ᠪᠤᠭᠤᠲᠤ ᠶᠢᠨ ᠬᠤᠶᠠᠷ ᠬᠤᠷᠠᠯ ᠤᠨ ᠲᠣᠰᠬᠠᠢ ᠰᠣᠷᠪᠣᠯᠵᠢᠯᠭ᠎ᠠ᠄ ᠰᠣ᠋ ᠴᠢᠤᠸᠠᠨ —— ᠬᠤᠪᠣᠷ ᠰᠢᠷᠣᠢ ᠶᠢᠨ ᠠᠵᠤ ᠦᠢᠯᠡᠰ ᠤᠨ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ
ᠨᠡᠶᠢᠲᠡᠯᠡᠭᠰᠡᠨ ᠴᠠᠭ᠄
2024/1/24
   ︽ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ  ᠎ ᠢ ᠰᠣᠨᠣᠰᠤᠭᠠᠳ ᠪᠢ ᠶᠡᠬᠡᠳᠡ ᠵᠣᠷᠢᠭᠵᠢᠵᠤ᠂ ᠡᠷᠴᠢ ᠵᠣᠷᠢᠭ ᠢᠶᠠᠨ ᠤᠯᠠᠮ ᠨᠡᠮᠡᠭᠳᠡᠭᠦᠯᠪᠡ︾᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠶᠢᠨ ᠯᠢ ᠲᠣᠭᠲᠠᠮᠠᠯ ᠰᠣᠷᠢᠨᠵᠢᠨ ︵ᠪᠤᠭᠤᠲᠤ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠰᠣ᠋ ᠴᠢᠤᠸᠠᠨ ᠬᠤᠲᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠳᠡᠭᠡᠷ᠎ᠡ ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ︽ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ ︾᠎ ᠢ ᠪᠦᠲᠦᠭᠡᠨ ᠪᠠᠶᠢᠭᠤᠯᠬᠤ ᠰᠢᠪᠲᠤᠯᠤᠯᠲᠠ ᠶᠢᠨ ᠠᠵᠢᠯᠯᠠᠭ᠎ᠠ ᠶᠢ ᠬᠦᠴᠦᠯᠡᠨ ᠬᠡᠷᠡᠭᠵᠢᠭᠦᠯᠬᠦ ᠬᠡᠷᠡᠭᠲᠡᠢ ᠭᠡᠵᠦ ᠳᠤᠷᠠᠳᠤᠨ ᠭᠠᠷᠭᠠᠵᠠᠢ᠂ ᠡᠨᠡ ᠨᠢ ᠺᠣᠮᠫᠠᠨᠢ ᠶᠢᠨ ᠬᠥᠭᠵᠢᠯᠲᠡ ᠳᠤ ᠴᠢᠬᠤᠯᠠ ᠶᠡᠭᠡ ᠠᠰᠢᠭ ᠲᠤᠰᠠ ᠬᠠᠩᠭᠠᠭᠰᠠᠨ ᠪᠠᠶᠢᠨ᠎ᠠ᠃ ᠶᠢᠨ ᠯᠢ ᠲᠣᠭᠲᠠᠮᠠᠯ ᠰᠣᠷᠢᠨᠵᠢᠨ ᠨᠢ ᠠᠵᠤ ᠠᠬᠤᠶᠢᠯᠠᠯ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠨ ᠠᠬᠢᠭᠤᠯᠵᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠪᠣᠯᠣᠨ᠎ᠠ ᠭᠡᠪᠠ᠃    ︽ᠣᠳᠣᠬᠠᠨ ᠳᠤ ᠡᠯ᠎ᠡ ᠤᠯᠤᠰ ᠤᠨ ᠬᠢᠨ ᠨᠡᠭᠦᠷᠡᠰᠦᠲᠥ᠋ᠷᠥᠭᠴᠢ ᠶᠢᠨ ᠤᠷᠬᠢᠯ ᠳᠤ ᠬᠦᠷᠬᠦ᠂ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠢ ᠠᠬᠢᠭᠤᠯᠵᠤ ᠪᠠᠶᠢᠭ᠎ᠠ ᠶᠡᠭᠡ ᠠᠬᠤᠢ ᠪᠠᠶᠢᠳᠠᠯ ᠳᠣᠣᠷ᠎ᠠ᠂ ᠮᠠᠰᠢ ᠤᠯᠠᠨ ᠠᠵᠢᠯ ᠲᠦᠷᠦᠯ ᠪᠣᠯᠣᠨ ᠤᠯᠤᠰ ᠠᠯᠤᠰᠯᠠᠭᠰᠠᠨ ᠺᠣᠮᠫᠠᠨᠢ ᠠᠴᠠ ᠳᠤᠰ ᠪᠡᠶ᠎ᠡ ᠶᠢᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠬᠠᠷᠠᠯᠲᠠ ᠵᠢᠴᠢ ︿ᠨᠡᠭᠦᠷᠡᠰᠦᠲᠥ᠋ᠷᠥᠭᠴᠢ ᠦᠭᠡᠢ ᠦᠢᠯᠡᠳᠪᠦᠷᠢ﹀ ︿ᠨᠡᠭᠦᠷᠡᠰᠦᠲᠥ᠋ᠷᠥᠭᠴᠢ ᠦᠭᠡᠢ ᠦᠢᠯᠡᠳᠬᠦᠨ﹀ ᠭᠡᠬᠦ ᠤᠬᠠᠭᠳᠠᠬᠤᠨ ᠢ ᠳᠤᠷᠠᠳᠤᠭᠰᠠᠨ ᠪᠥᠭᠡᠳ ᠨᠡᠭᠦᠷᠡᠰᠦᠲᠥ᠋ᠷᠥᠭᠴᠢ ᠶᠢ ᠪᠠᠭᠠᠰᠬᠠᠬᠤ ᠱᠠᠭᠠᠷᠳᠠᠯᠭ᠎ᠠ ᠶᠢ ᠵᠣᠬᠢᠴᠠᠩᠭᠤᠢ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠠᠬᠤᠶᠢᠯᠠᠯ ᠳᠤ ᠬᠦᠷᠲᠡᠯ᠎ᠡ ᠤᠷᠲᠤᠳᠬᠠᠪᠠ᠂ ᠬᠤᠪᠣᠷ ᠰᠢᠷᠣᠢ ᠶᠢᠨ ᠠᠵᠢᠯ ᠲᠦᠷᠦᠯ ᠴᠦ ᠡᠶᠢᠮᠦ ᠪᠠᠶᠢᠨ᠎ᠠ︾ ᠭᠡᠵᠣ ᠰᠤ᠋ ᠴᠢᠤᠸᠠᠨ ᠲᠠᠨᠢᠯᠴᠠᠭᠤᠯᠬᠤ ᠳᠠᠭᠠᠨ᠂ ︽︿ᠬᠤᠣᠰ ᠨᠡᠭᠦᠷᠡᠰᠦᠲᠥ᠋ᠷᠥᠭᠴᠢ﹀᠎ ᠶᠢᠨ ᠲᠥᠷᠥ ᠶᠢᠨ ᠪᠣᠳᠣᠯᠭ᠎ᠠ ᠶᠢᠨ ᠪᠠᠷᠢᠮᠲᠠᠯᠠᠯ ᠳᠣᠣᠷ᠎ᠠ᠂ ᠨᠠᠩ ᠣᠯᠠᠨ ᠬᠤᠪᠣᠷ ᠰᠢᠷᠣᠢ ᠶᠢᠨ ᠪᠣᠬᠢᠷᠲᠤᠯ ᠦᠭᠡᠢ ᠰᠠᠭᠤᠷᠢ ᠮᠠᠲ᠋ᠧᠷᠢᠶᠠᠯ ᠨᠢ ᠥᠨᠳᠥᠷ ᠪᠦᠲᠦᠮᠵᠢᠲᠡᠶ᠂ ᠡᠨᠧᠷᠭᠢ ᠠᠷᠪᠢᠯᠠᠬᠤ᠂ ᠣᠷᠴᠢᠨ ᠠᠬᠤᠢ ᠶᠢ ᠬᠠᠮᠠᠭᠠᠯᠠᠬᠤ ᠵᠡᠷᠭᠡ ᠣᠨᠴᠠᠯᠢᠭ ᠢᠶᠠᠷ ᠢᠶᠠᠨ ᠰᠢᠨ᠎ᠡ ᠡᠨᠧᠷᠭᠢ᠂ ᠣᠷᠴᠢᠨ ᠠᠬᠤᠢ ᠶᠢᠨ ᠬᠠᠮᠠᠭᠠᠯᠠᠯᠲᠠ᠂ ᠣᠶᠤᠨᠴᠢ ᠦᠢᠯᠡᠳᠬᠦ ᠦᠢᠯᠡᠰ᠂ ᠠᠵᠤ ᠦᠢᠯᠡᠳᠪᠦᠷᠢ ᠶᠢᠨ ᠮᠠᠰᠢᠨ ᠬᠥᠮᠥᠨ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠭᠳᠡᠵᠦ ᠪᠠᠶᠢᠨ᠎ᠠ᠃ ᠳᠣᠣᠷᠠᠳᠤ ᠤᠷᠤᠰᠬᠠᠯ ᠤᠨ ᠬᠡᠷᠡᠭᠯᠡᠭᠡᠨ ᠤ ᠦᠵᠦᠭᠦᠷ ᠤᠨ ᠬᠤᠪᠣᠷ ᠰᠢᠷᠣᠢ ᠶᠢᠨ ᠮᠠᠲ᠋ᠧᠷᠢᠶᠠᠯ ᠤᠨ ᠬᠡᠷᠡᠭᠴᠡᠭᠡ ᠨᠡᠮᠡᠭᠳᠡᠬᠦ ᠶᠢᠨ ᠵᠡᠷᠭᠡ ᠳᠤ ᠪᠠᠰᠠ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠪᠠ ᠨᠡᠭᠦᠷᠡᠰᠦᠲᠥ᠋ᠷᠥᠭᠴᠢ ᠶᠢᠨ ᠱᠣᠰᠢᠭ᠎ᠠ ᠶᠢᠨ ᠳᠦᠷᠢᠮ ᠤᠨ ᠪᠠᠶᠢᠭᠤᠯᠤᠯᠲᠠ ᠶᠢᠨ ᠳᠠᠷᠤᠯᠲᠠ ᠶᠢ ᠳᠡᠭᠡᠳᠦ ᠤᠷᠤᠰᠬᠠᠯ ᠤᠨ ᠬᠠᠩᠭᠠᠯᠭ᠎ᠠ ᠶᠢᠨ ᠦᠵᠦᠭᠦᠷ ᠲᠤ ᠳᠠᠮᠵᠢᠭᠤᠯᠵᠤ ᠪᠠᠶᠢᠨ᠎ᠠ᠃ ᠬᠤᠪᠣᠷ ᠰᠢᠷᠣᠢ ᠶᠢᠨ ᠠᠵᠢᠯ ᠲᠥᠷᠥᠯ ᠤᠨ ᠬᠢᠨ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠳᠤ ᠡᠷᠬᠡᠪᠰᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ︾ ᠭᠡᠵᠡᠢ᠃    ᠰᠤ᠋ ᠴᠢᠤᠸᠠᠨ᠂ ᠬᠤᠪᠣᠷ ᠰᠢᠷᠣᠢ ᠶᠢᠨ ᠠᠵᠤ ᠦᠢᠯᠡᠰ ᠨᠢ ᠮᠠᠨ ᠤ ᠬᠤᠲᠠ ᠶᠢᠨ ᠣᠨᠴᠠᠯᠢᠭ᠂ ᠳᠠᠪᠠᠭᠤᠯᠢᠭ ᠠᠵᠤ ᠦᠢᠯᠡᠰ ᠪᠣᠯᠤᠭᠰᠠᠨ ᠤ ᠬᠤᠪᠢ ᠳᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠤᠷᠢᠳᠠᠪᠠᠷ ᠲᠤᠷᠰᠢᠵᠤ ᠤᠷᠢᠳᠠᠪᠠᠷ ᠬᠢᠵᠦ᠂ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠣᠭᠠᠴᠠᠭ᠎ᠠ ᠬᠢᠬᠦ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠬᠤ ᠶᠢᠨ ᠬᠠᠮᠲᠤ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠶᠢᠨ ᠤᠯᠠ ᠮᠥᠷ ᠢ ᠣᠨᠣᠪᠴᠢᠲᠠᠶ ᠬᠠᠮᠢᠶᠠᠷᠬᠤ᠂ ᠲᠣᠭᠠᠴᠠᠭ᠎ᠠ ᠬᠢᠬᠦ᠂ ᠭᠡᠷᠡᠴᠢᠯᠡᠭᠡ ᠬᠢᠬᠦ ᠵᠢᠴᠢ ᠬᠠᠷᠭᠤᠭᠤᠯᠤᠨ ᠪᠠᠶᠢᠴᠠᠭᠠᠬᠤ ᠶᠢ ᠲᠤᠯᠭᠠᠭᠤᠷᠢᠯᠠᠪᠠᠯ ᠵᠣᠬᠢᠨ᠎ᠠ ᠭᠡᠵᠡᠢ᠃ ᠡᠨᠡ ᠨᠢ ᠬᠤᠪᠣᠷ ᠰᠢᠷᠣᠢ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠤᠨ ︽ᠬᠤᠣᠰ ᠨᠡᠭᠦᠷᠡᠰᠦᠲᠥ᠋ᠷᠥᠭᠴᠢ︾᠎ ᠶᠢᠨ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ ᠪᠣᠬᠢᠷᠲᠤᠯ ᠦᠭᠡᠢ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃    ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢᠨ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠰᠤ᠋ ᠴᠢᠤᠸᠠᠨ ᠰᠠᠨᠠᠭᠤᠯᠬᠤ ᠳᠠᠭᠠᠨ᠄ ︽ᠮᠠᠨ ᠤ ᠬᠤᠳᠠ ᠶᠢᠨ ᠬᠤᠪᠣᠷ ᠰᠢᠷᠣᠢ ᠶᠢᠨ ᠠᠵᠢᠯ ᠲᠦᠷᠦᠯ ᠤᠨ ᠬᠥᠭᠵᠢᠯᠲᠡ ᠶᠢᠨ ᠣᠨᠴᠠᠯᠢᠭ ᠵᠢᠴᠢ ᠬᠡᠷᠡᠭᠴᠡᠭᠡ ᠲᠠᠢ ᠤᠶᠠᠯᠳᠤᠭᠤᠯᠵᠤ᠂ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠮᠡᠷᠭᠡᠵᠢᠯ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠬᠡᠷᠡᠭᠲᠡᠢ᠃ ᠤᠷᠢᠳᠠᠪᠠᠷ ᠬᠢᠵᠦ ᠤᠷᠢᠳᠠᠪᠠᠷ ᠲᠤᠷᠰᠢᠬᠤ ᠶᠢ ᠵᠣᠷᠢᠭᠵᠢᠭᠤᠯᠵᠤ᠂ ᠨᠥᠯᠥᠭᠡᠯᠡᠬᠦ ᠬᠦᠴᠦᠨ ᠲᠠᠢ ᠭᠤᠣᠯᠳᠠᠯᠭ᠎ᠠ ᠲᠠᠢ ᠠᠵᠤ ᠠᠬᠤᠶᠢᠯᠠᠯ ᠳᠤ ᠲᠤᠷᠰᠢᠯᠲᠠ ᠶᠢᠨ ᠠᠵᠢᠯ ᠢ ᠥᠷᠨᠢᠭᠦᠯᠵᠦ᠂ ᠴᠢᠭ᠋ ᠢᠶᠠᠷ ᠨᠡᠶᠢᠳᠡᠮ ᠢ ᠲᠠᠶᠢᠴᠢᠯᠠᠨ᠂ ᠠᠯᠬᠤᠮ ᠠᠯᠬᠤᠮ ᠢᠶᠠᠷ ᠳᠡᠯᠭᠡᠷᠡᠭᠦᠯᠦᠨ᠎ᠡ᠃ ᠡᠭᠦᠨ ᠠᠴᠠ ᠭᠠᠳᠠᠨ᠎ᠠ ᠪᠠᠰᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠪᠠ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ᠂ ᠳᠠᠭᠠᠭᠤᠯᠤᠭᠴᠢ ᠠᠵᠤ ᠠᠬᠤᠶᠢᠯᠠᠯ ᠬᠢᠭᠡᠳ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ ᠤᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠪᠠᠶᠢᠭᠤᠯᠬᠤ ᠶᠢ ᠳᠡᠮᠵᠢᠵᠦ᠂ ᠡᠷᠳᠡᠮ ᠰᠢᠨᠵᠢᠯᠡᠭᠡᠨ ᠤ ᠲᠠᠪᠴᠠᠩ ᠢ ᠬᠠᠮᠲᠤᠪᠠᠷ ᠪᠠᠶᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠪᠣᠭᠤᠮᠲᠠ ᠰᠢᠪᠲᠤᠯᠬᠤ ᠶᠢ ᠥᠷᠨᠢᠭᠦᠯᠵᠦ ᠂ ᠬᠤᠪᠣᠷ ᠰᠢᠷᠣᠢ ᠶᠢᠨ ᠠᠵᠢᠯ ᠲᠥᠷᠥᠯ ᠤᠨ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠬᠠᠮᠢᠶᠠᠷᠤᠯᠲᠠ ᠶᠢᠨ ᠠᠵᠢᠯ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ︾ ᠭᠡᠵᠡᠢ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号