ᠬᠤᠶᠠᠷ ᠬᠤᠷᠠᠯ ᠤᠨ ᠲᠣᠰᠬᠠᠢ ᠰᠣᠷᠪᠣᠯᠵᠢᠯᠭ᠎ᠠ᠄ ᠳ᠋ᠦᠩ ᠸᠧᠨ ᠴᠢᠩ —— ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠬᠤᠪᠣᠷ ᠰᠢᠷᠣᠢ ᠶᠢᠨ ᠰᠠᠭᠤᠷᠢᠨ︾᠎ ᠤ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠨ᠎ᠡ
ᠨᠡᠶᠢᠲᠡᠯᠡᠭᠰᠡᠨ ᠴᠠᠭ᠄
2024/1/24
    ︽ᠤᠯᠤᠰ ᠲᠥᠷᠥ  ᠎ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ ᠪᠣᠳᠠᠲᠤ ᠠᠵᠢᠯᠯᠠᠭ᠎ᠠ ᠪᠠᠷ ᠢᠶᠠᠨ ︿ᠬᠤᠪᠣᠷ ᠰᠢᠷᠣᠢ  ᠎ ᠶᠢᠨ ᠬᠤᠶᠠᠷ ᠰᠠᠭᠤᠷᠢᠨ ᠭᠠᠵᠠᠷ﹀᠎ ᠤᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ︾᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ ᠳ᠋ᠦᠩ ᠸᠧᠨ ᠴᠢᠩ ᠬᠡᠯᠡᠬᠦ ᠳᠡᠭᠡᠨ᠂ ︽ᠪᠠᠶᠢᠭᠤᠯᠬᠤ︾᠎ ᠨᠢ ᠵᠠᠩᠭᠢᠯᠠᠭ᠎ᠠ ᠶᠢᠨ ᠭᠠᠵᠠᠷ ᠲᠤ ᠪᠣᠶ᠂ ᠵᠠᠰᠠᠭ ᠤᠨ ᠶᠠᠪᠤᠳᠠᠯ ᠢ ᠵᠥᠪᠯᠡᠬᠦ ᠳᠤ ︽ᠵᠥᠪᠯᠡᠬᠦ︾᠎ ᠨᠢ ᠭᠤᠣᠯᠳᠠᠯᠭ᠎ᠠ ᠪᠣᠯᠣᠨ᠎ᠠ᠃ ᠬᠤᠪᠣᠷ ᠰᠢᠷᠣᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠴᠢᠨᠠᠷ ᠰᠠᠶᠢᠲᠠᠢ ᠰᠠᠨᠠᠯ ᠳᠤᠷᠠᠳᠤᠯᠭ᠎ᠠ ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠢᠷᠮᠠᠶᠢᠨ ᠭᠠᠷᠭᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠨ᠎ᠠ᠃ ᠡᠭᠦᠨ ᠤ ᠬᠠᠮᠲᠤ᠂ ᠬᠤᠪᠣᠷ ᠰᠢᠷᠣᠢ ᠶᠢᠨ ᠠᠵᠤ ᠦᠢᠯᠡᠰ ᠤᠨ ᠲᠤᠰᠬᠠᠢ ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯᠲᠠᠨ ᠵᠢᠴᠢ ᠡᠯ᠎ᠡ ᠲᠠᠯ᠎ᠠ ᠶᠢᠨ ᠬᠥᠮᠥᠰ ᠲᠠᠢ ᠥᠷᠭᠡᠨ ᠢᠶᠠᠷ ᠬᠠᠷᠢᠯᠴᠠᠵᠤ᠂ ᠵᠥᠪᠳᠡᠯᠴᠡᠨ ᠦᠢᠯᠡᠳᠦᠯᠴᠡᠬᠦ ᠪᠠᠨ ᠴᠢᠩᠭᠠᠳᠬᠠᠨ᠂ ᠡᠯ᠎ᠡ ᠲᠠᠯ᠎ᠠ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠢ ᠲᠦᠷᠭᠡᠳᠬᠡᠨ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠦᠷᠢ ᠲᠥᠷᠬᠦ ᠪᠠᠷ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠰᠢᠯᠭᠠᠯᠲᠠ ᠶᠢᠨ ᠬᠠᠭᠤᠳᠠᠰᠤ ᠶᠢ ᠪᠢᠴᠢᠭᠯᠡᠨ᠎ᠡ᠃     ᠪᠤᠭᠤᠲᠤ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ︽ᠭᠤᠣᠯ ᠲᠡᠶᠢᠨ ᠤ ᠲᠠᠯᠠᠪᠤᠷ︾ ᠪᠣᠯᠤᠭᠰᠠᠨ ᠤ ᠬᠤᠪᠢ ᠳᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾᠎ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢᠨ ᠲᠣᠭᠤᠷᠢᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ︽ᠭᠤᠣᠯ ᠲᠡᠶᠢᠨ ᠤ ᠲᠠᠯᠠᠪᠤᠷ︾᠎ ᠤᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠎ᠡ᠃ ᠣᠲᠣ ᠪᠣᠯᠲᠠᠯ᠎ᠠ᠂ ᠤᠯᠤᠰ ᠤᠨ ᠳᠣᠲᠣᠭᠠᠳᠤ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠡᠮᠦᠨ᠎ᠡ 10 ᠬᠦᠴᠦᠷᠬᠡᠭ ᠤᠨ ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ ᠤᠨ 7᠎ ᠨᠢ ᠨᠢᠭᠡᠨᠲᠡ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠨᠤᠲᠤᠭᠰᠢᠵᠤ᠂ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ 13.5 ᠲᠦᠮᠡᠨ ᠲᠣᠨ ᠳᠤ ᠬᠦᠷᠴᠦ᠂ ᠪᠥᠬᠦ ᠤᠯᠤᠰ ᠲᠤ ᠬᠤᠶᠠᠳᠤᠭᠠᠷ ᠲᠤ ᠣᠷᠣᠪᠠ᠃ ᠬᠤᠪᠣᠷ ᠰᠢᠷᠣᠢ ᠶᠢᠨ ᠲᠣᠭᠲᠠᠭᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ 48 ᠡᠷᠦᠬᠡ ᠳᠤ ᠬᠦᠷᠴᠦ᠂ ᠬᠤᠪᠣᠷ ᠰᠢᠷᠣᠢ ᠶᠢᠨ ᠠᠵᠤ ᠦᠢᠯᠡᠰ ᠤᠨ 460 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃     ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ︿ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ﹀᠎ ᠢ ᠪᠦᠲᠦᠭᠡᠨ ᠪᠠᠶᠢᠭᠤᠯᠬᠤ ᠳᠤ ᠲᠡᠷᠢᠭᠦᠨ ᠳᠤ ᠣᠷᠣᠬᠤ ᠪᠠᠷ ᠴᠢᠷᠮᠠᠶᠢᠬᠤ ᠳᠤ ᠬᠤᠲᠠ ᠶᠢᠨ ᠱᠠᠲᠤᠨ ᠤ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ︾᠃ ᠲᠣᠰ ᠤᠳᠠᠭ᠎ᠠ ᠤᠯᠤᠰ ᠲᠥᠷᠥ ᠶᠢᠨ ᠵᠥᠪᠯᠡᠯᠭᠡᠨ ᠤ ᠪᠤᠭᠤᠲᠤ ᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠳᠤ ᠣᠷᠣᠯᠴᠠᠵᠤ᠂ ᠳ᠋ᠦᠩ ᠸᠧᠨ ᠴᠢᠩ ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︿ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ﹀᠎ ᠢ ᠪᠦᠲᠦᠭᠡᠨ ᠪᠠᠶᠢᠭᠤᠯᠬᠤ ᠳᠤ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠳᠡᠮᠵᠢᠬᠦ ᠲᠤᠬᠠᠢ ᠰᠠᠨᠠᠯ ᠳᠤᠷᠠᠳᠤᠯᠭ᠎ᠠ︾᠎ ᠶᠢ ᠠᠪᠴᠢᠷᠠᠪᠠ᠂ ᠡᠭᠦᠨ ᠳᠤ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠴᠢᠳᠠᠪᠤᠷᠢᠲᠠᠨ ᠵᠡᠷᠭᠡ ᠵᠢᠷᠭᠤᠭᠠᠨ ᠲᠠᠯ᠎ᠠ ᠶᠢᠨ ᠰᠠᠨᠠᠭᠤᠯᠭ᠎ᠠ ᠪᠠᠭᠲᠠᠨ᠎ᠠ᠃ ᠲᠡᠷᠡ᠄ ︽ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠪᠥᠬᠦ ᠲᠠᠯ᠎ᠠ ᠶᠢᠨ᠂ ᠣᠯᠠᠨ ᠬᠠᠷᠠᠭᠠᠰᠤ  ᠎ ᠠᠴᠠ ᠳᠡᠮᠵᠢᠯᠭᠡ ᠦᠵᠡᠭᠦᠯᠵᠦ᠂ ︿ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ﹀᠎ ᠤᠨ ᠪᠦᠲᠦᠭᠡᠨ ᠪᠠᠶᠢᠭᠤᠯᠤᠯᠲᠠ ᠶᠢ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠡᠷᠲᠡᠬᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠶᠢ ᠬᠦᠰᠡᠵᠦ ᠪᠠᠶᠢᠨ᠎ᠠ ︾ ᠭᠡᠵᠡᠢ᠃     ᠲᠠᠨᠢᠯᠴᠠᠭᠤᠯᠤᠭᠰᠠᠨ ᠢᠶᠠᠷ᠂ ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ 210 ᠤᠯᠤᠰ ᠤᠨ ᠵᠠᠮ ᠠᠴᠠ ᠵᠡᠭᠦᠨᠰᠢᠬᠢ ᠣᠷᠣᠨ ᠪᠦᠰᠡ ᠳᠤ 5000 ᠮᠦ ᠭᠠᠵᠠᠷ ᠡᠵᠡᠯᠡᠬᠦ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠠᠶᠢᠭᠤᠯᠵᠤ᠂ ᠣᠳᠣᠬᠠᠨ ᠳᠤ ᠶᠠᠭ ︽ᠨᠢᠭᠡ ᠵᠢᠯ ᠳᠤ ᠳᠡᠯᠭᠡᠷᠡᠭᠦᠯᠵᠦ᠂ ᠬᠤᠶᠠᠷ ᠵᠢᠯ ᠳᠤ ᠳᠦᠷᠢ ᠲᠥᠷᠬᠦ ᠪᠠᠨ ᠭᠠᠷᠭᠠᠵᠤ᠂ ᠭᠤᠷᠪᠠᠨ ᠵᠢᠯ ᠳᠤ ᠪᠣᠳᠠᠲᠤ ᠦᠷ᠎ᠡ ᠪᠦᠲᠦᠮᠵᠢ ᠣᠯᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠭᠠᠵᠠᠷ ᠰᠢᠷᠣᠢ ᠲᠠᠲᠠᠪᠤᠷᠢᠯᠠᠨ ᠨᠤᠷᠠᠭᠠᠵᠤ ᠨᠡᠭᠦᠯᠭᠡᠬᠦ᠂ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠵᠡᠷᠭᠡ ᠠᠵᠢᠯ ᠢ ᠱᠠᠯᠠᠪᠳᠠᠨ ᠠᠬᠢᠭᠤᠯᠵᠤ ᠪᠠᠶᠢᠨ᠎ᠠ᠂ ᠵᠢᠱᠢᠯᠲᠡ ᠪᠠᠷ ᠡᠨᠡ ᠵᠢᠯ ᠤᠨ 6 ᠰᠠᠷ᠎ᠠ ᠳᠤ ᠣᠷᠣᠵᠤ ᠰᠠᠭᠤᠬᠤ ᠨᠥᠬᠦᠴᠡᠯ ᠢ ᠪᠦᠷᠢᠳᠦᠭᠦᠯᠵᠦ᠂ ᠪᠥᠬᠦ ᠳᠡᠯᠡᠬᠡᠢ ᠶᠢᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠴᠢᠬᠤᠯᠠ ᠠᠴᠢᠶᠠᠯᠠᠪᠤᠷᠢ ᠪᠣᠯᠬᠤ ᠪᠣᠯᠣᠨ᠎ᠠ᠃      ᠳ᠋ᠦᠩ ᠸᠧᠨ ᠴᠢᠩ᠂ 2024 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ᠬᠤᠶᠠᠷ ᠬᠤᠪᠣᠷ ᠰᠢᠷᠣᠢ ᠶᠢᠨ ᠰᠠᠭᠤᠷᠢᠨ︾᠎ ᠢ ᠪᠦᠲᠦᠭᠡᠨ ᠪᠠᠶᠢᠭᠤᠯᠬᠤ ᠬᠠᠷᠠᠯᠲᠠ ᠪᠠᠨ ᠵᠣᠭᠰᠣᠭᠠᠵᠤ᠂ ᠰᠣᠷᠢᠨᠵᠢᠨ ᠴᠢᠨᠠᠷᠲᠠᠢ ᠮᠠᠲ᠋ᠧᠷᠢᠶᠠᠯ ᠢᠶᠠᠷ ᠭᠤᠣᠯ ᠪᠣᠯᠭᠠᠭᠰᠠᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠲᠦᠷᠭᠡᠨ ᠬᠥᠭᠵᠢᠭᠦᠯᠵᠦ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠯ ᠤᠨ ᠴᠢᠳᠠᠪᠤᠷᠢ ᠶᠢ 18 ᠲᠦᠮᠡᠨ ᠲᠣᠨ ᠳᠤ ᠬᠦᠷᠭᠡᠵᠦ᠂ ᠪᠦᠬᠦ ᠤᠯᠤᠰ ᠤᠨ 30%᠎ ᠠᠴᠠ ᠳᠡᠭᠡᠭᠰᠢᠬᠢ ᠶᠢ ᠡᠵᠡᠯᠡᠭᠦᠯᠬᠦ ᠪᠠᠷ ᠴᠢᠷᠮᠠᠶᠢᠨ᠎ᠠ ᠭᠡᠵᠦ ᠬᠡᠯᠡᠪᠡ᠃ ᠡᠭᠦᠨ ᠤ ᠬᠠᠮᠲᠤ᠂ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠭᠡᠬᠦ ᠡᠨᠡ ᠬᠦ ᠲᠣᠯᠣᠭᠠᠶᠢᠯᠠᠭᠴᠢ ᠶᠢ ᠳᠣᠪᠤᠶᠢᠯᠭᠠᠵᠤ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠬᠡᠷᠡᠭᠵᠢᠭᠦᠯᠦᠨ᠂ 2024 ᠣᠨ ᠳᠤ 30 ᠡᠷᠦᠬᠡ ᠠᠴᠠ ᠳᠡᠭᠡᠭᠰᠢ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠬᠦ ᠶᠢ ᠦᠨᠡᠨᠬᠦ ᠪᠠᠲᠤᠯᠠᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠵᠤ᠂ ᠲᠥᠪᠯᠡᠷᠡᠭᠦᠯᠬᠦ ᠬᠡᠪᠴᠢᠶ᠎ᠡ ᠶᠢ ᠠᠩᠬ᠎ᠠ ᠠᠯᠬᠤᠮ ᠪᠦᠷᠢᠯᠳᠦᠭᠦᠯᠦᠨ᠂ ᠪᠤᠭᠤᠲᠤ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠲᠠᠬᠢ ᠪᠠᠶᠢᠷᠢ ᠰᠠᠭᠤᠷᠢ ᠪᠠ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号