ᠣᠶᠢᠷ᠎ᠠ ᠳᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠲᠦᠷᠭᠡᠪᠴᠢᠯᠡᠨ ᠬᠡᠷᠡᠭᠵᠢᠭᠦᠯᠵᠦ ᠪᠠᠶᠢᠯᠳᠤᠬᠤ | ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ | ᠳᠠᠷᠤᠮᠠᠯᠯᠠᠨ ᠲᠠᠷᠬᠠᠭᠠᠵᠤ᠂ 2024 ᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ | ᠰᠢᠨ᠎ᠡ ᠶᠢ ᠡᠭᠦᠳᠬᠦ ᠠᠵᠤ ᠦᠢᠯᠡᠰ ᠤᠨ ᠬᠥᠭᠵᠢᠯᠲᠡ ᠶᠢᠨ ᠠᠵᠢᠯ ᠢ ᠪᠠᠶᠢᠷᠢᠯᠠᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠳᠤᠷᠠᠳᠤᠭᠰᠠᠨ ᠨᠢ᠂ | ᠬᠤᠪᠣᠷ ᠰᠢᠷᠣᠢ ᠶᠢᠨ ᠡᠬᠢ ᠪᠠᠶᠠᠯᠢᠭ ᠢ ᠬᠠᠮᠠᠭᠠᠯᠠᠬᠤ ᠴᠢᠨᠠᠷᠲᠠᠢ ᠨᠡᠭᠡᠭᠡᠨ ᠬᠥᠭᠵᠢᠭᠦᠯᠬᠦ᠂ ᠴᠢᠨᠠᠷ ᠰᠠᠶᠢᠲᠠᠢ ᠠᠰᠢᠭᠯᠠᠬᠤ | ᠂ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠪᠥᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ | ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠳᠡᠯᠡᠬᠡᠢ ᠶᠢᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ | ᠰᠠᠭᠤᠷᠢᠨ ᠭᠠᠵᠠᠷ ᠢ ᠴᠢᠷᠮᠠᠶᠢᠨ ᠪᠠᠶᠢᠭᠤᠯᠵᠤ᠂ ︽ᠳᠡᠯᠡᠬᠡᠢ ᠶᠢᠨ ᠬᠤᠪᠣᠷ ᠰᠢᠷᠣᠢ ᠶᠢᠨ ᠬᠤᠲᠠ︾ ᠶᠢ ᠪᠠᠶᠢᠭᠤᠯᠤᠨ᠎ᠠ᠃ | | ᠶᠢᠨ ᠯᠢ ᠲᠣᠭᠲᠠᠮᠠᠯ ᠰᠣᠷᠢᠨᠵᠢᠨ ︵ᠪᠤᠭᠤᠲᠤ︶ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠶᠡᠷᠦᠩᠬᠡᠢ ᠳᠠᠭᠠᠭᠠᠮᠠᠯ ᠰᠤ᠋ ᠴᠢᠤᠸᠠᠨ᠄ | ︽ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠨᠢ ᠮᠠᠨ ᠤ ᠬᠤᠲᠠ ᠶᠢᠨ | ᠬᠤᠪᠣᠷ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠢᠲᠡᠭᠡᠯ ᠵᠣᠷᠢᠭ ᠢ ᠬᠥᠪᠴᠢᠯᠡᠭᠰᠡᠨ ᠢᠶᠠᠷ | ᠪᠠᠷᠠᠬᠤ ᠦᠭᠡᠢ᠂ ᠪᠠᠰᠠ ᠮᠠᠨ ᠤ ᠬᠤᠪᠣᠷ ᠰᠢᠷᠣᠢ ᠶᠢᠨ ᠠᠵᠤ ᠠᠬᠤᠶᠢᠯᠠᠯ ᠤᠨ ᠬᠥᠭᠵᠢᠯᠲᠡ ᠳᠤ ᠴᠢᠭᠯᠡᠯ ᠢ | ᠲᠣᠳᠣᠷᠬᠠᠢ ᠵᠢᠭᠠᠵᠤ ᠥᠭᠭᠦᠭᠰᠡᠨ ᠪᠠᠶᠢᠨ᠎ᠠ︾᠃ ᠶᠢᠨ ᠯᠢ ᠲᠣᠭᠳᠠᠮᠠᠯ ᠰᠣᠷᠢᠨᠵᠢᠨ ︵ᠪᠤᠭᠤᠲᠤ︶ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠰᠣ᠋ ᠴᠢᠤᠸᠠᠨ᠂ ᠠᠵᠢᠯ ᠲᠥᠷᠥᠯ ᠤᠨ | ᠲᠡᠷᠢᠭᠦᠨ ᠤ ᠠᠵᠤ ᠠᠬᠤᠶᠢᠯᠠᠯ ᠪᠣᠯᠤᠭᠰᠠᠨ ᠤ ᠬᠤᠪᠢ ᠳᠤ ᠶᠢᠨ ᠯᠢ ᠲᠣᠭᠲᠠᠮᠠᠯ ᠰᠣᠷᠢᠨᠵᠢᠨ ᠢ ᠥᠨᠳᠥᠷ | ᠴᠢᠳᠠᠪᠬᠢ ᠲᠠᠢ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠤ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠶᠢ | ᠵᠢᠯ ᠳᠤ 2 ᠲᠦᠮᠡᠨ ᠲᠣᠨ ᠬᠦᠷᠲᠡᠯ᠎ᠡ ᠯᠠᠪᠳᠠᠭᠤᠨ ᠪᠥᠭᠡᠳ ᠲᠦᠷᠭᠡᠨ ᠢᠶᠠᠷ ᠳᠡᠭᠡᠭᠰᠢᠯᠡᠭᠦᠯᠵᠦ᠂ ᠲᠡᠷᠢᠭᠦᠨ ᠤ ᠤᠷ᠎ᠠ | ᠮᠡᠷᠭᠡᠰᠢᠯ ᠲᠠᠢ᠂ ᠬᠡᠪᠴᠢᠶ᠎ᠡ ᠪᠠᠷ ᠲᠡᠷᠢᠭᠦᠨ ᠤ᠂ ᠬᠡᠷᠡᠭᠯᠡᠭᠡᠨ ᠢᠶᠠᠷ ᠪᠠᠶᠠᠯᠢᠭ ᠪᠥᠬᠦ ᠳᠡᠯᠡᠬᠡᠢ ᠶᠢᠨ ᠬᠠᠮᠤᠭ ᠤᠨ ᠲᠣᠮᠣ | ᠬᠤᠪᠣᠷ ᠰᠢᠷᠣᠢ ᠶᠢᠨ ᠨᠧᠦᠳᠢᠮ ᠲᠡᠮᠦᠷ ᠪᠤᠷ ᠤᠨ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢ ᠶᠢ | ᠪᠠᠶᠢᠭᠤᠯᠵᠤ᠂ ᠪᠤᠭᠤᠲᠤ ᠶᠢᠨ ᠪᠥᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ | ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠤᠯᠤᠰ ᠤᠨ ᠴᠢᠬᠤᠯᠠ ᠡᠨᠧᠷᠭᠢ | ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠬᠠᠩᠭᠠᠯᠭ᠎ᠠ ᠶᠢ ᠪᠠᠲᠤᠯᠠᠬᠤ | ᠴᠢᠳᠠᠪᠤᠷᠢ ᠶᠢ ᠨᠡᠮᠡᠭᠳᠡᠭᠦᠯᠬᠦ ᠳᠤ ᠬᠤᠪᠢ ᠨᠡᠮᠡᠷᠢ ᠪᠠᠨ ᠦᠵᠡᠭᠦᠯᠵᠦ᠂ ᠪᠥᠬᠦ ᠳᠡᠯᠡᠬᠡᠢ ᠶᠢᠨ ᠬᠡᠪᠴᠢᠶᠡᠨ ᠳᠤ ᠬᠤᠪᠣᠷ | ᠰᠢᠷᠣᠢ ᠶᠢᠨ ᠰᠤᠳᠤᠯᠤᠨ ᠨᠡᠭᠡᠭᠡᠬᠦ ᠪᠤᠭᠤᠲᠤ ᠶᠢᠨ ᠨᠠᠷᠠᠲᠤ ᠲᠡᠮᠳᠡᠭᠲᠦ ᠶᠢ ᠡᠭᠦᠳᠦᠨ᠎ᠡ ᠭᠡᠪᠠ᠃ |