ᠰᠢᠨᠬᠤᠸᠠ ᠬᠤᠷᠢᠶᠠᠨ ᠤ ᠪᠡᠭᠡᠵᠢᠩ ᠤᠨ 1 ᠳ᠋ᠦ᠋ᠭᠡᠷ ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ | ᠲᠦᠷᠦᠭᠦᠬᠡᠨ᠂ ᠲᠥᠷᠥ ᠶᠢᠨ ᠶᠠᠪᠤᠳᠠᠯ ᠤᠨ ᠬᠤᠷᠢᠶ᠎ᠠ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠴᠢᠨᠠᠭᠰᠢᠳᠠ ᠤᠯᠠᠮ | ᠰᠢᠯᠢᠳᠡᠭᠵᠢᠭᠦᠯᠵᠦ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠦᠨ ︿ᠥᠨᠳᠥᠷ ᠪᠦᠲᠦᠮᠵᠢᠲᠡᠶ ᠪᠠᠷ ᠨᠢᠭᠡ | ᠠᠵᠢᠯ ᠶᠠᠪᠤᠳᠠᠯ ᠭᠦᠢᠴᠡᠳᠬᠡᠬᠦ﹀ ᠶᠢ ᠠᠬᠢᠭᠤᠯᠬᠤ ᠲᠤᠬᠠᠢ ᠵᠢᠯᠤᠭᠤᠳᠬᠤ ᠰᠠᠨᠠᠯ︾ ︵ᠳᠣᠷᠣᠭᠰᠢ ︽ᠵᠢᠯᠤᠭᠤᠳᠬᠤ ᠰᠠᠨᠠᠯ︾ | ᠭᠡᠵᠦ ᠲᠣᠪᠴᠢᠯᠠᠪᠠ︶ ᠢ ᠳᠠᠷᠤᠮᠠᠯᠯᠠᠨ ᠲᠠᠷᠬᠠᠭᠠᠭᠠᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠨᠠᠷ ᠢ | ᠳᠡᠭᠡᠭᠰᠢᠯᠡᠭᠦᠯᠦᠨ ᠠᠰᠢᠭ ᠢ ᠨᠡᠮᠡᠭᠳᠡᠭᠦᠯᠬᠦ ᠶᠢ ᠭᠦᠨᠵᠡᠭᠡᠢ ᠠᠬᠢᠭᠤᠯᠵᠤ᠂ ᠨᠠᠩ ᠣᠯᠠᠨ ᠬᠦᠷᠢᠶ᠎ᠡ ᠨᠠᠩ ᠶᠡᠭᠡ ᠬᠡᠪᠴᠢᠶᠡᠨ ᠳᠤ ︽ | ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠶᠢ ᠪᠡᠶᠡᠯᠡᠭᠦᠯᠬᠦ ᠲᠤᠬᠠᠢ ᠪᠠᠶᠢᠷᠢᠯᠠᠭᠤᠯᠤᠭᠰᠠᠨ ᠪᠠᠶᠢᠨ᠎ᠠ | ᠃ | ︽ᠵᠢᠯᠤᠭᠤᠳᠬᠤ ᠰᠠᠨᠠᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠨᠳᠥᠷ | ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ | ᠂ ᠵᠠᠰᠠᠭ ᠵᠠᠬᠢᠷᠭᠠᠨ ᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠬᠦ ᠴᠢᠬᠤᠯᠠ ᠭᠠᠷᠳᠠᠴᠠ ᠪᠣᠯᠭᠠᠨ᠂ ᠪᠦᠬᠦᠯᠢ ᠴᠣᠭᠴᠠᠲᠤ | ᠲᠥᠯᠥᠪᠯᠡᠭᠡ ᠶᠢ ᠴᠢᠩᠭᠠᠳᠬᠠᠵᠤ᠂ ᠵᠠᠭᠪᠤᠷ ᠤᠨ ᠰᠢᠨᠡᠴᠢᠯᠡᠯᠲᠡ ᠶᠢ ᠠᠬᠢᠭᠤᠯᠵᠤ᠂ ᠥᠭᠡᠷᠡᠴᠢᠯᠡᠯᠲᠡ ᠪᠠᠷ ᠬᠥᠲᠥᠯᠥᠨ | ᠳᠠᠭᠠᠭᠤᠯᠬᠤ ᠪᠠ ᠲᠣᠭᠠᠴᠢᠯᠠᠯᠲᠠ ᠪᠠᠷ ᠬᠦᠴᠦᠨ ᠴᠢᠳᠠᠮᠵᠢ ᠣᠯᠭᠤᠬᠤ ᠬᠤᠶᠠᠷ ᠬᠦᠷᠳᠦᠲᠦ ᠬᠥᠳᠡᠯᠭᠡᠭᠦᠷ ᠢ ᠴᠢᠬᠤᠯᠠᠴᠢᠯᠠᠵᠤ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ | ᠭᠠᠳᠠᠭᠤᠷᠬᠢ ᠶᠢ ᠤᠶᠠᠯᠳᠤᠭᠤᠯᠤᠨ ᠬᠥᠭᠵᠢᠭᠦᠯᠬᠦ ᠶᠢ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠠᠷᠭ᠎ᠠ ᠮᠠᠶ᠋ᠢᠭ ᠣᠯᠠᠨ | ᠡᠰᠢᠲᠦ᠂ ᠴᠤᠪᠤᠷᠠᠯ ᠬᠠᠮᠤᠭ ᠰᠢᠯᠢᠳᠡᠭ᠂ ᠮᠠᠲ᠋ᠧᠷᠢᠶᠠᠯ ᠬᠠᠮᠤᠭ ᠳᠦᠬᠦᠮ᠂ ᠥᠪᠡᠷ ᠤᠨ ᠥᠷᠲᠡᠭ ᠬᠠᠮᠤᠭ ᠳᠣᠣᠷ᠎ᠠ | ᠪᠣᠯᠭᠠᠬᠤ ᠶᠢ ᠪᠡᠶᠡᠯᠡᠭᠦᠯᠵᠦ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭ ᠬᠦᠷᠲᠡᠭᠡᠨ ᠠᠷᠠᠳ ᠲᠤ | ᠲᠥᠬᠦᠮ ᠦᠵᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ | ᠬᠡᠷᠡᠭᠲᠡᠢ ᠭᠡᠵᠦ ᠵᠢᠭᠠᠨ ᠭᠠᠷᠭᠠᠵᠠᠢ᠃ | ︽ᠵᠢᠯᠤᠭᠤᠳᠬᠤ ᠰᠠᠨᠠᠯ︾ ᠳᠤ ᠬᠤᠶᠠᠷ ᠱᠠᠲᠤᠨ ᠤ ᠠᠵᠢᠯ ᠤᠨ ᠬᠠᠷᠠᠯᠲᠠ ᠶᠢ ᠲᠤᠷᠠᠳᠪᠠ᠃ 2024 ᠣᠨ ᠳᠤ ︽ | ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢᠨ | ᠬᠠᠮᠢᠶᠠᠷᠤᠯᠲᠠ ᠶᠢᠨ ᠲᠣᠭᠲᠠᠴᠠ ᠪᠠ ᠪᠠᠶᠢᠩᠭᠤᠰᠢᠭᠤᠯᠤᠨ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠨᠢᠭᠡᠳᠦᠭᠡᠷ | ᠪᠦᠯᠦᠭ ᠥᠨᠳᠥᠷ ᠳᠠᠪᠲᠠᠮᠵᠢ ᠲᠠᠢ᠂ ᠥᠷᠭᠡᠨ ᠬᠡᠪᠴᠢᠶ᠎ᠡ ᠲᠠᠢ᠂ ᠦᠯᠡᠮᠵᠢ ᠠᠰᠠᠭᠤᠳᠠᠯ ᠲᠠᠢ ︽ᠨᠢᠭᠡ ᠠᠵᠢᠯ ᠶᠠᠪᠤᠳᠠᠯ︾ ᠢ | ᠥᠨᠳᠥᠷ ᠪᠦᠲᠦᠮᠵᠢᠲᠡᠶ ᠪᠠᠷ ᠭᠦᠢᠴᠡᠳᠬᠡᠬᠦ ᠶᠢ ᠪᠡᠶᠡᠯᠡᠭᠦᠯᠦᠨ᠎ᠡ᠃ 2027 ᠣᠨ ᠪᠣᠯᠬᠤ ᠳᠤ᠂ ᠨᠡᠶᠢᠳᠡᠮ ᠬᠦᠷᠲᠡᠬᠦ᠋ᠢᠴᠡ᠂ | ᠣᠶᠤᠨᠯᠢᠭ ᠳᠥᠭᠦᠮ ᠳᠥᠲᠡ᠂ ᠡᠷᠬᠡ ᠲᠡᠭᠰᠢ ᠲᠦᠭᠡᠮᠡᠯ ᠬᠦᠷᠲᠡᠭᠡᠮᠵᠢᠲᠦ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠭᠲᠠᠯᠴᠠᠭ᠎ᠠ ᠶᠢ ᠦᠨᠳᠦᠰᠦᠨ ᠳᠤ ᠨᠢ ᠪᠦᠷᠢᠯᠳᠦᠭᠦᠯᠦᠨ᠂ ᠠᠵᠤ ᠠᠬᠤᠶᠢᠯᠠᠯ ᠪᠠ ᠬᠤᠪᠢ ᠬᠥᠮᠥᠨ ᠤ | ᠬᠤᠶᠠᠷ ᠪᠦᠬᠦᠯᠢ ᠠᠮᠢ ᠨᠠᠰᠤᠨ ᠤ ᠦᠶᠡᠯᠡᠯ ᠤᠨ ᠴᠢᠬᠤᠯᠠ ᠱᠠᠲᠤᠨ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ | ᠶᠠᠪᠤᠳᠠᠯ ᠭᠦᠢᠴᠡᠳᠬᠡᠬᠦ︾ ᠭᠤᠣᠯᠳᠠᠯᠭ᠎ᠠ ᠲᠠᠢ ᠵᠦᠢᠯᠡᠰ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠵᠤ᠂ ᠠᠵᠤ | ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠨᠤᠮᠵᠢᠲᠠᠶ ᠪᠠᠶᠢᠬᠤ ᠬᠡᠮᠵᠢᠶ᠎ᠡ᠂ ᠬᠦᠷᠲᠡᠮᠵᠢ ᠶᠢᠨ | ᠲᠥᠷᠥᠭᠳᠡᠯ ᠢ ᠶᠡᠭᠡ ᠪᠠᠷ ᠳᠡᠭᠡᠭᠰᠢᠯᠡᠭᠦᠯᠦᠨ᠎ᠡ᠃ | ︽ᠵᠢᠯᠤᠭᠤᠳᠬᠤ ᠰᠠᠨᠠᠯ︾ ᠳᠤ 5 ᠲᠠᠯ᠎ᠠ ᠶᠢᠨ ᠭᠤᠣᠯᠳᠠᠯᠭ᠎ᠠ ᠲᠠᠢ ᠡᠭᠦᠷᠭᠡ ᠶᠢ ᠳᠤᠷᠠᠳᠴᠠᠢ᠃ ᠨᠢᠭᠡ ᠳᠤ᠂ ᠠᠷᠭ᠎ᠠ | ᠵᠠᠮ ᠤᠨ ᠪᠠᠶᠢᠭᠤᠯᠤᠯᠲᠠ ᠶᠢ ᠴᠢᠩᠭᠠᠳᠬᠠᠨ᠂ ᠰᠦᠯᠵᠢᠶᠡᠨ ᠠᠴᠠ ᠭᠠᠳᠠᠭᠤᠷ ᠠᠵᠢᠯ ᠶᠠᠪᠤᠳᠠᠯ ᠭᠦᠢᠴᠡᠳᠬᠡᠬᠦ ᠳᠤ ︽ | ᠭᠠᠭᠴᠠᠬᠠᠨ ᠡᠭᠦᠳᠡ ᠪᠠᠷ ᠣᠷᠣᠬᠤ︾᠂ ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠰᠦᠯᠵᠢᠶ᠎ᠡ ᠪᠠᠷ | ᠨᠡᠶᠢᠳᠡᠮ ᠭᠦᠢᠴᠡᠳᠬᠡᠬᠦ︾᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ︽ᠨᠢᠭᠡ ᠯᠠ | ᠤᠲᠠᠰᠤ ᠪᠠᠷ ᠬᠠᠷᠢᠭᠤᠯᠬᠤ︾ ᠶᠢ ᠠᠬᠢᠭᠤᠯᠤᠨ᠎ᠠ᠃ ᠬᠤᠶᠠᠷ ᠲᠤ᠂ ᠵᠠᠭᠪᠤᠷ ᠤᠨ ᠰᠢᠨᠡᠴᠢᠯᠡᠯᠲᠡ ᠶᠢ ᠭᠦᠨᠵᠡᠭᠡᠶᠢᠷᠡᠭᠦᠯᠵᠦ᠂ | ᠬᠤᠯᠪᠣᠭᠳᠠᠬᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ᠂ ᠲᠤᠲᠠᠭᠳᠠᠬᠤ ᠵᠦᠢᠯᠡᠰ ᠢ ᠠᠮᠠᠯᠠᠨ ᠭᠦᠢᠴᠡᠳᠬᠡᠬᠦ᠂ ᠣᠨᠳᠣᠣ | ᠭᠠᠵᠠᠷ ᠤᠨ ᠵᠦᠢᠯᠡᠰ ᠢ ᠣᠷᠣᠨ ᠪᠦᠰᠡ ᠠᠯᠤᠰᠯᠠᠨ ᠭᠦᠢᠴᠡᠳᠬᠡᠬᠦ᠂ ᠲᠦᠷᠦ ᠶᠢᠨ ᠪᠣᠳᠣᠯᠭ᠎ᠠ ᠶᠢᠨ ᠦᠢᠯᠡᠴᠢᠯᠡᠭᠡ ᠶᠢ | ᠭᠤᠶᠤᠴᠢᠯᠠᠬᠤ ᠠᠴᠠ ᠬᠡᠯᠲᠦᠷᠢᠭᠦᠯᠦᠨ ᠭᠦᠢᠴᠡᠳᠬᠡᠬᠦ ᠶᠢ ᠠᠬᠢᠭᠤᠯᠤᠨ᠎ᠠ᠃ ᠭᠤᠷᠪᠠ ᠳᠤ᠂ ᠲᠣᠭᠠᠴᠢᠯᠠᠯᠲᠠ ᠪᠠᠷ ᠬᠦᠴᠦᠨ | ᠴᠢᠳᠠᠮᠵᠢ ᠣᠯᠭᠤᠬᠤ ᠶᠢ ᠴᠢᠩᠭᠠᠳᠬᠠᠵᠤ᠂ ᠪᠦᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠳᠤ ᠲᠦᠰᠢᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠡᠭᠡᠷᠡᠬᠢ ᠪᠠ | ᠰᠦᠯᠵᠢᠶᠡᠨ ᠠᠴᠠ ᠭᠠᠳᠠᠭᠤᠷᠬᠢ ᠶᠡᠷᠦᠩᠬᠡᠢ ᠬᠦᠢᠰᠦ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠳ᠋ᠠᠶᠢᠲ᠋ᠠ ᠶᠢ | ᠬᠤᠪᠢᠶᠠᠯᠴᠠᠬᠤ ᠪᠣᠳᠠᠲᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠪᠦᠬᠦ ᠶᠠᠪᠤᠴᠠ ᠳᠤ ᠰᠢᠨ᠎ᠡ ᠮᠡᠷᠭᠡᠵᠢᠯ | ᠬᠡᠷᠡᠭᠯᠡᠬᠦ ᠶᠢ ᠦᠷᠭᠦᠯᠵᠢᠯᠡᠨ ᠴᠢᠩᠭᠠᠳᠬᠠᠨ᠎ᠠ᠃ ᠳᠥᠷᠪᠡ ᠳᠤ᠂ ᠬᠡᠪᠴᠢᠶ᠎ᠡ ᠶᠢ ᠥᠷᠭᠡᠳᠬᠡᠨ ᠠᠰᠢᠭ ᠢ ᠨᠡᠮᠡᠭᠳᠡᠭᠦᠯᠬᠦ ᠶᠢ | ᠠᠬᠢᠭᠤᠯᠤᠨ᠂ ᠬᠠᠪᠰᠤᠷᠤᠨ ᠭᠦᠢᠴᠡᠳᠬᠡᠬᠦ ᠪᠠ ᠣᠷᠣᠯᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠯᠠᠨ | ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠦᠷᠳᠡᠭ ᠨᠡᠮᠡᠭᠳᠡᠯ ᠤᠨ ᠦᠢᠯᠡᠴᠢᠯᠡᠭᠡᠨ ᠤ | ᠠᠭᠤᠯᠭ᠎ᠠ ᠶᠢ ᠥᠷᠭᠡᠳᠬᠡᠨ᠎ᠡ᠃ ᠲᠠᠪᠤ ᠳᠤ᠂ ᠠᠵᠢᠯ ᠤᠨ ᠰᠠᠭᠤᠷᠢ ᠶᠢ ᠪᠠᠬᠢᠵᠢᠭᠦᠯᠦᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠷᠢᠮᠵᠢᠶᠠᠨ ᠤ ᠲᠣᠭᠲᠠᠯᠴᠠᠭ᠎ᠠ ᠬᠢᠭᠡᠳ ᠠᠵᠢᠯ ᠤᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠳᠦᠷᠢᠮ ᠤᠨ ᠬᠠᠩᠭᠠᠯᠭ᠎ᠠ ᠶᠢ ᠡᠷᠴᠢᠮᠯᠡᠨ᠎ᠡ᠃ | ︽ᠵᠢᠯᠤᠭᠤᠳᠬᠤ ᠰᠠᠨᠠᠯ︾ ᠳᠤ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ | ᠨᠢᠭᠡᠳᠦᠭᠡᠷ ᠪᠦᠯᠦᠭ ᠤᠨ 13 ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢ ᠲᠣᠳᠤᠷᠬᠠᠶᠢᠯᠠᠵᠠᠢ᠃ ᠡᠭᠦᠨ ᠳᠤ᠂ | ᠡᠵᠡᠩᠨᠡᠬᠦ ᠭᠤᠣᠯ ᠴᠣᠭᠴᠠ ᠶᠢᠨ ᠠᠵᠢᠯ ᠶᠠᠪᠤᠳᠠᠯ ᠭᠦᠢᠴᠡᠳᠬᠡᠬᠦ ᠳᠤ ᠬᠠᠷᠢᠶᠠᠯᠠᠭᠳᠠᠬᠤ ᠨᠢ 8 ᠵᠦᠢᠯ ᠪᠣᠶ᠂ ᠳᠠᠷᠤᠢ | ᠲᠡᠭᠡᠭᠡᠪᠦᠷᠢ ᠶᠢᠨ ᠠᠵᠤ ᠠᠬᠤᠶᠢᠯᠠᠯ ᠡᠷᠭᠢᠯᠡᠬᠦ᠂ ᠤᠰᠤ ᠴᠠᠬᠢᠯᠭᠠᠨ ᠬᠡᠢ ᠰᠦᠯᠵᠢᠶ᠎ᠡ ᠶᠢ ᠬᠠᠮᠲᠤᠷᠠᠭᠤᠯᠤᠨ ᠤᠭᠰᠠᠷᠠᠬᠤ᠂ | ᠢᠲᠡᠭᠡᠮᠵᠢ ᠪᠠᠨ ᠰᠡᠷᠭᠦᠭᠡᠬᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠬᠠᠤᠯᠢ ᠶᠣᠰᠣᠨ ᠤ ᠲᠣᠭᠲᠠᠭᠠᠯ ᠳᠤ | ᠨᠡᠶᠢᠴᠡᠭᠰᠡᠨ ᠮᠡᠳᠡᠭᠡ ᠵᠠᠩᠭᠢ ᠶᠢ ᠬᠠᠷᠭᠤᠭᠤᠯᠤᠨ ᠪᠠᠶᠢᠴᠠᠭᠠᠬᠤ᠂ ᠠᠵᠤ ᠠᠬᠤᠶᠢᠯᠠᠯ ᠤᠨ ᠳᠠᠩᠰᠠᠯᠠᠯᠲᠠ ᠶᠢ ᠴᠣᠴᠠᠯᠬᠤ | ᠵᠡᠷᠭᠡ ᠶᠢ ᠪᠠᠭᠲᠠᠭᠠᠨ᠎ᠠ᠃ ᠬᠤᠪᠢ ᠬᠦᠮᠦᠨ ᠤ ᠠᠵᠢᠯ ᠶᠠᠪᠤᠳᠠᠯ ᠭᠦᠢᠴᠡᠳᠬᠡᠬᠦ ᠳᠤ ᠬᠠᠷᠢᠶᠠᠯᠠᠭᠳᠠᠬᠤ ᠨᠢ 5 ᠵᠦᠢᠯ ᠪᠣᠶ᠂ | ᠳᠠᠷᠤᠢ ᠰᠤᠷᠭᠠᠭᠤᠯᠢ ᠳᠤ ᠣᠷᠣᠬᠤ᠂ ᠰᠠᠭᠤᠭᠠᠯᠢ ᠠᠷᠠᠳ ᠤᠨ ᠨᠡᠶᠢᠭᠡᠮ ᠤᠨ ᠪᠠᠲᠤᠯᠠᠭᠠᠨ ᠤ ᠺᠠᠷᠲ ᠤᠨ ᠦᠢᠯᠡᠴᠢᠯᠡᠭᠡ᠂ | ᠵᠡᠮᠳᠡᠭᠴᠦᠳ ᠲᠠᠬᠢ ᠦᠢᠯᠡᠴᠢᠯᠡᠭᠡ ᠵᠡᠷᠭᠡ ᠶᠢ ᠪᠠᠭᠲᠠᠭᠠᠨ᠎ᠠ᠃ | ︽ᠵᠢᠯᠤᠭᠤᠳᠬᠤ ᠰᠠᠨᠠᠯ︾ ᠳᠤ᠂ ︽ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ︾ ᠪᠠᠷ | ᠭᠤᠣᠯᠳᠠᠭᠤᠯᠵᠤ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ | ᠤᠬᠠᠭᠤᠯᠤᠨ ᠳᠡᠯᠭᠡᠷᠡᠭᠦᠯᠬᠦ ᠪᠠᠨ ᠡᠷᠴᠢᠮᠯᠡᠵᠦ᠂ ᠡᠯ᠎ᠡ ᠱᠠᠲᠤᠨ ᠤ ᠣᠷᠣᠨ ᠨᠤᠲᠤᠭ ᠤᠨ ᠵᠠᠰᠠᠭ ᠤᠨ ᠣᠷᠳᠣᠨ ᠪᠠ | ᠬᠤᠯᠪᠣᠭᠳᠠᠯ ᠪᠦᠬᠦᠢ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠡᠯᠪᠡᠨ ᠬᠠᠮᠵᠢᠯᠴᠠᠬᠤ ᠪᠠᠨ ᠴᠢᠩᠭᠠᠳᠬᠠᠵᠤ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ | ᠴᠢᠩᠭᠠᠳᠬᠠᠵᠤ᠂ ᠲᠤᠷᠰᠢᠵᠤ ᠵᠢᠱᠢᠶ᠎ᠡ ᠦᠵᠡᠭᠦᠯᠬᠦ ᠠᠵᠢᠯ ᠢ ᠥᠷᠨᠢᠭᠦᠯᠵᠦ᠂ ᠥᠭᠡᠷᠡᠴᠢᠯᠡᠯᠲᠡ ᠰᠢᠨᠡᠴᠢᠯᠡᠯᠲᠡ ᠬᠢᠬᠦ᠂ | ᠵᠣᠷᠢᠭᠲᠠᠢ ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠵᠤ᠂ ᠨᠢᠭᠡ ᠪᠦᠯᠦᠭ ︽ᠥᠨᠳᠥᠷ ᠪᠦᠲᠦᠮᠵᠢᠲᠡᠶ ᠪᠠᠷ ᠨᠢᠭᠡ ᠠᠵᠢᠯ | ᠶᠠᠪᠤᠳᠠᠯ ᠭᠦᠢᠴᠡᠳᠬᠡᠬᠦ︾ ᠭᠤᠤᠳᠠᠯᠭ᠎ᠠ ᠲᠠᠢ ᠵᠦᠢᠯᠡᠰ ᠢ ᠵᠢᠯ ᠳᠠᠷᠠᠭᠠᠯᠠᠨ ᠭᠠᠷᠭᠠᠵᠤ᠂ ᠪᠣᠳᠠᠲᠤ ᠦᠷ᠎ᠡ ᠪᠦᠲᠦᠮᠵᠢ | ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ |