ᠳᠡᠭᠡᠳᠦ ᠰᠢᠨ᠎ᠡ ᠮᠡᠷᠭᠡᠵᠢᠯ ᠤᠨ ᠣᠷᠣᠨ ᠤ ᠲᠥᠯᠦᠪᠵᠢᠭᠦᠯᠭᠡ ᠶᠢᠨ ᠬᠡᠯᠪᠡᠷᠢ ᠶᠢᠨ ᠲᠣᠭᠲᠠᠭᠤᠨ ᠪᠠᠶᠢᠳᠠᠯ ᠢ | ᠪᠦᠲᠦᠮᠵᠢᠲᠡᠢ ᠬᠠᠮᠠᠭᠠᠯᠠᠵᠤ᠂ ᠬᠠᠤᠯᠢ ᠶᠢ ᠵᠥᠷᠢᠴᠡᠨ ᠪᠦᠲᠦᠭᠡᠨ ᠪᠠᠶᠢᠭᠤᠯᠬᠤ ᠠᠵᠢᠯᠯᠠᠭ᠎ᠠ ᠳᠤ ᠴᠢᠩᠭ᠎ᠠ ᠴᠣᠬᠢᠯᠲᠠ | ᠥᠭᠬᠦ ᠶᠢᠨ ᠲᠥᠯᠥᠭᠡ᠂ ᠮᠠᠨ ᠤ ᠶᠡᠭᠡ ᠠᠩᠭᠢ ︽12 ᠴᠠᠭ ᠲᠤ ᠢᠯᠡᠷᠡᠭᠦᠯᠬᠦ᠂ 24 ᠴᠠᠭ ᠲᠤ ᠨᠤᠷᠠᠭᠠᠬᠤ︾ | ᠵᠠᠷᠴᠢᠮ ᠶᠣᠰᠣᠭᠠᠷ᠂ ᠲᠣᠣᠷ ᠤᠨ ᠨᠡᠶᠢᠳᠡᠮ ᠤᠨ ᠪᠠᠶᠢᠴᠠᠭᠠᠯᠲᠠ᠂ ᠴᠠᠭ ᠢ ᠵᠥᠷᠢᠴᠡᠭᠦᠯᠦᠨ ᠲᠣᠭᠤᠷᠢᠨ ᠪᠠᠶᠢᠴᠠᠭᠠᠬᠤ᠂ | ᠲᠥᠪᠯᠡᠷᠡᠭᠦᠯᠦᠨ ᠪᠠᠶᠢᠴᠠᠭᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ | ᠬᠠᠮᠢᠶᠠᠷᠤᠨ ᠡᠵᠡᠮᠳᠡᠬᠦ ᠠᠵᠢᠯ ᠢ ᠨᠠᠷᠢᠨ ᠬᠢᠨᠠᠮᠠᠭᠠᠢ ᠯᠠᠪᠳᠠᠭᠤᠨ ᠪᠠᠲᠤᠲᠠᠢ ᠥᠷᠨᠢᠭᠦᠯᠵᠡᠢ᠃ | ᠣᠶᠢᠷ᠎ᠠ ᠳᠤ᠂ ᠮᠠᠨ ᠤ ᠶᠡᠭᠡ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠨ ᠡᠳᠦᠷ ᠲᠤᠲᠤᠮ ᠤᠨ ᠲᠣᠭᠤᠷᠢᠨ | ᠪᠠᠶᠢᠴᠠᠭᠠᠬᠤ ᠳᠤᠮᠳᠠ ᠪᠠᠨ ᠣᠯᠵᠤ ᠮᠡᠳᠡᠭᠰᠡᠨ ᠨᠢ᠂ ᠬᠥᠯ ᠳᠡᠷᠡᠰᠦ ᠭᠠᠴᠠᠭᠠᠨ ᠤ ᠠᠷᠠᠳ ᠢᠦᠢ ᠣᠪᠣᠭᠲᠤ ᠶᠠᠮᠠᠷ | ᠴᠤ ᠬᠢᠨᠠᠨ ᠵᠥᠪᠰᠢᠶᠡᠷᠡᠭᠦᠯᠬᠦ ᠭᠠᠷ ᠭᠦᠢᠴᠡᠳᠬᠡᠯ ᠦᠭᠡᠢ ᠪᠠᠷ ᠬᠦᠷᠢᠶᠡᠨ ᠳᠣᠲᠣᠷ᠎ᠠ ᠳᠤᠷ᠎ᠠ ᠪᠠᠷ ᠢᠶᠠᠨ ᠭᠡᠷ | ᠪᠠᠶᠢᠰᠢᠩ ᠤᠨ ᠬᠡᠷᠡᠮ ᠢ ᠵᠠᠪᠳᠤᠨ ᠪᠠᠷᠢᠵᠤ᠂ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢᠨ ᠲᠠᠯᠠᠪᠠᠶ ᠨᠢ ᠪᠠᠷᠤᠭ 65 | ᠣᠷᠳᠣ ᠮᠧᠲᠷ ᠪᠠᠶᠢᠵᠤ᠂ ᠬᠠᠤᠯᠢ ᠬᠡᠷᠡᠭᠵᠢᠭᠦᠯᠦᠭᠴᠢ ᠠᠴᠠ ᠲᠤᠬᠠᠢ ᠶᠢᠨ ᠬᠥᠮᠥᠨ ᠳᠤ ᠲᠥᠷᠥ ᠶᠢᠨ ᠪᠣᠳᠣᠯᠭ᠎ᠠ | ᠬᠠᠤᠯᠢ ᠲᠣᠭᠲᠠᠭᠠᠯ ᠢ ᠬᠦᠯᠢᠴᠡᠩᠭᠦᠢ ᠪᠠᠷ ᠲᠠᠶᠢᠯᠪᠤᠷᠢᠯᠠᠭᠰᠠᠨ ᠤ ᠳᠠᠷᠠᠭ᠎ᠠ᠂ ᠬᠠᠤᠯᠢ ᠬᠡᠷᠡᠭᠵᠢᠭᠦᠯᠦᠭᠴᠢ ᠠᠴᠠ | ᠲᠤᠬᠠᠢ ᠶᠢᠨ ᠲᠠᠯᠠᠪᠤᠷ ᠲᠤ ᠬᠢᠨᠠᠯᠲᠠ ᠲᠠᠯᠪᠢᠵᠤ ᠪᠠᠶᠢᠭᠠᠳ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠨᠢ | ᠨᠤᠷᠠᠭᠠᠯᠭᠠᠬᠤ ᠪᠠᠷ ᠵᠠᠷᠯᠢᠭᠳᠠᠵᠠᠢ᠂ ᠣᠳᠣᠬᠠᠨ ᠳᠤ ᠲᠣᠰ ᠳᠦᠷᠢᠮ ᠠᠴᠠ ᠵᠥᠷᠢᠴᠡᠭᠰᠡᠨ ᠪᠠᠷᠢᠯᠭ᠎ᠠ ᠶᠢ ᠨᠢᠭᠡᠨᠲᠡ | ᠪᠦᠬᠦᠨ ᠢ ᠨᠤᠷᠠᠭᠠᠵᠤ ᠳᠠᠭᠤᠰᠬᠠᠭᠰᠠᠨ ᠪᠥᠭᠡᠳ ᠬᠡᠷᠡᠯ ᠵᠢᠷᠤᠭ ᠤᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠵᠤ | ᠲᠥᠯᠦᠪᠵᠢᠭᠦᠯᠭᠡ ᠶᠢᠨ ᠠᠯᠪᠠᠨ ᠭᠡᠷ ᠲᠤ ᠮᠡᠳᠡᠭᠦᠯᠦᠨ ᠬᠦᠷᠭᠡᠵᠦ ᠲᠠᠩᠰᠠ ᠡᠪᠬᠡᠮᠡᠯ ᠳᠤ ᠬᠠᠳᠠᠭᠠᠯᠠᠭᠤᠯᠪᠠ᠃ | ᠲᠣᠰᠬᠤᠨ ᠤ ᠠᠷᠠᠳ ᠤᠨ ᠣᠯᠠᠨᠲᠠ ᠴᠠᠭᠠᠵᠠᠯᠠᠪᠠᠴᠤ ᠦᠯᠦ ᠵᠣᠭᠰᠣᠬᠤ ᠬᠠᠤᠯᠢ ᠶᠢ ᠵᠥᠷᠢᠴᠡᠨ ᠪᠦᠲᠦᠭᠡᠨ | ᠪᠠᠶᠢᠭᠤᠯᠤᠯᠲᠠ ᠬᠢᠬᠦ ᠠᠵᠢᠯᠯᠠᠭ᠎ᠠ ᠳᠤ ᠴᠢᠭᠯᠡᠭᠦᠯᠦᠨ᠂ ᠮᠠᠨ ᠤ ᠶᠡᠭᠡ ᠠᠩᠭᠢ ᠶᠢᠨ ᠬᠠᠤᠯᠢ ᠬᠡᠷᠡᠭᠵᠢᠭᠦᠯᠬᠦ ᠠᠵᠢᠯᠲᠠᠳ | ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠢᠭᠡ ᠶᠢ ᠣᠯᠵᠤ ᠮᠡᠳᠡᠪᠡᠯ ᠨᠢᠭᠡ ᠶᠢ | ᠨᠤᠷᠠᠭᠠᠵᠤ᠂ ᠬᠠᠤᠯᠢ ᠶᠢ ᠵᠥᠷᠢᠴᠡᠨ ᠪᠦᠲᠦᠭᠡᠨ ᠪᠠᠶᠢᠭᠤᠯᠤᠯᠲᠠ ᠬᠢᠬᠦ ᠠᠵᠢᠯᠯᠠᠭ᠎ᠠ ᠡᠭᠦᠰᠬᠦ ᠳᠤ ᠴᠢᠩᠭ᠎ᠠ ᠴᠣᠬᠢᠯᠲᠠ | ᠦᠭᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠶᠡᠭᠡ ᠠᠩᠭᠢ ︽ᠨᠡᠮᠡᠭᠳᠡᠯ ᠤᠨ ᠬᠡᠮᠵᠢᠶ᠎ᠡ ᠶᠢ ᠲᠡᠭ ᠪᠣᠯᠭᠠᠵᠤ᠂ | ᠬᠠᠳᠠᠭᠠᠯᠠᠯᠲᠠ ᠶᠢᠨ ᠬᠡᠮᠵᠢᠶ᠎ᠡ ᠶᠢ ᠬᠠᠰᠤᠭᠳᠠᠭᠤᠯᠬᠤ︾ ᠠᠵᠢᠯ ᠤᠨ ᠬᠠᠷᠠᠯᠲᠠ ᠪᠠᠷ ᠬᠠᠷᠢᠶᠠᠲᠤ ᠣᠷᠣᠨ ᠤ ᠳᠣᠲᠣᠷᠠᠬᠢ | ᠬᠠᠤᠯᠢ ᠶᠢ ᠵᠥᠷᠢᠴᠡᠭᠰᠡᠨ ᠪᠦᠲᠦᠭᠡᠨ ᠪᠠᠶᠢᠭᠤᠯᠤᠯᠲᠠ ᠶᠢ ᠬᠠᠮᠢᠶᠠᠷᠤᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠢ | ᠥᠷᠨᠢᠭᠦᠯᠵᠦ᠂ ᠡᠶ᠎ᠡ ᠵᠣᠬᠢᠴᠠᠯ ᠲᠠᠢ ᠭᠤᠶᠢᠳᠠ ᠰᠠᠶᠢᠬᠠᠨ᠂ ᠴᠡᠪᠡᠷ ᠲᠡᠭᠰᠢ ᠡᠮᠬᠢ ᠵᠢᠷᠤᠮ ᠲᠠᠢ ᠳᠡᠭᠡᠳᠦ ᠰᠢᠨ᠎ᠡ | ᠮᠡᠷᠭᠡᠵᠢᠯ ᠤᠨ ᠣᠷᠣᠨ ᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃ |