︵ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 31 ᠤ ᠴᠠᠭᠢᠯᠭᠠᠨ ᠮᠡᠳᠡᠭᠡ︶ ᠰᠢᠨ᠎ᠡ ᠣᠨ ᠤ | ᠪᠣᠱᠣᠭᠠᠨ ᠳᠡᠭᠡᠷ᠎ᠡ᠂ ᠤᠯᠤᠰ ᠤᠨ ᠲᠡᠷᠢᠭᠦᠯᠡᠭᠴᠢ | ᠰᠢ ᠶᠢᠨ ᠫᠢᠩ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠪᠠ ᠢᠨᠲ᠋ᠧᠷ ᠰᠦᠯᠵᠢᠶ᠎ᠡ ᠪᠠᠷ ᠳᠠᠮᠵᠢᠭᠤᠯᠤᠨ | 2024 ᠣᠨ ᠤ ᠰᠢᠨ᠎ᠡ ᠵᠢᠯ ᠤᠨ ᠪᠠᠶᠠᠷ ᠤᠨ ᠦᠭᠡ ᠨᠡᠶᠢᠲᠡᠯᠡᠪᠡ᠃ ᠪᠦᠭᠦ ᠠᠭᠤᠯᠭ᠎ᠠ ᠨᠢ ᠳᠣᠣᠷᠠᠬᠢ ᠮᠡᠲᠦ᠄ | ᠲᠠ ᠪᠦᠭᠦᠨ ᠰᠠᠶᠢᠨ ᠪᠠᠶᠢᠨ᠎ᠠ ᠦᠦ︕ ᠡᠪᠦᠯ ᠤᠨ ᠲᠦᠢᠯ ᠪᠣᠯᠬᠤᠶ᠎ᠠ ᠠᠷᠭ᠎ᠠ ᠬᠡᠢ ᠢᠯᠡᠷᠡᠵᠦ᠂ ᠣᠨ ᠵᠢᠯ ᠰᠢᠨᠡᠳᠬᠦ | ᠪᠣᠯᠣᠯ᠎ᠠ᠃ ᠡᠨᠡ ᠬᠦ ᠬᠠᠭᠤᠴᠢᠨ ᠣᠨ ᠢᠶᠠᠨ ᠦᠳᠡᠵᠦ ᠰᠢᠨ᠎ᠡ ᠣᠨ ᠢᠶᠠᠨ ᠤᠭᠲᠤᠵᠤ ᠪᠠᠶᠢᠭ᠎ᠠ ᠰᠠᠶᠢᠨ ᠰᠠᠶᠢᠬᠠᠨ ᠴᠠᠭ | ᠮᠥᠴᠡ ᠳᠤ᠂ ᠪᠢ ᠪᠡᠭᠡᠵᠢᠩ ᠠᠴᠠ ᠲᠠ ᠪᠦᠭᠦᠨ ᠳᠤ ᠰᠢᠨ᠎ᠡ ᠣᠨ ᠤ ᠬᠦᠰᠡᠯ ᠵᠥᠩᠨᠡᠯ ᠳᠡᠪᠰᠢᠭᠦᠯᠵᠦ ᠪᠠᠶᠢᠨ᠎ᠠ︕ | 2023 ᠣᠨ ᠳᠤ᠂ ᠪᠢᠳᠡ ᠦᠷᠭᠦᠯᠵᠢᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠰᠠᠯᠬᠢ ᠪᠣᠷᠣᠭᠠᠨ ᠤ | ᠳᠠᠪᠲᠠᠯᠲᠠ ᠶᠢ ᠥᠩᠭᠡᠷᠡᠭᠡᠵᠦ᠂ ᠦᠵᠡᠰᠬᠦᠯᠡᠩᠲᠦ ᠰᠠᠶᠢᠬᠠᠨ ᠦᠵᠡᠮᠵᠢ ᠶᠢ ᠣᠯᠵᠤ ᠬᠠᠷᠠᠵᠤ᠂ ᠯᠤᠲᠤ ᠶᠡᠭᠡ ᠣᠯᠣᠯᠲᠠ ᠲᠠᠢ | ᠪᠣᠯᠵᠠᠢ᠃ ᠤᠯᠠᠨ ᠢᠶᠠᠷ ᠢᠶᠠᠨ ᠨᠢᠭᠡ ᠵᠢᠯ ᠢ ᠭᠢᠯᠪᠠᠷ ᠪᠤᠰᠤ ᠪᠠᠷ ᠥᠩᠭᠡᠷᠡᠭᠦᠯᠦᠭᠰᠡᠨ ᠪᠥᠭᠡᠳ ᠢᠷᠡᠭᠡᠳᠦᠢ ᠳᠡᠭᠡᠨ ᠢᠲᠡᠭᠡᠯ | ᠲᠡᠭᠦᠯᠳᠡᠷ ᠪᠣᠯᠵᠠᠢ᠃ | | ᠰᠢᠨ᠎ᠡ ᠣᠨ ᠤ ᠪᠣᠱᠣᠭᠠᠨ ᠳᠡᠭᠡᠷ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠥᠪ ᠤᠨ ᠷᠠᠳᠢᠣ᠋ ᠲᠧᠯᠸᠢᠰ ᠤᠨ | ᠶᠡᠷᠦᠩᠬᠡᠢ ᠬᠤᠷᠢᠶ᠎ᠠ ᠪᠠ ᠢᠨᠲ᠋ᠧᠷ ᠰᠦᠯᠵᠢᠶ᠎ᠡ ᠪᠠᠷ ᠳᠠᠮᠵᠢᠭᠤᠯᠤᠨ 2024 ᠣᠨ ᠤ ᠰᠢᠨ᠎ᠡ ᠵᠢᠯ ᠤᠨ ᠪᠠᠶᠠᠷ ᠤᠨ ᠦᠭᠡ | ᠨᠡᠶᠢᠲᠡᠯᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠵᠢᠦᠢ ᠫᠧᠩ ᠰᠡᠭᠦᠳᠡᠷᠯᠡᠪᠡ | ᠡᠨᠡ ᠨᠢᠭᠡ ᠵᠢᠯ ᠪᠢᠳᠡᠨ ᠤ ᠠᠯᠬᠤᠭ᠎ᠠ ᠯᠠᠪᠳᠠᠭᠤᠨ ᠪᠠᠲᠤᠲᠠᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠲᠣᠭᠲᠠᠭᠤᠨ ᠢᠶᠠᠷ ᠰᠢᠯᠵᠢᠵᠦ᠂ ᠮᠠᠨ ᠤ ᠤᠯᠤᠰ ᠤᠨ ᠠᠵᠤ ᠠᠬᠤᠢ ᠦᠷᠭᠦᠯᠵᠢᠯᠡᠨ ᠰᠠᠶᠢᠵᠢᠷᠠᠵᠤ᠂ ᠴᠢᠨᠠᠷ ᠰᠠᠶᠢᠲᠠᠢ | ᠬᠥᠭᠵᠢᠯᠲᠡ ᠯᠠᠪᠳᠠᠭᠤᠨ ᠪᠠᠲᠤᠲᠠᠢ ᠠᠬᠢᠪᠠ᠃ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠨᠡᠩ ᠪᠦᠷᠢᠨᠰᠢᠵᠦ᠂ | ᠨᠢᠭᠡ ᠪᠦᠯᠦᠭ ᠳᠡᠭᠡᠳᠦ ᠳᠡᠰᠵᠢᠭᠰᠡᠨ᠂ ᠣᠶᠤᠨᠴᠢᠯᠠᠭᠰᠠᠨ᠂ ᠪᠣᠬᠢᠷᠳᠤᠯ ᠦᠭᠡᠢ ᠰᠢᠨ᠎ᠡ ᠭᠡᠯᠪᠡᠷᠢ ᠶᠢᠨ ᠲᠤᠯᠭᠠᠭᠤᠷᠢ ᠠᠵᠤ | ᠦᠢᠯᠡᠰ ᠲᠦᠷᠭᠡᠨ ᠬᠥᠭᠵᠢᠪᠡ᠃ ᠠᠮᠤ ᠪᠤᠳᠠᠭᠠᠨ ᠤ ᠦᠢᠯᠡᠳᠪᠦᠷᠢᠯᠡᠯ ︽ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ | ᠣᠯᠵᠤ︾᠂ ᠬᠥᠬᠡᠮᠳᠦᠭ ᠨᠣᠭᠤᠭᠠᠨ ᠠᠭᠤᠯᠠ ᠤᠰᠤᠨ ᠤ ᠴᠢᠨᠠᠷ ᠨᠠᠩ ᠭᠦᠢᠴᠡᠳ ᠪᠣᠯᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠰᠢᠨ᠎ᠡ ᠳᠦᠷᠰᠦ ᠪᠠᠶᠢᠳᠠᠯ ᠢᠯᠡᠷᠡᠪᠡ᠃ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠵᠦ᠂ ᠰᠢᠶᠦ᠋ᠩ ᠠᠨ ᠰᠢᠨ᠎ᠡ ᠲᠣᠭᠤᠷᠢᠭ ᠬᠥᠭᠵᠢᠨ | ᠪᠤᠶᠢᠵᠢᠵᠤ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠭᠤᠸᠠᠩᠳᠦ᠋ᠩ | ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤᠷᠤᠰᠬᠠᠯ ᠤᠨ ᠡᠮᠦᠨ᠎ᠡ ᠡᠷᠡᠯᠬᠡᠭᠯᠡᠨ ᠵᠣᠭᠰᠣᠪᠠ᠃ ᠳᠤᠮᠳᠠᠳᠤ | ᠤᠯᠤᠰ ᠤᠨ ᠠᠵᠤ ᠠᠬᠤᠢ ᠰᠠᠯᠬᠢ ᠳᠠᠪᠠᠯᠭᠠᠨ ᠤ ᠳᠤᠮᠳᠠ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ᠂ ᠶᠠᠰᠤ | ᠰᠢᠷᠪᠦᠰᠦ ᠪᠠᠨ ᠴᠢᠩᠭᠠᠷᠠᠭᠤᠯᠪᠠ᠃ | ᠡᠨᠡ ᠨᠢᠭᠡ ᠵᠢᠯ ᠪᠢᠳᠡᠨ ᠤ ᠠᠯᠬᠤᠭ᠎ᠠ ᠡᠷᠴᠢᠮ ᠬᠦᠴᠦᠲᠡᠢ᠃ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ | ᠭᠠᠷᠭᠠᠬᠤ ᠪᠠᠷ ᠳᠠᠮᠵᠢᠨ᠂ ᠳᠤᠮᠳᠠᠳᠤ ᠤᠯᠤᠰ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ᠂ ᠬᠥᠭᠵᠢᠯᠲᠡ ᠶᠢᠨ | ᠠᠮᠢᠵᠢᠷᠠᠯ ᠤᠨ ᠬᠦᠴᠦᠨ ᠣᠷᠭᠢᠯᠤᠨ ᠪᠠᠳᠠᠷᠠᠪᠠ᠃ C919 ᠲᠣᠮᠣ ᠨᠢᠰᠬᠡᠯ ᠬᠤᠳᠠᠯᠳᠤᠭᠠᠨ ᠤ ᠨᠢᠰᠦᠯᠲᠡ ᠶᠢ ᠪᠡᠶᠡᠯᠡᠭᠦᠯᠵᠦ | ᠂ ᠤᠯᠤᠰ ᠲᠠᠭᠠᠨ ᠦᠢᠯᠡᠳᠪᠦᠷᠢᠯᠡᠭᠰᠡᠨ ᠲᠣᠮᠣ ᠭᠡᠯᠪᠡᠷᠢ ᠶᠢᠨ ᠰᠢᠤᠳᠠᠨ ᠤ ᠬᠥᠯᠭᠡ ᠣᠩᠭᠤᠴᠠ ᠲᠤᠷᠰᠢᠨ ᠠᠶᠠᠯᠠᠬᠤ ᠶᠢ | ᠪᠡᠶᠡᠯᠡᠭᠦᠯᠵᠦ᠂ ᠬᠤᠪᠢᠯᠭᠠᠨ ᠣᠩᠭᠤᠴᠠ ᠰᠠᠨᠰᠠᠷ ᠲᠤ ᠪᠤᠤᠬᠢᠶ᠎ᠠ ᠳᠠᠮᠵᠢᠭᠤᠯᠵᠤ᠂ ︽ᠲᠡᠮᠡᠴᠡᠭᠴᠢ︾ ᠨᠡᠷᠡᠮᠵᠢᠲᠦ ᠲᠦᠢᠯ ᠤᠨ | ᠭᠦᠨ ᠱᠤᠮᠪᠠᠯᠲᠠ ᠬᠢᠪᠡ᠃ ᠤᠯᠤᠰ ᠤᠨ ᠪᠠᠷᠠᠭ᠎ᠠ ᠤᠷᠤᠰᠬᠠᠯ ᠲᠡᠮᠳᠡᠭᠲᠦ ᠪᠣᠯᠵᠤ ᠥᠷᠭᠡᠨ ᠢᠶᠠᠷ ᠬᠦᠷᠢᠶᠡᠯᠡᠭᠳᠡᠵᠦ᠂ | ᠤᠯᠤᠰ ᠲᠠᠭᠠᠨ ᠦᠢᠯᠡᠳᠪᠦᠷᠢᠯᠡᠭᠰᠡᠨ ᠰᠢᠨ᠎ᠡ ᠭᠠᠷ ᠤᠲᠠᠰᠤ ᠣᠯᠳᠠᠬᠤᠶ᠎ᠠ ᠪᠡᠷᠬᠡ ᠪᠣᠯᠵᠤ᠂ ᠰᠢᠨ᠎ᠡ ᠡᠨᠧᠷᠭᠢ ᠶᠢᠨ ᠮᠠᠰᠢᠨ | ᠲᠡᠷᠭᠡ᠂ ᠯᠢᠲ᠋ᠢ ᠳ᠋ᠢᠶᠠᠨ ᡂᠢ᠂ ᠭᠡᠷᠡᠯᠴᠢ ᠴᠡᠨᠡᠭ ᠤᠨ ᠦᠢᠯᠡᠳᠬᠦᠨ ᠨᠢ ᠳᠤᠮᠳᠠᠳᠤ ᠤᠯᠤᠰ ᠤᠨ ᠦᠢᠯᠡᠳᠬᠡᠯ ᠳᠤ ᠰᠢᠨ᠎ᠡ | ᠭᠡᠷᠡᠯ ᠭᠢᠯᠪᠠᠭ᠎ᠠ ᠨᠡᠮᠡᠷᠢᠯᠡᠪᠡ᠃ ᠳᠤᠮᠳᠠᠳᠤ ᠤᠯᠤᠰ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠪᠠᠷ | ᠬᠦᠴᠦᠯᠡᠨ ᠮᠠᠴᠤᠵᠤ᠂ ᠭᠠᠵᠠᠷ ᠪᠣᠯᠭᠠᠨ ᠳᠤ ᠴᠥᠮ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠭ᠎ᠠ ᠡᠭᠦᠳᠦᠯᠲᠡ ᠪᠤᠢ | ᠪᠣᠯᠪᠠ᠃ | ᠡᠨᠡ ᠨᠢᠭᠡ ᠵᠢᠯ ᠪᠢᠳᠡᠨ ᠤ ᠠᠯᠬᠤᠭ᠎ᠠ ᠴᠤᠬ ᠵᠢᠪᠬᠤᠭ᠎ᠠ ᠲᠠᠢ᠃ ᠴᠧᠩᠳᠦ᠋ ᠶᠢᠨ ᠣᠶᠤᠲᠠᠳ ᠤᠨ ᠲᠠᠮᠢᠷ ᠤᠨ | ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠭᠤᠶᠢᠳᠠ ᠰᠠᠶᠢᠬᠠᠨ ᠶᠠᠪᠤᠭᠳᠠᠵᠤ᠂ ᠲᠠᠮᠢᠷᠴᠢᠳ | ᠵᠣᠷᠢᠭᠲᠠᠢ ᠪᠠᠷ ᠰᠢᠯᠢᠳᠡᠭ ᠪᠦᠲᠦᠮᠵᠢ ᠶᠢ ᠡᠭᠦᠳᠪᠡ᠃ ᠠᠮᠠᠷᠠᠯᠲᠠ ᠶᠢᠨ ᠡᠳᠦᠷ ᠤᠨ ᠵᠢᠭᠤᠯᠴᠢᠯᠠᠬᠰᠠᠳ ᠣᠯᠠᠰᠢᠷᠠᠵᠤ᠂ | ᠺᠢᠨᠣ᠋ ᠶᠢᠨ ᠵᠠᠬ᠎ᠠ ᠳᠡᠯᠭᠡᠭᠦᠷ ᠬᠥᠭᠵᠢᠶᠡᠨ ᠲᠠᠢ ᠪᠣᠯᠵᠤ᠂ ︽ᠲᠣᠰᠬᠤᠨ ᠤ ᠬᠥᠯ ᠪᠥᠮᠪᠦᠭᠡ ᠶᠢᠨ ᠤᠷᠤᠯᠳᠤᠭᠠᠨ︾᠂ ︽ | ᠲᠣᠰᠬᠤᠨ ᠤ ᠦᠳᠡᠰᠢᠯᠡᠭᠡ︾ ᠶᠢᠨ ᠠᠮᠢᠵᠢᠷᠠᠯ ᠤᠨ ᠬᠦᠴᠦᠨ ᠪᠢᠯᠬᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠠᠮᠢᠳᠤᠷᠠᠯ ᠨᠢ ᠠᠭᠠᠵᠢᠮ ᠢᠶᠠᠷ ᠬᠡᠪ ᠰᠤᠷᠲᠠᠯ ᠪᠣᠯᠵᠤ᠂ ᠬᠠᠯᠠᠭᠤᠨ ᠳᠤᠯᠠᠭᠠᠨ ᠠᠮᠢᠳᠤᠷᠠᠯ ᠤᠨ ᠠᠭᠤᠷ ᠠᠮᠢᠰᠬᠤᠯ᠂ | ᠰᠡᠷᠭᠦᠭᠰᠡᠨ ᠶᠠᠭᠠᠷᠠᠯᠲᠠᠢ ᠪᠠᠶᠢᠳᠠᠯ ᠨᠢ ᠬᠥᠮᠥᠰ ᠤᠨ ᠰᠠᠶᠢᠨ ᠰᠠᠶᠢᠬᠠᠨ ᠵᠣᠯ ᠵᠢᠷᠭᠠᠯ ᠤᠨ ᠲᠤᠬᠠᠢ ᠬᠥᠭᠡᠭᠡᠴᠡᠯᠳᠦᠯ ᠢ | ᠲᠠᠶᠢᠯᠪᠤᠷᠢᠯᠠᠵᠤ᠂ ᠪᠠᠰᠠ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠭᠦᠷ ᠬᠥᠭᠵᠢᠶᠡᠨ ᠲᠠᠢ ᠳᠤᠮᠳᠠᠳᠤ ᠤᠯᠤᠰ ᠢ | ᠢᠯᠡᠷᠡᠭᠦᠯᠪᠡ᠃ | ᠡᠨᠡ ᠨᠢᠭᠡ ᠵᠢᠯ ᠪᠢᠳᠡᠨ ᠤ ᠠᠯᠬᠤᠭ᠎ᠠ ᠢᠲᠡᠭᠡᠯ ᠲᠡᠭᠦᠯᠳᠡᠷ᠃ ᠳᠤᠮᠳᠠᠳᠤ ᠤᠯᠤᠰ ᠪᠣᠯ ᠨᠢᠭᠡᠨ ᠠᠭᠤᠤ ᠶᠡᠭᠡ ᠤᠯᠤᠰ | ᠮᠥᠨ᠂ ᠠᠭᠤᠤ ᠶᠡᠭᠡ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ ᠪᠠᠶᠢᠳᠠᠭ᠃ ᠡᠨᠡ ᠬᠦ ᠥᠷᠭᠡᠨ ᠠᠭᠤᠳᠠᠮ ᠨᠤᠲᠤᠭ | ᠳᠡᠪᠢᠰᠬᠡᠷ ᠳᠡᠭᠡᠷ᠎ᠡ᠂ ᠡᠯᠡᠰᠦᠨ ᠴᠦᠯ ᠤᠨ ᠵᠤᠷᠪᠤᠰ ᠤᠲᠤᠭ᠎ᠠ᠂ ᠵᠢᠶᠠᠩᠨᠠᠨ ᠤ ᠰᠢᠪᠡᠷᠡᠭᠡ ᠪᠣᠷᠣᠭᠠᠨ ᠨᠢ ᠬᠥᠮᠥᠰ ᠤᠨ | ᠰᠡᠳᠬᠢᠯ ᠢ ᠮᠢᠩᠭᠠᠨ ᠮᠢᠩᠭᠠᠨ ᠣᠨ ᠬᠤᠯᠪᠣᠵᠤ᠂ ᠰᠡᠳᠬᠢᠯ ᠵᠢᠷᠦᠬᠡ ᠶᠢ ᠳᠣᠬᠳᠣᠯᠤᠭᠤᠯᠤᠨᠠ︔ ᠬᠠᠲᠤᠨ ᠭᠤᠣᠯ ᠤᠨ | ᠶᠢᠰᠦᠨ ᠲᠣᠬᠤᠢ᠂ ᠬᠥᠬᠡᠮᠥ᠋ᠷᠡᠨ ᠤ ᠲᠦᠷᠭᠡᠨ ᠤᠷᠤᠰᠬᠠᠯ ᠨᠢ ᠬᠥᠮᠥᠰ ᠤᠨ ᠰᠡᠳᠬᠢᠯ ᠢ ᠳᠣᠭᠳᠣᠯᠤᠭᠤᠯᠵᠤ᠂ ᠣᠮᠤᠭ | ᠵᠣᠷᠢᠭ ᠢ ᠬᠥᠪᠴᠢᠯᠡᠨ᠎ᠡ᠃ ᠯᠢᠶᠠᠩ ᠵᠦ᠂ ᠡᠯ ᠯᠢ ᠲᠧᠦ ᠶᠢᠨ ᠪᠣᠯᠪᠠᠰᠤᠨ ᠤ ᠦᠦᠷ ᠤᠨ ᠲᠤᠶᠠᠭ᠎ᠠ᠂ ᠶᠢᠨ ᠤ ᠪᠠᠭᠤᠷᠢ ᠶᠢᠨ | ᠶᠠᠰᠤᠨ ᠪᠢᠴᠢᠭ ᠤᠨ ᠤᠯᠠᠮᠵᠢᠯᠠᠯ᠂ ᠰᠠᠨ ᠰᠢᠩ ᠳ᠋ᠦᠢ ᠶᠢᠨ ᠰᠣᠶᠣᠯ ᠤᠨ ᠦᠨᠡᠲᠦ ᠡᠷᠳᠡᠨᠢ᠂ ᠤᠯᠤᠰ ᠤᠨ ᠬᠡᠪᠯᠡᠯ ᠤᠨ | ᠣᠷᠳᠣᠨ ᠤ ᠰᠣᠶᠣᠯ ᠤᠨ ᠤᠯᠠᠮᠵᠢᠯᠠᠯ ᠦᠷᠭᠦᠯᠵᠢᠯᠡᠨ᠎ᠡ ᠁ ᠥᠷᠭᠡᠨ ᠠᠭᠤᠳᠠᠮ ᠳᠤᠮᠳᠠᠳᠤ ᠤᠯᠤᠰ ᠤᠨ ᠲᠡᠦᠬᠡ | ᠬᠡᠴᠢᠨᠡᠭᠡᠨ ᠥᠨᠢ ᠤᠳᠠᠭᠠᠨ᠂ ᠪᠣᠯᠪᠠᠰᠤᠨ ᠬᠡᠴᠢᠨᠡᠭᠡᠨ ᠦᠯᠡᠮᠵᠢ ᠪᠠᠶᠠᠯᠢᠭ ᠪᠠᠶᠢᠳᠠᠭ ᠪᠤᠢ᠂ ᠡᠨᠡ ᠪᠣᠯ ᠮᠠᠨ ᠤ ᠢᠲᠡᠭᠡᠯ ᠤᠨ | ᠰᠠᠭᠤᠷᠢ᠂ ᠬᠦᠴᠦᠨ ᠴᠢᠳᠠᠯ ᠤᠨ ᠡᠬᠢ ᠰᠤᠷᠪᠤᠯᠵᠢ ᠮᠥᠨ᠃ | ᠳᠤᠮᠳᠠᠳᠤ ᠤᠯᠤᠰ ᠥᠪᠡᠷ ᠢ ᠪᠠᠨ ᠬᠥᠭᠵᠢᠭᠦᠯᠬᠦ ᠪᠥᠭᠡᠳ ᠪᠠᠰᠠ ᠳᠡᠯᠡᠬᠡᠢ ᠳ᠋ᠠᠬᠢᠨ ᠢ ᠢᠳᠡᠪᠬᠢᠲᠡᠢ ᠪᠠᠷ ᠬᠦᠷᠢᠶᠡᠯᠡᠵᠦ | ᠂ ᠲᠣᠮᠣ ᠤᠯᠤᠰ ᠤᠨ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠪᠢᠳᠡ ᠳᠤᠮᠳᠠᠳᠤ ᠤᠯᠤᠰ — ᠳᠤᠮᠳᠠᠳᠤ | ᠠᠽᠢᠶ᠎ᠠ ᠶᠢᠨ ᠲᠦᠷᠦᠭᠦᠴᠦᠳ ᠤᠨ ᠬᠤᠷᠠᠯ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ ᠤᠨ ᠤᠯᠠᠨ | ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠭᠢᠯᠡᠵᠦ᠂ ᠠᠯᠢ ᠤᠯᠠᠨ | ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭ᠎ᠠ ᠳᠤ ᠲᠠᠪᠤᠨ ᠲᠢᠪ ᠤᠨ ᠨᠠᠶᠢᠵᠠ ᠨᠠᠷ ᠢ ᠤᠭᠲᠤᠨ ᠠᠪᠴᠢᠷᠠᠪᠠ᠃ ᠪᠢ ᠪᠠᠰᠠ | ᠵᠠᠷᠢᠮ ᠤᠯᠤᠰ ᠲᠤ ᠠᠶᠢᠯᠴᠢᠯᠠᠵᠤ᠂ ᠵᠠᠷᠢᠮ ᠤᠯᠠᠨ ᠤᠯᠤᠰ ᠤᠨ ᠬᠤᠷᠠᠯ ᠳᠤ ᠣᠷᠣᠯᠴᠠᠵᠤ᠂ ᠴᠥᠭᠡᠨ ᠪᠤᠰᠤ ᠬᠠᠭᠤᠴᠢᠨ | ᠨᠠᠶᠢᠵᠠ᠂ ᠰᠢᠨ᠎ᠡ ᠬᠠᠨᠢᠲᠠᠨ ᠲᠠᠢ ᠪᠠᠨ ᠠᠭᠤᠯᠵᠠᠵᠤ᠂ ᠳᠤᠮᠳᠠᠳᠤ ᠤᠯᠤᠰ ᠤᠨ ᠵᠣᠷᠢᠯᠲᠠ ᠪᠠᠨ ᠬᠤᠪᠢᠶᠠᠯᠴᠠᠵᠤ᠂ | ᠬᠠᠮᠲᠤ ᠶᠢᠨ ᠲᠠᠨᠢᠯᠲᠠ ᠪᠠᠨ ᠭᠦᠨᠵᠡᠭᠡᠶᠢᠷᠡᠭᠦᠯᠪᠡ᠃ ᠳᠡᠯᠡᠬᠡᠢ ᠶᠢᠨ ᠶᠠᠪᠤᠳᠠᠯ ᠤᠯᠠᠷᠢᠨ ᠬᠤᠪᠢᠰᠤᠭᠰᠠᠨ ᠴᠤ ᠡᠩᠬᠡ ᠲᠠᠶᠢᠪᠤᠩ | ᠬᠥᠭᠵᠢᠯᠲᠡ ᠢᠮᠠᠭᠲᠠ ᠭᠤᠣᠯ ᠭᠦᠭ ᠠᠶᠠᠰ ᠪᠠᠶᠢᠵᠤ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠪᠣᠯ | ᠢᠮᠠᠭᠲᠠ ᠬᠠᠲᠠᠭᠤ ᠶᠣᠰᠣ ᠪᠣᠯᠣᠨ᠎ᠠ᠃ | ᠤᠷᠤᠭᠰᠢᠯᠠᠯᠲᠠ ᠶᠢᠨ ᠵᠠᠮ ᠳᠤ᠂ ᠰᠠᠯᠬᠢ ᠪᠣᠷᠣᠭᠠᠨ ᠲᠠᠢ ᠪᠠᠶᠢᠬᠤ ᠪᠣᠯ ᠬᠡᠪ ᠤᠨ ᠪᠠᠶᠢᠳᠠᠯ ᠪᠣᠯᠣᠨ᠎ᠠ᠃ ᠵᠠᠷᠢᠮ ᠠᠵᠤ | ᠠᠬᠤᠶᠢᠯᠠᠯ ᠡᠵᠡᠩᠨᠡᠯᠲᠡ ᠶᠢᠨ ᠳᠠᠷᠤᠯᠲᠠ ᠳᠤ ᠲᠤᠯᠭᠠᠷᠠᠵᠤ᠂ ᠵᠠᠷᠢᠮ ᠤᠯᠠᠨ ᠲᠦᠮᠡᠨ ᠤ ᠠᠵᠢᠯ ᠣᠯᠭᠤᠯᠲᠠ᠂ ᠠᠮᠢᠳᠤᠷᠠᠯ | ᠬᠦᠴᠢᠷᠳᠡᠯ ᠳᠤ ᠲᠤᠯᠭᠠᠷᠠᠵᠤ᠂ ᠵᠠᠷᠢᠮ ᠭᠠᠵᠠᠷ ᠣᠷᠣᠨ ᠳᠤ ᠦᠶᠡᠷ ᠤᠰᠤᠲᠤᠯ᠂ ᠲᠠᠶᠢᠹᠧᠩ ᠰᠠᠯᠬᠢ᠂ ᠭᠠᠵᠠᠷ ᠬᠥᠳᠡᠯᠦᠯᠲᠡ | ᠵᠡᠷᠭᠡ ᠪᠠᠶᠢᠭᠠᠯᠢ ᠶᠢᠨ ᠭᠠᠮᠰᠢᠭ ᠭᠠᠷᠴᠤ ᠪᠠᠶᠢᠨ᠎ᠠ᠂ ᠡᠳᠡᠭᠡᠷ ᠲᠤ ᠪᠢ ᠴᠥᠮ ᠰᠠᠨᠠᠭᠠᠰᠢᠷᠠᠭᠰᠠᠭᠠᠷ ᠶᠤᠮ᠃ ᠤᠯᠠᠨ ᠢᠶᠠᠷ ᠢᠶᠠᠨ | ᠰᠠᠯᠬᠢ ᠪᠣᠷᠣᠭᠠᠨ ᠠᠴᠠ ᠠᠶᠤᠬᠤ ᠦᠭᠡᠢ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ᠂ ᠥᠷᠢᠰᠦᠯᠳᠦᠭᠡᠨ ᠳᠤ | ᠰᠢᠭᠤᠳ ᠬᠠᠨᠳᠤᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭᠰᠠᠨ ᠳᠤ ᠪᠢ ᠶᠡᠬᠡᠳᠡ ᠰᠡᠳᠬᠢᠯ ᠬᠥᠳᠡᠯᠵᠦ ᠪᠠᠶᠢᠨ᠎ᠠ᠃ | ᠰᠢᠷᠭᠠᠭᠤ ᠬᠥᠳᠡᠯᠮᠦᠷᠢᠯᠡᠵᠦ ᠪᠠᠶᠢᠭ᠎ᠠ ᠲᠠᠷᠢᠶᠠᠴᠢᠨ᠂ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠠᠵᠢᠯᠴᠢᠨ᠂ | ᠵᠣᠷᠢᠭᠲᠠᠢ ᠪᠠᠷ ᠠᠵᠢᠯᠯᠠᠵᠤ ᠵᠣᠷᠢᠭᠲᠠᠢ ᠪᠠᠷ ᠲᠡᠮᠡᠴᠡᠵᠦ ᠪᠠᠶᠢᠭ᠎ᠠ ᠦᠢᠯᠡᠰ ᠪᠣᠰᠬᠠᠭᠴᠢ᠂ ᠤᠯᠤᠰ ᠭᠡᠷ ᠢᠶᠠᠨ ᠬᠠᠮᠠᠭᠠᠯᠠᠵᠤ | ᠪᠠᠶᠢᠭ᠎ᠠ ᠬᠡᠦᠬᠡᠳ ᠳᠡᠭᠦᠦ ᠨᠠᠷ ᠴᠡᠷᠢᠭ᠂ ᠡᠯ᠎ᠡ ᠠᠵᠢᠯ ᠲᠦᠷᠦᠯ ᠤᠨ ᠬᠥᠮᠥᠰ ᠴᠥᠮ ᠬᠦᠴᠦ ᠬᠥᠯᠥᠰᠦ ᠪᠠᠨ ᠤᠷᠤᠰᠬᠠᠵᠤ᠂ | ᠡᠭᠡᠯ ᠵᠢᠷ ᠤᠨ ᠬᠥᠮᠥᠨ ᠨᠢᠭᠡ ᠪᠦᠷᠢ ᠴᠥᠮ ᠶᠡᠷᠦ ᠪᠤᠰᠤ ᠶᠢᠨ ᠬᠤᠪᠢ ᠨᠡᠮᠡᠷᠢ ᠦᠵᠡᠭᠦᠯᠵᠡᠢ︕ ᠠᠷᠠᠳ ᠲᠦᠮᠡᠨ ᠪᠣᠯ | ᠥᠨᠢ ᠡᠭᠦᠷᠢᠳᠡ ᠪᠢᠳᠡᠨ ᠤ ᠠᠯᠢᠪᠠ ᠬᠦᠴᠢᠷ ᠪᠡᠷᠬᠡᠰᠢᠶᠡᠯ ᠥᠷᠢᠰᠦᠯᠳᠦᠭᠡᠨ ᠢ ᠢᠯᠠᠨ ᠳᠠᠪᠠᠭ᠋ᠤ ᠶᠢᠨ ᠬᠠᠮᠤᠭ ᠤᠨ ᠶᠡᠭᠡ | ᠥᠮᠥᠭ ᠲᠦᠰᠢᠭ ᠮᠥᠨ᠃ | ᠢᠷᠡᠬᠦ ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠃ ᠪᠢᠳᠡ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠬᠥᠭᠵᠢᠯᠲᠡ ᠪᠣᠯᠣᠨ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ᠃ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ᠂ ᠤᠷᠢᠳ ᠢᠶᠠᠷ ᠪᠠᠶᠢᠭᠤᠯᠵᠤ | ᠳᠠᠷᠠᠭ᠎ᠠ ᠨᠢ ᠰᠢᠪᠲᠤᠯᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠵᠤ᠂ ᠠᠵᠤ | ᠠᠬᠤᠢ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠪᠡᠶᠡᠯᠡᠭᠦᠯᠬᠦ ᠬᠡᠷᠡᠭᠲᠡᠢ᠃ ᠥᠭᠡᠷᠡᠴᠢᠯᠡᠯᠲᠡ ᠨᠡᠭᠡᠭᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠵᠦ᠂ ᠬᠥᠭᠵᠢᠯᠲᠡ ᠶᠢᠨ ᠢᠲᠡᠭᠡᠯ ᠵᠣᠷᠢᠭ ᠢ ᠤᠯᠠᠮ ᠴᠢᠨᠠᠭᠰᠢᠳᠠ ᠬᠥᠪᠴᠢᠯᠡᠵᠦ᠂ ᠠᠵᠤ | ᠠᠬᠤᠢ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠨᠡᠩ ᠶᠡᠭᠡ ᠡᠷᠴᠢᠮ ᠢᠶᠠᠷ ᠰᠤᠷᠭᠠᠨ ᠬᠥᠮᠦᠵᠢᠯ ᠢ ᠡᠷᠭᠢᠯᠡᠵᠦ᠂ | ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠢ ᠬᠥᠭᠵᠢᠭᠦᠯᠵᠦ᠂ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ᠃ ᠰᠢᠶᠠᠩᠭᠠᠩ᠂ | ᠣᠣᠮᠧᠨ ᠤ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠬᠤ ᠶᠢ ᠦᠷᠭᠦᠯᠵᠢᠯᠡᠨ ᠲᠡᠮᠵᠢᠵᠤ᠂ ᠤᠯᠤᠰ ᠤᠨ | ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠠᠭᠤᠰᠤᠯᠴᠠᠬᠤ ᠳᠤᠮᠳᠠ ᠤᠷᠳᠤ ᠬᠤᠭᠤᠴᠠᠭ᠎ᠠ ᠪᠠᠷ ᠴᠡᠴᠡᠭᠯᠡᠨ | ᠬᠥᠭᠵᠢᠵᠦ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠡᠬᠡ ᠤᠯᠤᠰ ᠢᠶᠠᠨ ᠨᠢᠭᠡᠳᠬᠡᠬᠦ ᠪᠣᠯ ᠲᠡᠦᠬᠡ ᠶᠢᠨ ᠵᠠᠶᠢᠯᠠᠰᠢ | ᠦᠭᠡᠢ ᠶᠠᠪᠤᠳᠠᠯ ᠮᠥᠨ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠭᠠᠷ ᠬᠤᠯᠪᠣᠯᠴᠠᠨ | ᠰᠡᠳᠬᠢᠯ ᠢᠶᠠᠨ ᠨᠢᠭᠡᠳᠬᠡᠵᠦ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠢᠷᠠᠭᠤ ᠠᠯᠳᠠᠷ ᠢ ᠬᠠᠮᠲᠤ ᠪᠠᠷ | ᠡᠳ᠋ᠯᠡᠬᠦ ᠬᠡᠷᠡᠭᠲᠡᠢ᠃ | ᠮᠠᠨ ᠤ ᠬᠠᠷᠠᠯᠲᠠ ᠪᠣᠯ ᠮᠠᠰᠢ ᠠᠤᠭ᠎ᠠ ᠶᠡᠭᠡ ᠪᠥᠭᠡᠳ ᠮᠠᠰᠢ ᠪᠣᠷᠣᠭᠵᠢᠭᠤᠨ ᠶᠤᠮ᠂ ᠡᠴᠦᠰ ᠤᠨ ᠡᠴᠦᠰ ᠲᠡᠭᠡᠨ | ᠠᠷᠠᠳ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠭᠦ ᠶᠠᠪᠤᠳᠠᠯ ᠪᠣᠯᠣᠨ᠎ᠠ᠃ ᠬᠡᠦᠬᠡᠳ ᠢ ᠠᠰᠠᠷᠠᠨ | ᠲᠡᠵᠢᠭᠡᠵᠦ ᠰᠤᠷᠭᠠᠨ ᠬᠥᠮᠥᠵᠢᠭᠦᠯᠬᠦ᠂ ᠵᠠᠯᠠᠭᠤᠴᠤᠳ ᠤᠨ ᠠᠵᠢᠯ ᠣᠯᠵᠤ ᠴᠢᠳᠠᠪᠤᠷᠢᠲᠠᠨ ᠪᠤᠯᠬᠤ᠂ ᠨᠠᠰᠤᠲᠠᠶᠢᠴᠤᠳ ᠤᠨ | ᠡᠪᠡᠳᠴᠢᠨ ᠦᠵᠡᠭᠦᠯᠵᠦ ᠨᠠᠰᠤᠵᠢᠯ ᠤᠨ ᠠᠰᠠᠷᠠᠮᠵᠢ ᠭᠦᠷᠳᠡᠭᠦ ᠪᠣᠯ ᠭᠡᠷ ᠤᠨ ᠶᠠᠪᠤᠳᠠᠯ ᠪᠤᠯᠬᠤ ᠪᠥᠭᠡᠳ ᠪᠠᠰᠠ ᠴᠤ | ᠲᠦᠷᠦ ᠶᠢᠨ ᠶᠠᠪᠤᠳᠠᠯ ᠮᠥᠨ᠂ ᠤᠯᠠᠨ ᠢᠶᠠᠷ ᠢᠶᠠᠨ ᠬᠠᠮᠲᠤ ᠪᠠᠷ ᠴᠢᠷᠮᠠᠶᠢᠵᠤ ᠪᠠᠶᠢᠭᠠᠳ ᠡᠳᠡᠭᠡᠷ ᠶᠠᠪᠤᠳᠠᠯ ᠢ ᠰᠠᠶᠢᠲᠤᠷ ᠬᠢᠬᠦ | ᠬᠡᠷᠡᠭᠲᠡᠢ᠃ ᠣᠳᠣᠬᠠᠨ ᠳᠤ᠂ ᠨᠡᠶᠢᠭᠡᠮ ᠤᠨ ᠠᠶᠢᠵᠠᠮ ᠮᠠᠰᠢ ᠲᠦᠷᠭᠡᠨ᠂ ᠤᠯᠠᠨ ᠢᠶᠠᠷ ᠢᠶᠠᠨ ᠪᠦᠷ ᠶᠠᠭᠠᠷᠠᠯᠳᠤᠵᠤ᠂ ᠠᠵᠢᠯ | ᠠᠮᠢᠳᠤᠷᠠᠯ ᠤᠨ ᠳᠠᠷᠤᠭᠠᠰᠤ ᠪᠦᠷ ᠮᠠᠰᠢ ᠶᠡᠭᠡ ᠪᠠᠶᠢᠨ᠎ᠠ᠃ ᠪᠢᠳᠡ ᠬᠠᠯᠠᠭᠤᠨ ᠳᠤᠯᠠᠭᠠᠨ ᠡᠶ᠎ᠡ ᠵᠣᠬᠢᠴᠠᠩᠭᠤᠢ ᠨᠡᠶᠢᠭᠡᠮ ᠤᠨ | ᠠᠭᠤᠷ ᠠᠮᠢᠰᠬᠤᠯ ᠢ ᠪᠤᠢ ᠪᠤᠯᠭᠠᠵᠤ᠂ ᠪᠠᠭᠲᠠᠭᠠᠮᠵᠢ ᠲᠠᠢ ᠬᠥᠭᠵᠢᠶᠡᠨ ᠲᠠᠢ ᠰᠢᠨ᠎ᠡ ᠶᠢ ᠡᠭᠦᠳᠬᠦ ᠣᠷᠣᠨ ᠵᠠᠢ ᠶᠢ | ᠥᠷᠭᠡᠳᠬᠡᠵᠦ᠂ ᠳᠥᠭᠦᠮ ᠳᠥᠲᠡ ᠲᠠᠭᠠᠯᠠᠮᠵᠢᠲᠠᠢ ᠠᠮᠢᠳᠤᠷᠠᠯ ᠤᠨ ᠨᠥᠬᠦᠴᠡᠯ ᠢ ᠡᠭᠦᠳᠴᠦ᠂ ᠤᠯᠠᠨ ᠢ ᠪᠠᠶᠠᠰᠤᠩᠭᠤᠢ | ᠤᠷᠮ᠎ᠠ ᠰᠡᠳᠬᠢᠯᠭᠡ ᠲᠠᠢ ᠪᠠᠶᠢᠯᠭᠠᠵᠤ᠂ ᠬᠥᠮᠥᠨ ᠤ ᠠᠮᠢᠳᠤᠷᠠᠯ ᠤᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠬᠦᠰᠡᠯ | ᠵᠡᠭᠦᠳᠦ ᠪᠠᠨ ᠲᠡᠷᠭᠡᠯᠰᠢᠭᠦᠯᠬᠦ ᠬᠡᠷᠡᠭᠲᠡᠢ᠃ | ᠣᠳᠣᠬᠠᠨ ᠳᠤ᠂ ᠳᠡᠯᠡᠬᠡᠢ ᠳᠡᠭᠡᠷᠡᠬᠢ ᠵᠠᠷᠢᠮ ᠭᠠᠵᠠᠷ ᠣᠷᠣᠨ ᠪᠠᠰᠠ ᠲᠠᠶᠢᠨ ᠤ ᠭᠠᠯ ᠳᠠᠷᠢ ᠶᠢᠨ ᠤᠲᠤᠭ᠎ᠠ ᠶᠢᠨ | ᠳᠤᠮᠳᠠ ᠣᠷᠣᠰᠢᠵᠤ ᠪᠠᠶᠢᠨ᠎ᠠ᠃ ᠡᠩᠬᠡ ᠲᠠᠶᠢᠪᠤᠩ ᠤᠨ ᠡᠷᠬᠢᠮ ᠨᠠᠨᠳᠢᠨ ᠢ ᠳᠤᠮᠳᠠᠳᠤ ᠤᠯᠤᠰ ᠤᠨ ᠠᠷᠠᠳ ᠲᠦᠮᠡᠨ ᠭᠦᠨ | ᠣᠶᠢᠯᠠᠭᠠᠵᠤ ᠪᠠᠶᠢᠨ᠎ᠠ᠂ ᠪᠢᠳᠡ ᠳᠤᠷᠠᠲᠠᠶ᠎ᠠ ᠳᠡᠯᠡᠬᠡᠢ ᠨᠡᠶᠢᠭᠡᠮ ᠯᠦᠭᠡ ᠬᠠᠮᠲᠤ ᠪᠠᠷ ᠬᠥᠮᠥᠨ ᠲᠥᠷᠥᠯᠬᠢᠲᠡᠨ ᠤ ᠢᠷᠡᠭᠡᠳᠦᠢ ᠶᠢ | ᠪᠣᠳᠣᠯᠬᠢᠯᠠᠵᠤ᠂ ᠠᠷᠠᠳ ᠲᠦᠮᠡᠨ ᠤ ᠪᠤᠶᠠᠨ ᠵᠢᠷᠭᠠᠯ ᠢ ᠰᠠᠨᠠᠭᠠᠯᠵᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠤᠨ᠎ᠠ᠃ | ᠡᠨᠡ ᠬᠦ ᠴᠠᠭ ᠮᠥᠴᠡ ᠳᠤ᠂ ᠰᠥᠨᠢ ᠶᠢᠨ ᠥᠩᠭᠡ ᠰᠣᠯᠣᠩᠭᠠᠷᠠᠨ᠂ ᠲᠦᠭ ᠲᠦᠮᠡᠨ ᠠᠶᠢᠯ ᠡᠷᠦᠭᠡ ᠶᠢᠨ ᠳ᠋ᠧᠩ ᠤᠨ | ᠭᠡᠷᠡᠯ ᠳᠤᠸᠠᠯᠠᠵᠤ ᠪᠠᠶᠢᠨ᠎ᠠ᠃ ᠪᠢᠳᠡ ᠬᠠᠮᠲᠤ ᠪᠠᠷ ᠡᠬᠡ ᠤᠯᠤᠰ ᠤᠨ ᠢᠶᠠᠨ ᠬᠥᠭᠵᠢᠨ ᠪᠠᠳᠠᠷᠠᠵᠤ᠂ ᠳᠡᠯᠡᠬᠡᠢ ᠳ᠋ᠠᠬᠢᠨ ᠤ ᠡᠩᠬᠡ | ᠲᠠᠶᠢᠪᠤᠩ ᠠᠮᠤᠷ ᠠᠮᠤᠭᠤᠯᠠᠩ ᠪᠠᠶᠢᠬᠤ ᠶᠢ ᠬᠦᠰᠡᠨ ᠵᠥᠩᠨᠡᠶ᠎ᠡ︕ ᠲᠠ ᠪᠦᠭᠦᠨ ᠤ ᠠᠵᠠ ᠵᠢᠷᠭᠠᠯ ᠲᠠᠢ᠂ ᠠᠮᠤᠷ | ᠠᠮᠤᠭᠤᠯᠠᠩ ᠪᠠᠶᠢᠬᠤ ᠶᠢ ᠬᠦᠰᠡᠨ ᠵᠥᠩᠨᠡᠶ᠎ᠡ︕ | ᠤᠯᠠᠨ ᠳᠤ ᠪᠠᠶᠠᠷᠯᠠᠯ᠎ᠠ︕ |