᠎ ᠶᠢᠨ ᠯᠢ ᠲᠣᠭᠲᠠᠮᠠᠯ ᠰᠣᠷᠢᠨᠵᠢᠨ᠄ ᠪᠤᠭᠤᠲᠤ ᠳᠤ ᠪᠥᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ
ᠨᠡᠶᠢᠲᠡᠯᠡᠭᠰᠡᠨ ᠴᠠᠭ᠄
2024/1/24
    ᠣᠶᠢᠷ᠎ᠠ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠲᠦᠷᠭᠡᠪᠴᠢᠯᠡᠨ ᠬᠡᠷᠡᠭᠵᠢᠭᠦᠯᠵᠦ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾᠎ ᠢ ᠳᠠᠷᠤᠮᠠᠯᠯᠠᠨ ᠲᠠᠷᠬᠠᠭᠠᠵᠤ᠂ 2024 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨ᠎ᠡ ᠶᠢ ᠡᠭᠦᠳᠬᠦ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠷᠢᠯᠠᠭᠤᠯᠪᠠ᠃    ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠳᠤᠷᠠᠳᠤᠭᠰᠠᠨ ᠨᠢ᠂ ᠬᠤᠪᠣᠷ ᠰᠢᠷᠣᠢ ᠶᠢᠨ ᠡᠬᠢ ᠪᠠᠶᠠᠯᠢᠭ ᠢ ᠬᠠᠮᠠᠭᠠᠯᠠᠬᠤ ᠴᠢᠨᠠᠷᠲᠠᠢ ᠨᠡᠭᠡᠭᠡᠨ ᠬᠥᠭᠵᠢᠭᠦᠯᠬᠦ᠂ ᠴᠢᠨᠠᠷ ᠰᠠᠶᠢᠲᠠᠢ ᠠᠰᠢᠭᠯᠠᠬᠤ ᠂ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠪᠥᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠳᠡᠯᠡᠬᠡᠢ ᠶᠢᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠤ᠂ ︽ᠳᠡᠯᠡᠬᠡᠢ ᠶᠢᠨ ᠬᠤᠪᠣᠷ ᠰᠢᠷᠣᠢ ᠶᠢᠨ ᠬᠤᠲᠠ︾᠎ ᠶᠢ ᠪᠠᠶᠢᠭᠤᠯᠤᠨ᠎ᠠ᠃    ᠎ ᠶᠢᠨ ᠯᠢ ᠲᠣᠭᠲᠠᠮᠠᠯ ᠰᠣᠷᠢᠨᠵᠢᠨ ︵ᠪᠤᠭᠤᠲᠤ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠰᠤ᠋ ᠴᠢᠤᠸᠠᠨ᠄     ︽ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠨᠢ ᠮᠠᠨ ᠤ ᠬᠤᠲᠠ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠢᠲᠡᠭᠡᠯ ᠵᠣᠷᠢᠭ ᠢ ᠬᠥᠪᠴᠢᠯᠡᠭᠰᠡᠨ ᠢᠶᠠᠷ ᠪᠠᠷᠠᠬᠤ ᠦᠭᠡᠢ᠂ ᠪᠠᠰᠠ ᠮᠠᠨ ᠤ ᠬᠤᠪᠣᠷ ᠰᠢᠷᠣᠢ ᠶᠢᠨ ᠠᠵᠤ ᠠᠬᠤᠶᠢᠯᠠᠯ ᠤᠨ ᠬᠥᠭᠵᠢᠯᠲᠡ ᠳᠤ ᠴᠢᠭᠯᠡᠯ ᠢ ᠲᠣᠳᠣᠷᠬᠠᠢ ᠵᠢᠭᠠᠵᠤ ᠥᠭᠭᠦᠭᠰᠡᠨ ᠪᠠᠶᠢᠨ᠎ᠠ︾᠃ ᠶᠢᠨ ᠯᠢ ᠲᠣᠭᠳᠠᠮᠠᠯ ᠰᠣᠷᠢᠨᠵᠢᠨ ︵ᠪᠤᠭᠤᠲᠤ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠰᠣ᠋ ᠴᠢᠤᠸᠠᠨ᠂ ᠠᠵᠢᠯ ᠲᠥᠷᠥᠯ ᠤᠨ ᠲᠡᠷᠢᠭᠦᠨ ᠤ ᠠᠵᠤ ᠠᠬᠤᠶᠢᠯᠠᠯ ᠪᠣᠯᠤᠭᠰᠠᠨ ᠤ ᠬᠤᠪᠢ ᠳᠤ ᠶᠢᠨ ᠯᠢ ᠲᠣᠭᠲᠠᠮᠠᠯ ᠰᠣᠷᠢᠨᠵᠢᠨ ᠢ ᠥᠨᠳᠥᠷ ᠴᠢᠳᠠᠪᠬᠢ ᠲᠠᠢ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠶᠢ ᠵᠢᠯ ᠳᠤ 2 ᠲᠦᠮᠡᠨ ᠲᠣᠨ ᠬᠦᠷᠲᠡᠯ᠎ᠡ ᠯᠠᠪᠳᠠᠭᠤᠨ ᠪᠥᠭᠡᠳ ᠲᠦᠷᠭᠡᠨ ᠢᠶᠠᠷ ᠳᠡᠭᠡᠭᠰᠢᠯᠡᠭᠦᠯᠵᠦ᠂ ᠲᠡᠷᠢᠭᠦᠨ ᠤ ᠤᠷ᠎ᠠ ᠮᠡᠷᠭᠡᠰᠢᠯ ᠲᠠᠢ᠂ ᠬᠡᠪᠴᠢᠶ᠎ᠡ ᠪᠠᠷ ᠲᠡᠷᠢᠭᠦᠨ ᠤ᠂ ᠬᠡᠷᠡᠭᠯᠡᠭᠡᠨ ᠢᠶᠠᠷ ᠪᠠᠶᠠᠯᠢᠭ ᠪᠥᠬᠦ ᠳᠡᠯᠡᠬᠡᠢ ᠶᠢᠨ ᠬᠠᠮᠤᠭ ᠤᠨ ᠲᠣᠮᠣ ᠬᠤᠪᠣᠷ ᠰᠢᠷᠣᠢ ᠶᠢᠨ ᠨᠧᠦᠳᠢᠮ ᠲᠡᠮᠦᠷ ᠪᠤᠷ ᠤᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢ ᠶᠢ ᠪᠠᠶᠢᠭᠤᠯᠵᠤ᠂ ᠪᠤᠭᠤᠲᠤ ᠶᠢᠨ ᠪᠥᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠨᠡᠮᠡᠭᠳᠡᠭᠦᠯᠬᠦ ᠳᠤ ᠬᠤᠪᠢ ᠨᠡᠮᠡᠷᠢ ᠪᠠᠨ ᠦᠵᠡᠭᠦᠯᠵᠦ᠂ ᠪᠥᠬᠦ ᠳᠡᠯᠡᠬᠡᠢ ᠶᠢᠨ ᠬᠡᠪᠴᠢᠶᠡᠨ ᠳᠤ ᠬᠤᠪᠣᠷ ᠰᠢᠷᠣᠢ ᠶᠢᠨ ᠰᠤᠳᠤᠯᠤᠨ ᠨᠡᠭᠡᠭᠡᠬᠦ ᠪᠤᠭᠤᠲᠤ ᠶᠢᠨ ᠨᠠᠷᠠᠲᠤ ᠲᠡᠮᠳᠡᠭᠲᠦ ᠶᠢ ᠡᠭᠦᠳᠦᠨ᠎ᠡ ᠭᠡᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号