ ᠴᠡᠭ ᠪᠠ ᠬᠤᠪᠢ ᠨᠡᠮᠡᠬᠦ | ᠵᠦᠢᠯ ᠢ ᠣᠨᠣᠪᠴᠢᠲᠠᠶ ᠡᠷᠢᠨ ᠣᠯᠵᠤ᠂ ᠬᠠᠷᠠᠯᠲᠠ ᠲᠠᠢ ᠪᠠᠷ ᠰᠤᠮᠤ ᠬᠠᠷᠪᠤᠵᠤ᠂ ᠨᠠᠷᠢᠯᠢᠭ ᠣᠨᠣᠴᠠᠲᠠᠢ ᠪᠠᠷ | ᠬᠦᠴᠦᠯᠡᠬᠦ ᠬᠡᠷᠡᠭᠲᠡᠢ᠃ | ᠭᠤᠷᠪᠠ ᠳᠤ᠂ ᠠᠵᠤ ᠠᠬᠤᠶᠢᠯᠠᠯ ᠤᠨ ᠲᠠᠰ ᠳᠡᠪᠰᠢᠬᠦ ᠶᠢ ᠲᠦᠯᠬᠢᠨ ᠠᠬᠢᠭᠤᠯᠤᠨ᠎ᠠ᠃ ᠪᠥᠬᠦ ᠵᠢᠯ ᠳᠤ | ᠲᠣᠭᠲᠠᠭᠠᠭᠰᠠᠨ ︵ᠬᠢᠵᠠᠭᠠᠷᠯᠠᠭᠰᠠᠨ︶ ᠠᠵᠤ ᠠᠬᠤᠶᠢᠯᠠᠯ ᠢ 100 ᠡᠷᠦᠬᠡ ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠤᠰᠬᠠᠢ ᠨᠠᠷᠢᠯᠢᠭ ᠣᠨᠴᠠ ᠰᠢᠨ᠎ᠡ︾ | ︽ᠵᠢᠵᠢᠭ ᠠᠪᠤᠷᠭᠤ ᠬᠥᠮᠥᠨ︾ ᠤ ᠠᠵᠤ ᠠᠬᠤᠶᠢᠯᠠᠯ ᠢ 10 ᠠᠴᠠ ᠳᠡᠭᠡᠭᠰᠢ ᠪᠣᠶᠢᠵᠢᠭᠤᠯᠤᠨ᠎ᠠ᠃ ᠲᠢᠶᠠᠨ ᠾᠧ | ᠰᠣᠷᠢᠨᠵᠢᠨ ᠮᠠᠲ᠋ᠧᠷᠢᠶᠠᠯ᠂ ᠶᠢᠩ ᠰᠧ ᠲᠧ 2 ᠠᠵᠤ ᠠᠬᠤᠶᠢᠯᠠᠯ ᠵᠢᠯ ᠤᠨ ᠳᠣᠲᠣᠷ᠎ᠠ ᠵᠠᠬ᠎ᠠ ᠳᠡᠯᠭᠡᠭᠦᠷ ᠲᠤ | ᠭᠠᠷᠬᠤ ᠶᠢ ᠠᠬᠢᠭᠤᠯᠵᠤ᠂ ᠭᠤᠷᠪᠠᠨ ᠵᠢᠯ ᠤᠨ ᠳᠣᠲᠣᠷ᠎ᠠ ᠳᠠᠬᠢᠭᠠᠳ 4 ᠠᠵᠤ ᠠᠬᠤᠶᠢᠯᠠᠯ ᠨᠡᠮᠡᠵᠦ ᠵᠠᠬ᠎ᠠ | ᠳᠡᠯᠭᠡᠭᠦᠷ ᠲᠤ ᠭᠠᠷᠭᠠᠨ᠎ᠠ᠃ ᠠᠵᠤ ᠦᠢᠯᠡᠳᠪᠦᠷᠢ ᠶᠢᠨ ᠲᠣᠭᠠᠵᠢᠭᠤᠯᠬᠤ ᠥᠭᠡᠷᠡᠴᠢᠯᠡᠯᠲᠡ ᠶᠢ ᠶᠡᠬᠡᠪᠡᠷ ᠠᠬᠢᠭᠤᠯᠵᠤ᠂ | ᠠᠵᠤ ᠠᠬᠤᠶᠢᠯᠠᠯ ᠤᠨ ᠲᠣᠭᠠᠵᠢᠭᠤᠯᠬᠤ ᠥᠭᠡᠷᠡᠴᠢᠯᠡᠯᠲᠡ ᠶᠢᠨ 30 ᠲᠥᠷᠥᠯ ᠵᠦᠢᠯ ᠢ ᠬᠡᠷᠡᠭᠵᠢᠭᠦᠯᠦᠨ᠂ | ᠤᠮᠠᠷᠠᠲᠤ ᠶᠢᠨ ᠬᠤᠪᠣᠷ ᠰᠢᠷᠣᠢ ᠶᠢ ︽ᠬᠥᠮᠥᠨ ᠦᠭᠡᠢ ᠪᠣᠯᠭᠠᠬᠤ︾ ︽ᠬᠠᠷᠠᠩᠭᠤᠢ ᠪᠣᠯᠭᠠᠬᠤ︾ ᠲᠥᠷᠥᠯ | ᠵᠦᠢᠯ ᠤᠨ ᠰᠢᠨ᠎ᠡ ᠶᠢ ᠡᠭᠦᠳᠦᠨ ᠲᠠᠰ ᠳᠡᠪᠰᠢᠭᠦᠯᠬᠦ ᠶᠢ ᠠᠬᠢᠭᠤᠯᠤᠨ᠎ᠠ᠃ | ᠳᠥᠷᠪᠡ ᠳᠤ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠨ᠎ᠠ᠃ GDP ᠨᠢ | ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠦᠢᠯᠡᠴᠢᠯᠡᠭᠡᠨ ᠤ ᠦᠢᠯᠡᠰ ᠲᠤ ᠲᠣᠭᠠᠴᠠᠭ᠎ᠠ ᠬᠢᠬᠦ ᠳᠡᠭᠡᠨ ᠡᠷᠡᠭᠦᠯ | ᠬᠠᠮᠠᠭᠠᠯᠠᠯ᠂ ᠰᠤᠷᠭᠠᠨ ᠬᠥᠮᠦᠵᠢᠯ᠂ ᠰᠣᠶᠣᠯ ᠪᠡᠶ᠎ᠡ ᠶᠢᠨ ᠲᠠᠮᠢᠷ᠂ ᠠᠷᠠᠳ ᠤᠨ ᠶᠠᠪᠤᠳᠠᠯ ᠵᠡᠷᠭᠡ ᠨᠡᠶᠢᠭᠡᠮ ᠤᠨ ᠰᠠᠯᠠᠭ᠎ᠠ | ᠮᠥᠴᠢᠷ ᠤᠨ ᠭᠦᠢᠴᠡᠳᠬᠡᠯ ᠲᠤᠭ᠎ᠠ ᠳᠤ ᠬᠤᠯᠪᠣᠭᠳᠠᠵᠤ᠂ ᠵᠠᠷᠢᠮ ᠢ ᠨᠢ ᠰᠠᠷ᠎ᠠ ᠶᠢᠨ ᠮᠡᠳᠡᠭᠦᠯᠦᠯᠲᠡ᠂ ᠵᠠᠷᠢᠮ ᠢ ᠨᠢ | ᠤᠯᠠᠷᠢᠯ ᠤᠨ ᠮᠡᠳᠡᠭᠦᠯᠦᠯᠲᠡ ᠬᠢᠵᠦ᠂ ᠬᠤᠯᠪᠣᠭᠳᠠᠬᠤ ᠰᠠᠯᠠᠭ᠎ᠠ ᠮᠥᠴᠢᠷ ᠤᠳ ᠨᠢ ᠮᠡᠳᠡᠭᠦᠯᠦᠨ ᠬᠦᠷᠭᠡᠬᠦ ᠴᠠᠭ | ᠬᠤᠭᠤᠴᠠᠭ᠎ᠠ ᠪᠣᠯᠬᠤ ᠪᠦᠷᠢ ᠴᠥᠮ ᠴᠢᠬᠤᠯᠠᠴᠢᠯᠠᠵᠤ᠂ ᠪᠣᠭᠤᠮᠲᠠ ᠰᠠᠬᠢᠵᠤ᠂ ᠠᠰᠠᠭᠤᠵᠤ ᠯᠠᠪᠯᠠᠬᠤ ᠬᠡᠷᠡᠭᠲᠡᠢ᠃ | ᠲᠣᠭᠲᠠᠮᠠᠯ ᠬᠥᠷᠥᠩᠭᠡ ᠶᠢ ᠪᠡᠯᠡ ᠣᠷᠣᠭᠤᠯᠤᠯᠲᠠ ᠶᠢᠨ ᠠᠬᠢᠴᠠ ᠶᠢ ᠣᠨᠣᠪᠴᠢᠲᠠᠶ ᠲᠤᠰᠬᠠᠵᠤ ᠴᠢᠳᠠᠬᠤ ᠵᠠᠷᠴᠢᠮ | ᠶᠣᠰᠣᠭᠠᠷ᠂ ᠡᠳ᠋ ᠤᠨ ᠶᠠᠪᠤᠳᠠᠯ ᠤᠨ ᠵᠠᠷᠤᠯᠭ᠎ᠠ ᠶᠢᠨ ᠠᠷᠭ᠎ᠠ ᠪᠤᠶᠤ ᠳᠦᠷᠢ ᠲᠥᠷᠬᠦ ᠶᠢᠨ ᠠᠬᠢᠴᠠ ᠶᠢᠨ ᠠᠷᠭ᠎ᠠ ᠶᠢ | ᠵᠣᠬᠢᠰᠲᠠᠢ ᠰᠣᠩᠭᠤᠨ ᠬᠡᠷᠡᠭᠯᠡᠵᠦ᠂ ᠴᠠᠭ ᠲᠤᠬᠠᠢ ᠳᠤᠨᠢ ᠬᠥᠮᠥᠷᠭᠡ ᠳᠤ ᠣᠷᠣᠭᠤᠯᠵᠤ᠂ ᠪᠡᠯᠡ ᠣᠷᠣᠭᠤᠯᠤᠯᠲᠠ | ᠨᠢᠭᠡᠨᠲᠡ ᠡᠭᠦᠰᠦᠭᠰᠡᠨ᠂ ᠲᠥᠷᠥᠯ ᠵᠦᠢᠯ ᠢ ᠬᠥᠮᠥᠷᠭᠡ ᠳᠤ ᠣᠷᠣᠭᠤᠯᠤᠭᠠᠳᠤᠢ ᠦᠵᠡᠭᠳᠡᠯ ᠭᠠᠷᠬᠤ ᠠᠴᠠ ᠵᠠᠶᠢᠯᠠᠰᠬᠢᠬᠦ | ᠬᠡᠷᠡᠭᠲᠡᠢ᠃ ᠠᠶᠢᠮᠠᠭ ᠬᠤᠲᠠ ᠠᠯᠤᠰᠯᠠᠭᠰᠠᠨ ᠲᠥᠷᠥᠯ ᠵᠦᠢᠯ ᠤᠨ ᠮᠠᠨ ᠤ ᠬᠤᠲᠠ ᠳᠤ ᠬᠡᠷᠡᠭᠵᠢᠭᠦᠯᠬᠦ ᠬᠡᠰᠡᠭ ᠢ | ᠣᠷᠣᠨ ᠨᠤᠲᠤᠭ ᠲᠤᠨᠢ ᠪᠦᠷᠢᠳᠬᠡᠬᠦ ᠪᠠᠷ ᠴᠢᠷᠮᠠᠶᠢᠨ᠎ᠠ᠃ GDP᠂ ᠬᠤᠷᠰᠢᠶᠠᠨ ᠤ ᠲᠡᠭ ᠵᠡᠷᠭᠡ ᠲᠣᠭᠠᠴᠠᠭ᠎ᠠ ᠬᠢᠬᠦ | ᠴᠢᠨᠠᠷᠲᠠᠢ ᠭᠦᠢᠴᠡᠳᠬᠡᠯ ᠲᠤᠭ᠎ᠠ ᠳᠤ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢ ᠢᠳᠡᠪᠬᠢᠲᠡᠢ ᠪᠠᠷ | ᠵᠣᠬᠢᠴᠠᠭᠤᠯᠵᠤ ᠪᠠᠶᠢᠭᠠᠳ ᠰᠠᠯᠭᠠᠬᠤ ᠦᠶ᠎ᠡ ᠳᠤ ᠮᠠᠨ ᠤ ᠣᠷᠣᠨ ᠤ ᠪᠦᠬᠦᠯᠢ ᠴᠣᠭᠴᠠ ᠶᠢᠨ ᠬᠠᠷᠢᠴᠠᠯᠠᠰᠢᠭᠦᠢ | ᠬᠡᠮᠵᠢᠭᠳᠡᠯ ᠤᠨ ᠬᠤᠪᠢ ᠨᠡᠮᠡᠷᠢ ᠶᠢ ᠪᠣᠳᠣᠯᠬᠢᠯᠠᠭᠤᠯᠤᠨᠠ᠃ ᠡᠨᠡ ᠵᠢᠯ ᠮᠠᠨ ᠤ ᠣᠷᠣᠨ ᠤ ᠰᠢᠨ᠎ᠡ ᠪᠠᠷ ᠨᠢᠭᠡ ᠪᠦᠯᠦᠭ | 57 ᠡᠷᠦᠬᠡ ᠪᠤᠶᠢᠵᠢᠯᠲᠠ ᠶᠢᠨ ᠴᠢᠨᠠᠷᠲᠠᠢ ᠠᠵᠤ ᠠᠬᠤᠶᠢᠯᠠᠯ ᠤᠨ ᠳᠦᠷᠢᠮ ᠤᠨ ᠳᠡᠭᠡᠳᠦ ᠬᠢᠵᠠᠭᠠᠷ ᠲᠤ ᠣᠷᠣᠵᠤ᠂ | ᠬᠢᠨᠠᠨ ᠰᠢᠯᠭᠠᠵᠤ ᠬᠠᠪᠰᠤᠷᠤᠨ ᠵᠢᠯᠤᠭᠤᠳᠬᠤ ᠠᠵᠢᠯ ᠢ ᠰᠠᠶᠢᠲᠤᠷ ᠬᠢᠬᠦ ᠴᠢᠬᠤᠯᠠᠲᠠᠢ ᠪᠠᠶᠢᠨ᠎ᠠ᠃ ᠡᠨᠡ ᠵᠢᠯ ᠪᠠᠰᠠ | ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠰᠠᠶᠢᠲᠤᠷ ᠬᠢᠵᠦ᠂ | ᠲᠠᠷᠠᠭᠠᠴᠢ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠤᠨ ᠲᠣᠭᠠᠴᠠᠭ᠎ᠠ ᠬᠢᠬᠦ ᠳᠤ ᠰᠠᠭᠤᠷᠢ | ᠲᠠᠯᠪᠢᠬᠤ ᠬᠡᠷᠡᠭᠲᠡᠢ᠃ | ᠲᠠᠪᠤ ᠳᠤ᠂ ᠭᠠᠯ ᠪᠠᠮᠪᠠᠷ ᠤᠨ ᠪᠠᠶᠢᠴᠠᠭᠠᠯᠲᠠ ᠶᠢᠨ ᠠᠵᠢᠯ ᠤᠨ ᠰᠢᠨ᠎ᠡ ᠶᠢ ᠭᠠᠯ ᠪᠠᠮᠪᠠᠷ ᠤᠨ ᠪᠠᠶᠢᠴᠠᠭᠠᠯᠲᠠ ᠶᠢᠨ | ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠤᠯᠪᠣᠭᠳᠠᠯ ᠪᠦᠬᠦᠢ ᠬᠤᠰᠢᠭᠤ ᠰᠢᠶᠠᠨ ᠲᠣᠭᠤᠷᠢᠭ ᠤᠨ ︽ | ᠨᠢᠭᠡ ᠲᠣᠭᠤᠷᠢᠭ ᠣᠯᠠᠨ ᠬᠦᠷᠢᠶᠡᠯᠡᠩ︾ ᠤᠨ ᠬᠤᠯᠪᠤᠭᠠᠯᠠᠨ ᠬᠥᠳᠡᠯᠦᠯᠴᠡᠭᠰᠡᠨ ᠬᠥᠭᠵᠢᠯᠲᠡ ᠶᠢ ᠬᠡᠷᠡᠭᠵᠢᠭᠦᠯᠬᠦ ᠶᠢ | ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ | ᠣᠷᠣᠨ ᠳᠡᠪᠰᠢᠭᠰᠡᠨ ᠱᠠᠩᠨᠠᠯ ᠤᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠲᠥᠷᠥ ᠶᠢᠨ ᠪᠣᠳᠣᠯᠭ᠎ᠠ ᠶᠢᠨ | ᠨᠥᠯᠥᠭᠡᠯᠡᠬᠦ ᠬᠡᠪᠴᠢᠶ᠎ᠡ ᠶᠢ ᠥᠷᠭᠡᠳᠬᠡᠨ᠎ᠡ᠃ ᠲᠤᠭ᠎ᠠ ᠪᠦᠷᠢᠳᠬᠡᠯ ᠤᠨ ᠵᠠᠳᠠᠯᠤᠯᠲᠠ᠂ ᠠᠵᠢᠯᠯᠠᠭᠠᠨ ᠤ ᠬᠢᠨᠠᠨ | ᠬᠡᠮᠵᠢᠯᠲᠡ᠂ ᠤᠷᠢᠳᠴᠢᠯᠠᠭᠰᠠᠨ ᠮᠡᠳᠡᠭᠡ ᠶᠢᠨ ᠰᠤᠳᠤᠯᠤᠨ ᠮᠠᠭᠠᠳᠯᠠᠯᠲᠠ ᠪᠠ ᠠᠵᠢᠯ ᠤᠨ ᠠᠮᠵᠢᠯᠲᠠ ᠪᠦᠲᠦᠮᠵᠢ ᠶᠢᠨ | ᠦᠨᠡᠯᠡᠯᠲᠡ ᠶᠢ ᠴᠢᠩᠭᠠᠳᠬᠠᠵᠤ᠂ ᠲᠤᠰᠬᠠᠢ ᠠᠩᠭᠢ ᠪᠠᠶᠢᠭᠤᠯᠤᠨ ᠲᠤᠭ᠎ᠠ ᠪᠠᠷᠢᠮᠲᠠ ᠴᠤᠭᠯᠠᠭᠤᠯᠵᠤ᠂ ᠤᠷᠢᠳᠴᠢᠯᠠᠨ | ᠪᠠᠶᠢᠳᠠᠯ ᠢ ᠣᠶᠢᠯᠠᠭᠠᠵᠤ᠂ ᠲᠥᠷᠥᠯ ᠬᠤᠪᠢᠶᠠᠨ ᠵᠢᠯᠤᠭᠤᠳᠴᠤ᠂ ᠨᠢᠭᠡ ᠠᠵᠤ ᠠᠬᠤᠶᠢᠯᠠᠯ ᠂ ᠨᠢᠭᠡ ᠭᠦᠢᠴᠡᠳᠬᠡᠯ | ᠲᠤᠭ᠎ᠠ ᠶᠢᠨ ᠵᠠᠳᠠᠯᠤᠯᠲᠠ ᠶᠢᠨ ᠬᠤᠪᠢ ᠨᠡᠮᠡᠷᠢ ᠶᠢᠨ ᠬᠡᠮᠵᠢᠶ᠎ᠡ ᠶᠢ ᠶᠡᠷᠦᠩᠬᠡᠶᠢᠯᠡᠨ ᠲᠤᠩᠭᠠᠨ᠂ ᠰᠢᠯᠢᠳᠡᠭ ᠢ ᠨᠢ | ᠰᠣᠩᠭᠤᠵᠤ ᠰᠢᠭᠠᠷᠤ ᠶᠢ ᠨᠢ ᠰᠢᠭᠰᠢᠵᠦ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠵᠤ᠂ ᠡᠨᠡ ᠵᠢᠯ | ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ 65 ᠬᠦᠴᠦᠷᠬᠡᠭ ᠲᠤ ᠣᠷᠣᠬᠤ ᠪᠠᠷ ᠴᠢᠷᠮᠠᠶᠢᠨ᠎ᠠ᠃ | | ︵ᠳᠥᠷᠪᠡ︶ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ | ᠲᠦᠭᠵᠢᠷᠡᠯ ᠲᠠᠢ ᠠᠰᠠᠭᠤᠳᠠᠯ ᠪᠠ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ | ᠨᠢᠭᠡ ᠳᠤ᠂ ᠠᠵᠤ ᠦᠢᠯᠡᠰ ᠤᠨ ᠡᠯᠧᠮᠧᠨ᠋ᠲ ᠢ ᠪᠦᠬᠦ 210 ᠤᠯᠤᠰ ᠤᠨ ᠵᠠᠮ ᠠᠴᠠ ᠵᠡᠭᠦᠨᠰᠢᠬᠢ ᠣᠷᠣᠨ | ᠪᠦᠰᠡ ᠵᠢᠴᠢ ᠠᠯᠳᠠᠨ ᠬᠠᠨ ᠶᠡᠭᠡ ᠵᠡᠭᠡᠯᠢ ᠠᠴᠠ ᠡᠮᠦᠨᠡᠰᠢᠬᠢ ᠣᠷᠣᠨ ᠪᠦᠰᠡ ᠶᠢᠨ ᠬᠢᠵᠠᠭᠠᠷᠯᠠᠬᠤ ᠲᠣᠭᠲᠠᠭᠠᠯ ᠢ | ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠬᠡᠬᠦ ᠶᠢᠨ ᠬᠠᠮᠲᠤ ᠭᠠᠵᠠᠷ ᠳᠡᠭᠡᠷᠡᠬᠢ ᠪᠣᠳᠠᠰ ᠤᠨ ᠪᠠᠶᠢᠳᠠᠯ ᠢ | ᠣᠶᠢᠯᠠᠭᠠᠵᠤ ᠴᠡᠪᠡᠷᠯᠡᠬᠦ ᠠᠵᠢᠯ ᠢ ᠤᠷᠢᠳᠴᠢᠯᠠᠨ ᠰᠠᠶᠢᠲᠤᠷ ᠬᠢᠨ᠎ᠡ᠃ ᠬᠥᠬᠡᠮᠥ᠋ᠷᠡᠨ ᠤ ᠣᠶ ᠰᠢᠭᠤᠢ ᠶᠢᠨ | ᠥᠷᠲᠡᠭᠡ ᠶᠢᠨ 220 ᠺᠢᠯᠣᠸᠠᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠰᠠᠭᠠᠳ | ᠠᠷᠢᠯᠭᠠᠬᠤ ᠲᠤᠰᠬᠠᠢ ᠠᠩᠭᠢ ᠪᠠ ᠵᠠᠰᠠᠭ ᠵᠠᠬᠢᠷᠭᠠᠨ ᠤ ᠭᠠᠷᠳᠠᠮ ᠢ ᠭᠦᠢᠴᠡᠳᠬᠡᠬᠦ ᠲᠤᠰᠬᠠᠢ ᠠᠩᠭᠢ ᠪᠠᠶᠢᠭᠤᠯᠵᠤ᠂ 5 | ᠳ᠋ᠤᠭᠠᠷ ᠰᠠᠷ᠎ᠠ ᠳᠤ ᠠᠵᠢᠯ ᠡᠬᠢᠯᠡᠭᠦᠯᠬᠦ ᠶᠢ ᠦᠨᠡᠨᠬᠦ ᠪᠠᠲᠤᠯᠠᠨ᠎ᠠ᠃ ᠪᠤᠭᠤᠲᠤ ᠬᠤᠳᠠ ᠶᠢᠨ ᠤᠰᠤᠨ ᠤ ᠡᠬᠢ ᠪᠠᠶᠠᠯᠢᠭ | ᠢ ᠠᠷᠪᠢᠲᠠᠢ ᠡᠷᠴᠢᠮᠯᠢᠭ ᠠᠰᠢᠭᠯᠠᠬᠤ ᠪᠠ ᠤᠰᠤᠨ ᠤ ᠡᠷᠬᠡ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠢᠨ | ᠬᠡᠷᠡᠭᠵᠢᠭᠦᠯᠬᠦ ᠰᠠᠨᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠤᠰᠤ ᠬᠡᠷᠡᠭᠯᠡᠬᠦ | ᠭᠦᠢᠴᠡᠳᠬᠡᠬᠦ ᠲᠤᠭ᠎ᠠ ᠶᠢ ᠡᠩ ᠲᠡᠷᠢᠭᠦᠨ ᠳᠤ ᠪᠠᠲᠤᠯᠠᠨ᠎ᠠ᠃ ᠠᠵᠤ ᠦᠢᠯᠡᠰ ᠤᠨ ᠡᠯᠧᠮᠧᠨ᠋ᠲ ᠤᠨ ᠪᠠᠶᠢᠷᠢᠰᠢᠭᠤᠯᠤᠯᠲᠠ | ᠪᠠ ᠲᠣᠬᠢᠷᠠᠭᠤᠯᠤᠯᠲᠠ ᠶᠢ ᠤᠷᠢᠳᠴᠢᠯᠠᠨ ᠲᠥᠯᠥᠪᠵᠢᠭᠦᠯᠵᠦ᠂ ᠠᠵᠤ ᠦᠢᠯᠡᠰ ᠤᠨ ᠡᠯᠧᠮᠧᠨ᠋ᠲ ᠤᠨ ᠬᠢᠵᠠᠭᠠᠷᠯᠠᠯ ᠠᠴᠠ | ᠪᠣᠯᠵᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠨᠥᠯᠥᠭᠡᠯᠡᠵᠦ | ᠶᠠᠭᠠᠬᠢᠭᠰᠠᠨ ᠴᠤ ᠪᠣᠯᠬᠤ ᠦᠭᠡᠢ᠃ | ᠬᠤᠶᠠᠷ ᠲᠤ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠨ᠎ᠡ᠃ ᠪᠤᠭᠤᠲᠤ ᠬᠤᠲᠠ ᠶᠢᠨ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ ᠢ ᠴᠢᠩᠭ᠎ᠠ ᠵᠢᠷᠤᠮᠯᠠᠨ᠂ ᠶᠡᠭᠡ ᠶᠢ ᠬᠥᠭᠡᠭᠡᠴᠡᠯᠳᠦᠵᠦ ᠬᠠᠷᠢ ᠶᠢᠨ | ᠬᠢ ᠶᠢ ᠬᠥᠭᠡᠭᠡᠴᠡᠯᠳᠦᠬᠦ ᠦᠭᠡᠢ᠂ ᠨᠠᠷᠢᠯᠢᠭ ᠣᠨᠣᠴᠠᠲᠠᠢ ᠪᠠᠷ ᠥᠨᠳᠥᠷ ᠦᠷ᠎ᠡ ᠪᠦᠲᠦᠮᠵᠢᠲᠡᠶ ᠪᠠᠶᠢᠵᠤ᠂ ᠡᠷᠴᠢᠮᠯᠢᠭ | ᠠᠷᠪᠢᠯᠠᠨ ᠭᠠᠮᠨᠠᠵᠤ᠂ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ︽ᠲᠦᠷᠦᠯ ᠵᠦᠢᠯ ᠢ ᠬᠠᠮᠢᠭ᠎ᠠ ᠬᠦᠷᠲᠡᠯ᠎ᠡ | ᠨᠠᠶᠢᠳᠠᠪᠤᠷᠢᠵᠢᠭᠤᠯᠬᠤ ᠳᠤ᠂ ᠰᠠᠭᠤᠷᠢ ᠲᠥᠬᠦᠭᠡᠷᠦᠮᠵᠢ ᠶᠢ ᠡᠷᠬᠡᠪᠰᠢ ᠤᠷᠢᠳᠠᠪᠠᠷ ᠬᠠᠮᠢᠭ᠎ᠠ ᠬᠦᠷᠲᠡᠯ᠎ᠡ | ᠨᠠᠶᠢᠳᠠᠪᠤᠷᠢᠵᠢᠭᠤᠯᠬᠤ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠤᠰᠬᠠᠢ ᠠᠵᠢᠯ ᠤᠨ ᠪᠦᠯᠬᠦᠮ ᠢ ᠵᠣᠬᠢᠶᠠᠨ | ᠪᠠᠶᠢᠭᠤᠯᠵᠤ᠂ ᠨᠢᠭᠡᠨᠲᠡ ᠭᠠᠵᠠᠷ ᠰᠢᠷᠣᠢ ᠬᠠᠩᠭᠠᠭᠰᠠᠨ ᠬᠡᠰᠡᠭ ᠴᠢᠬᠤᠯᠠ ᠶᠡᠭᠡ ᠵᠦᠢᠯᠡᠰ ᠤᠨ ᠭᠠᠵᠠᠷ ᠳᠡᠭᠡᠷᠡᠬᠢ | ᠪᠣᠳᠠᠰ ᠢ ᠢᠯᠭᠠᠷᠠᠭᠤᠯᠤᠨ ᠲᠢᠭᠯᠡᠵᠦ ᠲᠠᠲᠠᠪᠤᠷᠢᠯᠠᠨ ᠨᠤᠷᠠᠭᠠᠬᠤ᠂ ᠥᠨᠳᠥᠷ ᠬᠦᠴᠦᠳᠡᠯᠲᠦ ᠴᠠᠬᠢᠯᠭᠠᠨ ᠤᠲᠠᠰᠤ ᠶᠢ | ᠰᠢᠯᠵᠢᠭᠦᠯᠬᠦ ᠠᠵᠢᠯ ᠢ ᠲᠦᠷᠭᠡᠳᠬᠡᠬᠦ ᠬᠡᠷᠡᠭᠲᠡᠢ᠂ ᠣᠨᠴᠠ ᠵᠠᠷᠢᠮ ᠵᠢᠵᠢᠭ ᠰᠠᠵᠢᠭ ᠠᠰᠠᠭᠤᠳᠠᠯ ᠠᠴᠠ ᠪᠣᠯᠵᠤ ᠠᠵᠤ | ᠠᠬᠤᠶᠢᠯᠠᠯ ᠤᠨ ᠢᠲᠡᠭᠡᠯ ᠵᠣᠷᠢᠭ ᠪᠠ ᠵᠠᠰᠠᠭ ᠤᠨ ᠣᠷᠳᠣᠨ ᠤ ᠦᠨᠡᠨᠴᠢ ᠢᠲᠡᠭᠡᠮᠵᠢ ᠶᠢ ᠨᠥᠯᠥᠭᠡᠯᠡᠵᠦ ᠶᠠᠭᠠᠬᠢᠭᠰᠠᠨ | ᠴᠤ ᠪᠣᠯᠬᠤ ᠦᠭᠡᠢ᠃ | ᠭᠤᠷᠪᠠ ᠳᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠦᠨᠡᠨᠴᠢ ᠢᠲᠡᠭᠡᠮᠵᠢᠲᠡᠢ ᠪᠠᠷ | ᠬᠤᠳᠠᠯᠳᠤᠭᠠᠴᠢᠨ ᠤᠷᠢᠬᠤ ᠶᠢ ᠪᠠᠷᠢᠮᠲᠠᠯᠠᠨ᠂ ᠠᠵᠢᠯ ᠤᠨ ᠲᠠᠰ ᠳᠠᠷᠠᠭᠠᠯᠠᠯ ᠢᠶᠠᠨ ᠲᠡᠭᠦᠯᠳᠡᠷᠵᠢᠭᠦᠯᠵᠦ᠂ ᠠᠮᠠᠯᠳᠠᠭᠰᠠᠨ | ᠵᠦᠢᠯᠡᠰ ᠢᠶᠠᠨ ᠪᠡᠶᠡᠯᠡᠭᠦᠯᠬᠦ ᠡᠷᠴᠢᠮ ᠢᠶᠠᠨ ᠴᠢᠩᠭᠠᠷᠠᠭᠤᠯᠤᠨ᠎ᠠ᠃ ᠲᠦᠷᠦ ᠶᠢᠨ ᠪᠣᠳᠣᠯᠭ᠎ᠠ ᠶᠢ ᠠᠮᠠᠯᠠᠬᠤ ᠠᠴᠠ ᠪᠠᠨ | ᠡᠮᠦᠨ᠎ᠡ᠂ ᠪᠡᠯᠡ ᠣᠷᠣᠭᠤᠯᠬᠤ ᠲᠠᠯ᠎ᠠ ᠶᠢᠨ ᠪᠣᠳᠠᠲᠤ ᠬᠦᠴᠦᠨ᠂ ᠢᠲᠡᠭᠡᠯ ᠬᠦᠨᠳᠦ᠂ ᠲᠧᠭᠨᠢᠭ ᠮᠡᠷᠭᠡᠵᠢᠯ᠂ | ᠦᠢᠯᠡᠳᠬᠦᠨ ᠵᠢᠴᠢ ᠭᠠᠳᠠᠭᠠᠳᠤ ᠳᠤ ᠪᠡᠯᠡ ᠣᠷᠣᠭᠤᠯᠤᠭᠰᠠᠨ ᠨᠠᠮᠲᠠᠷ ᠤᠨ ᠠᠵᠢᠯ ᠤᠨ ᠪᠦᠲᠦᠮᠵᠢ ᠶᠢ ᠡᠷᠬᠡᠪᠰᠢ | ᠲᠤᠬᠠᠢ ᠶᠢᠨ ᠭᠠᠵᠠᠷ ᠲᠤᠨᠢ ᠰᠢᠯᠭᠠᠨ ᠪᠠᠶᠢᠴᠠᠭᠠᠬᠤ ᠬᠡᠷᠡᠭᠲᠡᠢ᠃ ᠠᠮᠠᠯᠠᠭᠰᠠᠨ ᠤ ᠳᠠᠷᠠᠭ᠎ᠠ ᠬᠡᠯᠡᠭᠰᠡᠨ ᠳᠡᠭᠡᠨ ᠬᠦᠷᠴᠦ᠂ | ᠲᠥᠷᠥᠯ ᠵᠦᠢᠯ ᠤᠨ ᠠᠬᠢᠴᠠ᠂ ᠦᠷ᠎ᠡ ᠠᠰᠢᠭ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠵᠢᠷᠤᠮᠯᠠᠨ | ᠠᠵᠢᠯ ᠤᠨ ᠴᠤᠪᠤᠷᠠᠯ ᠢ ᠪᠡᠶᠡᠯᠡᠭᠦᠯᠵᠦ᠂ ᠪᠣᠯᠵᠤᠭ᠎ᠠ ᠶᠣᠰᠣᠭᠠᠷ᠂ ᠪᠦᠯᠦᠭ ᠤᠳᠠᠭ᠎ᠠ ᠬᠤᠪᠢᠶᠠᠨ ᠴᠠᠭ ᠲᠤᠬᠠᠢ ᠳᠤᠨᠢ | ᠲᠤᠭ᠎ᠠ ᠶᠣᠰᠣᠭᠠᠷ ᠪᠡᠶᠡᠯᠡᠭᠦᠯᠬᠦ ᠬᠡᠷᠡᠭᠲᠡᠢ᠃ ︽ᠶᠡᠭᠡ ᠤᠰᠤ ᠪᠠᠷ ᠨᠡᠯᠦᠩᠬᠡᠢ ᠤᠰᠤᠯᠠᠬᠤ︾᠂ ᠡᠲᠡᠭᠡᠳ ᠬᠤᠪᠢᠶᠠᠬᠤ | ᠦᠭᠡᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠵᠢᠷᠤᠮᠵᠢᠭᠤᠯᠤᠨ ᠢᠯᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠬᠦᠴᠦᠯᠡᠬᠦ ᠴᠢᠭ᠋ ᠢ ᠮᠠᠨ ᠤ ᠣᠷᠣᠨ ᠤ | ᠲᠣᠭᠲᠠᠭᠠᠭᠰᠠᠨ ᠭᠤᠣᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠴᠢᠭᠯᠡᠯ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠳᠡᠭᠡᠷ᠎ᠡ ᠲᠥᠪᠯᠡᠷᠡᠭᠦᠯᠦᠨ᠎ᠡ᠃ | ᠳᠥᠷᠪᠡ ᠳᠤ᠂ ᠬᠠᠮᠢᠶᠠᠷᠤᠯᠲᠠ ᠶᠢᠨ ᠵᠠᠭᠪᠤᠷ ᠢ ᠳᠥᠭᠦᠮᠴᠢᠯᠡᠨ ᠰᠢᠯᠢᠳᠡᠭᠵᠢᠭᠦᠯᠦᠨ᠎ᠡ᠃ ᠬᠠᠮᠢᠶᠠᠷᠤᠯᠲᠠ ᠶᠢᠨ | ᠵᠥᠪᠯᠡᠯ ᠤᠨ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠬᠠᠮᠢᠶᠠᠷᠤᠯᠲᠠ ᠶᠢᠨ ᠲᠠᠰ ᠳᠠᠪᠬᠤᠷᠭ᠎ᠠ ᠪᠠᠨ | ᠪᠠᠭᠠᠰᠬᠠᠵᠤ᠂ ᠬᠡᠦᠬᠡᠳ ᠤᠨ ᠴᠡᠴᠡᠷᠯᠢᠭ ᠲᠤ ᠣᠷᠣᠬᠤ ᠭᠠᠷᠳᠠᠮ᠂ ᠡᠮᠦᠨᠡᠬᠢ ᠬᠤᠭᠤᠴᠠᠭᠠᠨ ᠤ ᠠᠵᠢᠯ ᠵᠡᠷᠭᠡ ᠬᠡᠷᠡᠭ | ᠡᠷᠭᠢᠯᠡᠬᠦ ᠲᠠᠰ ᠳᠠᠷᠠᠭᠠᠯᠠᠯ ᠢᠶᠠᠨ ᠳᠥᠭᠦᠮᠴᠢᠯᠡᠵᠦ᠂ ᠬᠡᠦᠬᠡᠳ ᠤᠨ ᠴᠡᠴᠡᠷᠯᠢᠭ ᠲᠤ ᠣᠷᠣᠬᠤ ᠵᠥᠪᠯᠡᠯᠴᠡᠭᠡᠷ ᠤᠨ | ᠪᠠᠷᠢᠮᠵᠢᠶᠠᠵᠢᠭᠤᠯᠤᠭᠰᠠᠨ ᠵᠠᠭᠪᠤᠷ ᠢ ᠪᠠᠶᠢᠭᠤᠯᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠳᠤ ᠬᠤᠯᠪᠣᠭᠳᠠᠬᠤ | ᠦᠭᠡᠢ ᠪᠠ ᠣᠲᠣ ᠶᠢᠨ ᠲᠥᠷᠥ ᠶᠢᠨ ᠪᠣᠳᠣᠯᠭ᠎ᠠ ᠠᠴᠠ ᠳᠠᠪᠠᠭ᠋ᠤ ᠦᠭᠡᠢ ᠬᠡᠦᠬᠡᠳ ᠤᠨ ᠴᠡᠴᠡᠷᠯᠢᠭ ᠲᠤ ᠣᠷᠣᠬᠤ | ᠵᠥᠪᠯᠡᠯᠴᠡᠭᠡᠷ ᠲᠤ ᠵᠠᠷᠴᠢᠮ ᠳᠡᠭᠡᠷ᠎ᠡ ᠪᠠᠨ ᠠᠵᠤ ᠠᠬᠤᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠭᠠᠷ ᠤᠨ ᠥᠰᠥᠭ ᠵᠢᠷᠤᠵᠤ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠳᠠᠩᠰᠠᠯᠠᠭᠤᠯᠵᠤ᠂ ᠰᠠᠶᠢᠨ ᠰᠠᠶᠢᠬᠠᠨ | ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠬᠤ ᠳᠤ ᠳᠦᠷᠢᠮ ᠤᠨ ᠬᠠᠷᠰᠢ ᠰᠠᠭᠠᠳ ᠢ ᠠᠷᠢᠯᠭᠠᠬᠤ | ᠬᠡᠷᠡᠭᠲᠡᠢ᠃ ᠭᠠᠵᠠᠷ ᠰᠢᠷᠣᠢ ᠶᠢ ᠮᠡᠳᠡᠭᠦᠯᠦᠨ ᠵᠥᠪᠰᠢᠶᠡᠷᠡᠭᠦᠯᠬᠦ᠂ ᠣᠷᠴᠢᠨ ᠠᠬᠤᠢ ᠶᠢᠨ ᠨᠥᠯᠥᠭᠡᠯᠡᠯ ᠤᠨ | ᠦᠨᠡᠯᠡᠯᠲᠡ ᠶᠢ ᠳᠠᠩᠰᠠᠯᠠᠬᠤ ᠵᠡᠷᠭᠡ ᠲᠠᠯ᠎ᠠ ᠪᠠᠷ ᠬᠢ ᠪᠡᠶ᠎ᠡ ᠪᠠᠨ ᠳᠠᠭᠠᠭᠠᠭᠰᠠᠨ ᠡᠷᠬᠡ ᠶᠢᠨ ᠬᠡᠪᠴᠢᠶ᠎ᠡ ᠪᠠ ᠶᠡᠬᠡᠩᠬᠢ | ᠳᠦᠷᠢᠮ ᠤᠨ ᠠᠵᠢᠯᠯᠠᠭᠠᠨ ᠢ ᠲᠥᠪᠯᠡᠷᠡᠭᠦᠯᠦᠨ ᠴᠣᠮᠬᠠᠳᠬᠠᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠠᠩ | ᠳᠠᠪᠠᠭᠤᠯᠢᠭ ᠭᠠᠷᠳᠠᠮ ᠢ ᠭᠦᠢᠴᠡᠳᠬᠡᠬᠦ ᠥᠨᠳᠥᠷ ᠪᠦᠲᠦᠮᠵᠢᠲᠡᠶ ᠲᠣᠭᠲᠠᠴᠠ ᠶᠢ ᠪᠣᠶ ᠪᠣᠯᠭᠠᠨ᠎ᠠ᠃ | ᠲᠠᠪᠤ ᠳᠤ᠂ ᠬᠠᠤᠯᠢ ᠪᠠᠷ ᠵᠠᠰᠠᠬᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠰᠢᠨ᠎ᠡ ᠶᠢ ᠡᠭᠦᠳᠦᠨ᠎ᠡ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠠᠬᠤᠶᠢᠯᠠᠯ ᠳᠤ | ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ︽ᠲᠣᠷᠭᠠᠭᠤᠯᠢ ᠠᠴᠠ ᠬᠡᠯᠲᠦᠷᠢᠭᠦᠯᠵᠦ | ᠲᠣᠷᠭᠠᠭᠤᠯᠢ ᠶᠢ ᠬᠥᠩᠭᠡᠪᠴᠢᠯᠡᠬᠦ︾ ᠲᠣᠳᠣᠷᠬᠠᠢ ᠬᠠᠭᠤᠳᠠᠰᠤ 3.0 ᠬᠡᠪᠯᠡᠯ ᠢ ᠬᠡᠷᠡᠭᠵᠢᠭᠦᠯᠵᠦ᠂ ᠮᠠᠨ ᠤ ᠣᠷᠣᠨ ᠤ | ᠪᠦᠲᠦᠭᠡᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ ᠤᠯᠤᠰ ᠤᠨ ᠭᠠᠵᠠᠷ ᠰᠢᠷᠣᠢ᠂ | ᠲᠥᠯᠦᠪᠵᠢᠭᠦᠯᠭᠡ ᠶᠢᠨ ᠬᠦᠷᠢᠶᠡᠨ ᠳᠠᠬᠢ ᠠᠵᠤ ᠠᠬᠤᠶᠢᠯᠠᠯ ᠳᠤ ᠬᠤᠯᠪᠣᠭᠳᠠᠭᠰᠠᠨ ᠬᠥᠩᠭᠡᠨ ᠬᠠᠤᠯᠢ ᠵᠥᠷᠢᠴᠡᠭᠰᠡᠨ | ᠦᠢᠯᠡ ᠠᠵᠢᠯᠯᠠᠭ᠎ᠠ ᠪᠠ ᠡᠩ ᠤᠨ ᠬᠠᠤᠯᠢ ᠵᠥᠷᠢᠴᠡᠭᠰᠡᠨ ᠦᠢᠯᠡ ᠠᠵᠢᠯᠯᠠᠭ᠎ᠠ ᠶᠢᠨ︽ᠲᠣᠷᠭᠠᠭᠤᠯᠢ ᠠᠴᠠ | ᠬᠡᠯᠲᠦᠷᠢᠭᠦᠯᠵᠦ ᠬᠥᠩᠭᠡᠨ ᠲᠣᠷᠭᠠᠭᠤᠯᠢ︾ ᠶᠢᠨ ᠨᠠᠷᠢᠨ ᠳᠠᠩᠰᠠ ᠶᠢ ᠲᠣᠭᠲᠠᠭᠠᠵᠤ᠂ ᠵᠥᠪᠰᠢᠶᠡᠷᠡᠭᠦᠯᠦᠭᠡᠳᠦᠢ ᠪᠠᠷ | ᠤᠷᠢᠳᠠᠪᠠᠷ ᠪᠠᠶᠢᠭᠤᠯᠬᠤ᠂ ᠰᠢᠯᠭᠠᠨ ᠪᠠᠶᠢᠴᠠᠭᠠᠭᠰᠠᠨ ᠦᠭᠡᠢ ᠪᠠᠷ ᠤᠷᠢᠳᠠᠪᠠᠷ ᠪᠡᠯᠡ ᠣᠷᠣᠭᠤᠯᠬᠤ ᠵᠡᠷᠭᠡ ᠬᠠᠤᠯᠢ | ᠠᠴᠠ ᠵᠥᠷᠢᠴᠡᠭᠰᠡᠨ ᠬᠥᠩᠭᠡᠨ ᠦᠶᠯᠡ ᠠᠵᠢᠯᠯᠠᠭ᠎ᠠ ᠪᠠ ᠡᠩ ᠤᠨ ᠬᠠᠤᠯᠢ ᠠᠴᠠ ᠵᠥᠷᠢᠴᠡᠭᠰᠡᠨ ᠦᠶᠯᠡ | ᠠᠵᠢᠯᠯᠠᠭ᠎ᠠ ᠶᠢ ᠲᠣᠷᠭᠠᠬᠤ ᠠᠴᠠ ᠬᠡᠯᠲᠦᠷᠢᠭᠦᠯᠵᠦ ᠬᠥᠩᠭᠡᠨ ᠢᠶᠠᠷ ᠲᠣᠷᠭᠠᠵᠤ᠂ ᠬᠠᠤᠯᠢ ᠪᠠᠷ ᠲᠣᠭᠲᠠᠭᠠᠭᠰᠠᠨ ᠡᠷᠬᠡ | ᠮᠡᠳᠡᠯ ᠤᠨ ᠬᠡᠪᠴᠢᠶᠡᠨ ᠳᠣᠲᠣᠷ᠎ᠠ ᠠᠵᠤ ᠠᠬᠤᠶᠢᠯᠠᠯ ᠳᠤ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠣᠷᠣᠨ | ᠵᠠᠢ ᠣᠯᠭᠤᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠷᠲᠡᠬᠡᠨ ᠠᠵᠢᠯ ᠡᠬᠢᠯᠡᠭᠦᠯᠬᠦ᠂ ᠬᠥᠩᠭᠡᠨ | ᠬᠠᠭᠤᠳᠠᠮ ᠢᠶᠠᠷ ᠤᠷᠤᠭᠰᠢᠯᠠᠬᠤ᠂ ᠰᠠᠨᠠᠭ᠎ᠠ ᠠᠮᠤᠷ ᠡᠵᠡᠩᠨᠡᠬᠦ ᠳᠤ ︽ᠰᠡᠳᠬᠢᠯ ᠠᠮᠤᠷᠵᠢᠭᠤᠯᠬᠤ ᠡᠮ︾ ᠣᠯᠭᠤᠬᠤ | ᠬᠡᠷᠡᠭᠲᠡᠢ᠃ᠠᠵᠤ ᠠᠬᠤᠶᠢᠯᠠᠯ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠲᠤᠰᠬᠠᠢ ᠵᠠᠰᠠᠯᠲᠠ ᠶᠢ | ᠥᠷᠨᠢᠭᠦᠯᠵᠦ᠂ ᠣᠯᠠᠨ ᠢ ᠴᠤᠭᠯᠠᠭᠤᠯᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠷᠰᠢᠯᠠᠬᠤ᠂ | ᠪᠠᠷᠢᠯᠭ᠎ᠠ ᠶᠢᠨ ᠠᠵᠢᠯ ᠢ ᠬᠠᠤᠯᠢ ᠪᠤᠰᠤ ᠪᠠᠷ ᠬᠠᠷᠰᠢᠯᠠᠬᠤ ᠵᠡᠷᠭᠡ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠭᠦᠨ᠎ᠡ᠃ | ︵ᠲᠠᠪᠤ︶ ᠡᠳ᠋ ᠤᠨ ᠵᠠᠰᠠᠭ ᠭᠠᠶᠢᠯᠢ ᠶᠢᠨ ᠣᠷᠣᠯᠭ᠎ᠠ ᠶᠢ ᠨᠡᠮᠡᠭᠳᠡᠭᠦᠯᠦᠨ ᠵᠠᠷᠤᠯᠭ᠎ᠠ ᠶᠢ ᠠᠷᠪᠢᠯᠠᠬᠤ ᠠᠵᠢᠯ ᠢ | ᠰᠠᠶᠢᠲᠤᠷ ᠠᠳᠬᠤᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠪᠠᠲᠤᠯᠠᠨ᠎ᠠ | ᠨᠢᠭᠡ ᠳᠤ ᠂ ᠣᠷᠣᠯᠭ᠎ᠠ ᠶᠢ ᠬᠠᠤᠯᠢ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠤᠨ᠎ᠠ᠃ᠣᠨᠴᠠ ᠵᠠᠷᠢᠮ ᠠᠵᠢᠯ | ᠲᠦᠷᠦᠯ ᠤᠨ ᠦᠨ᠎ᠡ ᠬᠠᠩᠰᠢ ᠶᠢᠨ ᠲᠣᠬᠢᠷᠠᠭᠤᠯᠤᠯᠲᠠ ᠶᠢᠨ ᠭᠠᠶᠢᠯᠢ ᠲᠠᠲᠠᠪᠤᠷᠢ ᠳᠤ ᠦᠵᠡᠭᠦᠯᠬᠦ ᠲᠣᠭᠲᠠᠭᠠᠯᠲᠤ ᠪᠤᠰᠤ | ᠴᠢᠨᠠᠷ ᠢ ᠪᠦᠲᠦᠮᠵᠢᠲᠡᠶ ᠪᠠᠷ ᠠᠷᠭᠠᠴᠠᠵᠤ᠂ ᠰᠢᠨ᠎ᠡ ᠭᠠᠶᠢᠯᠢ ᠶᠢᠨ ᠢᠷᠡᠯᠲᠡ ᠶᠢ ᠢᠳᠡᠪᠬᠢᠲᠡᠢ ᠪᠠᠷ ᠥᠷᠭᠡᠳᠬᠡᠨ᠂ ᠡᠯᠪᠡᠭ | ᠬᠤᠷᠢᠶᠠᠯᠲᠠ ᠪᠠᠷ ᠥᠷᠢ ᠶᠢ ᠨᠥᠬᠦᠪᠦᠷᠢᠯᠡᠵᠦ᠂ ᠪᠦᠬᠦ ᠵᠢᠯ ᠤᠨ ᠡᠳ᠋ ᠤᠨ ᠵᠠᠰᠠᠭ ᠤᠨ ᠣᠷᠣᠯᠭ᠎ᠠ ᠶᠢᠨ ᠲᠡᠩᠴᠡᠭᠦᠷᠢᠲᠡᠢ | ᠪᠥᠭᠡᠳ ᠲᠣᠭᠲᠠᠭᠤᠨ ᠢᠶᠠᠷ ᠨᠡᠮᠡᠭᠳᠡᠬᠦ ᠶᠢ ᠦᠨᠡᠨ ᠬᠦ ᠪᠠᠲᠤᠯᠠᠨ᠎ᠠ᠃ ᠭᠠᠶᠢᠯᠢ ᠶᠢ ᠬᠥᠩᠭᠡᠯᠡᠵᠦ ᠰᠦᠢᠳᠬᠡᠯ ᠢ | ᠪᠠᠭᠤᠷᠠᠭᠤᠯᠬᠤ ᠤᠷᠢᠲᠠᠯ ᠤᠨ ᠳᠣᠣᠷ᠎ᠠ ᠬᠤᠷᠢᠶᠠᠬᠤ ᠶᠣᠰᠣᠲᠠᠢ ᠵᠦᠢᠯ ᠢ ᠴᠥᠮ ᠬᠤᠷᠢᠶᠠᠬᠤ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠲᠥᠪ ᠭᠤᠣᠯᠴᠢ ᠭᠠᠶᠢᠯᠢ ᠲᠠᠲᠠᠪᠤᠷᠢ ᠶᠢᠨ ᠡᠮᠬᠢ ᠵᠢᠷᠤᠮ ᠢ ᠬᠠᠮᠠᠭᠠᠯᠠᠨ᠎ᠠ᠃ ᠪᠥᠬᠦ ᠣᠷᠣᠨ ᠤ | ᠠᠵᠤ ᠠᠬᠤᠢ ᠶᠢᠨ ᠪᠦᠲᠦᠴᠡ ᠶᠢᠨ ᠰᠢᠨ᠎ᠡ ᠬᠤᠪᠢᠷᠠᠯᠲᠠ ᠶᠢ ᠭᠤᠣᠯᠳᠠᠯᠭ᠎ᠠ ᠲᠠᠢ ᠠᠩᠬᠠᠷᠴᠤ᠂ ᠶᠡᠷᠦᠩᠬᠡᠢ ᠬᠡᠯᠲᠡᠰ ᠤᠨ | ᠭᠠᠶᠢᠯᠢ ᠶᠢᠨ ᠢᠷᠡᠯᠲᠡ ᠶᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠭᠠᠶᠢᠯᠢ ᠵᠢᠨᠡᠳ᠋ ᠤᠨ ᠵᠠᠰᠠᠭ ᠭᠠᠶᠢᠯᠢ ᠶᠢᠨ | ᠶᠠᠪᠤᠳᠠᠯ ᠤᠨ ᠰᠠᠯᠠᠭ᠎ᠠ ᠮᠥᠴᠢᠷ ᠤᠨ ᠪᠤᠢ ᠪᠦᠬᠦᠢ ᠺᠠᠳ᠋ᠷᠴᠤᠳ ᠴᠥᠮ ᠭᠠᠶᠢᠯᠢ ᠶᠢᠨ ᠢᠷᠡᠯᠲᠡ ᠶᠢ ᠣᠯᠵᠤ ᠮᠡᠳᠡᠬᠦ ᠳᠤ | ᠰᠡᠷᠭᠡᠭ ᠬᠤᠶᠠᠷ ᠨᠢᠳᠦ ᠲᠠᠢ ᠪᠠᠶᠢᠵᠤ᠂ ᠭᠠᠶᠢᠯᠢ ᠲᠠᠲᠠᠪᠤᠷᠢ ᠶᠢ ᠵᠣᠬᠢᠴᠠᠭᠤᠯᠬᠤ ᠳᠤ ᠴᠢᠳᠠᠮᠠᠭᠠᠢ ᠬᠤᠶᠠᠷ ᠬᠥᠯ ᠲᠠᠢ | ᠪᠠᠶᠢᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠠᠭᠤᠯᠤᠭᠳᠠᠬᠤᠨ ᠨᠢ ᠡᠯᠰᠡᠬᠦ ᠵᠦᠢᠯ ᠢ | ᠪᠠᠭᠲᠠᠭᠠᠬᠤ ᠮᠥᠷᠲᠡᠭᠡᠨ ᠭᠠᠶᠢᠯᠢ ᠶᠢᠨ ᠢᠷᠡᠯᠲᠡ ᠶᠢ ᠴᠦ ᠪᠠᠭᠲᠠᠭᠠᠨ᠎ᠠ᠂ ᠲᠣᠰ ᠬᠤᠭᠤᠴᠠᠭᠠᠨ ᠳᠤ ᠳᠠᠷᠤᠢ ᠦᠷ᠎ᠡ | ᠠᠰᠢᠭ ᠣᠯᠬᠤ ᠪᠣᠯᠣᠨ᠎ᠠ᠃ | ᠬᠤᠶᠠᠷ ᠲᠤ᠂ ᠲᠥᠰᠥᠪ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠨ᠎ᠠ᠃ ︽ᠭᠠᠮᠨᠠᠵᠤ ᠠᠮᠢᠳᠤᠷᠠᠬᠤ︾ ᠦᠵᠡᠯ | ᠰᠠᠨᠠᠭ᠎ᠠ ᠶᠢ ᠦᠨᠡᠨᠬᠦ ᠪᠤᠶ ᠪᠣᠯᠭᠠᠵᠤ᠂ ᠣᠯᠠᠨ ᠵᠢᠯ ᠲᠣᠭᠲᠠᠪᠤᠷᠢᠵᠢᠭᠤᠯᠤᠭᠰᠠᠨ ᠣᠷᠣᠨ ᠤ ᠲᠣᠰ ᠱᠠᠲᠤᠨ ᠤ ᠬᠦᠴᠦᠨ | ᠦᠭᠡᠢ ᠲᠤᠰᠬᠠᠢ ᠵᠦᠢᠯ ᠤᠨ ᠲᠥᠰᠥᠪ ᠢ ᠢᠯᠭᠠᠷᠠᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠳᠠᠷᠠᠭᠠᠬᠢ | ᠰᠠᠯᠠᠭ᠎ᠠ ᠮᠥᠴᠢᠷ ᠤᠨ ᠪᠣᠳᠠᠲᠠᠢ ᠠᠵᠢᠯᠯᠠᠭᠠᠨ ᠤ ᠪᠠᠶᠢᠳᠠᠯ ᠲᠠᠢ ᠤᠶᠠᠯᠳᠤᠭᠤᠯᠤᠨ᠂ ︽ᠭᠤᠷᠪᠠᠨ ᠵᠦᠢᠯ ᠤᠨ | ᠠᠯᠪᠠᠨ ᠤ ᠵᠠᠷᠤᠳᠠᠯ︾ ᠢ ᠴᠢᠩᠭ᠎ᠠ ᠬᠢᠵᠠᠭᠠᠷᠯᠠᠵᠤ᠂ ︽ᠭᠤᠷᠪᠠ ᠶᠢ ᠪᠠᠲᠤᠯᠠᠬᠤ︾ ᠶᠢᠨ ᠵᠠᠷᠤᠯᠭ᠎ᠠ ᠶᠢ ᠪᠠᠲᠤᠯᠠᠨ᠂ | ᠠᠳᠠᠯᠢ ᠪᠤᠰᠤ ᠰᠠᠯᠠᠭ᠎ᠠ ᠮᠥᠴᠢᠷ ᠤᠨ ᠪᠠᠲᠤᠯᠠᠭ᠎ᠠ ᠶᠢᠨ ᠠᠵᠢᠯᠯᠠᠭᠠᠨ ᠤ ᠡᠩ ᠤᠨ ᠵᠠᠷᠤᠯᠭ᠎ᠠ ᠶᠢᠨ ᠨᠠᠭᠠᠲᠤ ᠵᠠᠬ᠎ᠠ ᠶᠢᠨ | ᠳᠣᠣᠷᠠᠳᠤ ᠬᠢᠵᠠᠭᠠᠷ ᠢ ᠰᠢᠨᠵᠢᠯᠡᠬᠦ ᠤᠬᠠᠭᠠᠨᠴᠢ ᠪᠠᠷ ᠲᠥᠰᠥᠭᠡᠯᠡᠨ ᠪᠤᠳᠤᠵᠤ᠂ ᠲᠣᠰ ᠵᠠᠷᠤᠯᠭ᠎ᠠ ᠶᠢ ᠴᠢᠩᠭ᠎ᠠ | ᠲᠣᠭᠲᠠᠭᠠᠵᠤ᠂ ᠵᠠᠷᠤᠯᠭ᠎ᠠ ᠳᠤ ᠥᠯᠥ ᠵᠣᠬᠢᠬᠤ ᠶᠢ ᠨᠢ ᠶᠠᠭᠠᠬᠢᠭᠰᠠᠨ ᠴᠤ ᠵᠢᠭᠰᠠᠭᠠᠬᠤ ᠦᠭᠡᠢ᠂ ᠲᠤᠰᠬᠠᠢ ᠵᠦᠢᠯ ᠤᠨ | ᠲᠥᠰᠥᠪ ᠢᠶᠠᠷ ᠡᠩ ᠤᠨ ᠵᠠᠷᠤᠯᠭ᠎ᠠ ᠶᠢ ᠨᠥᠬᠦᠪᠦᠷᠢᠯᠡᠵᠦ ᠪᠣᠯᠬᠤ ᠦᠭᠡᠢ᠃ᠠᠯᠢ ᠴᠢᠳᠠᠬᠤ ᠪᠠᠷ ᠠᠷᠪᠢᠯᠠᠨ ᠭᠠᠮᠨᠠᠵᠤ | ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠭᠠᠶᠢᠯᠢ ᠲᠤᠰᠢᠶᠠᠭᠴᠢ ᠶᠢᠨ ᠵᠣᠭᠤᠰ ᠢ ᠪᠢᠰᠢᠷᠡᠨ ᠵᠢᠷᠦᠬᠡᠰᠢᠶᠡᠬᠦ | ᠰᠡᠳᠬᠢᠯᠭᠡ ᠲᠠᠢ ᠪᠠᠶᠢᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ | ᠪᠠᠷᠢᠮᠲᠠᠯᠠᠨ᠂ ᠲᠦᠷᠦᠯ ᠵᠦᠢᠯ ᠨᠢᠭᠡᠪᠦᠷᠢ᠂ ᠵᠠᠷᠤᠯᠭ᠎ᠠ ᠨᠢᠭᠡᠪᠦᠷᠢ ᠶᠢ ᠴᠥᠮ ᠰᠠᠶᠢᠨ ᠪᠤᠳᠤᠬᠤ ᠬᠡᠷᠡᠭᠲᠡᠢ᠂ ᠨᠢᠭᠤᠷ | ᠤᠯᠠᠶᠢᠯᠭᠠᠬᠤ ᠶᠠᠪᠤᠳᠠᠯ ᠢ ᠬᠢᠬᠦ ᠦᠭᠡᠢ ᠮᠥᠷᠲᠡᠭᠡᠨ ᠬᠤᠭᠤᠰᠤᠨ ᠨᠡᠷ᠎ᠡ᠂ ᠨᠢᠭᠤᠷ ᠳᠡᠭᠡᠷ᠎ᠡ ᠪᠠᠨ ᠠᠯᠳᠠ ᠨᠡᠮᠡᠬᠦ | ᠶᠠᠪᠤᠳᠠᠯ ᠢ ᠴᠤ ᠬᠢᠬᠦ ᠦᠭᠡᠢ᠂ ᠵᠠᠷᠤᠳᠠᠯ ᠮᠥᠩᠭᠦ ᠵᠢᠭᠰᠠᠭᠠᠬᠤ ᠡᠰᠡᠬᠦ ᠪᠠᠷ ᠬᠢᠨᠠᠨ ᠰᠢᠯᠭᠠᠯᠲᠠ ᠪᠣᠯᠭᠠᠭᠰᠠᠨ ᠬᠡᠷᠡᠭ | ᠦᠭᠡᠢ ᠠᠳᠠᠯᠢᠳᠬᠠᠨ ᠰᠢᠯᠭᠠᠷᠠᠭᠤᠯᠬᠤ ᠶᠢ ᠴᠢᠬᠤᠯᠠᠴᠢᠯᠠᠬᠤ ᠦᠭᠡᠢ ᠪᠠᠶᠢᠵᠤ᠂ ᠡᠳ᠋ ᠤᠨ ᠵᠠᠰᠠᠭ ᠤᠨ ᠵᠣᠭᠤᠰ ᠮᠥᠩᠭᠦ | ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠬᠦ ᠪᠠᠷ ᠴᠢᠷᠮᠠᠶᠢᠬᠤ ᠬᠡᠷᠡᠭᠲᠡᠢ᠃ | ᠭᠤᠷᠪᠠ ᠳᠤ᠂ ᠥᠷᠢ ᠥᠭᠴᠡᠭᠡ ᠶᠢ ᠠᠷᠢᠯᠭᠠᠬᠤ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ᠃ ᠳᠠᠯᠳᠠ ᠥᠷᠢ | ᠥᠭᠴᠡᠭᠡ ᠶᠢ ᠠᠷᠢᠯᠭᠠᠬᠤ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ᠭᠠᠵᠠᠷ ᠰᠢᠷᠣᠢ ᠶᠢ ᠰᠢᠯᠵᠢᠭᠦᠯᠦᠨ | ᠬᠤᠳᠠᠯᠳᠤᠬᠤ᠂ ᠡᠳ᠋ ᠬᠥᠷᠥᠩᠭᠡ ᠶᠢ ᠪᠡᠯᠡᠨ ᠵᠣᠭᠤᠰ ᠪᠣᠯᠭᠠᠬᠤ᠂ ᠵᠠᠬ᠎ᠠ ᠳᠡᠯᠭᠡᠭᠦᠷ ᠢᠶᠠᠷ ᠠᠷᠢᠯᠭᠠᠬᠤ ᠵᠡᠷᠭᠡ ᠠᠷᠭ᠎ᠠ | ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠥᠷᠢ ᠥᠭᠴᠡᠭᠡ ᠶᠢ ᠲᠥᠯᠥᠬᠦ ᠪᠡᠯᠡ ᠮᠥᠩᠭᠦ ᠶᠢ ᠣᠯᠠᠨ ᠠᠷᠭ᠎ᠠ ᠵᠠᠮ᠂ | ᠣᠯᠠᠨ ᠬᠦᠷᠢᠶ᠎ᠡ ᠴᠠᠷᠠᠭ᠎ᠠ ᠳᠤ ᠴᠤᠭᠯᠠᠭᠤᠯᠵᠤ᠂ ᠪᠥᠬᠦ ᠵᠢᠯ ᠳᠤ 7.78 ᠳ᠋ᠦᠩᠰᠢᠭᠤᠷ ᠲᠥᠭᠦᠷᠢᠭ ᠤᠨ ᠥᠷᠢ | ᠥᠭᠴᠡᠭᠡ ᠶᠢ ᠠᠷᠢᠯᠭᠠᠬᠤ ᠡᠭᠦᠷᠭᠡ ᠶᠢ ᠲᠤᠭ᠎ᠠ ᠶᠣᠰᠣᠭᠠᠷ ᠭᠦᠢᠴᠡᠳ ᠲᠥᠯᠥᠬᠦ ᠶᠢ ᠪᠠᠲᠤᠯᠠᠨ᠎ᠠ᠃ ᠬᠠᠭᠤᠴᠢᠨ ᠥᠷᠢ | ᠥᠭᠴᠡᠭᠡ ᠶᠢ ᠠᠷᠢᠯᠭᠠᠬᠤ ᠶᠢᠨ ᠵᠡᠷᠭᠡᠴᠡᠭᠡᠪᠡᠷ ᠰᠢᠨ᠎ᠡ ᠥᠷᠢ ᠥᠭᠴᠡᠭᠡ ᠠᠪᠬᠤ ᠶᠢ ᠡᠷᠡᠰ ᠰᠡᠷᠭᠡᠶᠢᠯᠡᠵᠦ᠂ ᠵᠠᠰᠠᠭ ᠤᠨ | ᠣᠷᠳᠣᠨ ᠤ ᠪᠡᠯᠡ ᠣᠷᠣᠭᠤᠯᠤᠯᠲᠠ ᠶᠢᠨ ᠲᠦᠷᠦᠯ ᠤᠨ ᠵᠦᠢᠯᠡᠰ ᠲᠤ ᠬᠤᠯᠪᠣᠭᠳᠠᠯ ᠪᠦᠬᠦᠢ ᠰᠢᠢᠳᠪᠦᠷᠢᠲᠦ | ᠪᠣᠳᠣᠯᠭ᠎ᠠ ᠶᠢᠨ ᠬᠠᠮᠢᠶᠠᠷᠤᠯᠲᠠ ᠶᠢᠨ ᠵᠢᠷᠤᠮ ᠢ ᠴᠢᠩᠭ᠎ᠠ ᠭᠦᠢᠴᠡᠳᠬᠡᠬᠦ ᠬᠡᠷᠡᠭᠲᠡᠢ᠃ ᠳᠠᠭᠠᠭᠠᠴᠢᠯᠠᠯᠲᠠ ᠵᠠᠷᠯᠠᠬᠤ | ᠠᠴᠠ ᠡᠮᠦᠨ᠎ᠡ᠂ ᠦᠢᠯᠡᠳᠬᠦ ᠦᠨ᠎ᠡ ᠶᠢ ᠴᠢᠩᠭ᠎ᠠ ᠬᠢᠨᠠᠨ ᠲᠣᠭᠲᠠᠭᠠᠵᠤ᠂ ᠬᠡᠢ ᠥᠨᠳᠥᠷ ᠪᠠᠶᠢᠳᠠᠯ ᠭᠠᠷᠬᠤ ᠠᠴᠠ | ᠡᠷᠡᠰ ᠵᠠᠶᠢᠯᠠᠰᠬᠢᠬᠦ ᠬᠡᠷᠡᠭᠲᠡᠢ᠃ ᠠᠵᠢᠯ ᠳᠠᠭᠤᠰᠤᠭᠰᠠᠨ ᠤ ᠳᠠᠷᠠᠭ᠎ᠠ᠂ ᠲᠤᠬᠠᠢ ᠶᠢᠨ ᠵᠢᠯ ᠳᠤ ᠡᠷᠬᠡᠪᠰᠢ ᠬᠢᠨᠠᠨ | ᠪᠤᠳᠤᠬᠤ ᠠᠵᠢᠯ ᠢ ᠪᠡᠶᠡᠯᠡᠭᠦᠯᠵᠦ᠂ ᠭᠠᠵᠠᠷ ᠲᠠᠲᠠᠪᠤᠷᠢᠯᠠᠨ ᠨᠤᠷᠠᠭᠠᠵᠤ ᠨᠡᠭᠦᠯᠭᠡᠬᠦ ᠵᠠᠷᠤᠯᠭ᠎ᠠ ᠶᠢ ᠬᠢᠨᠠᠨ ᠪᠤᠳᠤᠬᠤ | ᠬᠡᠪᠴᠢᠶᠡᠨ ᠳᠤ ᠣᠷᠣᠭᠤᠯᠬᠤ ᠬᠡᠷᠡᠭᠲᠡᠢ᠃ | ᠳᠥᠷᠪᠡ ᠳᠤ᠂ ᠢᠳᠡᠪᠬᠢᠲᠡᠢ ᠪᠠᠷ ᠥᠭᠡᠳᠡᠯᠡᠨ ᠳᠠᠪᠰᠢᠵᠤ ᠪᠡᠯᠡ ᠮᠥᠩᠭᠦ ᠣᠯᠬᠤ ᠬᠡᠷᠡᠭᠲᠡᠢ᠃ ᠡᠯ᠎ᠡ ᠰᠠᠯᠠᠭ᠎ᠠ | ᠮᠥᠴᠢᠷ ᠤᠨ ᠬᠢᠨ ᠳᠡᠭᠡᠳᠦ ᠱᠠᠲᠤᠨ ᠠᠴᠠ ᠠᠪᠬᠤ ᠰᠡᠳᠬᠢᠬᠦᠢ ᠶᠢᠨ ᠲᠣᠭᠲᠠᠭᠰᠠᠨ ᠬᠠᠨᠳᠤᠰᠢ ᠪᠠᠨ ᠴᠢᠩᠭᠠᠳᠬᠠᠵᠤ᠂ | ᠣᠷᠣᠨ ᠠᠴᠠ ᠠᠪᠬᠤ ᠠᠵᠢᠯ ᠤᠨ ᠳᠠᠳᠬᠠᠯ ᠢᠶᠠᠨ ᠥᠭᠡᠷᠡᠴᠢᠯᠡᠬᠦ ᠬᠡᠷᠡᠭᠲᠡᠢ᠃ ︽ᠨᠡᠭᠡᠭᠡᠯᠲᠡ ᠶᠢᠨ ᠤᠷᠤᠨ | ᠰᠢᠯᠵᠢᠭᠦᠯᠦᠨ ᠥᠭᠭᠦᠯᠲᠡ ᠶᠢᠨ ᠬᠤᠬᠢᠷᠠᠯ ᠠᠮᠰᠠᠭᠰᠠᠨ᠂ ᠴᠢᠷᠮᠠᠶᠢᠨ ᠣᠯᠣᠭᠰᠠᠨ ᠪᠡᠯᠡ ᠮᠥᠩᠭᠦ ᠨᠢ ᠬᠤᠰᠢᠭᠤ ᠰᠢᠶᠠᠨ | ᠲᠣᠭᠤᠷᠢᠭ ᠤᠨ ᠬᠡᠪᠴᠢᠶᠡᠨ ᠤ ᠥᠷᠭᠡᠨ ᠬᠡᠪᠴᠢᠶ᠎ᠡ ᠶᠢ ᠬᠦᠷᠬᠦ ᠦᠭᠡᠢ︾ ᠪᠠᠶᠢᠬᠤ ᠪᠤᠷᠤᠭᠤ ᠲᠠᠨᠢᠯᠲᠠ ᠶᠢ ᠡᠷᠡᠰ | ᠠᠷᠢᠯᠭᠠᠵᠤ᠂ ᠲᠤᠶᠢᠯ ᠤᠨ ᠴᠥᠭᠡᠨ ᠲᠣᠭᠠᠨ ᠤ ᠰᠢᠯᠵᠢᠭᠦᠯᠦᠨ ᠥᠭᠬᠦ ᠳᠤ ᠪᠠᠶᠢᠵᠤ ᠮᠡᠳᠡᠬᠦ ᠢᠯᠭᠠᠭ᠎ᠠ ᠶᠢ ᠣᠯᠵᠤ | ᠦᠵᠡᠬᠦ ᠮᠥᠷᠲᠡᠭᠡᠨ ᠨᠡᠩ ᠥᠷᠭᠡᠨ ᠬᠦᠷᠢᠶᠡᠨ ᠳᠤ ᠶᠡᠭᠡ ᠪᠠᠷ ᠬᠡᠯᠪᠡᠶᠢᠯᠭᠡᠵᠦ᠂ ᠰᠠᠶᠢᠨ ᠲᠠᠢ ᠲᠠᠯ᠎ᠠ ᠪᠠᠨ | ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠠᠨᠠᠭᠠᠴᠢᠯᠠᠭ᠎ᠠ ᠲᠠᠢ ᠪᠠᠷ ᠳᠠᠭᠠᠷᠢᠯᠲᠠ ᠬᠢᠵᠦ᠂ ᠪᠡᠯᠡ ᠮᠥᠩᠭᠦ | ᠣᠯᠬᠤ ᠪᠠᠷ ᠴᠢᠷᠮᠠᠶᠢᠬᠤ ᠬᠢᠨᠠᠨ ᠰᠢᠯᠭᠠᠬᠤ ᠳᠦᠷᠢᠮ ᠢ ᠪᠠᠶᠢᠭᠤᠯᠬᠤ ᠶᠢᠨ ᠬᠠᠮᠲᠤ ᠵᠢᠯ ᠤᠨ ᠡᠴᠦᠰ ᠤᠨ ᠪᠣᠳᠠᠲᠤ | ᠠᠮᠵᠢᠯᠲᠠ ᠶᠢ ᠬᠢᠨᠠᠨ ᠰᠢᠯᠭᠠᠬᠤ᠂ ᠰᠠᠯᠠᠭ᠎ᠠ ᠮᠥᠴᠢᠷ ᠤᠨ ᠲᠥᠰᠥᠪ ᠤᠨ ᠬᠢᠨᠠᠨ ᠥᠭᠬᠦ ᠵᠠᠷᠤᠳᠠᠯ ᠲᠠᠢ | ᠬᠤᠯᠪᠣᠭᠳᠠᠭᠤᠯᠵᠤ᠂ ᠪᠦᠬᠦ ᠵᠢᠯ ᠳᠤ 8 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠣᠯᠬᠤ ᠪᠠᠷ | ᠴᠢᠷᠮᠠᠶᠢᠬᠤ ᠬᠡᠷᠡᠭᠲᠡᠢ᠃ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠢᠳᠡᠪᠬᠢᠲᠡᠢ ᠪᠠᠷ ᠭᠤᠶᠤᠴᠢᠯᠠᠨ | ᠮᠡᠳᠡᠭᠦᠯᠵᠦ᠂ ᠲᠥᠷᠥᠯ ᠵᠦᠢᠯ ᠢ ᠲᠥᠰᠥᠪᠯᠡᠬᠦ ᠪᠠ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠡᠵᠡᠯᠡᠬᠦ ᠬᠠᠷᠢᠴᠠᠯ ᠢ | ᠪᠥᠬᠦ ᠬᠤᠲᠠ ᠶᠢᠨ 20% ᠠᠴᠠ ᠳᠡᠭᠡᠭᠰᠢ ᠳᠤ ᠬᠦᠷᠦᠭᠦᠯᠦᠨ᠎ᠡ᠃ ᠬᠤᠳᠠ ᠶᠢᠨ ᠱᠠᠲᠤᠨ ᠤ ᠡᠳ᠋ ᠤᠨ ᠵᠠᠰᠠᠭ | ᠯᠤᠭ᠎ᠠ ᠶᠢᠨ ᠬᠠᠷᠢᠯᠴᠠᠭᠠᠨ ᠤ ᠵᠣᠭᠤᠰ ᠢ ᠴᠠᠭ ᠲᠤᠬᠠᠢ ᠳᠤᠨᠢ ᠳ᠋ᠦᠩᠨᠡᠨ ᠪᠤᠳᠤᠵᠦ᠂ ᠪᠡᠯᠡ ᠮᠥᠩᠭᠦ ᠶᠢ | ᠢᠳᠡᠪᠬᠢᠲᠡᠢ ᠪᠠᠷ ᠵᠣᠬᠢᠴᠠᠭᠤᠯᠤᠨ ᠪᠤᠴᠠᠭᠠᠵᠤ᠂ ᠲᠤᠰ ᠵᠢᠯ ᠤᠨ ᠪᠡᠯᠡ ᠮᠥᠩᠭᠦ ᠳᠤ ᠦᠯᠡᠳᠡᠪᠦᠷᠢ ᠦᠭᠡᠢ ᠪᠠᠶᠢᠬᠤ ᠶᠢ | ᠴᠢᠷᠮᠠᠶᠢᠨ ᠪᠡᠶᠡᠯᠡᠭᠦᠯᠦᠨ᠎ᠡ᠃ | ︵ᠵᠢᠷᠭᠤᠭ᠎ᠠ︶ ᠨᠡᠶᠢᠭᠡᠮ ᠤᠨ ᠦᠢᠯᠡᠰ ᠢ ᠲᠦᠷᠭᠡᠪᠴᠢᠯᠡᠨ ᠬᠥᠭᠵᠢᠭᠦᠯᠵᠦ᠂ ᠣᠷᠣᠰᠢᠨ ᠰᠠᠭᠤᠬᠤ ᠳᠤ | ᠲᠣᠬᠢᠷᠠᠮᠵᠢᠲᠠᠢ ᠡᠶ᠎ᠡ ᠨᠠᠶᠢᠷᠠᠮᠳᠠᠭᠤ ᠬᠥᠮᠥᠨ ᠨᠡᠶᠢᠭᠡᠮ ᠤᠨ ᠣᠷᠴᠢᠨ ᠨᠥᠬᠦᠴᠡᠯ ᠢ ᠪᠤᠢ ᠪᠣᠯᠭᠠᠨ᠎ᠠ | ᠨᠢᠭᠡ ᠳᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠠᠰᠤᠷᠠᠯᠳᠠᠦᠭᠡᠢ | ᠳᠡᠭᠡᠭᠰᠢᠯᠡᠭᠦᠯᠦᠨ᠎ᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠣᠯᠳᠠᠯᠭ᠎ᠠ ᠪᠠᠨ ᠠᠯᠪᠠᠨ | ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠠ ᠲᠦᠭᠡᠮᠡᠯ ᠬᠠᠷᠠᠭᠠᠯᠵᠠᠯ ᠤᠨ ᠬᠡᠦᠬᠡᠳ ᠤᠨ ᠴᠡᠴᠡᠷᠯᠢᠭ ᠤᠨ | ᠬᠠᠷᠢᠴᠠᠯ ᠢ ᠳᠡᠭᠡᠭᠰᠢᠯᠡᠭᠦᠯᠬᠦ ᠳᠡᠭᠡᠷ᠎ᠡ ᠲᠠᠯᠪᠢᠵᠤ᠂ ᠡᠷᠳᠡᠮ ᠤᠨ ᠴᠣᠯᠠ ᠬᠤᠳᠠᠯᠳᠤᠨ ᠠᠪᠬᠤ ᠪᠠ ᠰᠢᠨ᠎ᠡ ᠪᠠᠷ | ᠪᠠᠶᠢᠭᠤᠯᠵᠤ ᠡᠭᠡᠭᠦᠯᠦᠨ ᠬᠤᠳᠠᠯᠳᠤᠨ ᠠᠪᠬᠤ ᠶᠢ ᠬᠠᠷᠢᠯᠴᠠᠨ ᠤᠶᠠᠯᠳᠤᠭᠤᠯᠬᠤ᠂ ᠳᠡᠭᠡᠳᠦ ᠱᠠᠲᠤᠨ ᠤ ᠪᠡᠯᠡ ᠮᠥᠩᠭᠦ | ᠣᠯᠬᠤ ᠪᠠ ᠲᠣᠰ ᠱᠠᠲᠤᠨ ᠤ ᠢᠵᠢ ᠪᠦᠷᠢᠳᠦᠭᠦᠯᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ | ᠬᠠᠮᠤᠭ ᠤᠨ ᠣᠬᠤᠷ ᠴᠠᠭ᠂ ᠬᠠᠮᠤᠭ ᠤᠨ ᠪᠠᠭ᠎ᠠ ᠦᠨ᠎ᠡ ᠥᠷᠲᠡᠭ ᠢᠶᠠᠷ ᠤᠷᠢᠳᠠᠪᠠᠷ ᠬᠠᠷᠢᠴᠠᠯ ᠢ ᠳᠡᠭᠡᠭᠰᠢᠯᠡᠭᠦᠯᠵᠦ᠂ | ᠡᠨᠡ ᠵᠢᠯ ᠤᠨ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠬᠠᠷᠢᠴᠠᠯ ᠢ 45% ᠠᠴᠠ ᠳᠡᠭᠡᠭᠰᠢ ᠳᠤ | ᠬᠦᠷᠦᠭᠦᠯᠵᠦ᠂ ᠲᠦᠭᠡᠮᠡᠯ ᠬᠠᠷᠠᠭᠠᠯᠵᠠᠯ ᠤᠨ ᠬᠡᠦᠬᠡᠳ ᠤᠨ ᠴᠡᠴᠡᠷᠯᠢᠭ ᠤᠨ ᠬᠠᠷᠢᠴᠠᠯ ᠢ 93% ᠳᠤ ᠬᠦᠷᠦᠭᠦᠯᠬᠦ | ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠳᠤ ︽ᠨᠡᠶᠢᠭᠡᠮ ᠠᠴᠠ ᠶᠠᠭᠤ ᠶᠢ | ᠴᠢᠬᠤᠯᠠᠴᠢᠯᠠᠬᠤ᠂ ᠭᠡᠷ ᠤᠨ ᠠᠬᠠᠮᠠᠳ ᠲᠤ ᠶᠠᠭᠤ ᠬᠡᠷᠡᠭᠴᠡᠭᠡ ᠲᠠᠢ ᠪᠠᠶᠢᠬᠤ᠂ ᠰᠤᠷᠤᠭᠴᠢ ᠳᠤ ᠶᠠᠭᠤ ᠳᠤᠲᠠᠭᠳᠠᠪᠠᠯ | ᠪᠢᠳᠠ ᠲᠡᠭᠦᠨ ᠢ ᠬᠢᠬᠦ︾ ᠰᠤᠷᠭᠠᠭᠤᠯᠢ ᠡᠷᠬᠢᠯᠡᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠡᠯ᠎ᠡ | ᠰᠤᠷᠭᠠᠭᠤᠯᠢ ᠶᠢᠨ ᠪᠦᠬᠦ ᠬᠤᠳᠠ ᠳᠠᠬᠢ ᠪᠠᠶᠢᠷᠢ ᠳᠠᠷᠠᠭᠠᠯᠠᠯ ᠪᠣᠯᠣᠨ ᠲᠦᠪᠰᠢᠨ ᠢ ᠳᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠪᠠᠭᠰᠢ ᠶᠢᠨ ᠶᠣᠰᠣ ᠮᠣᠷᠠᠯ ᠤᠨ ᠬᠥᠮᠦᠵᠢᠯ ᠢ ᠴᠢᠩᠭᠠᠳᠬᠠᠬᠤ ᠶᠢ ᠢᠮᠠᠭᠲᠠ ᠠᠩᠬᠠᠷᠴᠤ᠂ | ᠬᠡᠷᠡᠭ ᠶᠠᠪᠤᠳᠠᠯ ᠲᠣᠬᠢᠶᠠᠯᠳᠤᠭᠰᠠᠳ ᠤᠨ ᠱᠠᠲᠤ ᠠᠯᠤᠰᠯᠠᠨ ᠳᠡᠭᠡᠭᠰᠢ ᠰᠤᠷᠪᠤᠯᠵᠢᠯᠠᠬᠤ ᠵᠡᠷᠭᠡ ᠪᠠᠭᠰᠢ ᠶᠢᠨ ᠶᠣᠰᠣ | ᠮᠣᠷᠠᠯ ᠤᠨ ᠵᠢᠷᠤᠮᠵᠢᠯ ᠢ ᠠᠯᠳᠠᠭᠰᠠᠨ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠰᠤᠷᠤᠭᠴᠢᠳ ᠤᠨ | ᠰᠡᠳᠬᠢᠴᠡ ᠶᠢᠨ ᠬᠥᠮᠦᠵᠢᠯ ᠪᠣᠯᠣᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ | ᠴᠢᠬᠤᠯᠠᠴᠢᠯᠠᠵᠤ᠂ ᠰᠤᠷᠭᠠᠭᠤᠯᠢ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ | ᠰᠤᠷᠭᠠᠨ ᠬᠥᠮᠦᠵᠢᠯ ᠪᠣᠯ ᠬᠥᠮᠥᠨ ᠠᠮᠠ ᠶᠢ ᠲᠠᠲᠠᠬᠤ ᠲᠤᠶᠢᠯ ᠤᠨ ᠴᠢᠬᠤᠯᠠ ᠬᠦᠴᠦᠨ ᠵᠦᠢᠯ ᠮᠥᠨ᠂ ᠪᠢᠨ ᠾᠧ | ᠰᠢᠨ᠎ᠡ ᠲᠣᠭᠤᠷᠢᠭ ᠤᠨ ᠰᠤᠷᠭᠠᠭᠤᠯᠢ ᠨᠤᠭᠤᠳ ᠡᠨᠡ ᠲᠠᠯ᠎ᠠ ᠪᠠᠷ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ | ᠬᠤᠶᠠᠷ ᠲᠤ᠂ ᠪᠢᠨ ᠾᠧ ᠰᠢᠨ᠎ᠡ ᠲᠣᠭᠤᠷᠢᠭ ᠤᠨ ᠬᠥᠭᠵᠢᠯ ᠪᠠᠳᠠᠷᠠᠯ ᠤᠨ ᠬᠡᠮᠵᠢᠶ᠎ᠡ ᠶᠢ ᠨᠡᠮᠡᠭᠳᠡᠭᠦᠯᠦᠨ᠎ᠡ᠃ | ᠬᠢᠵᠢᠭ ᠤᠨ ᠬᠤᠶᠢᠰᠢᠳᠠ ᠶᠢᠨ ᠪᠠᠶᠢᠳᠠᠯ ᠤᠨ ᠴᠠᠭ ᠦᠶ᠎ᠡ ᠳᠤ ᠤᠯᠤᠰ ᠠᠴᠠ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠵᠠᠬ᠎ᠠ ᠳᠡᠯᠭᠡᠭᠦᠷ ᠢ ᠳᠠᠬᠢᠨ ᠠᠮᠢᠯᠠᠭᠤᠯᠬᠤ ᠪᠠ ᠰᠠᠭᠤᠭᠠᠯᠢ ᠠᠷᠠᠳ ᠤᠨ ᠬᠡᠷᠡᠭᠯᠡᠭᠡᠨ ᠤ ᠬᠡᠷᠡᠭᠴᠡᠭᠡ ᠶᠢ | ᠲᠥᠪᠯᠡᠷᠡᠭᠦᠯᠦᠨ ᠭᠠᠷᠭᠠᠬᠤ ᠠᠵᠠ ᠲᠣᠬᠢᠶᠠᠯ ᠢ ᠴᠢᠩᠭ᠎ᠠ ᠠᠳᠬᠤᠵᠤ᠂ ᠪᠥᠬᠦ ᠤᠯᠤᠰ ᠤᠨ ᠡᠮᠦᠨ᠎ᠡ ᠡᠩᠨᠡᠭᠡᠨ ᠳᠤ | ᠵᠢᠭᠰᠠᠭᠠᠭᠳᠠᠭᠰᠠᠨ᠂ ᠪᠣᠳᠠᠲᠤ ᠬᠦᠴᠦᠨ ᠢᠶᠠᠷ ᠴᠢᠩᠭ᠎ᠠ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ | ᠬᠤᠳᠠᠯᠳᠤᠭᠠᠴᠢᠨ ᠢ ᠲᠦᠷᠭᠡᠨ ᠣᠷᠣᠭᠤᠯᠵᠤ ᠠᠪᠴᠢᠷᠠᠬᠤ ᠬᠡᠷᠡᠭᠲᠡᠢ᠃ ᠬᠠᠮᠤᠭ ᠤᠨ ᠪᠣᠳᠠᠲᠠᠢ ᠵᠦᠢᠯ ᠭᠡᠪᠡᠯ᠂ | ᠤᠷᠢᠳ ᠢᠶᠠᠷ ᠨᠢᠭᠡᠨᠲᠡ ᠪᠤᠭᠤᠲᠤ ᠳᠤ ᠣᠷᠣᠵᠤ ᠰᠠᠭᠤᠭᠰᠠᠨ ᠪᠣᠯᠪᠠᠴᠤ ᠮᠠᠨ ᠤ ᠣᠷᠣᠨ ᠤ ᠴᠢᠨᠠᠷ ᠰᠠᠶᠢᠲᠠᠢ | ᠲᠣᠯᠣᠭᠠᠶᠢᠯᠠᠭᠴᠢ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠠᠵᠤ ᠠᠬᠤᠶᠢᠯᠠᠯ ᠠᠴᠠ ᠭᠠᠷᠳᠠᠵᠤ᠂ | ᠵᠢᠯ ᠤᠨ ᠳᠣᠲᠣᠷ᠎ᠠ 3 ᠠᠴᠠ ᠳᠡᠭᠡᠭᠰᠢ ᠪᠡᠯᠡ ᠣᠷᠣᠭᠤᠯᠬᠤ ᠪᠠᠷ ᠴᠢᠷᠮᠠᠶᠢᠵᠤ᠂ ᠮᠠᠨ ᠤ ᠣᠷᠣᠨ ᠤ ᠡᠨᠡ ᠵᠢᠯ ᠤᠨ | ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠵᠢᠱᠢᠯᠲᠡ ᠬᠦᠷᠦᠯᠴᠡᠬᠦ ᠦᠭᠡᠢ ᠪᠠᠶᠢᠬᠤ ᠠᠰᠠᠭᠤᠳᠠᠯ ᠢ | ᠨᠥᠬᠦᠪᠦᠷᠢᠯᠡᠬᠦ ᠪᠠᠷ ᠪᠠᠷᠠᠬᠤ ᠦᠭᠡᠢ ᠪᠠᠰᠠ ᠪᠢᠨ ᠾᠧ ᠰᠢᠨ᠎ᠡ ᠲᠣᠭᠤᠷᠢᠭ ᠤᠨ ᠣᠳᠣᠬᠠᠨ ᠤ ᠬᠥᠭᠵᠢᠯᠲᠡ ᠶᠢᠨ | ᠬᠡᠮᠵᠢᠶ᠎ᠡ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠶᠡᠭᠡ ᠬᠡᠮᠵᠢᠶᠡᠨ ᠤ ᠬᠥᠮᠥᠨ ᠠᠮᠠ᠂ | ᠭᠠᠵᠠᠷ ᠰᠢᠷᠣᠢ ᠶᠢᠨ ᠪᠡᠯᠡ ᠮᠥᠩᠭᠦ ᠶᠢ ᠬᠤᠷᠢᠶᠠᠨ ᠴᠤᠭᠯᠠᠭᠤᠯᠬᠤ ᠦᠢᠯᠡᠳᠦᠯ ᠭᠠᠷᠭᠠᠭᠰᠠᠨ ᠮᠥᠷᠲᠡᠭᠡᠨ ᠪᠠᠰᠠ | ᠠᠮᠢᠳᠤᠷᠠᠯ ᠤᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠬᠤᠳᠠᠯᠳᠤᠭᠠᠨ ᠤ ᠢᠵᠢ ᠪᠦᠷᠢᠳᠦᠭᠦᠯᠦᠯᠲᠡ ᠶᠢ | ᠳᠠᠭᠠᠬᠤ ᠳᠤ ᠬᠦᠷᠦᠭᠰᠡᠨ ᠪᠠᠶᠢᠨ᠎ᠠ᠃ ᠨᠢᠭᠡᠨᠲᠡ ᠭᠠᠵᠠᠷ ᠰᠢᠷᠣᠢ ᠬᠠᠩᠭᠠᠭᠰᠠᠨ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠠᠵᠤ ᠠᠬᠤᠶᠢᠯᠠᠯ ᠢ ᠰᠢᠪᠠᠳᠠᠵᠤ ᠪᠠᠶᠢᠭᠠᠳ ᠲᠦᠷᠭᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ | ᠬᠡᠷᠡᠭᠲᠡᠢ᠃ | ᠭᠤᠷᠪᠠ ᠳᠤ᠂ ᠤᠯᠠᠨ ᠨᠡᠶᠢᠲᠡ ᠶᠢᠨ ᠬᠡᠷᠡᠭᠯᠡᠭᠡᠨ ᠤ ᠠᠬᠤᠢ ᠪᠠᠶᠢᠳᠠᠯ ᠤᠨ ᠬᠡᠷᠡᠭᠴᠡᠭᠡ ᠶᠢ ᠨᠡᠮᠡᠭᠳᠡᠭᠦᠯᠦᠨ᠎ᠡ᠃ | ᠬᠠᠲᠤᠨ ᠭᠤᠣᠯ ᠤᠨ ᠨᠤᠭᠤ ᠭᠠᠵᠠᠷ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ | ᠳᠡᠮᠵᠢᠵᠦ᠂ ᠳᠡᠭᠡᠷ᠎ᠡ ᠬᠠᠭᠠᠰ ᠵᠢᠯ ᠳᠤ ᠠᠵᠢᠯ ᠡᠬᠢᠯᠡᠭᠦᠯᠬᠦ ᠪᠠᠷ ᠴᠢᠷᠮᠠᠶᠢᠵᠤ᠂ ᠬᠠᠷᠢᠶᠠᠲᠤ ᠣᠷᠣᠨ ᠤ ᠬᠠᠲᠤᠨ ᠭᠤᠣᠯ | ᠳᠠᠭᠠᠤ ᠡᠷᠭᠢ ᠶᠢᠨ ᠱᠤᠭᠤᠮ ᠤᠨ ᠣᠷᠴᠢᠨ ᠲᠣᠭᠤᠷᠢᠨ ᠤ ᠡᠮᠬᠢ ᠳᠢᠭᠯᠢᠮ ᠢ ᠴᠡᠭᠴᠡᠯᠡᠨ ᠵᠠᠰᠠᠵᠤ᠂ ᠬᠠᠲᠤᠨ ᠭᠤᠣᠯ | ᠳᠠᠭᠠᠤ ᠦᠵᠡᠮᠵᠢ ᠶᠢ ᠪᠣᠶ ᠪᠣᠯᠭᠠᠨ᠎ᠠ᠃ ᠬᠠᠷᠠᠣᠰᠤ ᠶᠢᠨ ᠤᠰᠤᠨ ᠤ ᠳᠡᠯᠡᠬᠡᠢ ᠶᠢᠨ ᠲᠥᠷᠥᠯ ᠵᠦᠢᠯ ᠢ ᠬᠠᠪᠰᠤᠷᠤᠨ | ᠭᠠᠯ ᠤᠨᠲᠠᠷᠠᠭᠠᠬᠤ ᠵᠡᠷᠭᠡ ᠠᠰᠠᠭᠤᠳᠠᠯ ᠢ ᠰᠢᠢᠳᠪᠦᠷᠢᠯᠡᠵᠦ᠂ ᠳᠡᠭᠡᠷ᠎ᠡ ᠬᠠᠭᠠᠰ ᠵᠢᠯ ᠳᠤ ᠵᠢᠷᠤᠮᠵᠢᠭᠤᠯᠤᠨ | ᠠᠵᠢᠯᠯᠠᠭᠤᠯᠬᠤ ᠪᠠᠷ ᠴᠢᠷᠮᠠᠶᠢᠨ᠎ᠠ᠃ ᠵᠢᠷᠤᠭᠠᠴᠢ ᠶᠢᠨ ᠤᠲᠤᠭ ᠬᠠᠭᠤᠴᠢᠨ ᠲᠣᠰᠬᠤᠨ ᠢ ᠥᠭᠡᠷᠡᠴᠢᠯᠡᠨ ᠪᠠᠶᠢᠭᠤᠯᠬᠤ | ᠲᠥᠰᠥᠯ ᠢ ᠴᠢᠨᠠᠷ ᠰᠠᠶᠢᠲᠠᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠡᠯᠡ ᠮᠥᠩᠭᠦ᠂ ᠰᠣᠶᠣᠯ ᠵᠤᠭᠠᠴᠠᠯ ᠤᠨ ᠪᠡᠯᠡ ᠮᠥᠩᠭᠦ ᠶᠢ ᠴᠢᠷᠮᠠᠶᠢᠨ ᠣᠯᠵᠤ᠂ ᠬᠤᠭᠤᠴᠠᠭ᠎ᠠ ᠪᠦᠯᠦᠭ | ᠬᠤᠪᠢᠶᠠᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠳᠤ | ᠨᠥᠬᠦᠪᠦᠷᠢ ᠥᠭᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠡᠶᠢᠲᠡᠯᠡᠬᠦ ᠶᠢ ᠢᠳᠡᠪᠬᠢᠲᠡᠢ ᠪᠠᠷ ᠵᠣᠬᠢᠴᠠᠭᠤᠯᠵᠤ᠂ | ᠬᠤᠲᠠ ᠶᠢᠨ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠤᠰᠤᠳ ᠬᠡᠷᠡᠭᠯᠡᠭᠡᠨ ᠤ ᠨᠥᠬᠦᠪᠦᠷᠢ ᠶᠢ | ᠢᠳᠡᠪᠬᠢᠲᠡᠢ ᠪᠠᠷ ᠲᠡᠮᠡᠴᠡᠨ ᠣᠯᠵᠤ᠂ ᠬᠡᠷᠡᠭᠯᠡᠭᠡᠨ ᠤ ᠠᠵᠢᠯᠯᠠᠭ᠎ᠠ ᠶᠢ ᠮᠠᠨ ᠤ ᠣᠷᠣᠨ ᠳᠤ ᠥᠷᠨᠢᠭᠦᠯᠦᠨ᠎ᠡ᠃ ᠵᠢᠭᠠᠵᠤ | ᠭᠠᠷᠭᠠᠭᠤᠰᠢᠲᠠᠢ ᠵᠦᠢᠯ ᠭᠡᠪᠡᠯ᠂ ᠮᠠᠨ ᠤ ᠣᠷᠣᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ ᠪᠥᠬᠦ | ᠤᠯᠤᠰ ᠲᠤ ᠨᠡᠷ᠎ᠡ ᠠᠯᠳᠠᠷᠰᠢᠭᠰᠠᠨ ᠵᠢᠵᠢᠭᠯᠡᠨ ᠬᠤᠳᠠᠯᠳᠤᠬᠤ ᠨᠠᠷᠠᠲᠤ ᠲᠥᠷᠥᠯ ᠲᠡᠮᠳᠡᠭᠲᠦ ᠶᠢ ᠣᠷᠣᠭᠤᠯᠤᠨ | ᠠᠪᠴᠢᠷᠠᠵᠤ ᠮᠠᠨ ᠤ ᠣᠷᠣᠨ ᠤ ᠶᠡᠷᠦᠩᠬᠡᠢ ᠬᠡᠯᠲᠦᠰ ᠤᠨ ᠲᠣᠭᠠᠴᠠᠭ᠎ᠠ ᠬᠢᠬᠦ ᠶᠢ ᠴᠢᠬᠤᠯᠠᠴᠢᠯᠠᠬᠤ ᠬᠡᠷᠡᠭᠲᠡᠢ᠃ | ᠳᠥᠷᠪᠡ ᠳᠤ᠂ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠤᠨ᠎ᠠ᠃ | ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠬᠦ ᠳᠤ᠂ ᠤᠷᠢᠳᠴᠢᠯᠠᠨ ᠲᠥᠯᠥᠪᠵᠢᠭᠦᠯᠵᠦ᠂ | ᠢᠳᠡᠪᠬᠢᠲᠡᠢ ᠪᠠᠷ ᠵᠣᠬᠢᠴᠠᠭᠤᠯᠵᠤ ᠪᠠᠶᠢᠭᠠᠳ ᠮᠠᠨ ᠤ ᠣᠷᠣᠨ ᠤ ᠨᠡᠩ ᠤᠯᠠᠨ ᠬᠤᠳᠠ ᠶᠢᠨ ᠳᠤᠲᠠᠭᠤᠳᠠᠯ᠂ | ᠣᠨᠴᠠᠭᠠᠶᠢᠯᠠᠨ ᠪᠢᠨ ᠾᠧ ᠰᠢᠨ᠎ᠡ ᠲᠣᠭᠤᠷᠢᠭ ᠤᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠬᠤᠳᠠ ᠶᠢᠨ ᠲᠡᠰ ᠤᠨ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠡᠪᠴᠢᠶᠡᠨ ᠳᠤ | ᠣᠷᠣᠭᠤᠯᠬᠤ ᠬᠡᠷᠡᠭᠲᠡᠢ᠂ ᠡᠨᠡ ᠲᠠᠯ᠎ᠠ ᠪᠠᠷ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠲᠥᠪ ᠠᠴᠠ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ ᠳᠡᠮᠵᠢᠬᠦ ᠲᠤᠶᠢᠯ ᠤᠨ ᠰᠠᠶᠢᠨ ᠠᠵᠠ | ᠲᠣᠬᠢᠶᠠᠯ ᠢ ᠴᠢᠩᠭ᠎ᠠ ᠠᠳᠬᠤᠵᠤ᠂ ᠶᠡᠭᠡ ᠬᠦᠴᠦ ᠣᠷᠣᠭᠤᠯᠵᠤ ᠪᠠᠶᠢᠭᠠᠳ ᠪᠡᠯᠡ ᠮᠥᠩᠭᠦ ᠣᠯᠵᠤ᠂ ᠳᠡᠭᠡᠳᠦ ᠰᠢᠨ᠎ᠡ | ᠴᠡᠴᠡᠷᠯᠢᠭ᠂ ᠮᠢᠩ ᠶᠠᠩ ᠦᠵᠡᠮᠵᠢ ᠶᠢᠨ ᠬᠦᠷᠢᠶᠡᠯᠡᠩ᠂ ᠰᠢᠶᠠᠩ ᠾᠧ ᠶᠤᠸᠠᠨ᠂ ᠰᠢᠩ ᠹᠦ᠋ ᠵᠢᠶᠠ ᠶᠤᠸᠠᠨ ᠵᠡᠷᠭᠡ 4 | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠬᠡᠷᠡᠭᠲᠡᠢ᠃ ᠪᠥᠬᠦ ᠤᠯᠤᠰ ᠤᠨ | ᠪᠣᠯᠪᠠᠰᠤᠨ ᠬᠤᠲᠠ᠂ ᠪᠥᠬᠦ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠵᠤ ᠴᠡᠭᠴᠡᠯᠡᠨ | ᠰᠠᠶᠢᠵᠢᠷᠠᠭᠤᠯᠵᠤ ᠳᠡᠭᠡᠭᠰᠢᠯᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠳᠤᠲᠠᠭᠳᠠᠯ ᠲᠠᠢ ᠲᠠᠯ᠎ᠠ ᠶᠢ ᠨᠢ | ᠬᠠᠨᠳᠤᠯᠭᠠᠲᠤ ᠴᠢᠨᠠᠷᠲᠠᠢ ᠪᠠᠷ ᠪᠠᠶᠢᠴᠠᠭᠠᠨ ᠨᠥᠬᠦᠪᠦᠷᠢᠯᠡᠵᠦ᠂ ᠲᠥᠷᠥᠯ ᠵᠦᠢᠯ ᠢᠶᠠᠨ ᠠᠯᠳᠠᠬᠤ ᠦᠭᠡᠢ᠂ ᠬᠤᠪᠢ ᠪᠠᠨ | ᠠᠯᠳᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ | ᠲᠠᠪᠤ ᠳᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠦᠨᠡᠨ ᠬᠦ ᠴᠢᠩᠭᠠᠳᠬᠠᠨ᠎ᠠ᠃ ᠪᠠᠯᠭᠠᠰᠤ ᠵᠡᠭᠡᠯᠢ | ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ | ᠵᠦᠢᠯᠡᠰ ᠤᠨ ᠨᠠᠷᠢᠨ ᠬᠠᠭᠤᠳᠠᠰᠤ ᠶᠢ ᠲᠣᠳᠣᠷᠬᠠᠶᠢᠯᠠᠵᠤ᠂ ᠨᠡᠭᠡᠭᠡᠯᠲᠡ ᠶᠢᠨ ᠲᠣᠭᠤᠷᠢᠭ ᠤᠨ ᠪᠠᠯᠭᠠᠰᠤ ᠵᠡᠭᠡᠯᠢ ᠶᠢ | ᠣᠷᠣᠯᠠᠨ ᠬᠠᠮᠢᠶᠠᠷᠬᠤ ᠰᠢᠨ᠎ᠡ ᠵᠠᠭᠪᠤᠷ ᠲᠤ ᠰᠢᠨ᠎ᠡ ᠶᠢ ᠡᠭᠦᠳᠦᠨ᠎ᠡ᠃ ᠣᠷᠣᠨ ᠬᠤᠪᠢᠶᠠᠷᠢᠯᠠᠯ ᠤᠨ ᠲᠦᠷᠦ ᠶᠢᠨ | ᠪᠣᠳᠣᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠳᠡᠭᠡᠳᠦ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢ | ᠢᠳᠡᠪᠬᠢᠲᠡᠢ ᠪᠠᠷ ᠵᠣᠬᠢᠴᠠᠭᠤᠯᠵᠤ ᠪᠠᠶᠢᠭᠠᠳ ᠬᠡᠰᠡᠭ ᠵᠡᠭᠡᠯᠢ ᠭᠤᠳᠤᠮᠵᠢ ᠶᠢᠨ ᠬᠠᠮᠢᠶᠠᠷᠤᠯᠲᠠ ᠶᠢᠨ ᠬᠡᠪᠴᠢᠶ᠎ᠡ | ᠬᠡᠲᠦᠷᠬᠡᠢ ᠥᠷᠭᠡᠨ ᠪᠠᠶᠢᠬᠤ ᠪᠠ ᠨᠢᠰᠦᠮᠡᠯ ᠭᠠᠵᠠᠷ ᠤᠨ ᠠᠰᠠᠭᠤᠳᠠᠯ ᠢ ᠬᠠᠪᠰᠤᠷᠤᠨ ᠰᠢᠢᠳᠪᠦᠷᠢᠯᠡᠨ᠎ᠡ᠃ ᠨᠡᠶᠢᠭᠡᠮ | ᠲᠣᠭᠤᠷᠢᠭ ᠤᠨ ᠳᠠᠷᠤᠭᠠᠰᠤ ᠶᠢ ᠬᠥᠩᠭᠡᠯᠡᠨ ᠴᠢᠳᠠᠪᠤᠷᠢ ᠣᠯᠭᠤᠵᠤ᠂ ᠨᠡᠶᠢᠭᠡᠮ ᠲᠣᠭᠤᠷᠢᠭ ᠤᠨ ᠡᠭᠦᠷᠭᠡ ᠴᠢᠳᠠᠪᠬᠢ ᠶᠢ | ᠰᠠᠭᠤᠭᠠᠯᠢ ᠠᠷᠠᠳ ᠲᠤ ᠦᠢᠯᠡᠴᠢᠯᠡᠬᠦ ᠳᠤ ᠪᠤᠴᠠᠭᠠᠵᠤ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠤ | ᠴᠠᠯᠢᠩ ᠬᠥᠯᠥᠰᠦᠨ ᠤ ᠦᠷ᠎ᠡ ᠪᠦᠲᠦᠮᠵᠢ ᠶᠢ ᠬᠥᠮᠥᠨ ᠠᠮᠠ ᠶᠢᠨ ᠬᠠᠮᠢᠶᠠᠷᠤᠯᠲᠠ ᠶᠢᠨ ᠡᠷᠦᠬᠡ ᠶᠢᠨ ᠲᠤᠭ᠎ᠠ ᠲᠠᠢ | ᠬᠤᠯᠪᠣᠨ᠎ᠠ᠃ ᠬᠥᠳᠡᠭᠡ ᠲᠣᠰᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ᠂ ᠬᠥᠳᠡᠭᠡ ᠲᠣᠰᠬᠤᠨ ᠤ | ᠳᠤᠷ᠎ᠠ ᠪᠠᠷ ᠢᠶᠠᠨ ᠪᠠᠶᠢᠭᠤᠯᠬᠤ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠬᠦ᠂ ᠬᠠᠤᠯᠢ ᠶᠢ ᠵᠥᠷᠢᠴᠡᠨ ᠲᠣᠯᠪᠤ ᠶᠢ | ᠬᠥᠭᠡᠭᠡᠴᠡᠯᠳᠦᠬᠦ ᠠᠰᠠᠭᠤᠳᠠᠯ ᠢ ᠡᠷᠡᠰ ᠬᠠᠮᠢᠶᠠᠷᠤᠨ ᠡᠵᠡᠮᠳᠡᠨ᠎ᠡ᠃ ᠶᠠᠷᠢᠶ᠎ᠠ ᠬᠡᠯᠡᠯᠴᠡᠭᠡᠨ ᠤ ᠦᠢᠯᠡᠳᠦᠯ ᠢ ᠪᠠᠳᠠᠷᠠᠭᠤᠯᠤᠨ | ᠬᠥᠳᠡᠭᠡ ᠲᠣᠰᠬᠤᠨ ᠢ ᠵᠠᠰᠠᠬᠤ ᠳᠠᠭᠠᠨ ᠴᠢᠳᠠᠮᠠᠭᠠᠢ ᠪᠠᠶᠢᠵᠤ᠂ ᠨᠠᠮ ᠤᠨ ᠬᠥᠳᠡᠭᠡ ᠲᠣᠰᠬᠤᠨ ᠳᠠᠬᠢ ᠠᠷᠠᠳ ᠲᠤ | ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠲᠤᠤᠱᠲᠠᠢ ᠨᠠᠶᠢᠳᠠᠪᠤᠷᠢᠵᠢᠭᠤᠯᠬᠤ ᠪᠠᠷ ᠪᠠᠷᠠᠬᠤ ᠦᠭᠡᠢ ᠪᠠᠰᠠ | ᠨᠠᠮ ᠤᠨ ᠬᠥᠳᠡᠭᠡ ᠲᠣᠰᠬᠤᠨ ᠳᠠᠬᠢ ᠵᠠᠰᠠᠯᠲᠠ ᠶᠢᠨ ᠱᠠᠭᠠᠷᠳᠠᠯᠭ᠎ᠠ ᠶᠢ ᠲᠤᠤᠱᠲᠠᠢ ᠤᠬᠠᠭᠤᠯᠤᠨ ᠬᠡᠷᠡᠭᠵᠢᠭᠦᠯᠬᠦ | ᠬᠡᠷᠡᠭᠲᠡᠢ᠃ ᠰᠢᠨ᠎ᠡ ᠲᠢᠲᠢᠮ ᠤᠨ ᠸᠢᠷᠦ᠋ᠰ ᠤᠨ ᠬᠠᠯᠳᠠᠪᠤᠷᠢᠯᠠᠯ ᠤᠨ ︽ᠬᠥᠬᠡᠭᠴᠢᠨ ᠲᠥᠷᠥᠯ ᠤᠨ ᠬᠥᠬᠡᠭᠴᠢᠨ | ᠬᠠᠮᠢᠶᠠᠷᠤᠯᠲᠠ︾ ᠶᠢᠨ ᠶᠡᠷᠦᠩᠬᠡᠢ ᠲᠥᠰᠥᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠶᠢᠰᠢᠳᠠ ᠶᠢᠨ ᠬᠢᠵᠢᠭ ᠤᠨ | ᠪᠠᠶᠢᠳᠠᠯ ᠤᠨ ᠴᠠᠭ ᠦᠶ᠎ᠡ ᠶᠢᠨ ᠠᠵᠠ ᠲᠣᠬᠢᠶᠠᠯ ᠢ ᠴᠢᠩᠭ᠎ᠠ ᠠᠳᠬᠤᠨ ᠦᠨᠳᠦᠰᠦᠨ ᠱᠠᠲᠤᠨ ᠤ ᠬᠢᠵᠢᠭ ᠢ | ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠪᠡᠯᠡ ᠮᠥᠩᠭᠦ ᠶᠢ ᠴᠢᠩᠭᠠᠳᠬᠠᠬᠤ ᠪᠠᠷ ᠢᠳᠡᠪᠬᠢᠯᠡᠨ ᠴᠢᠷᠮᠠᠶᠢᠵᠤ᠂ | ᠬᠠᠷᠢᠶ᠎ᠠ ᠣᠷᠣᠨ ᠤ ᠡᠮᠴᠢᠯᠡᠭᠡᠨ ᠤ ᠬᠢᠷᠢ ᠬᠡᠮᠵᠢᠶ᠎ᠡ ᠶᠢ ᠰᠠᠶᠢᠵᠢᠷᠠᠭᠤᠯᠤᠨ᠎ᠠ᠃ ᠪᠠᠷᠢᠯᠭ᠎ᠠ ᠶᠢᠨ ᠦᠢᠯᠡᠰ᠂ ᠲᠡᠮᠦᠷᠯᠢᠭ | ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠢ ᠴᠢᠩᠭ᠎ᠠ ᠠᠩᠬᠠᠷᠴᠤ᠂ | ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠰᠠᠶᠢᠲᠤᠷ ᠠᠳᠬᠤᠨ᠎ᠠ᠃ ᠳᠡᠭᠡᠳᠦ | ᠱᠠᠲᠤᠨ ᠤ ᠤᠳᠤᠷᠢᠳᠤᠯᠭ᠎ᠠ ᠶᠢᠨ ᠤᠩᠰᠢᠨ ᠴᠣᠬᠤᠯᠠᠪᠤᠷᠢᠯᠠᠵᠤ ᠲᠤᠰᠢᠶᠠᠭᠰᠠᠨ ᠣᠯᠠᠨ ᠲᠦᠮᠡᠨ ᠤ ᠵᠠᠬᠢᠳᠠᠯ | ᠰᠣᠷᠪᠤᠯᠵᠢᠯᠠᠭ᠎ᠠ ᠶᠢᠨ ᠤᠴᠢᠷ ᠶᠠᠪᠤᠳᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠭᠦᠰᠴᠦ ᠮᠡᠳᠡᠬᠦ ᠬᠠᠮᠲᠤᠯᠢᠭ ᠤᠨ | ᠱᠠᠲᠤ ᠠᠯᠤᠰᠯᠠᠨ ᠳᠡᠭᠡᠭᠰᠢ ᠰᠤᠷᠪᠤᠯᠵᠢᠯᠠᠬᠤ ᠬᠡᠷᠡᠭ ᠢ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠵᠦ | ᠰᠢᠢᠳᠪᠦᠷᠢᠯᠡᠨ᠎ᠡ᠃12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | ᠬᠠᠯᠠᠮᠰᠢᠯ ᠤᠲᠠᠰᠤ ᠶᠢ ᠭᠦᠢᠴᠡᠳᠬᠡᠬᠦ ᠠᠵᠢᠯᠲᠠᠨ ᠤ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ︽ | ᠭᠤᠷᠪᠠᠨ ᠨᠣᠷᠮ᠎ᠠ︾ ᠶᠢ 10 ᠬᠤᠰᠢᠭᠤ ᠰᠢᠶᠠᠨ ᠲᠣᠭᠤᠷᠢᠭ ᠤᠨ ᠡᠮᠦᠨ᠎ᠡ ᠡᠩᠨᠡᠭᠡᠨ ᠳᠤ ᠪᠠᠶᠢᠯᠭᠠᠬᠤ ᠶᠢ ᠪᠠᠲᠤᠯᠠᠪᠠ᠃ | | ︵ᠲᠤᠯᠤᠭ᠎ᠠ︶ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠵᠥᠷᠢᠴᠡᠯ ᠠᠶᠤᠯ ᠲᠦᠭᠰᠢᠭᠦᠷᠢ ᠶᠢᠨ | ᠲᠠᠯᠳᠠ ᠭᠡᠮ ᠢ ᠡᠮᠬᠢ ᠵᠢᠷᠤᠮ ᠲᠠᠢ ᠪᠠᠷ ᠠᠷᠢᠯᠭᠠᠨ᠎ᠠ | ᠨᠢᠭᠡ ᠳᠤ᠂ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠶ ᠪᠠᠷ ᠠᠮᠢᠳᠤᠯᠢᠭ ᠪᠣᠯᠭᠠᠨ᠎ᠠ᠃ ᠠᠷᠠᠯᠵᠢᠶᠠᠴᠢᠨ | ᠤᠷᠢᠵᠤ ᠪᠡᠯᠡ ᠣᠷᠣᠭᠤᠯᠬᠤ ᠶᠢᠨ ︽ᠳᠤᠲᠠᠭᠤ ᠳᠣᠷᠭᠤᠨ ᠵᠦᠢᠯᠡᠰ︾ ᠢ ᠢᠳᠡᠪᠬᠢᠲᠡᠢ ᠰᠢᠢᠳᠪᠦᠷᠢᠯᠡᠵᠦ᠂ ᠭᠠᠵᠠᠷ | ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠂ ᠬᠥᠭᠵᠢᠯᠲᠡ ᠶᠢᠨ | ᠣᠷᠣᠨ ᠵᠠᠢ ᠶᠢ ︽ᠰᠢᠬᠠᠵᠤ︾ ᠭᠠᠷᠭᠠᠨ᠎ᠠ᠃ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠦᠭᠡᠢ᠂ ᠬᠠᠩᠭᠠᠭᠰᠠᠨ | ᠪᠠᠶᠢᠲᠠᠯ᠎ᠠ ᠬᠡᠷᠡᠭᠯᠡᠭᠰᠡᠨ ᠦᠭᠡᠢ᠂ ᠬᠡᠷᠡᠭᠯᠡᠭᠰᠡᠨ ᠪᠠᠶᠢᠲᠠᠯ᠎ᠠ ᠬᠠᠷᠢᠭᠤᠴᠠᠭᠰᠠᠨ ᠦᠭᠡᠢ᠂ ᠪᠠᠶᠢᠭᠤᠯᠤᠭᠰᠠᠨ ᠪᠠᠶᠢᠲᠠᠯ᠎ᠠ | ᠪᠡᠯᠡ ᠣᠷᠣᠭᠤᠯᠤᠭᠰᠠᠨ ᠦᠭᠡᠢ᠂ ᠬᠠᠩᠭᠠᠭᠰᠠᠨ ᠦᠭᠡᠢ ᠪᠠᠷ ᠳᠠᠷᠤᠶᠢᠬᠠᠨ ᠬᠡᠷᠡᠭᠯᠡᠭᠰᠡᠨ ᠵᠡᠷᠭᠡ ᠭᠠᠵᠠᠷ ᠰᠢᠷᠣᠢ ᠶᠢ | ᠰᠤᠯᠠ ᠲᠠᠯᠪᠢᠵᠤ ᠪᠠᠶᠢᠭ᠎ᠠ ᠪᠠᠶᠢᠳᠠᠯ ᠢ ᠰᠢᠰᠲ᠋ᠧᠮ ᠲᠠᠢ ᠡᠮᠬᠢᠯᠡᠨ ᠳᠢᠭᠯᠡᠵᠦ᠂ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠢ ᠰᠤᠳᠤᠯᠬᠤ ᠪᠠ ᠲᠡᠮᠡᠴᠡᠨ ᠣᠯᠬᠤ ᠶᠢ ᠴᠢᠩᠭᠠᠳᠬᠠᠨ᠂ ᠲᠡᠦᠬᠡ ᠶᠢ ᠬᠦᠨᠳᠦᠳᠬᠡᠬᠦ ᠵᠠᠷᠴᠢᠮ ᠢ | ᠪᠠᠷᠢᠮᠲᠠᠯᠠᠵᠤ᠂ ᠴᠢᠩᠭ᠎ᠠ ᠵᠢᠷᠤᠮᠵᠢᠭᠤᠯᠤᠨ ᠠᠵᠢᠯᠯᠠᠭᠤᠯᠵᠤ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠭᠠᠶᠢᠯᠢ | ᠲᠠᠲᠠᠪᠤᠷᠢ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠵᠥᠪᠳᠡᠯᠴᠡᠬᠦ᠂ ᠬᠠᠮᠲᠤᠷᠠᠯᠴᠠᠬᠤ᠂ ᠵᠠᠷᠭᠤᠯᠳᠤᠬᠤ | ᠵᠡᠷᠭᠡ ᠲᠠᠰ ᠳᠠᠷᠠᠭᠠᠯᠠᠯ ᠢ ᠬᠡᠷᠡᠭᠯᠡᠨ᠂ ᠲᠥᠷᠥᠯ ᠬᠤᠪᠢᠶᠠᠨ ᠰᠢᠢᠳᠪᠦᠷᠢᠯᠡᠨ᠎ᠡ᠃ ᠠᠷᠠᠳ ᠤᠨ ᠳᠤᠮᠳᠠᠬᠢ ᠭᠠᠵᠠᠷ | ᠰᠢᠷᠣᠢ ᠶᠢ ᠠᠮᠢᠯᠠᠭᠤᠯᠬᠤ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠬᠤ ᠳᠤ᠂ ᠡᠷᠭᠢᠯᠡᠨ ᠬᠠᠮᠢᠶᠠᠷᠬᠤ ᠰᠠᠯᠠᠭ᠎ᠠ | ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠵᠠᠭᠤᠴᠢ ᠬᠤᠯᠪᠣᠭᠠᠰᠤ ᠪᠣᠯᠬᠤ ᠬᠡᠷᠡᠭᠲᠡᠢ᠂ ᠦᠵᠡᠮᠡᠭᠴᠡ ᠠᠶᠤᠵᠤ | ᠡᠮᠢᠶᠡᠵᠦ ᠪᠣᠯᠬᠤ ᠦᠭᠡᠢ᠂ ᠣᠶᠢᠷᠠᠳᠬᠤ ᠵᠣᠷᠢᠭ ᠦᠭᠡᠢ᠂ ᠬᠠᠯᠳᠠᠬᠤ ᠠᠴᠠ ᠯᠠ ᠠᠶᠤᠵᠤ ᠪᠣᠯᠬᠤ ᠦᠭᠡᠢ᠃ᠪᠥᠬᠦ | ᠵᠢᠯ ᠳᠤ 1000 ᠮᠦ ᠠᠴᠠ ᠳᠣᠣᠷ᠎ᠠ ᠭᠠᠵᠠᠷ ᠰᠢᠷᠣᠢ ᠶᠢ ᠠᠮᠢᠳᠤᠯᠢᠭ ᠪᠣᠯᠭᠠᠨ᠎ᠠ᠃ | ᠬᠤᠶᠠᠷ ᠲᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠢ ᠰᠢᠢᠳᠪᠦᠷᠢᠯᠡᠨ᠎ᠡ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠮᠳᠠᠭᠤᠯᠤᠨ ᠰᠢᠢᠳᠪᠦᠷᠢᠯᠡᠭᠦᠯᠬᠦ | ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠥᠯ ᠪᠥᠮᠪᠦᠭᠡ ᠶᠢᠨ ᠣᠷᠳᠣᠨ ᠤ ᠭᠠᠵᠠᠷ ᠰᠢᠷᠣᠢ ᠶᠢᠨ | ᠳᠠᠭᠠᠭᠠᠴᠢᠯᠠᠯᠲᠠ ᠵᠠᠷᠯᠠᠬᠤ ᠪᠠ ᠫᠠᠶᠢᠰᠠ ᠡᠯᠭᠦᠬᠦ ᠶᠢ ᠲᠦᠷᠭᠡᠳᠬᠡᠨ᠂ ᠬᠥᠯ ᠪᠥᠮᠪᠦᠭᠡ ᠶᠢᠨ ᠴᠡᠴᠡᠷᠯᠢᠭ ᠤᠨ ᠲᠥᠷᠥᠯ | ᠵᠦᠢᠯ ᠢ ᠪᠠᠭᠠᠰᠬᠠᠬᠤ ᠲᠥᠰᠥᠪ ᠢ ᠦᠷᠭᠦᠯᠵᠢᠯᠡᠨ ᠪᠠᠶᠢᠭᠤᠯᠬᠤ ᠶᠢ ᠲᠦᠷᠭᠡᠳᠬᠡᠨ᠎ᠡ᠃ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠨᠡᠶᠢᠭᠡᠮ ᠤᠨ ᠲᠥᠷᠥᠯ ᠤᠨ ᠪᠡᠯᠡ | ᠣᠷᠣᠭᠤᠯᠤᠯᠲᠠ ᠶᠢᠨ ︽ᠬᠠᠭᠠᠰ ᠳᠤᠲᠠᠭᠤ︾ ᠢᠨᠵᠧᠨᠧᠷᠢᠩ ᠢ ᠶᠡᠭᠡ ᠪᠠᠷ ᠡᠬᠢᠯᠡᠭᠦᠯᠬᠦ ᠠᠵᠢᠯᠯᠠᠭ᠎ᠠ ᠶᠢ ᠢᠳᠡᠪᠬᠢᠲᠡᠢ | ᠥᠷᠨᠢᠭᠦᠯᠦᠨ᠎ᠡ᠃ ᠣᠶᠢᠷ᠎ᠠ ᠶᠢᠨ ᠵᠢᠯ ᠤᠨ ᠲᠤᠷᠰᠢᠬᠢ ᠭᠠᠵᠠᠷ ᠰᠢᠷᠣᠢ ᠶᠢ ᠨᠤᠷᠠᠭᠠᠵᠤ ᠨᠡᠭᠦᠯᠭᠡᠬᠦ ᠶᠠᠪᠤᠴᠠ ᠳᠠᠬᠢ | ᠦᠯᠡᠳᠡᠭᠳᠡᠯ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠨ ᠳᠢᠭᠯᠡᠵᠦ᠂ ᠨᠢᠭᠡᠳ ᠨᠢᠭᠡ ᠪᠠᠷ ᠰᠤᠳᠤᠯᠤᠨ᠂ ᠵᠦᠢᠯ | ᠳᠠᠷᠠᠭᠠᠯᠠᠨ ᠪᠣᠭᠤᠮᠲᠠ ᠰᠢᠪᠲᠤᠯᠵᠤ᠂ ᠠᠯᠬᠤᠮ ᠠᠯᠬᠤᠮ ᠢᠶᠠᠷ ᠡᠪᠳᠡᠵᠦ᠂ ᠬᠡᠰᠡᠭ ᠬᠡᠰᠡᠭ ᠢᠶᠠᠷ ︽ᠲᠡᠭ ᠪᠣᠯᠭᠠᠬᠤ︾ | ᠬᠡᠷᠡᠭᠲᠡᠢ᠃ ᠨᠢᠭᠡᠨᠲᠡ ᠨᠤᠷᠠᠭᠠᠵᠤ ᠨᠡᠭᠦᠯᠭᠡᠵᠦ ᠳᠠᠭᠤᠰᠤᠭᠰᠠᠨ ᠲᠥᠷᠥᠯ ᠵᠦᠢᠯ ᠤᠨ ᠡᠳ᠋ ᠤᠨ ᠶᠠᠪᠤᠳᠠᠯ ᠢ | ᠰᠢᠢᠳᠪᠦᠷᠢᠯᠡᠬᠦ᠂ ᠠᠵᠢᠯᠲᠠᠨ ᠢ ᠴᠡᠷᠢᠭ ᠠᠩᠭᠢ ᠳᠤᠨᠢ ᠪᠤᠴᠠᠭᠠᠬᠤ᠂ ᠭᠠᠵᠠᠷ ᠰᠢᠷᠣᠢ ᠶᠢ ᠲᠤᠰᠢᠶᠠᠬᠤ ᠪᠠ ᠭᠥᠯᠢᠶᠡᠨ | ᠠᠪᠬᠤ ᠵᠡᠷᠭᠡ ᠰᠡᠭᠦᠯ ᠤᠨ ᠠᠵᠢᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠠᠲᠠᠪᠤᠷᠢᠯᠠᠨ ᠨᠤᠷᠠᠭᠠᠬᠤ | ᠲᠦᠭᠰᠢᠭᠦᠷᠢ ᠶᠢᠨ ᠵᠥᠷᠢᠴᠡᠯ ᠤᠨ ᠳᠠᠯᠳᠠ ᠬᠡᠮ ᠢ ᠴᠢᠷᠮᠠᠶᠢᠨ ᠰᠡᠷᠭᠡᠶᠢᠯᠡᠬᠦ ᠪᠠ ᠠᠷᠢᠯᠭᠠᠬᠤ ᠬᠡᠷᠡᠭᠲᠡᠢ᠃ ᠭᠡᠷ ᠪᠠᠶᠢᠰᠢᠩ | ᠭᠠᠵᠠᠷ ᠰᠢᠷᠣᠢ ᠶᠢᠨ ᠬᠥᠷᠥᠩᠭᠡ ᠶᠢᠨ ᠲᠥᠷᠥᠯ ᠵᠦᠢᠯ ᠤᠨ ᠦᠯᠡᠳᠡᠭᠳᠡᠯ ᠠᠰᠠᠭᠤᠳᠠᠯ ᠢ ᠳᠡᠭᠡᠳᠦ ᠬᠡᠮᠵᠢᠶ᠎ᠡ ᠪᠠᠷ | ᠠᠩᠬᠠᠷᠴᠤ᠂ ᠰᠢᠨ᠎ᠡ ᠪᠠᠷ ᠪᠠᠶᠢᠭᠤᠯᠤᠭᠰᠠᠨ ᠲᠠᠸᠠᠷ ᠤᠨ ᠭᠡᠷ ᠪᠠᠶᠢᠰᠢᠩ ᠤᠨ ︽ᠭᠡᠷ ᠪᠠᠶᠢᠰᠢᠩ ᠲᠤᠰᠢᠶᠠᠪᠠᠯ ᠳᠠᠷᠤᠢ | ᠦᠨᠡᠮᠯᠡᠯ ᠲᠤᠰᠢᠶᠠᠬᠤ︾ ᠶᠢ ᠴᠢᠩᠭ᠎ᠠ ᠬᠢᠨᠠᠨ ᠬᠠᠮᠢᠶᠠᠷᠤᠨ᠎ᠠ᠃ | ᠭᠤᠷᠪᠠ ᠳᠤ᠂ ᠣᠷᠴᠢᠨ ᠠᠬᠤᠢ ᠶᠢ ᠪᠣᠬᠢᠷᠲᠤᠭᠤᠯᠬᠤ ᠳᠠᠯᠳᠠ ᠭᠡᠮ ᠢ ᠠᠷᠢᠯᠭᠠᠨ᠎ᠠ᠃ ᠲᠥᠪ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ | ᠠᠳᠬᠤᠵᠤ᠂ ᠴᠢᠨᠳᠠᠭᠠᠨ ᠴᠠᠭᠠᠨ ᠤ ᠭᠤᠣᠯ ᠤᠨ ᠬᠠᠲᠤᠨ ᠭᠤᠣᠯ ᠤᠷᠤᠭᠤ ᠴᠢᠳᠬᠤᠬᠤ ᠤᠰᠤᠨ ᠤ ᠴᠢᠨᠠᠷ ᠢ | ᠬᠦᠴᠦᠯᠡᠨ ᠰᠠᠶᠢᠵᠢᠷᠠᠭᠤᠯᠵᠤ᠂ ᠴᠢᠨᠳᠠᠭᠠᠨ ᠴᠠᠭᠠᠨ ᠤ ᠭᠤᠣᠯ ᠤᠨ ᠳᠣᠣᠷᠠᠳᠤ ᠤᠷᠤᠰᠬᠠᠯ ᠤᠨ ᠵᠠᠰᠠᠯᠲᠠ ᠶᠢᠨ | ᠲᠦᠷᠦᠯ ᠵᠦᠢᠯ ᠢ ᠲᠦᠷᠭᠡᠨ ᠨᠤᠲᠠᠯᠠᠵᠤ᠂ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠢ ᠣᠯᠵᠤ᠂ ᠭᠤᠣᠯ ᠤᠨ | ᠵᠠᠮ ᠤᠨ ᠵᠠᠰᠠᠯᠲᠠ ᠶᠢ ᠣᠨᠣᠪᠴᠢᠲᠠᠢ ᠬᠡᠷᠡᠭᠵᠢᠭᠦᠯᠵᠦ᠂ ᠳᠡᠭᠡᠳᠦ ᠤᠷᠤᠰᠬᠠᠯ ᠤᠨ ᠪᠣᠷᠣᠭᠠᠨ ᠤ ᠪᠣᠬᠢᠷᠲᠤᠯ ᠤᠨ ᠪᠢᠯᠬᠠᠨ | ᠤᠷᠤᠰᠬᠤ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠬᠦ ᠠᠴᠠ ᠡᠮᠦᠨ᠎ᠡ᠂ ᠣᠭᠲᠣᠯᠣᠭᠠᠰᠤ ᠶᠢᠨ ᠤᠰᠤᠨ ᠤ ᠴᠢᠨᠠᠷ ᠢ | ᠴᠢᠳᠠᠬᠤ ᠶᠢᠨ ᠬᠢᠷᠢ ᠪᠠᠷ ᠰᠠᠶᠢᠵᠢᠷᠠᠭᠤᠯᠵᠤ᠂ ᠪᠦᠬᠦ ᠵᠢᠯ ᠳᠤ ᠪᠠᠷᠢᠮᠵᠢᠶ᠎ᠠ ᠠᠴᠠ ᠬᠡᠲᠦᠷᠡᠬᠦ ᠦᠭᠡᠢ ᠪᠠᠶᠢᠬᠤ ᠶᠢ | ᠪᠠᠲᠤᠯᠠᠬᠤ ᠪᠣᠯ ᠡᠨᠡ ᠵᠢᠯ ᠤᠨ ᠨᠢᠭᠡᠨ ᠬᠠᠲᠠᠭᠤ ᠡᠭᠦᠷᠭᠡ ᠪᠣᠯᠣᠨ᠎ᠠ᠃ ᠠᠵᠤ ᠦᠢᠯᠡᠳᠪᠦᠷᠢ ᠶᠢᠨ ᠪᠣᠬᠢᠷ ᠤᠰᠤ ᠶᠢ | ᠡᠷᠭᠢᠯᠳᠦᠭᠦᠯᠦᠨ ᠳᠠᠬᠢᠨ ᠠᠰᠢᠭᠯᠠᠬᠤ ᠶᠢ ᠭᠦᠨᠵᠡᠭᠡᠢ ᠠᠬᠢᠭᠤᠯᠵᠤ᠂ ᠡᠯ᠎ᠡ ᠭᠠᠷᠠᠮ ᠤᠨ ᠪᠡᠯᠡ ᠮᠥᠩᠭᠦ ᠶᠢ ᠨᠢᠭᠡᠳᠦᠯᠲᠡᠢ | ᠲᠥᠯᠥᠪᠯᠡᠨ ᠣᠯᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠣᠰᠣᠭᠠᠷ ᠪᠢᠨ ᠾᠧ ᠰᠢᠨ᠎ᠡ ᠲᠣᠭᠤᠷᠢᠭ ᠤᠨ | ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠲᠦᠷᠭᠡᠳᠬᠡᠨ ᠪᠠᠶᠢᠭᠤᠯᠤᠨ᠎ᠠ᠃ᠠᠵᠤ | ᠦᠢᠯᠡᠳᠪᠦᠷᠢ ᠶᠢᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ | ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ ᠤᠰᠤ ᠬᠡᠷᠡᠭᠯᠡᠬᠦ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 3% ᠡᠴᠡᠠᠷᠢᠭᠤᠨ ᠴᠡᠪᠡᠷ ᠢᠶᠠᠷ ᠳᠤᠯᠠᠭᠠᠯᠠᠬᠤ ᠥᠭᠡᠷᠡᠴᠢᠯᠡᠯᠲᠡ ᠶᠢᠨ ᠡᠭᠦᠷᠭᠡ ᠶᠢ | ᠪᠦᠬᠦᠨ ᠢ ᠪᠡᠶᠡᠯᠡᠭᠦᠯᠵᠦ᠂ ᠰᠢᠷ᠎ᠠ ᠰᠢᠷᠣᠢ ᠶᠢᠨ ᠢᠯᠡ ᠭᠠᠷᠬᠤ ᠶᠢ ᠴᠢᠩᠭ᠎ᠠ ᠬᠠᠮᠢᠶᠠᠷᠴᠤ᠂ ᠪᠠᠷᠢᠯᠭ᠎ᠠ ᠶᠢᠨ ᠭᠠᠵᠠᠷ ᠤᠨ | ᠲᠣᠭᠤᠰᠣ ᠰᠢᠷᠣᠢ ᠳᠡᠭᠳᠡᠬᠦ ᠶᠢ ᠴᠢᠩᠭ᠎ᠠ ᠬᠠᠮᠢᠶᠠᠷᠤᠨ᠎ᠠ᠃ | ︵ᠨᠠᠢᠮᠠ︶ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ | ᠳᠡᠭᠡᠳᠦ ᠰᠢᠨ᠎ᠡ ᠮᠡᠷᠭᠡᠵᠢᠯ ᠤᠨ ᠣᠷᠣᠨ ᠤ ᠳᠠᠪᠠᠭᠤᠯᠢᠭ ᠢ ᠪᠠᠳᠠᠷᠠᠭᠤᠯᠤᠨ᠎ᠠ | ᠨᠢᠭᠡ ᠳᠤ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢ ᠲᠦᠷᠭᠡᠬᠡᠨ ᠰᠢᠯᠤᠭᠤᠳᠬᠠᠨ᠎ᠠ᠃ ᠠᠯᠪᠠᠨ | ᠪᠠᠶᠢᠭᠤᠯᠭᠠᠠᠵᠢᠯ ᠦᠢᠯᠡᠰ ᠤᠨ ᠨᠢᠭᠡᠴᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠠᠴᠠ ᠪᠣᠯᠤᠭᠰᠠᠨ | ᠬᠤᠪᠢᠷᠠᠯᠲᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠲᠣᠮᠣ ᠰᠠᠯᠠᠭ᠎ᠠ ᠮᠥᠴᠢᠷ ᠤᠨ ᠳᠦᠷᠢᠮ ᠢ ᠬᠡᠷᠡᠭᠵᠢᠭᠦᠯᠬᠦ | ᠪᠠ ᠬᠠᠪᠲᠠᠭᠠᠶᠢᠷᠠᠭᠰᠠᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠬᠠᠷᠢᠴᠠᠭ᠎ᠠ ᠶᠢ ᠵᠥᠪ ᠢᠶᠠᠷ ᠰᠠᠶᠢᠲᠤᠷ ᠰᠢᠢᠳᠪᠦᠷᠢᠯᠡᠵᠦ | ᠂ ᠬᠡᠮ ᠰᠣᠭᠤᠭ ᠢ ᠥᠭᠡᠷᠡᠴᠢᠯᠡᠨ ᠠᠷᠢᠯᠭᠠᠵᠤ᠂ ᠠᠮᠢᠵᠢᠷᠠᠯ ᠤᠨ ᠬᠦᠴᠦᠨ ᠢ ᠪᠠᠳᠠᠷᠠᠭᠤᠯᠤᠨ᠎ᠠ᠃ ᠺᠠᠳ᠋ᠷ ᠤᠨ ᠬᠥᠮᠥᠨ ᠤ | ᠣᠷᠣᠨ ᠲᠤᠭ᠎ᠠ᠂ ᠬᠥᠮᠥᠨ ᠪᠠ ᠠᠵᠢᠯ ᠤᠨ ᠪᠠᠶᠢᠷᠢ ᠶᠢ ᠰᠠᠯᠭᠠᠬᠤ ᠠᠰᠠᠭᠤᠳᠠᠯ ᠢ ᠶᠡᠭᠡ ᠬᠦᠴᠦ ᠣᠷᠣᠭᠤᠯᠤᠨ | ᠰᠢᠢᠳᠪᠦᠷᠢᠯᠡᠵᠦ᠂ ᠠᠵᠢᠯᠲᠠᠨ ᠤ ᠶᠠᠪᠤᠳᠠᠯ ᠤᠨ ᠬᠠᠷᠢᠴᠠᠭ᠎ᠠ ᠶᠢ ᠰᠢᠯᠤᠭᠤᠳᠬᠠᠨ᠂ ᠺᠠᠳ᠋ᠷ ᠤᠨ ᠬᠠᠷᠢᠶᠠᠯᠠᠭᠳᠠᠬᠤ | ᠰᠡᠳᠬᠢᠯᠭᠡ ᠪᠠ ᠠᠵᠢᠯ ᠤᠨ ᠪᠠᠶᠢᠷᠢ ᠪᠠᠨ ᠬᠦᠨᠳᠦᠳᠬᠡᠬᠦ ᠰᠡᠳᠬᠢᠯᠭᠡ ᠶᠢ ᠨᠡᠮᠡᠭᠳᠡᠭᠦᠯᠵᠦ᠂ ᠠᠵᠢᠯ ᠬᠢᠵᠦ ᠠᠳᠠᠯ | ᠦᠢᠯᠡᠰ ᠴᠣᠭᠴᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠥᠭᠡᠷᠡᠴᠢᠯᠡᠯᠲᠡ | ᠬᠢᠭᠰᠡᠨ ᠤ ᠳᠠᠷᠠᠭᠠᠬᠢ ᠲᠣᠰ ᠲᠣᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠳᠦᠷᠢᠮ ᠤᠨ ᠳᠠᠯᠳᠠ ᠴᠢᠳᠠᠪᠤᠷᠢ ᠶᠢ ᠭᠦᠢᠴᠡᠳ ᠪᠠᠳᠠᠷᠠᠭᠤᠯᠵᠤ᠂ ᠥᠭᠡᠷᠡᠴᠢᠯᠡᠯᠲᠡ ᠠᠴᠠ | ᠠᠰᠢᠭ ᠣᠯᠬᠤ ᠬᠡᠷᠡᠭᠲᠡᠢ᠃ ᠪᠦᠬᠦ ᠣᠷᠣᠨ ᠢᠶᠠᠷ ᠢᠶᠠᠨ ᠦᠵᠡᠯ ᠰᠠᠨᠠᠭ᠎ᠠ ᠪᠠᠨ ᠨᠢᠭᠡᠳᠬᠡᠵᠦ᠂ ᠠᠯᠬᠤᠮ ᠢᠶᠠᠨ | ᠨᠢᠭᠡᠳᠬᠡᠵᠦ᠂ ᠰᠠᠯᠠᠭ᠎ᠠ ᠮᠥᠴᠢᠷ ᠤᠳ ᠤᠨ ᠬᠤᠭᠤᠷᠣᠨᠳᠤ ᠪᠠᠨ ᠰᠠᠶᠢᠲᠤᠷ ᠠᠪᠴᠠᠯᠳᠤᠭᠤᠯᠵᠤ᠂ | ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠲᠡᠢ᠂ ᠥᠪᠡᠷ ᠥᠪᠡᠷ ᠤᠨ ᠰᠠᠨᠠᠭ᠎ᠠ ᠪᠠᠷ ᠢᠶᠠᠨ ᠦᠢᠯᠡᠳᠴᠦ᠂ | ᠬᠠᠷᠢᠯᠴᠠᠨ ᠶᠠᠪᠤᠯᠴᠠᠬᠤ ᠦᠭᠡᠢ ᠪᠠᠶᠢᠵᠤ ᠶᠠᠭᠠᠬᠢᠭᠰᠠᠨ ᠴᠤ ᠪᠣᠯᠬᠤ ᠦᠭᠡᠢ᠃ | ᠬᠤᠶᠠᠷ ᠲᠤ᠂ ᠰᠠᠶᠢᠨ ᠲᠠᠢ ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ | ᠳᠠᠪᠠᠭᠤᠯᠢᠭ ᠵᠶ᠋ᠠᠨᠵᠠᠷᠢᠮ ᠺᠠᠳ᠋ᠷ ᠦᠪᠡᠷ ᠢ ᠪᠠᠨ ᠨᠢᠭᠡᠨ ᠲᠣᠮᠣ ᠬᠤᠷᠢᠶ᠎ᠠ ᠠᠯᠪᠠᠨ ᠭᠡᠷ ᠲᠣᠪᠴᠢᠶ᠎ᠠ ᠮᠥᠨ ᠭᠡᠵᠦ | ᠦᠵᠡᠭᠡᠳ᠂ ᠵᠠᠷᠢᠮ ᠠᠵᠢᠯ ᠢ ᠬᠢᠬᠦ ᠳᠤ ᠬᠦᠷᠦᠯᠴᠡᠬᠦ ᠤᠶᠢᠭᠡᠢ᠂ ᠡᠷᠡᠭᠡᠯᠵᠡᠨ ᠲᠠᠲᠠᠭᠠᠯᠵᠠᠵᠤ ᠪᠠᠶᠢᠨ᠎ᠠ ᠭᠡᠵᠦ ᠦᠵᠡᠵᠦ | ᠪᠠᠶᠢᠨ᠎ᠠ᠂ ᠡᠶᠢᠮᠦ ᠲᠠᠨᠢᠯᠲᠠ ᠪᠣᠯ ᠪᠠᠰᠠ ᠴᠤ ᠥᠷᠥᠭᠡᠰᠦᠭᠡᠯ ᠲᠠᠯ᠎ᠠ ᠲᠠᠢ ᠶᠤᠮ᠃ ᠬᠡᠳᠦᠶᠢᠪᠡᠷ ᠪᠢᠳᠡ ᠬᠤᠰᠢᠭᠤ | ᠰᠢᠶᠠᠨ ᠲᠣᠭᠤᠷᠢᠭ ᠤᠨ ᠪᠦᠷᠢᠨ ᠪᠦᠲᠦᠨ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠰᠢᠰᠲ᠋ᠧᠮ ᠲᠠᠢ ᠪᠢᠰᠢ ᠪᠣᠯᠪᠠᠴᠤ᠂ | ᠭᠡᠪᠡᠴᠦ ᠪᠢᠳᠡᠨ ᠳᠤ ᠬᠤᠰᠢᠭᠤ ᠰᠢᠶᠠᠨ ᠲᠣᠭᠤᠷᠢᠭ ᠤᠨ ᠲᠠᠰ ᠳᠠᠪᠬᠤᠷᠭ᠎ᠠ ᠠᠴᠠ ᠨᠠᠩ ᠥᠨᠳᠥᠷ ᠠᠵᠤ ᠠᠬᠤᠢ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ᠂ ᠨᠠᠩ ᠴᠣᠮᠬᠠᠨ ᠪᠥᠭᠡᠳ ᠥᠨᠳᠥᠷ ᠪᠦᠲᠦᠮᠵᠢᠲᠡᠶ ᠶᠡᠷᠦᠩᠬᠡᠶᠢᠯᠡᠭᠰᠡᠨ | ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠲᠠᠢ ᠪᠠᠶᠢᠳᠠᠭ᠂ ᠡᠶᠢᠮᠦᠷᠬᠦ ᠪᠦᠲᠦᠴᠡ ᠨᠢ ᠪᠢᠳᠡᠨ ᠤ ᠠᠵᠤ ᠠᠬᠤᠢ ᠶᠢᠨ | ᠬᠠᠮᠢᠶᠠᠷᠤᠯᠲᠠ ᠶᠢᠨ ᠡᠭᠦᠷᠭᠡ ᠴᠢᠳᠠᠪᠤᠷᠢ ᠪᠠᠨ ᠪᠠᠳᠠᠷᠠᠭᠤᠯᠬᠤ ᠳᠤ ᠨᠠᠩ ᠠᠰᠢᠭᠲᠠᠢ᠂ ᠪᠢᠳᠡᠨ ᠤ ᠠᠵᠤ ᠠᠬᠤᠶᠢᠯᠠᠯ ᠳᠤ | ᠪᠥᠬᠦ ᠲᠠᠯ᠎ᠠ ᠪᠠᠷ ᠦᠢᠯᠡᠴᠢᠯᠡᠬᠦ ᠳᠤ ᠨᠠᠩ ᠠᠰᠢᠭᠲᠠᠢ᠂ ᠪᠢᠳᠡᠨ ᠤ ᠤᠯᠤᠰ᠂ ᠥᠪᠡᠷᠲᠡᠭᠡᠨ ᠵᠠᠰᠠᠬᠤ ᠣᠷᠣᠨ ᠤ | ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠰᠢᠭᠤᠳ ᠨᠡᠪᠲᠡᠷᠡᠬᠦ ᠳᠦᠷᠢᠮ ᠢ ᠪᠠᠶᠢᠭᠤᠯᠬᠤ ᠳᠤ ᠨᠠᠩ | ᠠᠰᠢᠭᠲᠠᠢ ᠶᠤᠮ᠃ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠭᠠᠯ ᠪᠠᠮᠪᠠᠷ ᠤᠨ ᠲᠥᠪ᠂ ᠳᠡᠭᠡᠳᠦ ᠰᠢᠨ᠎ᠡ | ᠮᠡᠷᠭᠡᠵᠢᠯ ᠤᠨ ᠵᠤᠷᠭᠠᠨ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠮᠡᠳᠡᠭᠡ | ᠵᠠᠩᠭᠢ ᠶᠢᠨ ᠬᠥᠳᠡᠯᠦᠯ ᠪᠠᠶᠢᠳᠠᠯ ᠢ ᠴᠠᠭ ᠲᠣᠬᠠᠢ ᠳ᠋ᠤᠨᠢᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠠᠢ ᠰᠢᠭᠤᠳ ᠨᠡᠪᠲᠡᠷᠡᠬᠦ ᠳᠦᠷᠢᠮ ᠢ ᠪᠠᠶᠢᠭᠤᠯᠤᠨ᠎ᠠ᠂ ᠤᠳᠤ ᠶᠢᠨ ᠢᠩᠭᠢᠵᠦ ᠪᠠᠶᠢᠷᠢᠯᠠᠭᠤᠯᠬᠤ | ᠠᠷᠭ᠎ᠠ ᠪᠣᠯ ᠵᠠᠷᠢᠮ ᠬᠡᠮᠵᠢᠶᠡᠨ ᠳᠤ ᠮᠠᠨ ᠤ ᠬᠤᠯᠪᠣᠭᠳᠠᠯ ᠪᠦᠬᠦᠢ ᠲᠣᠪᠴᠢᠶ᠎ᠠ ᠪᠣᠯᠣᠨ ᠬᠤᠳᠠ ᠶᠢᠨ ᠰᠢᠭᠤᠳ ᠬᠠᠷᠢᠶ᠎ᠠ | ᠬᠤᠯᠪᠣᠭᠳᠠᠯ ᠪᠦᠬᠦᠢ ᠬᠤᠷᠢᠶ᠎ᠠ ᠠᠯᠪᠠᠨ ᠭᠡᠷ ᠤᠨ ᠲᠣᠪᠴᠢᠶ᠎ᠠ ᠶᠢ ᠵᠡᠷᠭᠡ ᠳᠡᠰ ᠤᠨ ᠲᠠᠯ᠎ᠠ ᠠᠴᠠ ᠠᠳᠠᠯᠢ ᠪᠠᠶᠢᠷᠢᠨ ᠳᠤ | ᠲᠠᠯᠪᠢᠵᠤ᠂ ᠮᠠᠨ ᠢ ᠤᠯᠤᠰ ᠣᠷᠣᠨ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ | ᠨᠡᠩ ᠰᠢᠭᠤᠳ ᠬᠠᠷᠢᠯᠴᠠᠭᠤᠯᠵᠤ᠂ ᠮᠠᠨ ᠤ ᠳᠡᠭᠡᠳᠦ ᠱᠠᠲᠤᠨ ᠤ ᠪᠡᠯᠡ ᠮᠥᠩᠭᠦ ᠶᠢ ᠲᠡᠮᠡᠴᠡᠨ ᠣᠯᠬᠤ᠂ ᠳᠡᠮᠵᠢᠯᠭᠡ ᠶᠢᠨ | ᠲᠦᠷᠦ ᠶᠢᠨ ᠪᠣᠳᠣᠯᠭ᠎ᠠ ᠶᠢ ᠲᠡᠮᠡᠴᠡᠨ ᠣᠯᠬᠤ ᠳᠤ ᠠᠰᠢᠭᠲᠠᠢ ᠪᠣᠯᠭᠠᠬᠤ ᠶᠢᠨ ᠲᠥᠯᠥᠭᠡ ᠶᠤᠮ᠃ | ᠭᠤᠷᠪᠠ ᠳᠤ᠂ ᠣᠷᠣᠨ ᠤ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠵᠢᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠡᠦᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠬᠠᠤᠯᠢ ᠴᠠᠭᠠᠵᠠ ᠶᠢᠨ ᠳᠠᠯᠳᠠ ᠠᠶᠤᠯ ᠲᠦᠭᠰᠢᠭᠦᠷᠢ ᠪᠠ ᠥᠭᠴᠡᠭᠡᠨ ᠤ | ᠠᠶᠤᠯ ᠲᠦᠭᠰᠢᠭᠦᠷᠢ ᠶᠢ ᠢᠳᠡᠪᠬᠢᠲᠡᠢ ᠠᠷᠢᠯᠭᠠᠨ᠎ᠠ᠃ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠪᠠ ᠠᠵᠢᠯᠲᠠᠨ ᠤ | ᠪᠦᠲᠦᠴᠡ ᠶᠢ ᠰᠢᠨᠵᠢᠯᠡᠬᠦ ᠤᠬᠠᠭᠠᠨᠴᠢ ᠪᠠᠷ ᠰᠢᠯᠢᠳᠡᠭᠵᠢᠭᠦᠯᠵᠦ᠂ ᠵᠠᠰᠠᠭ ᠵᠠᠬᠢᠷᠭᠠᠨᠴᠢᠯᠠᠯᠲᠠ ᠪᠠᠷ ᠴᠢᠩᠭ᠎ᠠ᠂ ᠵᠠᠬ᠎ᠠ | ᠳᠡᠯᠭᠡᠭᠦᠷᠴᠢᠯᠡᠯᠲᠡ ᠪᠠᠷ ᠪᠠᠭᠤᠷᠠᠢ ᠪᠠᠶᠢᠭ᠎ᠠ ᠣᠳᠣᠬᠢ ᠪᠠᠶᠢᠳᠠᠯ ᠪᠠ ᠳᠣᠲᠣᠭᠠᠳᠤ ᠶᠢᠨ ᠦᠢᠯᠡᠴᠢᠯᠡᠭᠡᠨ ᠤ ᠠᠵᠢᠯᠲᠠᠨ | ᠤᠯᠠᠨ᠂ ᠲᠤᠬᠠᠶᠢᠯᠠᠭᠰᠠᠨ ᠠᠵᠢᠯ ᠤᠨ ᠰᠣᠳᠣᠨ ᠬᠥᠮᠥᠰ ᠴᠥᠭᠡᠨ ᠪᠠᠶᠢᠭ᠎ᠠ ᠪᠠᠶᠢᠷᠢᠰᠢᠯ ᠢ ᠬᠤᠪᠢᠷᠠᠭᠤᠯᠤᠨ᠎ᠠ᠃ᠵᠠᠬ᠎ᠠ | ᠳᠡᠯᠭᠡᠭᠦᠷ ᠢ ᠲᠠᠰᠤᠷᠠᠯᠲᠠ ᠦᠭᠡᠢ ᠨᠡᠭᠡᠭᠡᠨ ᠥᠷᠭᠡᠳᠬᠡᠵᠦ᠂ ᠲᠣᠰ ᠪᠡᠶ᠎ᠡ ᠶᠢᠨ ᠣᠨᠴᠠᠯᠢᠭ ᠲᠤ ᠲᠣᠬᠢᠷᠠᠬᠤ | ᠡᠵᠡᠩᠨᠡᠯᠲᠡ ᠶᠢᠨ ᠴᠢᠭᠯᠡᠯ ᠢ ᠣᠨᠣᠪᠴᠢᠲᠠᠶ ᠰᠣᠩᠭᠤᠵᠤ᠂ ᠣᠷᠣᠨ ᠤ ᠬᠠᠷᠢᠶ᠎ᠠ ᠤᠯᠤᠰ ᠤᠨ ᠥᠮᠴᠢᠯᠡᠯ ᠤᠨ ᠠᠵᠤ | ᠠᠬᠤᠶᠢᠯᠠᠯ ᠢ ᠦᠨᠡᠨ ᠬᠦ ᠥᠷᠲᠡᠭ ᠡᠭᠦᠳᠬᠦ᠂ ᠨᠡᠮᠡᠭᠳᠡᠯ ᠤᠨ ᠬᠡᠮᠵᠢᠶ᠎ᠡ ᠶᠢ ᠬᠠᠩᠭᠠᠬᠤ ᠡᠵᠡᠩᠨᠡᠯᠲᠡ ᠶᠢᠨ ᠭᠤᠣᠯ | ᠴᠣᠭᠴᠠ ᠪᠣᠯᠭᠠᠬᠤ ᠠᠴᠠ ᠪᠢᠰᠢ᠂ ᠬᠠᠷᠢᠨ ᠠᠮᠤᠷ ᠲᠠᠶᠢᠪᠤᠩ ᠠᠮᠢᠳᠤᠷᠠᠯ ᠢ ᠡᠳ᠋ᠯᠡᠵᠦ᠂ ᠠᠩᠬᠠᠨ ᠤ ᠠᠰᠢᠭ | ᠬᠤᠨᠵᠢᠪᠤᠷᠢ ᠶᠢ ᠬᠡᠷᠡᠭᠯᠡᠬᠦ ᠬᠡᠲᠦ ᠬᠡᠶᠢᠲᠦ ᠪᠡᠯᠡ ᠲᠣᠬᠢᠷᠠᠭᠤᠯᠭ᠎ᠠ ᠶᠢᠨ ᠲᠠᠪᠴᠠᠩ ᠪᠣᠯᠭᠠᠬᠤ ᠦᠭᠡᠢ᠃ | ᠳᠥᠷᠪᠡ ᠳᠤ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠪᠠᠷ ᠢᠳᠡᠪᠬᠢᠲᠡᠢ ᠴᠢᠷᠮᠠᠶᠢᠨ᠎ᠠ᠃ ᠲᠤᠷᠰᠢᠯᠲᠠ ᠬᠢᠵᠦ | ᠵᠢᠱᠢᠶ᠎ᠡ ᠦᠵᠡᠭᠦᠯᠬᠦ ᠪᠣᠯ ᠨᠢᠭᠡ ᠭᠠᠵᠠᠷ ᠣᠷᠣᠨ ᠤ ᠭᠠᠳᠠᠭᠠᠳᠤ ᠳᠤ ᠵᠣᠷᠢᠭᠤᠯᠤᠭᠰᠠᠨ ᠰᠠᠶᠢᠨ ᠴᠣᠩᠬᠤ ᠪᠣᠯᠬᠤ | ᠪᠥᠭᠡᠳ ᠪᠠᠰᠠ ᠴᠤ ᠳᠡᠭᠡᠳᠦ ᠱᠠᠲᠤ ᠲᠠᠢ ᠪᠠᠨ ᠰᠠᠶᠢᠨ ᠰᠠᠶᠢᠬᠠᠨ ᠬᠠᠷᠢᠴᠠᠭ᠎ᠠ ᠪᠠᠨ ᠪᠠᠲᠤᠯᠠᠬᠤ ᠬᠤᠯᠪᠣᠭᠠᠰᠤ ᠪᠣᠯᠣᠨ᠎ᠠ | ᠃ ᠤᠯᠡᠠ ᠢᠶᠠᠷ ᠢᠶᠠᠨ ᠢᠳᠡᠪᠬᠢᠯᠡᠨ ᠴᠢᠷᠮᠠᠶᠢᠬᠤ ᠬᠡᠷᠡᠭᠲᠡᠢ᠂ ᠶᠠᠭᠠᠬᠢᠭᠰᠠᠨ ᠴᠤ ᠵᠦᠭᠡᠷ ᠲᠠᠯᠪᠢᠵᠤ ᠪᠣᠯᠬᠤ ᠤᠶᠢᠭᠡᠢ᠃ | ᠡᠭᠦᠨ ᠤ ᠬᠠᠮᠲᠤ ᠪᠠᠰᠠ ᠲᠤᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠡᠭᠦᠷᠭᠡ ᠴᠢᠳᠠᠪᠤᠷᠢ ᠶᠢᠨ ᠲᠣᠭᠤᠷᠢᠨ ᠳᠤ | ᠨᠢᠭᠡ ᠪᠦᠯᠦᠭ ᠬᠡᠷᠴᠢᠭᠦᠷ ᠢᠶᠠᠷ ᠪᠠᠭ᠎ᠠ᠂ ᠦᠷ᠎ᠡ ᠠᠰᠢᠭ ᠣᠯᠬᠤ ᠨᠢ ᠲᠦᠷᠭᠡᠨ ᠪᠠᠶᠢᠳᠠᠭ ᠪᠢᠴᠢᠯ ᠥᠭᠡᠷᠡᠴᠢᠯᠡᠯᠲᠡ᠂ | ᠪᠢᠴᠢᠯ ᠰᠢᠨ᠎ᠡ ᠡᠭᠦᠳᠦᠯᠲᠡ ᠶᠢ ᠠᠬᠢᠭᠤᠯᠵᠤ᠂ ᠵᠢᠵᠢᠭ ᠬᠡᠷᠴᠢᠭᠦᠷ ᠢᠶᠠᠷ ᠶᠡᠭᠡ ᠰᠢᠪᠲᠤᠯᠤᠯᠲᠠ ᠶᠢ ᠬᠥᠳᠡᠯᠭᠡᠵᠦ᠂ ᠨᠢᠭᠡ | ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠪᠤᠢ ᠪᠣᠯᠭᠠᠬᠤ ᠬᠡᠷᠡᠭᠲᠡᠢ᠃ ᠪᠠᠰᠠ ᠪᠦᠬᠦ ᠤᠯᠤᠰ ᠤᠨ | ᠡᠵᠡᠩᠨᠡᠯᠲᠡ ᠶᠢᠨ ᠣᠷᠴᠢᠨ ᠲᠣᠭᠤᠷᠢᠨ᠂ ᠨᠡᠶᠢᠭᠡᠮ ᠤᠨ ᠵᠠᠰᠠᠯᠲᠠ᠂ ᠠᠮᠢ ᠠᠬᠤᠢ ᠶᠢᠨ ᠪᠣᠯᠪᠠᠰᠤᠨ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ ᠲᠡᠷᠢᠭᠦᠨ ᠤ ᠬᠢ ᠪᠠ ᠲᠡᠷᠢᠭᠦᠨ ᠤ ᠬᠢ ᠶᠢ | ᠬᠠᠷᠠᠭᠠᠯᠠᠵᠤ᠂ ᠪᠠᠷᠢᠮᠵᠢᠶ᠎ᠠ ᠲᠠᠢ ᠬᠠᠷᠭᠤᠭᠤᠯᠤᠭᠰᠠᠨ ᠨᠠᠷᠢᠨ ᠲᠠᠩᠰᠠ ᠶᠢ ᠪᠠᠶᠢᠭᠤᠯᠵᠤ᠂ ᠪᠣᠳᠠᠲᠠᠢ ᠲᠥᠰᠥᠯ ᠭᠠᠷᠭᠠᠵᠤ᠂ | ᠬᠠᠷᠠᠯᠲᠠ ᠲᠠᠢ ᠠᠳᠠᠯᠢᠳᠬᠠᠬᠤ᠂ ᠰᠤᠷᠤᠯᠴᠠᠬᠤ ᠳᠤ ᠠᠵᠢᠯᠯᠠᠭ᠎ᠠ ᠲᠠᠢ᠂ ᠭᠦᠢᠴᠡᠬᠦ ᠳᠤ ᠠᠷᠭ᠎ᠠ ᠬᠡᠮᠵᠢᠶ᠎ᠡ ᠲᠠᠢ᠂ | ᠦᠷ᠎ᠡ ᠪᠦᠲᠦᠭᠡᠯ ᠲᠠᠢ ᠪᠣᠯᠭᠠᠬᠤ ᠬᠡᠷᠡᠭᠲᠡᠢ᠃ ᠵᠢᠯ ᠤᠨ ᠳᠣᠲᠣᠷ᠎ᠠ ᠪᠥᠬᠦ ᠤᠯᠤᠰ ᠤᠨ ᠴᠢᠨᠠᠷᠲᠠᠢ ᠱᠠᠩᠨᠠᠯ | ᠬᠥᠬᠢᠭᠦᠯᠦᠯ ᠢ 5 ᠵᠦᠢᠯ ᠠᠴᠠ ᠳᠤᠲᠠᠭᠤ ᠦᠭᠡᠢ ᠭᠥᠷᠳᠡᠨ᠎ᠡ᠃ ᠰᠠᠯᠠᠭ᠎ᠠ ᠮᠥᠴᠢᠷ ᠨᠢᠭᠡᠪᠦᠷᠢ ᠶᠢᠨ ᠡᠳᠦᠷ | ᠲᠤᠳᠤᠮ ᠤᠨ ᠠᠵᠢᠯ ᠤᠨ ᠳᠤᠮᠳᠠ ᠪᠠᠨ ᠴᠥᠮ ᠥᠪᠡᠷ ᠢ ᠪᠠᠨ ᠬᠡᠮᠵᠢᠬᠦ ᠬᠡᠮᠵᠢᠭᠦᠷ ᠪᠠᠶᠢᠬᠤ ᠬᠡᠷᠡᠭᠲᠡᠢ᠂ ᠭᠤᠯᠳᠤ ᠪᠠᠷ | ᠠᠳᠠᠯᠢᠳᠬᠠᠬᠤ ᠬᠡᠷᠡᠭᠲᠡᠢ᠂ ᠡᠨᠡ ᠵᠢᠯ ᠨᠢᠳᠤᠨᠤᠨ ᠤ ᠬᠢ ᠠᠴᠠ ᠰᠠᠶᠢᠨ ᠪᠠᠶᠢᠬᠤ ᠬᠡᠷᠡᠭᠲᠡᠢ᠂ ᠬᠥᠨᠳᠡᠯᠡᠨ ᠤ | ᠬᠠᠷᠢᠴᠠᠯ ᠢᠶᠠᠷ᠂ ᠡᠯ᠎ᠡ ᠬᠤᠰᠢᠭᠤ ᠰᠢᠶᠠᠨ ᠲᠣᠭᠤᠷᠢᠭ ᠲᠤ ᠲᠡᠷᠢᠭᠦᠯᠡᠵᠦ ᠪᠠᠶᠢᠨ᠎ᠠ᠃ ᠬᠡᠮᠵᠢᠶᠡᠯᠡᠬᠦ ᠬᠠᠷᠢᠴᠠᠯ ᠨᠢ ᠪᠦᠬᠦ | ᠬᠤᠳᠠ ᠶᠢᠨ 1/3 ᠶᠢ ᠡᠵᠡᠯᠡᠨ᠎ᠡ᠂ ᠡᠨᠡ ᠪᠣᠯ ᠰᠠᠶ᠋ᠢ ᠪᠠᠶᠢᠪᠠᠰᠤ ᠵᠣᠬᠢᠬᠤ ᠠᠵᠢᠯ ᠮᠡᠷᠭᠡᠵᠢᠯ ᠤᠨ ᠰᠠᠬᠢᠯᠭ᠎ᠠ ᠳᠤ | ᠣᠰᠣᠯᠳᠠᠬᠤ ᠦᠭᠡᠢ ᠶᠤᠮ᠃ | ︵ᠶᠢᠰᠦ︶ ᠠᠵᠢᠯ ᠤᠨ ᠪᠠᠶᠢᠳᠠᠯ ᠢ ᠦᠨᠡᠨ ᠬᠦ ᠲᠣᠬᠢᠷᠠᠭᠤᠯᠤᠨ ᠰᠢᠯᠢᠳᠡᠭᠵᠢᠭᠦᠯᠵᠦ᠂ ᠭᠠᠳᠠᠭᠠᠳᠤ ᠳᠤ | ᠬᠠᠨᠳᠤᠭᠤᠯᠤᠭᠰᠠᠨ ᠰᠠᠶᠢᠨ ᠳᠦᠷᠢ ᠲᠥᠷᠬᠦ ᠶᠢ ᠪᠤᠢ ᠪᠣᠯᠭᠠᠨ᠎ᠠ | ᠨᠢᠭᠡ ᠳᠤ᠂ ᠪᠡᠶ᠎ᠡ ᠪᠠᠨ ᠰᠤᠪᠢᠯᠠᠵᠤ ᠪᠡᠶ᠎ᠡ ᠪᠠᠨ ᠬᠠᠷᠠᠭᠠᠯᠵᠠᠬᠤ ᠳᠠᠳᠬᠠᠯ ᠢᠶᠠᠨ ᠥᠭᠡᠷᠡᠴᠢᠯᠡᠨ᠎ᠡ᠃ ᠵᠠᠷᠢᠮ ᠺᠠᠳ᠋ᠷ | ᠣᠯᠭᠤᠮᠵᠢ ᠰᠠᠶᠢᠲᠠᠢ ᠣᠷᠴᠢᠨ ᠲᠣᠭᠤᠷᠢᠨ ᠳᠤ ᠤᠷᠤᠭᠰᠢᠯᠠᠨ ᠲᠠᠪᠰᠢᠬᠤ ᠤᠬᠠᠮᠰᠠᠷ ᠪᠠ ᠠᠵᠢᠯ ᠮᠡᠷᠭᠡᠵᠢᠯ ᠤᠨ | ᠠᠶᠤᠯ ᠲᠦᠭᠰᠢᠭᠦᠷᠢ ᠶᠢᠨ ᠤᠬᠠᠮᠰᠠᠷ ᠢᠶᠠᠨ ᠲᠥᠷᠥᠯᠬᠢ ᠴᠢᠳᠠᠪᠤᠷᠢ ᠪᠠᠷ ᠢᠶᠠᠨ ᠠᠯᠳᠠᠵᠤ᠂ ᠳᠠᠷᠤᠯᠲᠠ ᠦᠭᠡᠢ᠂ | ᠬᠥᠳᠡᠯᠭᠡᠬᠦ ᠬᠦᠴᠦᠨ ᠢᠶᠠᠷ ᠳᠤᠲᠠᠮᠠᠭ ᠂ ᠠᠯᠪᠠ ᠬᠠᠰᠢᠵᠤ ᠪᠠᠶᠢᠨ᠎ᠠ᠃ ᠡᠨᠡ ᠪᠣᠯ ᠬᠤᠪᠢ ᠬᠥᠮᠥᠨ ᠳᠤ ᠨᠠᠵᠠᠭᠠᠶᠢᠷᠠᠨ | ᠬᠤᠶᠢᠷᠭᠤᠰᠢᠵᠤ ᠪᠠᠶᠢᠭ᠎ᠠ ᠶᠠᠪᠤᠳᠠᠯ ᠮᠥᠨ ᠪᠥᠭᠡᠳ ᠪᠠᠰᠠ ᠴᠤ ᠵᠣᠬᠢᠶᠠᠨ ᠪᠠᠶᠢᠭᠤᠯᠤᠯᠲᠠ ᠳᠤ ᠬᠠᠷᠢᠭᠤᠴᠠᠯᠭ᠎ᠠ ᠦᠭᠡᠢ | ᠪᠠᠶᠢᠭ᠎ᠠ ᠶᠠᠪᠤᠳᠠᠯ ᠮᠥᠨ᠃ ᠤᠯᠠᠨ ᠢᠶᠠᠷ ᠢᠶᠠᠨ ᠠᠵᠢᠯ ᠤᠨ ᠲᠤᠬᠠᠢ ᠪᠣᠳᠣᠯᠬᠢᠯᠠᠯ ᠢᠶᠠᠨ ᠢᠯᠡᠭᠦᠬᠡᠨ ᠬᠢᠵᠦ᠂ | ᠭᠠᠷᠠᠭ ᠤᠨ ᠰᠡᠭᠦᠯᠴᠢ ᠶᠢᠨ ᠵᠤᠭ᠎ᠠ ᠴᠡᠩᠭᠡᠯ ᠤᠨ ᠲᠤᠬᠠᠢ ᠪᠣᠳᠣᠯᠬᠢᠯᠠᠯ ᠢᠶᠠᠨ ᠳᠤᠲᠠᠭᠤ ᠰᠢᠭ᠋ ᠪᠣᠯᠭᠠᠵᠤ᠂ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠠᠵᠢᠯ ᠬᠢᠵᠦ ᠦᠢᠯᠡᠰ ᠪᠣᠰᠬᠠᠬᠤ ᠭᠦᠨ ᠵᠤᠵᠠᠭᠠᠨ ᠠᠭᠤᠷ | ᠠᠮᠢᠰᠬᠤᠯ ᠢ ᠪᠤᠢ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠦᠵᠡᠮᠵᠢᠲᠦ ᠣᠷᠣᠨ ᠢ | ᠴᠣᠭᠴᠠᠯᠠᠬᠤ ᠶᠢᠨ ᠬᠠᠮᠲᠤ ᠪᠦᠬᠦ ᠬᠤᠳᠠ ᠶᠢᠨ ᠥᠷᠭᠡᠨ ᠳᠡᠯᠭᠡᠷ ᠬᠠᠮᠲᠤ ᠶᠢᠨ ᠲᠠᠨᠢᠯᠲᠠ ᠶᠢ ᠪᠦᠷᠢᠯᠳᠦᠭᠦᠯᠬᠦ ᠬᠡᠷᠡᠭᠲᠡᠢ | ᠭᠡᠵᠦ ᠵᠢᠭᠠᠵᠤ ᠭᠠᠷᠭᠠᠪᠠ᠃ ᠡᠭᠦᠨ ᠤ ᠤᠯᠠᠮ ᠠᠴᠠ ᠬᠤᠲᠠ ᠶᠢᠨ ᠤᠳᠤᠷᠢᠳᠤᠯᠭ᠎ᠠ ᠪᠣᠯᠣᠨ ᠬᠤᠲᠠ ᠶᠢᠨ ᠰᠢᠭᠤᠳ | ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠳᠠᠯᠳᠤᠭᠠᠴᠢᠨ ᠤᠷᠢᠬᠤ ᠳᠤᠷᠠᠲᠠᠢ ᠪᠣᠯ ᠪᠢᠳᠡᠨ ᠢ | ᠳᠠᠭᠠᠭᠤᠯᠵᠤ ᠶᠠᠪᠤᠬᠤ ᠳᠤᠷᠠᠲᠠᠢ᠂ ᠲᠥᠷᠥᠯ ᠵᠦᠢᠯ ᠪᠠᠶᠢᠪᠠᠯ ᠪᠢᠳᠡᠨ ᠳᠤ ᠲᠦᠯᠬᠢᠵᠦ ᠥᠭᠬᠦ ᠳᠤᠷᠠᠲᠠᠢ᠂ ᠰᠠᠶᠢᠨ | ᠤᠴᠢᠷ ᠪᠠᠶᠢᠪᠠᠯ ᠪᠢᠳᠡᠨ ᠳᠤ ᠬᠡᠯᠡᠵᠦ ᠥᠭᠬᠦ ᠳᠤᠷᠠᠲᠠᠢ᠂ ᠲᠤᠰᠠᠯᠠᠮᠵᠢ ᠭᠤᠶᠤᠬᠤ ᠳᠤᠷᠠᠲᠠᠢ ᠪᠣᠯ ᠪᠢᠳᠡᠨ ᠢ | ᠬᠠᠪᠰᠤᠷᠤᠨ ᠬᠢᠵᠦ ᠥᠭᠬᠦ ᠳᠤᠷᠠᠲᠠᠢ᠂ ᠬᠡᠷᠡᠭᠴᠡᠭᠡ ᠲᠠᠢ ᠪᠣᠯ ᠪᠢᠳᠡᠨ ᠲᠠᠢ ᠬᠠᠮᠲᠤ ᠶᠠᠪᠤᠬᠤ ᠳᠤᠷᠠᠲᠠᠢ ᠪᠠᠶᠢᠳᠠᠭ᠃ | ᠬᠤᠶᠠᠷ ᠲᠤ᠂ ᠠᠯᠠᠩ ᠰᠠᠯᠠᠩ ᠰᠤᠷᠲᠠᠯ ᠢ ᠥᠭᠡᠷᠡᠴᠢᠯᠡᠬᠦ ᠬᠡᠷᠡᠭᠲᠡᠢ᠃ ᠠᠵᠤ ᠠᠬᠤᠢ ᠶᠢᠨ ᠠᠵᠢᠯ ᠢ ᠬᠢᠬᠦ ᠳᠤ | ᠡᠶᠢᠮᠦ ᠪᠠᠶᠢᠬᠤ ᠬᠡᠷᠡᠭᠲᠡᠢ᠂ ᠨᠡᠶᠢᠭᠡᠮ ᠤᠨ ᠠᠵᠢᠯ ᠢ ᠬᠢᠬᠦ ᠳᠤ ᠴᠦ ᠡᠶᠢᠮᠦ ᠪᠠᠶᠢᠬᠤ ᠬᠡᠷᠡᠭᠲᠡᠢ᠂ ᠶᠠᠮᠠᠷ ᠠᠵᠢᠯ ᠢ | ᠬᠢᠭᠰᠡᠨ ᠴᠦ ᠴᠥᠮ ᠨᠠᠷᠢᠨ ᠨᠢᠮᠪᠠᠢ᠂ ᠦᠨᠡᠨ ᠪᠣᠳᠠᠲᠠᠢ ᠪᠠᠶᠢᠬᠤ ᠬᠡᠷᠡᠭᠲᠡᠢ᠂ ᠬᠠᠰᠢ ᠶᠠᠰᠢ ᠪᠠᠷ ᠬᠠᠨᠳᠤᠭᠠᠳ | ᠳᠣᠣᠷᠠᠳᠤ ᠵᠡᠷᠭᠡ ᠶᠢᠨ ᠠᠯᠳᠠᠭ᠎ᠠ ᠭᠠᠷᠭᠠᠬᠤ ᠶᠢ ᠰᠡᠷᠭᠡᠶᠢᠯᠡᠬᠦ ᠬᠡᠷᠡᠭᠲᠡᠢ᠃ ᠵᠠᠷᠢᠮ ᠺᠠᠳ᠋ᠷ ᠥᠪᠡᠷ ᠢᠶᠠᠨ ᠠᠵᠢᠯ ᠳᠠᠭᠠᠨ | ᠨᠠᠷᠢᠨ ᠨᠢᠮᠪᠠᠢ ᠪᠢᠰᠢ ᠪᠠᠶᠢᠲᠠᠯ᠎ᠠ ᠪᠠᠨ ᠪᠠᠰᠠ ᠤᠳᠤᠷᠢᠳᠬᠤ ᠠᠵᠢᠯ ᠢ ᠳᠠᠩᠴᠢ ᠨᠠᠷᠢᠨ ᠨᠢᠮᠪᠠᠢ ᠬᠠᠮᠢᠶᠠᠷᠴᠤ ᠪᠠᠶᠢᠨ᠎ᠠ | ᠭᠡᠵᠦ ᠳᠤᠷ᠎ᠠ ᠦᠭᠡᠶᠢᠴᠡᠵᠦ ᠪᠠᠶᠢᠨ᠎ᠠ᠃ ᠤᠯᠠᠨ ᠢᠶᠠᠷ ᠢᠶᠠᠨ ᠪᠢᠳᠡᠨ ᠤ ᠳᠡᠷᠭᠡᠳᠡᠬᠢ ᠲᠡᠳᠡᠭᠡᠷ ᠦᠯᠡᠳᠡᠭᠳᠡᠯ | ᠠᠰᠠᠭᠤᠳᠠᠯ ᠢ ᠨᠠᠷᠢᠪᠴᠢᠯᠠᠨ ᠪᠤᠳᠤᠵᠤ ᠦᠵᠡᠭᠡᠷᠡᠢ᠂ ᠡᠨᠡ ᠨᠢ ᠪᠠᠷᠤᠭ ᠪᠦᠷ ᠲᠤᠬᠠᠢ ᠶᠢᠨ ᠦᠶ᠎ᠡ ᠶᠢᠨ ᠠᠵᠢᠯ ᠳᠠᠭᠠᠨ | ᠨᠠᠷᠢᠨ ᠪᠢᠰᠢ ᠪᠣᠳᠠᠲᠠᠢ ᠪᠢᠰᠢ ᠪᠠᠶᠢᠬᠤ ᠲᠠᠢ ᠬᠤᠯᠪᠣᠭ᠎ᠠ ᠲᠠᠢ ᠶᠤᠮ᠃ ᠡᠶᠢᠮᠦ ᠰᠤᠷᠭᠠᠮᠵᠢ ᠶᠢ ᠪᠢᠳᠠ ᠲᠡᠬᠢᠵᠦ | ᠭᠠᠷᠭᠠᠵᠤ ᠪᠣᠯᠬᠤ ᠤᠶᠢᠭᠡᠢ᠃ ᠡᠯ᠎ᠡ ᠱᠠᠲᠤᠨ ᠤ ᠺᠠᠳ᠋ᠷᠴᠤᠳ ᠳᠡᠭᠡᠳᠦ ᠱᠠᠲᠤᠨ ᠠᠴᠠ ᠳᠣᠣᠷᠠᠳᠤ ᠱᠠᠲᠤᠨ ᠳᠤ | ᠬᠦᠷᠲᠡᠯ᠎ᠡ ᠲᠣᠯᠣᠭᠠᠶᠢᠯᠠᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ᠃ | ᠭᠤᠷᠪᠠ ᠳᠤ᠂ ᠠᠵᠢᠯ ᠬᠠᠷᠢᠭᠤᠴᠠᠯᠭ᠎ᠠ ᠠᠴᠠ ᠵᠠᠶᠢᠯᠠᠬᠤ ᠭᠡᠮ ᠢᠶᠠᠨ ᠥᠭᠡᠷᠡᠴᠢᠯᠡᠨ᠎ᠡ᠃ ᠵᠠᠷᠢᠮ ᠺᠠᠳ᠋ᠷ | ᠥᠪᠡᠷ ᠢ ᠪᠠᠨ ᠮᠡᠷᠭᠡᠨ ᠬᠡᠮᠡᠨ ᠮᠠᠭᠲᠠᠵᠤ᠂ ᠤᠳᠤᠷᠢᠳᠤᠯᠭ᠎ᠠ ᠶᠢ ᠲᠡᠨᠡᠭ ᠭᠡᠵᠦ ᠦᠵᠡᠭᠡᠳ᠂ ᠬᠡᠵᠢᠶᠡᠳᠡ ᠥᠪᠡᠷ ᠤᠨ | ᠠᠵᠢᠯ ᠤᠨ ᠰᠠᠨᠠᠭᠤᠯᠭ᠎ᠠ ᠪᠠᠨ ᠪᠤᠰᠤᠳ ᠢᠶᠠᠷ ᠬᠢᠯᠭᠡᠵᠦ᠂ ᠬᠡᠵᠢᠶᠡᠳᠡ ᠰᠢᠯᠲᠠᠭ ᠡᠷᠢᠵᠦ ᠥᠪᠡᠷ ᠤᠨ ᠠᠵᠢᠯ ᠢᠶᠠᠨ | ᠪᠤᠰᠤᠳ ᠲᠤ ᠲᠦᠯᠬᠢᠵᠦ ᠬᠢᠯᠭᠡᠬᠦ ᠪᠠᠷ ᠤᠳᠤᠷᠢᠳᠤᠯᠭ᠎ᠠ ᠳᠠᠭᠠᠨ ᠰᠠᠨᠠᠭᠤᠯᠭ᠎ᠠ ᠥᠭᠲᠡᠭ᠃ ᠬᠤᠳᠠ ᠶᠢᠨ ᠰᠢᠭᠤᠳ | ᠬᠠᠷᠢᠶ᠎ᠠ ᠬᠤᠷᠢᠶ᠎ᠠ᠂ ᠠᠯᠪᠠᠨ ᠭᠡᠷ ᠤᠨ ᠲᠣᠪᠴᠢᠶ᠎ᠠ ᠵᠠᠷᠢᠮ ᠺᠠᠳ᠋ᠷ ᠲᠤ ᠮᠠᠲ᠋ᠧᠷᠢᠶᠠᠯ ᠠᠪᠬᠤ ᠭᠡᠬᠦ ᠳᠤ | ᠬᠤᠤᠳᠤᠤ ᠪᠠᠷ ᠢᠶᠠᠨ ᠬᠠᠩᠭᠠᠵᠤ ᠥᠭᠲᠡᠭ᠂ ᠦᠵᠡᠭᠡᠳ ᠬᠢᠷᠢ ᠳᠤ ᠬᠦᠷᠬᠦ ᠦᠭᠡᠢ᠂ ᠲᠠᠬᠢᠭᠠᠳ ᠡᠷᠢᠪᠡᠯ ᠤᠲᠠᠰᠤ | ᠲᠣᠰᠬᠤ ᠪᠠᠨ ᠪᠤᠯᠢᠴᠢᠳᠠᠭ ᠪᠠᠶᠢᠨ᠎ᠠ᠃ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠬᠢᠬᠦ ᠵᠣᠷᠢᠭ | ᠦᠭᠡᠢ ᠶᠢᠨ ᠤᠯᠠᠮ ᠠᠴᠠ ᠤᠬᠠᠭᠠᠨ ᠨᠢ ᠭᠡᠳᠡᠷᠭᠦ ᠪᠠᠨ ᠮᠡᠷᠭᠡᠨ ᠳᠡᠭᠡᠨ ᠪᠤᠷᠤᠭᠤᠳᠠᠳᠠᠭ᠃ ᠬᠦᠴᠢᠷ | ᠪᠡᠷᠬᠡᠰᠢᠶᠡᠯ ᠤᠨ ᠡᠮᠦᠨ᠎ᠡ᠂ ︽ᠶᠠᠭᠤ ᠴᠤ ᠬᠡᠯᠡᠬᠦ ᠦᠭᠡᠢ᠂ ᠬᠢᠭᠰᠡᠨ ᠤ ᠳᠠᠷᠠᠭ᠎ᠠ ᠮᠡᠳᠡᠶ᠎ᠡ︾ ᠭᠡᠬᠦ ᠴᠤᠭ ᠰᠦᠯᠳᠡ ᠲᠠᠢ | ᠪᠠᠶᠢᠬᠤ ᠬᠡᠷᠡᠭᠲᠡᠢ᠃ ᠥᠷᠢᠰᠦᠯᠳᠦᠭᠡᠨ ᠳᠤ ᠬᠠᠨᠳᠤᠬᠤ ᠳᠠᠭᠠᠨ ᠵᠣᠷᠢᠭᠲᠠᠢ ᠪᠠᠷ ᠤᠷᠤᠭᠰᠢᠯᠠᠬᠤ᠂ ᠬᠤᠷᠴᠠ | ᠰᠡᠯᠡᠮ᠎ᠡ ᠪᠠᠷ ᠠᠪᠤᠨ ᠳᠣᠣᠷ᠎ᠠ ᠪᠠᠨ ᠤᠷᠤᠭᠰᠢᠯᠠᠬᠤ ᠡᠷᠡᠰ ᠵᠣᠷᠢᠭ ᠲᠠᠢ ᠪᠠᠶᠢᠬᠤ ᠬᠡᠷᠡᠭᠲᠡᠢ᠃ ᠵᠥᠷᠢᠴᠡᠯ ᠳᠤ | ᠬᠠᠨᠳᠤᠬᠤ ᠳᠠᠭᠠᠨ ᠰᠢᠨᠲᠠᠷᠠᠰᠢ ᠦᠭᠡᠢ ᠲᠡᠮᠡᠴᠡᠵᠦ᠂ ᠨᠠᠳᠠ ᠠᠴᠠ ᠥᠭᠡᠷ᠎ᠡ ᠬᠡᠨ ᠬᠠᠷᠢᠭᠤᠴᠠᠬᠤ ᠡᠭᠦᠷᠭᠡ ᠲᠠᠢ ᠪᠠᠶᠢᠬᠤ | ᠬᠡᠷᠡᠭᠲᠡᠢ᠃ ᠬᠡᠪᠲᠡᠬᠦ ᠮᠠᠶ᠋ᠢᠭ ᠤᠨ ᠺᠠᠳ᠋ᠷ᠂ ᠰᠤᠯᠠ ᠦᠭᠡ ᠶᠠᠷᠢᠬᠤ ᠺᠠᠳ᠋ᠷ᠂ ᠡᠳᠦᠷ ᠥᠩᠭᠡᠷᠡᠭᠡᠬᠦ ᠺᠠᠳ᠋ᠷ ᠢ ᠳᠠᠯᠳᠠᠯᠠᠬᠤ | ᠭᠠᠵᠠᠷ ᠦᠭᠡᠢ ᠪᠣᠯᠭᠠᠬᠤ ᠬᠡᠷᠡᠭᠲᠡᠢ᠃ ᠬᠤᠷᠢᠶᠠᠨ ᠤ ᠠᠯᠪᠠᠨ ᠭᠡᠷ ᠲᠣᠪᠴᠢᠶ᠎ᠠ ᠶᠢᠨ ᠲᠣᠭᠲᠠᠭᠠᠵᠤ ᠪᠣᠯᠬᠤ ᠶᠠᠪᠤᠳᠠᠯ ᠢ | ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠳᠤ ᠲᠤᠰᠢᠶᠠᠬᠤ ᠬᠡᠷᠡᠭ ᠦᠭᠡᠢ᠂ ᠬᠡᠪ ᠤᠨ ᠠᠵᠢᠯ ᠤᠨ | ᠬᠡᠪᠴᠢᠶᠡᠨ ᠳᠠᠬᠢ ᠶᠠᠪᠤᠳᠠᠯ ᠢ ᠶᠡᠭᠡ ᠬᠤᠷᠠᠯ ᠪᠠᠭ᠎ᠠ ᠬᠤᠷᠠᠯ ᠳᠤ ᠳᠡᠪᠰᠢᠭᠦᠯᠦᠨ ᠰᠤᠳᠤᠯᠤᠭᠰᠠᠨ ᠤ ᠬᠡᠷᠡᠭ ᠦᠭᠡᠢ᠃ | ᠳᠥᠷᠪᠡ ᠳᠤ᠂ ᠬᠠᠭᠤᠴᠢᠨ ᠢᠶᠠᠨ ᠪᠠᠷᠢᠮᠲᠠᠯᠠᠵᠤ ᠬᠡᠪᠰᠢᠷᠡᠨ ᠵᠣᠭᠰᠤᠩᠭᠤᠶᠢᠷᠠᠬᠤ ᠰᠡᠳᠬᠢᠴᠡ ᠶᠢ ᠥᠭᠡᠷᠡᠴᠢᠯᠡᠨ᠎ᠡ᠃ | ᠨᠢᠭᠡ ᠬᠥᠮᠥᠨ ᠤ ᠣᠷᠣᠯᠭ᠎ᠠ ᠶᠢ ᠰᠢᠢᠳᠪᠦᠷᠢᠯᠡᠬᠦ ᠬᠦᠴᠦᠨ ᠵᠦᠢᠯ ᠮᠠᠰᠢ ᠤᠯᠠᠨ ᠪᠠᠶᠢᠳᠠᠭ᠂ ᠡᠭᠦᠨ ᠳᠤ ᠪᠣᠳᠠᠲᠤ | ᠰᠢᠯᠲᠠᠭᠠᠨ ᠪᠠᠶᠢᠬᠤ ᠮᠥᠷᠲᠡᠭᠡᠨ ᠨᠡᠩ ᠴᠤ ᠲᠡᠦᠬᠡ ᠶᠢᠨ ᠰᠢᠯᠲᠠᠭᠠᠨ ᠪᠠᠶᠢᠳᠠᠭ᠂ ᠨᠢᠭᠡ ᠬᠥᠮᠥᠨ ᠤ ᠥᠷᠲᠡᠭ ᠢ | ᠬᠡᠮᠵᠢᠬᠦ ᠪᠠᠷᠢᠮᠵᠢᠶ᠎ᠠ ᠨᠢ ᠮᠠᠰᠢ ᠥᠷᠭᠡᠨ ᠪᠠᠶᠢᠳᠠᠭ᠂ ᠠᠴᠢ ᠬᠠᠷᠢᠭᠤᠯᠲᠠ ᠶᠢᠨ ᠬᠡᠳᠦᠢ ᠪᠠᠶᠢᠬᠤ ᠶᠢ ᠦᠵᠡᠬᠦ | ᠮᠥᠷᠲᠡᠭᠡᠨ ᠨᠠᠩ ᠴᠤ ᠬᠡᠳᠦᠢ ᠵᠠᠷᠤᠴᠠᠭᠤᠯᠤᠭᠰᠠᠨ ᠢ ᠨᠢ ᠦᠵᠡᠨ᠎ᠡ᠃ ᠵᠠᠷᠢᠮ ᠺᠠᠳ᠋ᠷ ᠴᠠᠯᠢᠩ ᠬᠥᠯᠥᠰᠦᠨ ᠤ ᠶᠡᠭᠡ | ᠪᠠᠭ᠎ᠠ ᠠᠴᠠ ᠪᠠᠨ ᠪᠣᠯᠣᠭᠠᠳ ᠥᠪᠡᠷ ᠤᠨ ᠪᠣᠳᠠᠲᠠᠢ ᠬᠥᠳᠡᠯᠮᠦᠷᠢ ᠪᠠᠨ ᠨᠠᠵᠠᠭᠠᠢ ᠪᠠᠷ ᠲᠣᠬᠢᠷᠠᠭᠤᠯᠵᠤ ᠪᠠᠶᠢᠨ᠎ᠠ᠃ ᠡᠨᠡ | ᠨᠢ ᠪᠣᠳᠠᠰ ᠢ ᠳᠡᠭᠡᠳᠦᠯᠡᠬᠦ ᠣᠶᠢᠯᠠᠭᠠᠭᠳᠠᠬᠤᠨ ᠪᠣᠯᠬᠤ ᠪᠠᠷ ᠪᠠᠷᠠᠬᠤ ᠦᠭᠡᠢ ᠪᠠᠰᠠ ᠪᠠᠶᠢᠷᠢᠰᠢᠯ ᠤᠨ ᠶᠡᠭᠡ ᠪᠠᠭ᠎ᠠ ᠶᠢᠨ | ᠢᠯᠡᠷᠡᠯ ᠪᠣᠯᠣᠨ᠎ᠠ᠃ ᠬᠤᠲᠠ ᠶᠢᠨ ᠨᠠᠮ ᠤᠨ ᠬᠤᠷᠢᠶ᠎ᠠ ᠠᠴᠠ ︽ᠪᠤᠭᠤᠲᠤ ᠪᠠᠨ ᠬᠠᠶᠢᠷᠠᠯᠠᠵᠤ᠂ ᠬᠤᠪᠢ ᠨᠡᠮᠡᠷᠢ | ᠦᠵᠡᠭᠦᠯᠦᠶ᠎ᠡ︾ ᠭᠡᠵᠦ ᠤᠷᠢᠶᠠᠯᠠᠭᠰᠠᠨ ᠨᠢ ᠮᠠᠨ ᠤ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ | ᠨᠠᠩ ᠴᠤ ᠪᠣᠳᠠᠲᠤ ᠠᠴᠢ ᠬᠤᠯᠪᠣᠭᠳᠠᠯ ᠲᠠᠢ ᠪᠥᠭᠡᠳ ᠰᠢᠪᠠᠳᠠᠬᠤ ᠠᠴᠢ ᠬᠤᠯᠪᠣᠭᠳᠠᠯ ᠲᠠᠢ ᠶᠤᠮ᠃ ᠪᠢᠳᠡ ᠵᠠᠪᠠᠯ | ᠨᠡᠩ ᠤᠬᠠᠮᠰᠠᠷ ᠠᠴᠠ ᠪᠠᠨ ᠰᠠᠨᠠᠭᠠᠴᠢᠯᠠᠭ᠎ᠠ ᠲᠠᠢ ᠪᠠᠷ ᠡᠨᠡ ᠬᠦ ᠠᠵᠢᠯᠯᠠᠭ᠎ᠠ ᠶᠢ ᠮᠠᠨ ᠤ ᠬᠤᠪᠢ ᠬᠥᠮᠥᠨ ᠤ ᠤᠷᠳᠤ | ᠬᠤᠭᠤᠴᠠᠭᠠᠨ ᠤ ᠳᠠᠪᠲᠠᠨ ᠪᠣᠯᠪᠠᠰᠤᠷᠠᠭᠤᠯᠬᠤ᠂ ᠦᠵᠡᠯ ᠰᠡᠳᠬᠢᠯᠭᠡ ᠪᠠᠨ ᠪᠣᠯᠪᠠᠰᠤᠷᠠᠭᠤᠯᠬᠤ᠂ ᠠᠵᠢᠯ ᠤᠨ | ᠪᠠᠶᠢᠷᠢ ᠪᠠᠨ ᠬᠠᠶᠢᠷᠠᠯᠠᠵᠤ ᠠᠵᠢᠯ ᠦᠢᠯᠡᠰ ᠢᠶᠠᠨ ᠳᠡᠭᠡᠳᠦᠯᠡᠬᠦ ᠨᠠᠰᠤᠨ ᠲᠤᠷᠰᠢᠲᠠ ᠶᠢᠨ ᠰᠡᠳᠦᠪ ᠪᠣᠯᠭᠠᠨ ᠳᠠᠪᠲᠠᠨ | ᠪᠣᠯᠪᠠᠰᠤᠷᠠᠭᠤᠯᠵᠤ᠂ ᠡᠭᠦᠨ ᠤ ᠤᠯᠠᠮ ᠠᠴᠠ ᠦᠵᠡᠯ ᠰᠠᠨᠠᠭ᠎ᠠ ᠣᠪᠣᠷ ᠰᠤᠷᠲᠠᠯ ᠪᠠ ᠤᠶᠤᠨ ᠰᠠᠨᠠᠭᠠᠨ ᠤ ᠳᠦᠷᠰᠦ | ᠪᠠᠶᠢᠳᠠᠯ ᠤᠨ ᠭᠦᠨ ᠳᠠᠪᠬᠤᠷᠭ᠎ᠠ ᠶᠢᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | ᠲᠠᠪᠤ ᠳᠤ᠂ ᠪᠡᠶ᠎ᠡ ᠪᠠᠨ ᠭᠤᠯᠣᠵᠤ ᠭᠤᠲᠤᠷᠠᠬᠤ ᠰᠡᠳᠬᠢᠬᠦᠢ ᠪᠠᠨ ᠥᠭᠡᠷᠡᠴᠢᠯᠡᠨ᠎ᠡ᠃ ᠵᠠᠷᠢᠮ ᠺᠠᠳ᠋ᠷ ᠳᠡᠭᠡᠳᠦ | ᠰᠢᠨ᠎ᠡ ᠮᠡᠷᠭᠡᠵᠢᠯ ᠤᠨ ᠣᠷᠣᠨ ᠳᠤ ᠠᠷᠪᠠᠨ ᠬᠡᠳᠦᠨ ᠵᠦᠢᠯ ᠤᠨ ᠬᠢᠷᠢ ᠬᠡᠮ ᠲᠠᠢ ᠠᠵᠢᠯᠲᠠᠨ ᠲᠠᠢ ᠭᠡᠵᠦ | ᠬᠥᠭᠡᠷᠭᠡᠳᠡᠵᠦ ᠪᠠᠶᠢᠨ᠎ᠠ᠂ ᠡᠨᠡ ᠨᠢ ᠨᠢᠭᠡ ᠲᠠᠯ᠎ᠠ ᠪᠠᠷ ᠭᠠᠳᠠᠨᠠᠬᠢ ᠶᠢᠷᠲᠢᠨᠴᠦ ᠶᠢ ᠣᠶᠢᠯᠠᠭᠠᠬᠤ ᠦᠭᠡᠢ ᠨᠦᠬᠦᠭᠡ | ᠲᠠᠯ᠎ᠠ ᠪᠠᠷ ᠥᠪᠡᠷ ᠤᠨ ᠪᠠᠶᠢᠭᠤᠯᠭ᠎ᠠ ᠪᠠᠨ ᠬᠠᠶᠢᠷᠠᠯᠠᠬᠤ ᠦᠭᠡᠢ ᠪᠠᠶᠢᠬᠤ ᠶᠢ ᠬᠠᠷᠠᠭᠤᠯᠵᠤ ᠪᠠᠶᠢᠨ᠎ᠠ᠃ ᠣᠳᠣᠬᠠᠨ ᠳᠤ | ᠬᠤᠰᠢᠭᠤ ᠰᠢᠶᠠᠨ ᠲᠣᠭᠤᠷᠢᠭ ᠤᠨ ᠬᠥᠮᠥᠨ ᠬᠡᠷᠡᠭᠯᠡᠬᠦ ᠪᠠᠶᠢᠳᠠᠯ ᠦᠨᠳᠦᠰᠦᠨ ᠳᠡᠭᠡᠨ ᠪᠦᠷ ᠠᠳᠠᠯᠢᠪᠲᠤᠷ ᠪᠠᠶᠢᠨ᠎ᠠ᠂ | ᠵᠢᠱᠢᠶᠡᠯᠡᠪᠡᠯ ᠵᠠᠷᠢᠮ ᠲᠣᠭᠤᠷᠢᠭ ᠲᠤ ᠨᠠᠭᠠᠲᠤ ᠵᠠᠬ᠎ᠠ ᠳᠠᠭᠠᠨ ᠠᠯᠪᠠᠲᠠᠨ᠂ ᠠᠵᠢᠯ ᠤᠨ ᠪᠠᠶᠢᠷᠢ ᠶᠢᠨ ᠦᠢᠯᠡᠴᠢᠯᠡᠭᠡ᠂ | ᠠᠯᠪᠠᠨ ᠶᠣᠰᠣᠨ ᠤ ᠠᠵᠢᠯ ᠦᠢᠯᠡᠰ ᠤᠨ ᠬᠢᠷᠢ ᠬᠡᠮ᠂ ᠣᠷᠣᠨ ᠤ ᠤᠷᠢᠯᠭ᠎ᠠ ᠶᠢᠨ ᠠᠵᠢᠯ ᠦᠢᠯᠡᠰ ᠤᠨ ᠬᠢᠷᠢ ᠬᠡᠮ᠂ | ᠣᠷᠣᠨ ᠤ ᠤᠷᠢᠯᠭ᠎ᠠ ᠶᠢᠨ ᠭᠡᠷ᠎ᠡ ᠶᠢᠨ ᠳᠦᠷᠢᠮ᠂ ᠨᠢᠭᠡᠴᠡ ᠶᠢᠨ ᠥᠪᠡᠷ ᠢᠶᠠᠨ ᠤᠷᠢᠭᠳᠠᠭᠰᠠᠳ᠂ ᠨᠡᠶᠢᠭᠡᠮ | ᠲᠣᠭᠤᠷᠢᠭ ᠤᠨ ᠺᠠᠳ᠋ᠷ᠂ ᠪᠠᠷᠠᠭᠤᠨ ᠣᠷᠣᠨ ᠤ ᠴᠢᠳᠠᠪᠤᠷᠢᠲᠠᠨ ᠤ ᠲᠥᠯᠥᠪᠯᠡᠭᠡ᠂ ᠭᠤᠷᠪᠠ ᠶᠢ ᠳᠡᠮᠵᠢᠵᠦ ᠨᠢᠭᠡ ᠶᠢ | ᠲᠡᠳᠬᠦᠬᠦ᠂ ᠠᠷᠠᠳ ᠤᠨ ᠠᠮᠢᠳᠤᠷᠠᠯ ᠤᠨ ᠰᠠᠶᠢᠨ ᠳᠤᠷ᠎ᠠ ᠶᠢᠨ ᠠᠵᠢᠯᠯᠠᠭᠴᠢ᠂ ᠠᠯᠪᠠᠨ ᠠᠵᠢᠯ ᠤᠨ ᠪᠠᠶᠢᠷᠢ ᠠᠴᠠ | ᠲᠡᠭᠦᠰᠦᠭᠰᠡᠨ ᠰᠤᠷᠤᠭᠴᠢ ᠠᠵᠢᠯ ᠣᠯᠭᠤᠯᠲᠠ ᠶᠢᠨ ᠲᠤᠰᠠᠯᠠᠭᠴᠢ᠂ ᠲᠥᠯᠥᠪᠯᠡᠭᠡᠲᠦ ᠦᠷᠡᠵᠢᠯ ᠤᠨ ᠲᠤᠰᠠᠯᠠᠭᠴᠢ᠂ | ᠠᠶᠤᠯᠭᠦᠢ ᠦᠢᠯᠡᠳᠪᠦᠷᠢᠯᠡᠯ ᠤᠨ ᠬᠢᠨᠠᠨ ᠪᠠᠶᠢᠴᠠᠭᠠᠭᠴᠢ᠂ ᠲᠤᠭ᠎ᠠ ᠪᠦᠷᠢᠳᠬᠡᠯ ᠤᠨ ᠲᠤᠰᠠᠯᠠᠬᠤ ᠪᠠᠶᠢᠴᠠᠭᠠᠭᠴᠢ᠂ | ᠵᠡᠮᠳᠡᠭᠴᠦᠳ ᠤᠨ ᠲᠤᠰᠬᠠᠢ ᠵᠥᠪᠯᠡᠯ᠂ ᠦᠨᠳᠦᠰᠦᠲᠡᠨ ᠱᠠᠰᠢᠨ ᠰᠤᠷᠲᠠᠬᠤᠨ ᠤ ᠭᠤᠷᠪᠠᠨ ᠳᠡᠰ ᠤᠨ ᠰᠦᠯᠵᠢᠶᠡᠨ ᠤ | ᠠᠵᠢᠯᠲᠠᠨ ᠵᠡᠷᠭᠡ ᠪᠢᠳᠡᠨ ᠠᠴᠠ ᠪᠠᠰᠠ ᠠᠷᠪᠢᠨ ᠪᠠᠶᠢᠵᠤ ᠮᠡᠳᠡᠨ᠎ᠡ᠃ ᠶᠠᠭᠤᠨ ᠤ ᠤᠴᠢᠷ ᠠᠴᠠ ᠲᠡᠳᠡ ᠨᠠᠷ ᠳᠤᠷ᠎ᠠ | ᠦᠭᠡᠶᠢᠴᠡᠭᠰᠡᠨ ᠳᠠᠭᠤ ᠦᠭᠡᠢ ᠪᠤᠢ︖ ᠡᠭᠦᠨ ᠢ ᠤᠯᠠᠨ ᠢᠶᠠᠷ ᠢᠶᠠᠨ ᠪᠣᠳᠣᠯᠬᠢᠯᠠᠬᠤ ᠴᠢᠬᠤᠯᠠᠲᠠᠢ᠃ ᠪᠢ ᠬᠥᠮᠥᠨ ᠢ | ᠬᠦᠷᠬᠦ ᠦᠭᠡᠢ᠂ ᠥᠪᠡᠷ ᠢ ᠪᠠᠨ ᠬᠥᠩᠭᠡᠪᠴᠢᠯᠡᠬᠦ ᠪᠣᠯ ᠨᠢᠭᠡ ᠵᠦᠢᠯ ᠤᠨ ᠪᠡᠶ᠎ᠡ ᠪᠠᠨ ᠭᠤᠯᠣᠵᠤ ᠭᠤᠲᠤᠷᠠᠬᠤ ᠶᠠᠪᠤᠳᠠᠯ | ᠮᠥᠨ᠂ ᠡᠨᠡ ᠨᠢ ᠨᠠᠵᠠᠭᠠᠢ ᠪᠤᠳᠤᠯ ᠠᠴᠠ ᠢᠷᠡᠯᠲᠡ ᠲᠠᠢ ᠶᠤᠮ᠂ ᠺᠠᠳ᠋ᠷ ᠪᠣᠯᠤᠭᠰᠠᠨ ᠤ ᠬᠤᠪᠢ ᠳᠤ ᠵᠥᠪ ᠢᠶᠠᠷ | ᠬᠠᠨᠳᠤᠬᠤ ᠬᠡᠷᠡᠭᠲᠡᠢ᠂ ᠬᠠᠷᠢᠨ ᠭᠤᠮᠣᠷᠬᠠᠵᠤ ᠳᠤᠷ᠎ᠠ ᠦᠭᠡᠶᠢᠴᠡᠨ ᠴᠠᠯᠴᠢᠵᠤ ᠪᠣᠯᠬᠤ ᠦᠭᠡᠢ᠃ ᠨᠢᠭᠡᠴᠡ ᠶᠢᠨ ᠢᠶᠠᠨ | ᠭᠤᠣᠯ ᠤᠳᠤᠷᠢᠳᠤᠯᠭ᠎ᠠ ᠪᠣᠯᠤᠭᠰᠠᠨ ᠤ ᠬᠤᠪᠢ ᠳᠤ ᠵᠥᠪ ᠲᠠᠨᠢᠯᠲᠠ ᠲᠠᠢ ᠪᠠᠶᠢᠵᠤ᠂ ᠬᠠᠷᠢᠨ ᠡᠳᠦᠷᠵᠢᠨ | ᠭᠤᠮᠣᠳᠠᠯ ᠢᠶᠠᠨ ᠲᠣᠭᠠᠴᠠᠬᠤ ᠪᠢᠰᠢ᠂ ᠬᠥᠮᠥᠨ ᠶᠠᠭᠤ ᠭᠡᠪᠡᠯ ᠶᠠᠭᠤ ᠭᠡᠬᠦ ᠪᠢᠰᠢ᠂ ᠬᠠᠷᠢᠨ ᠢᠳᠡᠪᠬᠢᠲᠡᠢ ᠪᠠᠷ | ᠬᠥᠲᠥᠯᠥᠨ ᠵᠢᠯᠤᠭᠤᠳᠬᠤ ᠬᠡᠷᠡᠭᠲᠡᠢ᠃ ᠬᠥᠮᠥᠨ ᠨᠢᠭᠡᠪᠦᠷᠢ ᠴᠥᠮ ᠪᠠᠶᠢᠭᠤᠯᠭ᠎ᠠ ᠳᠠᠭᠠᠨ ᠲᠠᠯᠠᠷᠬᠠᠵᠤ᠂ ᠠᠵᠢᠯ ᠤᠨ | ᠪᠠᠶᠢᠷᠢ ᠪᠠᠨ ᠬᠦᠨᠳᠦᠳᠬᠡᠵᠦ᠂ ᠠᠵᠢᠯ ᠤᠨ ᠪᠠᠶᠢᠷᠢ ᠳᠠᠭᠠᠨ ᠰᠠᠶᠢᠨ ᠬᠠᠨᠳᠤᠬᠤ ᠬᠡᠷᠡᠭᠲᠡᠢ᠃ ᠬᠡᠯᠡᠯᠭᠡᠨ ᠦᠭᠡᠢ᠂ | ᠵᠣᠬᠢᠶᠠᠨ ᠪᠠᠶᠢᠭᠤᠯᠤᠯᠲᠠ ᠪᠣᠯᠤᠭᠰᠠᠨ ᠤ ᠬᠤᠪᠢ ᠳᠤ ᠪᠢᠳᠡ ᠢᠳᠡᠪᠬᠢᠲᠡᠢ ᠪᠠᠷ ᠬᠠᠨᠳᠤᠵᠤ᠂ ᠠᠯᠢ ᠴᠢᠳᠠᠬᠤ ᠪᠠᠷ | ᠤᠯᠠᠨ ᠤ ᠴᠠᠯᠢᠩ ᠣᠯᠭᠤᠮᠵᠢ ᠶᠢ ᠰᠠᠶᠢᠵᠢᠷᠠᠭᠤᠯᠬᠤ ᠬᠡᠷᠡᠭᠲᠡᠢ᠃ ᠬᠥᠮᠥᠨ ᠳᠤ ᠬᠤᠯᠪᠣᠭᠳᠠᠬᠤ ᠥᠭᠡᠷᠡᠴᠢᠯᠡᠯᠲᠡ ᠪᠣᠯ | ᠬᠠᠮᠤᠭ ᠤᠨ ᠬᠦᠴᠢᠷᠲᠡᠢ᠂ ᠮᠥᠨ ᠴᠦ ᠬᠠᠮᠤᠭ ᠤᠨ ᠶᠡᠭᠡ ᠦᠷ᠎ᠡ ᠪᠦᠲᠦᠭᠡᠯ ᠲᠠᠢ ᠶᠤᠮ᠂ ᠡᠭᠦᠨ ᠳᠤ ᠨᠢᠭᠡᠨ ᠶᠠᠪᠤᠴᠠ | ᠪᠠᠶᠢᠬᠤ ᠬᠡᠷᠡᠭᠲᠡᠢ᠃ | ᠨᠥᠬᠦᠳ ᠠ᠋᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ | ᠴᠢᠬᠤᠯᠠ ᠨᠢᠭᠡ ᠵᠢᠯ ᠮᠥᠨ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ | ᠵᠠᠰᠠᠭ ᠤᠨ ᠣᠷᠳᠣᠨ ᠪᠣᠯᠣᠨ ᠣᠷᠣᠨ ᠤ ᠨᠠᠮ ᠤᠨ ᠠᠵᠢᠯᠯᠠᠬᠤ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠤᠯᠤᠰ ᠤᠨ ᠲᠡᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ | 50 ᠬᠦᠴᠦᠷᠬᠡᠭ ᠲᠤ ᠲᠠᠪᠰᠢᠨ ᠣᠷᠣᠬᠤ ᠪᠠᠷ ᠴᠢᠷᠮᠠᠶᠢᠨ ᠲᠡᠮᠡᠴᠡᠵᠡᠭᠡᠶ᠎ᠡ︕ |