ᠳᠡᠭᠡᠳᠦ ᠰᠢᠨ᠎ᠡ ᠮᠡᠷᠭᠡᠵᠢᠯ ᠤᠨ ᠣᠷᠣᠨ ᠤ  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠬᠠᠤᠯᠢ ᠶᠣᠰᠣᠭᠠᠷ ᠨᠤᠷᠠᠭᠠᠵᠤ᠂ ᠬᠠᠤᠯᠢ ᠎ ᠠᠴᠠ ᠵᠦᠷᠢᠴᠡᠭᠰᠡᠨ ᠪᠦᠲᠦᠭᠡᠨ ᠪᠠᠶᠢᠭᠤᠯᠬᠤ ᠦᠶᠯᠡ ᠠᠵᠢᠯᠯᠠᠭ᠎ᠠ ᠶᠢ ᠡᠷᠡᠰ ᠬᠤᠷᠢᠭᠯᠠᠵᠣ ᠪᠣᠢ
ᠨᠡᠶᠢᠲᠡᠯᠡᠭᠰᠡᠨ ᠴᠠᠭ᠄
2023/9/8
    ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠥᠯᠦᠪᠵᠢᠭᠦᠯᠭᠡ ᠶᠢᠨ ᠬᠡᠯᠪᠡᠷᠢ ᠶᠢᠨ ᠲᠣᠭᠲᠠᠭᠤᠨ ᠪᠠᠶᠢᠳᠠᠯ ᠢ ᠪᠦᠲᠦᠮᠵᠢᠲᠡᠢ ᠬᠠᠮᠠᠭᠠᠯᠠᠵᠤ᠂ ᠬᠠᠤᠯᠢ ᠶᠢ ᠵᠥᠷᠢᠴᠡᠨ ᠪᠦᠲᠦᠭᠡᠨ ᠪᠠᠶᠢᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢᠨ ᠲᠥᠯᠥᠭᠡ᠂ ᠮᠠᠨ ᠤ ᠶᠡᠭᠡ ᠠᠩᠭᠢ ︽12 ᠴᠠᠭ ᠲᠤ ᠢᠯᠡᠷᠡᠭᠦᠯᠬᠦ᠂ 24 ᠴᠠᠭ ᠲᠤ ᠨᠤᠷᠠᠭᠠᠬᠤ︾ ᠵᠠᠷᠴᠢᠮ ᠶᠣᠰᠣᠭᠠᠷ᠂ ᠲᠣᠣᠷ ᠤᠨ ᠨᠡᠶᠢᠳᠡᠮ ᠤᠨ ᠪᠠᠶᠢᠴᠠᠭᠠᠯᠲᠠ᠂ ᠴᠠᠭ ᠢ ᠵᠥᠷᠢᠴᠡᠭᠦᠯᠦᠨ ᠲᠣᠭᠤᠷᠢᠨ ᠪᠠᠶᠢᠴᠠᠭᠠᠬᠤ᠂ ᠲᠥᠪᠯᠡᠷᠡᠭᠦᠯᠦᠨ ᠪᠠᠶᠢᠴᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠬᠠᠮᠢᠶᠠᠷᠤᠨ ᠡᠵᠡᠮᠳᠡᠬᠦ ᠠᠵᠢᠯ ᠢ ᠨᠠᠷᠢᠨ ᠬᠢᠨᠠᠮᠠᠭᠠᠢ ᠯᠠᠪᠳᠠᠭᠤᠨ ᠪᠠᠲᠤᠲᠠᠢ ᠥᠷᠨᠢᠭᠦᠯᠵᠡᠢ᠃     ᠣᠶᠢᠷ᠎ᠠ ᠳᠤ᠂ ᠮᠠᠨ ᠤ ᠶᠡᠭᠡ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠳᠤᠮᠳᠠ ᠪᠠᠨ ᠣᠯᠵᠤ ᠮᠡᠳᠡᠭᠰᠡᠨ ᠨᠢ᠂ ᠬᠥᠯ ᠳᠡᠷᠡᠰᠦ ᠭᠠᠴᠠᠭᠠᠨ ᠤ ᠠᠷᠠᠳ ᠢᠦᠢ ᠣᠪᠣᠭᠲᠤ ᠶᠠᠮᠠᠷ ᠴᠤ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠦᠭᠡᠢ ᠪᠠᠷ ᠬᠦᠷᠢᠶᠡᠨ ᠳᠣᠲᠣᠷ᠎ᠠ ᠳᠤᠷ᠎ᠠ ᠪᠠᠷ ᠢᠶᠠᠨ ᠭᠡᠷ ᠪᠠᠶᠢᠰᠢᠩ ᠤᠨ ᠬᠡᠷᠡᠮ ᠢ ᠵᠠᠪᠳᠤᠨ ᠪᠠᠷᠢᠵᠤ᠂ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢᠨ ᠲᠠᠯᠠᠪᠠᠶ ᠨᠢ ᠪᠠᠷᠤᠭ 65 ᠣᠷᠳᠣ ᠮᠧᠲᠷ ᠪᠠᠶᠢᠵᠤ᠂ ᠬᠠᠤᠯᠢ ᠬᠡᠷᠡᠭᠵᠢᠭᠦᠯᠦᠭᠴᠢ ᠠᠴᠠ ᠲᠤᠬᠠᠢ ᠶᠢᠨ ᠬᠥᠮᠥᠨ ᠳᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠬᠦᠯᠢᠴᠡᠩᠭᠦᠢ ᠪᠠᠷ ᠲᠠᠶᠢᠯᠪᠤᠷᠢᠯᠠᠭᠰᠠᠨ ᠤ ᠳᠠᠷᠠᠭ᠎ᠠ᠂ ᠬᠠᠤᠯᠢ ᠬᠡᠷᠡᠭᠵᠢᠭᠦᠯᠦᠭᠴᠢ ᠠᠴᠠ ᠲᠤᠬᠠᠢ ᠶᠢᠨ ᠲᠠᠯᠠᠪᠤᠷ ᠲᠤ ᠬᠢᠨᠠᠯᠲᠠ ᠲᠠᠯᠪᠢᠵᠤ ᠪᠠᠶᠢᠭᠠᠳ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠨᠢ ᠨᠤᠷᠠᠭᠠᠯᠭᠠᠬᠤ ᠪᠠᠷ ᠵᠠᠷᠯᠢᠭᠳᠠᠵᠠᠢ᠂ ᠣᠳᠣᠬᠠᠨ ᠳᠤ ᠲᠣᠰ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠨᠢᠭᠡᠨᠲᠡ ᠪᠦᠬᠦᠨ ᠢ ᠨᠤᠷᠠᠭᠠᠵᠤ ᠳᠠᠭᠤᠰᠬᠠᠭᠰᠠᠨ ᠪᠥᠭᠡᠳ ᠬᠡᠷᠡᠯ ᠵᠢᠷᠤᠭ ᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠵᠤ ᠲᠥᠯᠦᠪᠵᠢᠭᠦᠯᠭᠡ ᠶᠢᠨ ᠠᠯᠪᠠᠨ ᠭᠡᠷ ᠲᠤ ᠮᠡᠳᠡᠭᠦᠯᠦᠨ ᠬᠦᠷᠭᠡᠵᠦ ᠲᠠᠩᠰᠠ ᠡᠪᠬᠡᠮᠡᠯ ᠳᠤ ᠬᠠᠳᠠᠭᠠᠯᠠᠭᠤᠯᠪᠠ᠃     ᠲᠣᠰᠬᠤᠨ ᠤ ᠠᠷᠠᠳ ᠤᠨ ᠣᠯᠠᠨᠲᠠ ᠴᠠᠭᠠᠵᠠᠯᠠᠪᠠᠴᠤ ᠦᠯᠦ ᠵᠣᠭᠰᠣᠬᠤ ᠬᠠᠤᠯᠢ ᠶᠢ ᠵᠥᠷᠢᠴᠡᠨ ᠪᠦᠲᠦᠭᠡᠨ ᠪᠠᠶᠢᠭᠤᠯᠤᠯᠲᠠ ᠬᠢᠬᠦ ᠠᠵᠢᠯᠯᠠᠭ᠎ᠠ ᠳᠤ ᠴᠢᠭᠯᠡᠭᠦᠯᠦᠨ᠂ ᠮᠠᠨ ᠤ ᠶᠡᠭᠡ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠳ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠢᠭᠡ ᠶᠢ ᠣᠯᠵᠤ ᠮᠡᠳᠡᠪᠡᠯ ᠨᠢᠭᠡ ᠶᠢ ᠨᠤᠷᠠᠭᠠᠵᠤ᠂ ᠬᠠᠤᠯᠢ ᠶᠢ ᠵᠥᠷᠢᠴᠡᠨ ᠪᠦᠲᠦᠭᠡᠨ ᠪᠠᠶᠢᠭᠤᠯᠤᠯᠲᠠ ᠬᠢᠬᠦ ᠠᠵᠢᠯᠯᠠᠭ᠎ᠠ ᠡᠭᠦᠰᠬᠦ ᠳᠤ ᠴᠢᠩᠭ᠎ᠠ ᠴᠣᠬᠢᠯᠲᠠ ᠦᠭᠪᠠ᠃     ᠲᠠᠷᠠᠭᠠᠴᠢ ᠶᠢᠨ ᠠᠯᠬᠤᠮ ᠳᠤ᠂ ᠮᠠᠨ ᠤ ᠶᠡᠭᠡ ᠠᠩᠭᠢ ︽ᠨᠡᠮᠡᠭᠳᠡᠯ ᠤᠨ ᠬᠡᠮᠵᠢᠶ᠎ᠡ ᠶᠢ ᠲᠡᠭ ᠪᠣᠯᠭᠠᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠬᠠᠰᠤᠭᠳᠠᠭᠤᠯᠬᠤ︾ ᠠᠵᠢᠯ ᠤᠨ ᠬᠠᠷᠠᠯᠲᠠ ᠪᠠᠷ ᠬᠠᠷᠢᠶᠠᠲᠤ ᠣᠷᠣᠨ ᠤ ᠳᠣᠲᠣᠷᠠᠬᠢ ᠬᠠᠤᠯᠢ ᠶᠢ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠬᠠᠮᠢᠶᠠᠷᠤᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠶ᠎ᠡ ᠵᠣᠬᠢᠴᠠᠯ ᠲᠠᠢ ᠭᠤᠶᠢᠳᠠ ᠰᠠᠶᠢᠬᠠᠨ᠂ ᠴᠡᠪᠡᠷ ᠲᠡᠭᠰᠢ ᠡᠮᠬᠢ ᠵᠢᠷᠤᠮ ᠲᠠᠢ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号