ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠦᠷ ᠴᠠᠭ ᠤᠨ ᠴᠠᠭᠠᠨ ᠰᠠᠷ᠎ᠠ ᠶᠢᠨ ᠪᠠᠷᠠᠭᠠᠨ ᠤ ᠵᠠᠬ᠎ᠠ ᠳᠡᠯᠭᠡᠭᠦᠷ ᠪᠠᠶᠢᠭᠤᠯᠪᠠ
ᠨᠡᠶᠢᠲᠡᠯᠡᠭᠰᠡᠨ ᠴᠠᠭ᠄
2024/1/25
      2024 ᠣᠨ ᠤ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠬᠤᠪᠣᠷ ᠰᠢᠷᠣᠶ᠂ ᠥᠳᠭᠡᠨ ᠪᠠᠶᠠᠷ ᠤᠨ ᠡᠳᠦᠷ ᠤᠨ ᠠᠭᠤᠷ  ᠠᠮᠢᠰᠬᠤᠯ ᠢ ᠪᠣᠢ ᠪᠣᠯᠭᠠᠵᠤ᠂ ᠬᠤᠪᠣᠷ ᠰᠢᠷᠣᠶ ᠶᠢᠨ ᠳᠡᠭᠡᠳᠦ  ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ︽ᠲᠥᠪᠯᠡᠷᠡᠭᠦᠯᠦᠨ ᠪᠠᠢᠷᠢᠯᠠᠭᠤᠯᠬᠤ᠂ ᠣᠯᠠᠨ ᠲᠦᠮᠡᠨ ᠳᠤ ᠳᠥᠭᠦᠮ ᠦᠵᠡᠭᠦᠯᠬᠦ᠂  ᠵᠢᠷᠤᠮᠵᠢᠭᠤᠨ ᠪᠠᠢᠬᠤ︾ ᠵᠠᠷᠴᠢᠮ ᠶᠣᠰᠣᠭᠠᠷ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ ᠂ ᠭᠠᠵᠠᠷ ᠵᠦᠢ ᠶᠢᠨ ᠣᠷᠴᠢᠨ ᠲᠣᠭᠤᠷᠢᠨ ᠢ ᠵᠠᠳᠠᠯᠤᠨ᠂ ᠣᠯᠠᠨ ᠲᠠᠯ᠎ᠠ ᠶᠢᠨ ᠰᠠᠨᠠᠯ ᠬᠤᠷᠢᠶᠠᠵᠤ᠂ ᠬᠠᠮᠤᠭ  ᠰᠢᠯᠢᠳᠡᠭ ᠪᠠᠶᠢᠷᠢ ᠶᠢ ᠰᠣᠩᠭᠤᠵᠤ᠂ ᠰᠣᠬᠤᠷ ᠪᠠᠯᠠᠢ ᠵᠠᠮ᠂ ᠭᠠᠯ ᠤᠨᠲᠠᠷᠠᠭᠠᠬᠤ ᠵᠠᠮ ᠢ ᠡᠵᠡᠯᠡᠬᠦ ᠦᠭᠡᠢ᠂ ᠬᠤᠲᠠ ᠶᠢᠨ ᠠᠷᠠᠳ ᠣᠯᠠᠨ ᠎ ᠢ ᠦᠢᠮᠡᠭᠦᠯᠬᠦ ᠦᠭᠡᠢ ᠪᠠᠢᠬᠤ ᠤᠷᠢᠳᠠᠯ ᠳᠣᠣᠷ᠎ᠠ᠂  ᠰᠢᠨᠵᠢᠯᠡᠬᠦ ᠤᠬᠠᠭᠠᠨ ᠮᠡᠷᠭᠡᠵᠢᠯ ᠤᠨ ᠵᠠᠮ᠂ ᠮᠢᠨ ᠱᠢᠨ ᠵᠠᠮ᠂ ᠸᠠᠨ ᠴᠢᠤᠸᠠᠨ ᠵᠢᠶᠠ ᠶᠤᠸᠠᠨ᠂ ᠾᠧᠩ ᠸᠧᠢ ᠵᠠᠮ ᠵᠡᠷᠭᠡ ᠭᠠᠵᠠᠷ ᠲᠤ ᠨᠡᠢᠲᠡ 4 ᠲᠦᠷ ᠴᠠᠭ ᠤᠨ ᠵᠢᠯ ᠤᠨ ᠪᠠᠷᠠᠭ᠎ᠠ ᠶᠢᠨ ᠵᠠᠬ᠎ᠠ ᠳᠡᠯᠭᠡᠭᠦᠷ ᠢ ᠪᠠᠢᠭᠤᠯᠵᠤ᠂ ᠨᠡᠢᠲᠡ 320 ᠳᠡᠯᠭᠡᠭᠦᠷ ᠭᠠᠷᠭᠠᠵᠠᠢ᠃ ᠲᠦᠷ ᠴᠠᠭ ᠤᠨ ᠴᠠᠭᠠᠨ ᠰᠠᠷ᠎ᠠ ᠶᠢᠨ ᠪᠠᠷᠠᠭᠠᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠴᠠᠭ ᠤᠨ ᠬᠢᠵᠠᠭᠠᠷ ᠨᠢ 2024 ᠣᠨ ᠤ 1 ᠰᠠᠷ᠎ᠠ ᠶᠢᠨ 15᠎ ᠤ ᠡᠳᠦᠷ ᠠᠴᠠ 2024 ᠣᠨ ᠤ 2 ᠰᠠᠷ᠎ᠠ ᠶᠢᠨ 9᠎ ᠤ ᠡᠳᠦᠷ ᠪᠣᠯᠲᠠᠯ᠎ᠠ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠨᠢ ᠰᠢᠨ᠎ᠡ ᠵᠢᠯ ᠤᠨ ᠬᠤᠤᠰ ᠤᠶᠠᠩᠭ᠎ᠠ᠂ ᠰᠢᠬᠢᠷ ᠤᠨ ᠭᠤᠤᠯ ᠪᠠᠷᠠᠭ᠎ᠠ᠂ ᠳ᠋ᠧᠩᠯᠦ ᠵᠢᠴᠢ ᠨᠠᠭᠠᠳᠤᠮ ᠤᠨ ᠬᠡᠷᠡᠭᠰᠡᠯ ᠵᠡᠷᠭᠡ ᠵᠢᠯ ᠤᠨ ᠪᠠᠷᠠᠭ᠎ᠠ ᠪᠣᠯᠤᠨ᠎ᠠ᠂ ᠬᠤᠸᠠᠷ ᠫᠤᠤᠵᠢᠩ ᠪᠣᠷᠣᠯᠠᠭᠤᠯᠬᠤ ᠶᠢ ᠴᠢᠩᠭ᠎ᠠ ᠴᠠᠭᠠᠵᠠᠯᠠᠵᠤ᠂ ᠬᠦᠢᠳᠡᠨ ᠬᠡᠯᠬᠢᠶᠡᠲᠦ ᠢᠳᠡᠭᠡᠨ ᠪᠣᠷᠣᠯᠠᠭᠤᠯᠬᠤ ᠶᠢ ᠴᠢᠩᠭ᠎ᠠ ᠴᠠᠭᠠᠵᠠᠯᠠᠵᠤ ᠂ ᠲᠤᠬᠠᠶ ᠶᠢᠨ ᠲᠠᠯᠠᠪᠤᠷ ᠲᠤ ᠨᠢᠲᠤᠯᠵᠤ ᠡᠳ᠋ᠰᠢᠭᠦᠯᠬᠦ ᠶᠢ ᠴᠢᠩᠭ᠎ᠠ ᠴᠠᠭᠠᠵᠠᠯᠠᠵᠤ᠂ ᠡᠷᠬᠢᠨ ᠲᠣᠭᠤᠷᠢᠨ ᠤ ᠣᠷᠴᠢᠨ ᠲᠣᠭᠤᠷᠢᠨ ᠵᠢᠴᠢ ᠡᠵᠡᠩᠨᠡᠯᠲᠡ ᠶᠢᠨ ᠡᠮᠬᠢ ᠵᠢᠷᠤᠮ ᠢ ᠤᠬᠠᠮᠰᠠᠷ ᠠᠴᠠ ᠪᠠᠨ ᠬᠠᠮᠠᠭᠠᠯᠠᠵᠤ᠂ ᠡᠵᠡᠩᠨᠡᠯᠲᠡ ᠶᠢᠨ ᠡᠳ᠋ ᠪᠣᠳᠠᠰ ᠢ ᠲᠡᠷᠢ ᠲᠡᠭᠰᠢ ᠲᠠᠯᠪᠢᠵᠤ᠂ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ᠃       ᠲᠠᠷᠠᠭᠠᠴᠢ ᠶᠢᠨ ᠠᠯᠬᠤᠮ ᠳᠤ᠂ ᠮᠠᠨ ᠤ ᠶᠡᠭᠡ ᠠᠩᠭᠢ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ ᠬᠦᠴᠦᠨ ᠢᠶᠠᠨ ᠨᠡᠮᠡᠭᠳᠡᠭᠦᠯᠵᠦ᠂ ᠲᠦᠷ ᠴᠠᠭ ᠤᠨ ᠴᠠᠭᠠᠨ ᠰᠠᠷ᠎ᠠ ᠶᠢᠨ ᠪᠠᠷᠠᠭᠠᠨ ᠤ ᠵᠠᠬ᠎ᠠ ᠳᠡᠯᠭᠡᠭᠦᠷ ᠤᠨ ᠡᠷᠬᠢᠨ ᠲᠣᠭᠤᠷᠢᠨ ᠤ ᠬᠤᠲᠠ ᠶᠢᠨ ᠦᠵᠡᠮᠵᠢ ᠶᠢᠨ ᠡᠮᠬᠢ ᠳᠢᠭᠯᠢᠮ ᠤᠨ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠭᠠᠯ ᠶᠣᠰᠣᠭᠠᠷ ᠲᠣᠭᠲᠠᠭᠠᠭᠰᠠᠨ ᠪᠤᠰᠤ ᠣᠷᠣᠨ ᠪᠦᠰᠡ ᠳᠤ ᠳᠤᠷ᠎ᠠ ᠪᠠᠷ ᠢᠶᠠᠨ ᠵᠠᠮ ᠡᠵᠡᠯᠡᠨ ᠳᠡᠯᠭᠡᠭᠦᠷ ᠭᠠᠷᠭᠠᠵᠤ ᠲᠠᠸᠠᠷ ᠬᠤᠳᠠᠯᠳᠤᠭᠰᠠᠨ ᠪᠠᠶᠢᠪᠠᠯ᠂ ︽ᠪᠤᠭᠤᠲᠤ ᠬᠤᠲᠠ ᠶᠢᠨ ᠬᠤᠲᠠ ᠶᠢᠨ ᠦᠵᠡᠮᠵᠢ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠦᠷᠢᠮ︾᠎ ᠢ ᠦᠨᠳᠦᠰᠦᠯᠡᠨ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ ᠂ ᠥᠷᠭᠡᠨ ᠣᠯᠠᠨ ᠬᠤᠲᠠ ᠶᠢᠨ ᠠᠷᠠᠳ ᠲᠦᠮᠡᠨ ᠤ ᠴᠡᠪᠡᠷ ᠴᠡᠮᠴᠡᠭᠡᠷ᠂ ᠴᠡᠴᠡᠭᠯᠡᠨ ᠬᠥᠭᠵᠢᠭᠰᠡᠨ᠂ ᠥᠯᠵᠡᠶ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号