︽ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠤ ᠬᠤᠪᠢ ᠳᠤ ᠪᠣᠳᠠᠲᠤ ᠠᠵᠢᠯᠯᠠᠭ᠎ᠠ ᠪᠠᠷ ᠢᠶᠠᠨ ︿ | ᠬᠤᠪᠣᠷ ᠰᠢᠷᠣᠢ ᠶᠢᠨ ᠬᠤᠶᠠᠷ ᠰᠠᠭᠤᠷᠢᠨ ᠭᠠᠵᠠᠷ﹀ ᠤᠨ ᠪᠦᠲᠦᠭᠡᠨ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ | ᠬᠡᠷᠡᠭᠲᠡᠢ︾᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠳᠡᠳ᠋ ᠱᠦᠵᠢ ᠳ᠋ᠦᠩ ᠸᠧᠨ ᠴᠢᠩ ᠬᠡᠯᠡᠬᠦ ᠳᠡᠭᠡᠨ᠂ ︽ | ᠪᠠᠶᠢᠭᠤᠯᠬᠤ︾ ᠨᠢ ᠵᠠᠩᠭᠢᠯᠠᠭ᠎ᠠ ᠶᠢᠨ ᠭᠠᠵᠠᠷ ᠲᠤ ᠪᠣᠶ᠂ ᠵᠠᠰᠠᠭ ᠤᠨ ᠶᠠᠪᠤᠳᠠᠯ ᠢ ᠵᠥᠪᠯᠡᠬᠦ ᠳᠤ ︽ᠵᠥᠪᠯᠡᠬᠦ︾ ᠨᠢ | ᠭᠤᠣᠯᠳᠠᠯᠭ᠎ᠠ ᠪᠣᠯᠣᠨ᠎ᠠ᠃ ᠬᠤᠪᠣᠷ ᠰᠢᠷᠣᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠪᠠᠷ | ᠳᠠᠮᠵᠢᠭᠤᠯᠤᠨ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠴᠢᠨᠠᠷ ᠰᠠᠶᠢᠲᠠᠢ ᠰᠠᠨᠠᠯ ᠳᠤᠷᠠᠳᠤᠯᠭ᠎ᠠ | ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠴᠢᠷᠮᠠᠶᠢᠨ ᠭᠠᠷᠭᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ | ᠠᠷᠭ᠎ᠠ ᠤᠬᠠᠭᠠᠨ ᠭᠠᠷᠭᠠᠨ᠎ᠠ᠃ ᠡᠭᠦᠨ ᠤ ᠬᠠᠮᠲᠤ᠂ ᠬᠤᠪᠣᠷ ᠰᠢᠷᠣᠢ ᠶᠢᠨ ᠠᠵᠤ ᠦᠢᠯᠡᠰ ᠤᠨ ᠲᠤᠰᠬᠠᠢ ᠮᠡᠷᠭᠡᠵᠢᠯᠲᠡᠨ | ᠡᠷᠳᠡᠮᠲᠡᠨ᠂ ᠠᠵᠤ ᠠᠬᠤᠶᠢᠯᠠᠯᠲᠠᠨ ᠵᠢᠴᠢ ᠡᠯ᠎ᠡ ᠲᠠᠯ᠎ᠠ ᠶᠢᠨ ᠬᠥᠮᠥᠰ ᠲᠠᠢ ᠥᠷᠭᠡᠨ ᠢᠶᠠᠷ ᠬᠠᠷᠢᠯᠴᠠᠵᠤ᠂ ᠵᠥᠪᠳᠡᠯᠴᠡᠨ | ᠦᠢᠯᠡᠳᠦᠯᠴᠡᠬᠦ ᠪᠠᠨ ᠴᠢᠩᠭᠠᠳᠬᠠᠨ᠂ ᠡᠯ᠎ᠡ ᠲᠠᠯ᠎ᠠ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ︽ᠬᠤᠶᠠᠷ ᠬᠤᠪᠣᠷ | ᠰᠢᠷᠣᠢ ᠶᠢᠨ ᠰᠠᠭᠤᠷᠢᠨ ᠭᠠᠵᠠᠷ︾ ᠢ ᠲᠦᠷᠭᠡᠳᠬᠡᠨ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠭᠦᠯᠵᠦ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠦᠷᠢ ᠲᠥᠷᠬᠦ ᠪᠠᠷ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠰᠢᠨ᠎ᠡ ᠰᠢᠯᠭᠠᠯᠲᠠ ᠶᠢᠨ ᠬᠠᠭᠤᠳᠠᠰᠤ ᠶᠢ ᠪᠢᠴᠢᠭᠯᠡᠨ᠎ᠡ᠃ | ᠪᠤᠭᠤᠲᠤ ᠶᠢᠨ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ︽ᠭᠤᠣᠯ ᠲᠡᠶᠢᠨ ᠤ ᠲᠠᠯᠠᠪᠤᠷ︾ | ᠪᠣᠯᠤᠭᠰᠠᠨ ᠤ ᠬᠤᠪᠢ ᠳᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ | ᠬᠠᠷᠠᠯᠲᠠ ᠶᠢᠨ ᠲᠣᠭᠤᠷᠢᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ︽ᠭᠤᠣᠯ ᠲᠡᠶᠢᠨ ᠤ | ᠲᠠᠯᠠᠪᠤᠷ︾ ᠤᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠎ᠡ᠃ ᠣᠲᠣ ᠪᠣᠯᠲᠠᠯ᠎ᠠ᠂ ᠤᠯᠤᠰ ᠤᠨ ᠳᠣᠲᠣᠭᠠᠳᠤ ᠶᠢᠨ | ᠶᠡᠷᠦᠩᠬᠡᠶᠢᠯᠡᠭᠰᠡᠨ ᠪᠣᠳᠠᠲᠤ ᠬᠦᠴᠦᠨ ᠤ ᠡᠮᠦᠨ᠎ᠡ 10 ᠬᠦᠴᠦᠷᠬᠡᠭ ᠤᠨ ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ ᠤᠨ | 7 ᠨᠢ ᠨᠢᠭᠡᠨᠲᠡ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠤ ᠨᠤᠲᠤᠭᠰᠢᠵᠤ᠂ ᠰᠣᠷᠢᠨᠵᠢᠨ | ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ 13.5 ᠲᠦᠮᠡᠨ ᠲᠣᠨ ᠳᠤ ᠬᠦᠷᠴᠦ᠂ ᠪᠥᠬᠦ ᠤᠯᠤᠰ ᠲᠤ ᠬᠤᠶᠠᠳᠤᠭᠠᠷ ᠲᠤ | ᠣᠷᠣᠪᠠ᠃ ᠬᠤᠪᠣᠷ ᠰᠢᠷᠣᠢ ᠶᠢᠨ ᠲᠣᠭᠲᠠᠭᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ 48 ᠡᠷᠦᠬᠡ ᠳᠤ ᠬᠦᠷᠴᠦ᠂ | ᠬᠤᠪᠣᠷ ᠰᠢᠷᠣᠢ ᠶᠢᠨ ᠠᠵᠤ ᠦᠢᠯᠡᠰ ᠤᠨ 460 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃ | | ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ ︿ᠬᠤᠶᠠᠷ ᠬᠤᠪᠣᠷ ᠰᠢᠷᠣᠢ ᠶᠢᠨ ᠰᠠᠭᠤᠷᠢᠨ | ᠭᠠᠵᠠᠷ﹀ ᠢ ᠪᠦᠲᠦᠭᠡᠨ ᠪᠠᠶᠢᠭᠤᠯᠬᠤ ᠳᠤ ᠲᠡᠷᠢᠭᠦᠨ ᠳᠤ ᠣᠷᠣᠬᠤ ᠪᠠᠷ ᠴᠢᠷᠮᠠᠶᠢᠬᠤ ᠳᠤ ᠬᠤᠲᠠ ᠶᠢᠨ ᠱᠠᠲᠤᠨ ᠤ | ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ︾᠃ ᠲᠣᠰ ᠤᠳᠠᠭ᠎ᠠ ᠤᠯᠤᠰ ᠲᠥᠷᠥ ᠶᠢᠨ ᠵᠥᠪᠯᠡᠯᠭᠡᠨ ᠤ ᠪᠤᠭᠤᠲᠤ | ᠬᠤᠲᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯᠳᠤᠭᠠᠨ ᠳᠤ ᠣᠷᠣᠯᠴᠠᠵᠤ᠂ | ᠳ᠋ᠦᠩ ᠸᠧᠨ ᠴᠢᠩ ︽ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ︿ᠬᠤᠶᠠᠷ ᠬᠤᠪᠣᠷ ᠰᠢᠷᠣᠢ ᠶᠢᠨ | ᠰᠠᠭᠤᠷᠢᠨ ᠭᠠᠵᠠᠷ﹀ ᠢ ᠪᠦᠲᠦᠭᠡᠨ ᠪᠠᠶᠢᠭᠤᠯᠬᠤ ᠳᠤ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠳᠡᠮᠵᠢᠬᠦ ᠲᠤᠬᠠᠢ ᠰᠠᠨᠠᠯ | ᠳᠤᠷᠠᠳᠤᠯᠭ᠎ᠠ︾ ᠶᠢ ᠠᠪᠴᠢᠷᠠᠪᠠ᠂ ᠡᠭᠦᠨ ᠳᠤ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠴᠢᠳᠠᠪᠤᠷᠢᠲᠠᠨ ᠵᠡᠷᠭᠡ ᠵᠢᠷᠭᠤᠭᠠᠨ | ᠲᠠᠯ᠎ᠠ ᠶᠢᠨ ᠰᠠᠨᠠᠭᠤᠯᠭ᠎ᠠ ᠪᠠᠭᠲᠠᠨ᠎ᠠ᠃ ᠲᠡᠷᠡ᠄ ︽ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠤᠪᠣᠷ ᠰᠢᠷᠣᠢ ᠶᠢᠨ | ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠪᠥᠬᠦ ᠲᠠᠯ᠎ᠠ ᠶᠢᠨ᠂ ᠣᠯᠠᠨ ᠬᠠᠷᠠᠭᠠᠰᠤ ᠠᠴᠠ ᠳᠡᠮᠵᠢᠯᠭᠡ ᠦᠵᠡᠭᠦᠯᠵᠦ᠂ ︿ | ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ﹀ ᠤᠨ ᠪᠦᠲᠦᠭᠡᠨ ᠪᠠᠶᠢᠭᠤᠯᠤᠯᠲᠠ ᠶᠢ ᠬᠤᠪᠣᠷ ᠰᠢᠷᠣᠢ ᠶᠢᠨ ᠳᠡᠭᠡᠳᠦ ᠰᠢᠨ᠎ᠡ | ᠮᠡᠷᠭᠡᠵᠢᠯ ᠤᠨ ᠣᠷᠣᠨ ᠳᠤ ᠡᠷᠲᠡᠬᠡᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠪᠠᠲᠤᠯᠠᠬᠤ ᠶᠢ ᠬᠦᠰᠡᠵᠦ ᠪᠠᠶᠢᠨ᠎ᠠ | ︾ ᠭᠡᠵᠡᠢ᠃ | ᠲᠠᠨᠢᠯᠴᠠᠭᠤᠯᠤᠭᠰᠠᠨ ᠢᠶᠠᠷ᠂ ᠥᠩᠭᠡᠷᠡᠭᠰᠡᠨ ᠨᠢᠭᠡ ᠵᠢᠯ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠱᠠᠭᠠᠷᠳᠠᠯᠭ᠎ᠠ ᠶᠣᠰᠣᠭᠠᠷ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠨᠢ 210 | ᠤᠯᠤᠰ ᠤᠨ ᠵᠠᠮ ᠠᠴᠠ ᠵᠡᠭᠦᠨᠰᠢᠬᠢ ᠣᠷᠣᠨ ᠪᠦᠰᠡ ᠳᠤ 5000 ᠮᠦ ᠭᠠᠵᠠᠷ ᠡᠵᠡᠯᠡᠬᠦ ᠬᠤᠪᠣᠷ ᠰᠢᠷᠣᠢ ᠶᠢᠨ ᠲᠣᠭᠲᠠᠮᠠᠯ | ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠠᠶᠢᠭᠤᠯᠵᠤ᠂ ᠣᠳᠣᠬᠠᠨ ᠳᠤ ᠶᠠᠭ | ︽ᠨᠢᠭᠡ ᠵᠢᠯ ᠳᠤ ᠳᠡᠯᠭᠡᠷᠡᠭᠦᠯᠵᠦ᠂ ᠬᠤᠶᠠᠷ ᠵᠢᠯ ᠳᠤ ᠳᠦᠷᠢ ᠲᠥᠷᠬᠦ ᠪᠠᠨ ᠭᠠᠷᠭᠠᠵᠤ᠂ ᠭᠤᠷᠪᠠᠨ ᠵᠢᠯ ᠳᠤ ᠪᠣᠳᠠᠲᠤ ᠦᠷ᠎ᠡ | ᠪᠦᠲᠦᠮᠵᠢ ᠣᠯᠬᠤ︾ ᠠᠵᠢᠯ ᠤᠨ ᠱᠠᠭᠠᠷᠳᠠᠯᠭ᠎ᠠ ᠶᠣᠰᠣᠭᠠᠷ᠂ ᠭᠠᠵᠠᠷ ᠰᠢᠷᠣᠢ ᠲᠠᠲᠠᠪᠤᠷᠢᠯᠠᠨ ᠨᠤᠷᠠᠭᠠᠵᠤ ᠨᠡᠭᠦᠯᠭᠡᠬᠦ᠂ | ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠵᠡᠷᠭᠡ ᠠᠵᠢᠯ ᠢ ᠱᠠᠯᠠᠪᠳᠠᠨ ᠠᠬᠢᠭᠤᠯᠵᠤ ᠪᠠᠶᠢᠨ᠎ᠠ᠂ ᠵᠢᠱᠢᠯᠲᠡ ᠪᠠᠷ ᠡᠨᠡ | ᠵᠢᠯ ᠤᠨ 6 ᠰᠠᠷ᠎ᠠ ᠳᠤ ᠣᠷᠣᠵᠤ ᠰᠠᠭᠤᠬᠤ ᠨᠥᠬᠦᠴᠡᠯ ᠢ ᠪᠦᠷᠢᠳᠦᠭᠦᠯᠵᠦ᠂ ᠪᠥᠬᠦ ᠳᠡᠯᠡᠬᠡᠢ ᠶᠢᠨ ᠲᠡᠷᠢᠭᠦᠨ ᠤ ᠬᠤᠪᠣᠷ | ᠰᠢᠷᠣᠢ ᠶᠢᠨ ᠬᠡᠷᠡᠭᠯᠡᠭᠡᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠴᠢᠬᠤᠯᠠ ᠠᠴᠢᠶᠠᠯᠠᠪᠤᠷᠢ ᠪᠣᠯᠬᠤ ᠪᠣᠯᠣᠨ᠎ᠠ᠃ | ᠳ᠋ᠦᠩ ᠸᠧᠨ ᠴᠢᠩ᠂ 2024 ᠣᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ︽ | ᠬᠤᠶᠠᠷ ᠬᠤᠪᠣᠷ ᠰᠢᠷᠣᠢ ᠶᠢᠨ ᠰᠠᠭᠤᠷᠢᠨ︾ ᠢ ᠪᠦᠲᠦᠭᠡᠨ ᠪᠠᠶᠢᠭᠤᠯᠬᠤ ᠬᠠᠷᠠᠯᠲᠠ ᠪᠠᠨ ᠵᠣᠭᠰᠣᠭᠠᠵᠤ᠂ ᠰᠣᠷᠢᠨᠵᠢᠨ | ᠴᠢᠨᠠᠷᠲᠠᠢ ᠮᠠᠲ᠋ᠧᠷᠢᠶᠠᠯ ᠢᠶᠠᠷ ᠭᠤᠣᠯ ᠪᠣᠯᠭᠠᠭᠰᠠᠨ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠲᠦᠷᠭᠡᠨ | ᠬᠥᠭᠵᠢᠭᠦᠯᠵᠦ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠯ ᠤᠨ ᠴᠢᠳᠠᠪᠤᠷᠢ ᠶᠢ 18 | ᠲᠦᠮᠡᠨ ᠲᠣᠨ ᠳᠤ ᠬᠦᠷᠭᠡᠵᠦ᠂ ᠪᠦᠬᠦ ᠤᠯᠤᠰ ᠤᠨ 30% ᠠᠴᠠ ᠳᠡᠭᠡᠭᠰᠢᠬᠢ ᠶᠢ ᠡᠵᠡᠯᠡᠭᠦᠯᠬᠦ ᠪᠠᠷ ᠴᠢᠷᠮᠠᠶᠢᠨ᠎ᠠ ᠭᠡᠵᠦ | ᠬᠡᠯᠡᠪᠡ᠃ ᠡᠭᠦᠨ ᠤ ᠬᠠᠮᠲᠤ᠂ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠭᠡᠬᠦ ᠡᠨᠡ ᠬᠦ ᠲᠣᠯᠣᠭᠠᠶᠢᠯᠠᠭᠴᠢ ᠶᠢ | ᠳᠣᠪᠤᠶᠢᠯᠭᠠᠵᠤ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ | ᠲᠦᠷᠭᠡᠳᠬᠡᠨ ᠪᠠᠶᠢᠭᠤᠯᠵᠤ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠶᠢ ᠬᠡᠷᠡᠭᠵᠢᠭᠦᠯᠦᠨ᠂ 2024 | ᠣᠨ ᠳᠤ 30 ᠡᠷᠦᠬᠡ ᠠᠴᠠ ᠳᠡᠭᠡᠭᠰᠢ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ ᠤ ᠠᠵᠤ ᠠᠬᠤᠶᠢᠯᠠᠯ ᠢ ᠰᠢᠨ᠎ᠡ ᠪᠠᠷ | ᠨᠡᠮᠡᠭᠳᠡᠭᠦᠯᠬᠦ ᠶᠢ ᠦᠨᠡᠨᠬᠦ ᠪᠠᠲᠤᠯᠠᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠵᠤ᠂ | ᠲᠥᠪᠯᠡᠷᠡᠭᠦᠯᠬᠦ ᠬᠡᠪᠴᠢᠶ᠎ᠡ ᠶᠢ ᠠᠩᠬ᠎ᠠ ᠠᠯᠬᠤᠮ ᠪᠦᠷᠢᠯᠳᠦᠭᠦᠯᠦᠨ᠂ ᠪᠤᠭᠤᠲᠤ ᠶᠢᠨ ᠬᠤᠪᠣᠷ ᠰᠢᠷᠣᠢ ᠶᠢᠨ ᠠᠵᠤ ᠦᠢᠯᠡᠰ ᠤᠨ | ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠲᠠᠬᠢ ᠪᠠᠶᠢᠷᠢ ᠰᠠᠭᠤᠷᠢ ᠪᠠ ᠥᠷᠢᠰᠦᠯᠳᠦᠬᠦ ᠬᠦᠴᠦᠨ ᠢ ᠤᠯᠠᠮ | ᠨᠢᠭᠡ ᠠᠯᠬᠤᠮ ᠳᠡᠭᠡᠭᠰᠢᠯᠡᠭᠦᠯᠦᠨ᠎ᠡ᠃ |