ᠰᠢᠨᠬᠤᠸᠠ ᠬᠤᠷᠢᠶᠠᠨ ᠤ ᠥᠪᠥᠷ ᠮᠣᠩᠭᠤᠯ ᠤᠨ ᠬᠤᠪᠢᠶᠠᠷᠢ ᠬᠤᠷᠢᠶ᠎ᠠ ᠶᠢᠨ ᠳᠠᠷᠤᠭ᠎ᠠ ᠯᠢᠦ ᠸᠧᠢ ᠨᠠᠷ ᠳᠡᠭᠡᠳᠦ ᠰᠢᠨ᠎ᠡ ᠮᠡᠷᠭᠡᠵᠢᠯ ᠤᠨ ᠤᠷᠤᠨ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/1/24
    1 ᠰᠠᠷ᠎ᠠ ᠶᠢᠨ 19 ᠤ ᠡᠳᠦᠷ ᠠᠴᠠ 21 ᠤ ᠡᠳᠦᠷ ᠪᠣᠯᠲᠠᠯ᠎ᠠ᠂ ᠰᠢᠨᠬᠤᠸᠠ ᠬᠤᠷᠢᠶᠠᠨ ᠤ ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ ᠶᠢᠨ ᠳᠠᠷᠤᠭ᠎ᠠ ᠯᠢᠦ ᠸᠧᠢ ᠨᠠᠷ ᠪᠤᠭᠤᠲᠤ ᠳᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ᠂ ᠡᠨᠡ ᠬᠤᠭᠤᠴᠠᠭᠠᠨ ᠳᠤ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠰᠡᠭ ᠠᠵᠤ ᠠᠬᠤᠶᠢᠯᠠᠯ ᠳᠤ ᠰᠢᠨᠵᠢᠯᠡᠨ ᠪᠠᠶᠢᠴᠠᠭᠠᠯᠲᠠ ᠬᠢᠪᠡ᠃     19 ᠤ ᠡᠳᠦᠷ ᠤᠨ ᠦᠳᠡ ᠶᠢᠨ ᠬᠤᠶᠢᠨ᠎ᠠ᠂ ᠯᠢᠦ ᠸᠧᠶ ᠨᠡᠷ ᠤᠷᠢᠳ ᠬᠤᠵᠢᠳ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠪᠤᠭᠤᠲᠤ ᠶᠢᠨ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ᠂ ᠪᠤᠭᠤᠲᠤ ᠶᠢᠨ ᠵᠥᠩ ᠴᠧ ᠴᠠᠬᠢᠯᠭᠠᠨ ᠮᠠᠰᠢᠨ ᠤ ᠬᠢᠵᠠᠭᠠᠷᠲᠤ ᠺᠣᠮᠫᠠᠨᠢ᠂ ᠪᠤᠭᠤᠲᠤ ᠶᠢᠨ ᠶᠢᠩ ᠰᠧ ᠲᠧ ᠬᠤᠪᠣᠷ ᠰᠢᠷᠣᠶ ᠶᠢᠨ ᠰᠣᠷᠢᠨᠵᠢᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠪᠤᠭᠤᠲᠤ ᠶᠢᠨ ᠲᠢᠶᠠᠨ ᠾᠧ ᠰᠣᠷᠢᠨᠵᠢᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠤᠮᠠᠷᠠᠲᠤ ᠶᠢᠨ ᠬᠦᠨᠳᠦ ᠬᠡᠯᠪᠡᠷᠢ ᠶᠢᠨ ᠮᠠᠰᠢᠨ ᠲᠡᠷᠭᠡᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠢᠶᠠᠷ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠯᠢᠦ ᠸᠧᠢ ᠡᠯ᠎ᠡ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠵᠠᠬ᠎ᠠ ᠳᠡᠯᠭᠡᠭᠦᠷ ᠤᠨ ᠥᠷᠭᠡᠳᠬᠡᠯ᠂ ᠮᠡᠷᠭᠡᠵᠢᠯ ᠤᠨ ᠰᠢᠨ᠎ᠡ ᠡᠭᠦᠳᠦᠯᠲᠡ᠂ ᠦᠷ᠎ᠡ ᠪᠦᠲᠦᠭᠡᠯ ᠤᠨ ᠬᠤᠪᠢᠷᠠᠭᠤᠯᠤᠯᠲᠠ᠂ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠲᠦᠷᠦᠯ ᠵᠦᠢᠯ ᠢ ᠥᠷᠨᠢᠭᠦᠯᠦᠭᠰᠡᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠳᠡᠭᠡᠳᠦ ᠰᠢᠨ᠎ᠡ ᠮᠡᠷᠭᠡᠵᠢᠯ ‍ᠤᠨ‌ᠣᠷᠣᠨ ᠡᠬᠢ ᠪᠠᠶᠠᠯᠢᠭ ᠤᠨ ᠳᠠᠪᠠᠭᠤᠯᠢᠭ ᠳᠤ ᠪᠠᠨ ᠰᠠᠭᠤᠷᠢᠯᠠᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ︽ᠬᠤᠶᠠᠷ ᠬᠤᠪᠣᠷ ᠰᠢᠷᠣᠢ ᠶᠢᠨ ᠰᠠᠭᠤᠷᠢᠨ︾ ᠢ ᠪᠦᠬᠦ ᠬᠦᠴᠦᠨ ᠢᠶᠠᠷ ᠢᠶᠠᠨ ᠪᠦᠳᠦᠭᠡᠨ ᠪᠠᠶᠢᠭᠤᠯᠵᠤ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃      ᠯᠢᠦ ᠸᠧᠢ᠂ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠳᠠᠮᠵᠢᠨ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ‍ᠤᠨ‌ᠣᠷᠣᠨ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠬᠢ ᠪᠠᠲᠤ ᠪᠠᠬᠢ ᠰᠠᠭᠤᠷᠢ ᠪᠣᠯᠤᠨ ᠥᠷᠭᠡᠨ ᠠᠭᠤᠳᠠᠮ ᠠᠯᠤᠰ ᠢᠷᠡᠭᠡᠳᠦᠢ ᠶᠢ ᠭᠦᠨᠵᠡᠭᠡᠢ ᠣᠶᠢᠯᠠᠭᠠᠪᠠ᠃ ᠰᠢᠨᠬᠤᠸᠠ ᠬᠤᠷᠢᠶᠠᠨ ᠤ ᠥᠪᠥᠷ ᠮᠣᠩᠭᠤᠯ ᠳᠠᠬᠢ ᠬᠤᠪᠢᠶᠠᠷᠢ ᠬᠤᠷᠢᠶ᠎ᠠ ᠲᠠᠪᠴᠠᠩ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠤᠭᠤᠲᠤ ᠬᠤᠲᠠ ᠪᠣᠯᠤᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠢᠨ ︽ᠬᠤᠶᠠᠷ ᠬᠤᠪᠣᠷ ᠰᠢᠷᠣᠶ ᠶᠢᠨ ᠰᠠᠭᠤᠷᠢᠨ︾ ᠵᠡᠷᠭᠡ ᠡᠯ᠎ᠡ ᠵᠦᠢᠯ ᠤᠨ ᠠᠵᠢᠯ ᠦᠢᠯᠡᠰ ᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠬᠤ ᠳᠤ ᠢᠳᠡᠪᠬᠢᠲᠡᠶ ᠤᠬᠠᠭᠤᠯᠭ᠎ᠠ ᠬᠢᠵᠦ᠂ ᠴᠢᠨᠠᠷ ᠰᠠᠶᠢᠲᠠᠶ ᠬᠥᠭᠵᠢᠯᠲᠡ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠣᠶ ᠪᠣᠯᠭᠠᠨ᠎ᠠ ᠭᠡᠪᠡ᠃      ᠬᠠᠮᠢᠶ᠎ᠠ ᠪᠦᠬᠦᠢ ᠬᠤᠲᠠ ᠶᠢᠨ ᠤᠳᠤᠷᠢᠳᠤᠯᠭ᠎ᠠ ᠪᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠸᠢᠴᠠᠲ ᠤᠨ ᠨᠡᠶᠢᠲᠡ ᠶᠢᠨ ᠳ᠋ᠤᠭᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号