ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ  ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ  ᠬᠡᠷᠡᠭᠵᠢᠭᠦᠯᠬᠦ ᠶᠡᠭᠡ ᠠᠩᠭᠢ ᠲᠦᠷ ᠴᠠᠭ ᠤᠨ ᠴᠠᠭᠠᠨ ᠰᠠᠷ᠎ᠠ ᠶᠢᠨ ᠪᠠᠷᠠᠭᠠᠨ ᠤ ᠵᠠᠬ᠎ᠠ ᠳᠡᠯᠭᠡᠭᠦᠷ ᠪᠠᠶᠢᠭᠤᠯᠪᠠ
ᠨᠡᠶᠢᠲᠡᠯᠡᠭᠰᠡᠨ ᠴᠠᠭ᠄
2024/1/25
      2024 ᠣᠨ ᠤ ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ ᠬᠤᠪᠣᠷ ᠰᠢᠷᠣᠶ᠂ ᠥᠳᠭᠡᠨ ᠪᠠᠶᠠᠷ ᠤᠨ  ᠡᠳᠦᠷ ᠤᠨ ᠠᠭᠤᠷ  ᠠᠮᠢᠰᠬᠤᠯ ᠢ ᠪᠣᠢ ᠪᠣᠯᠭᠠᠵᠤ᠂ ᠬᠤᠪᠣᠷ ᠰᠢᠷᠣᠶ ᠶᠢᠨ ᠳᠡᠭᠡᠳᠦ  ᠰᠢᠨ᠎ᠡ ᠮᠡᠷᠭᠡᠵᠢᠯ ᠤᠨ ᠣᠷᠣᠨ ᠤ  ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠢᠯᠡᠭᠰᠡᠨ ᠵᠠᠰᠠᠭ  ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ︽ᠲᠥᠪᠯᠡᠷᠡᠭᠦᠯᠦᠨ ᠪᠠᠢᠷᠢᠯᠠᠭᠤᠯᠬᠤ᠂ ᠣᠯᠠᠨ ᠲᠦᠮᠡᠨ ᠳᠤ  ᠳᠥᠭᠦᠮ ᠦᠵᠡᠭᠦᠯᠬᠦ᠂  ᠵᠢᠷᠤᠮᠵᠢᠭᠤᠨ ᠪᠠᠢᠬᠤ︾ ᠵᠠᠷᠴᠢᠮ ᠶᠣᠰᠣᠭᠠᠷ᠂ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ  ᠂ ᠭᠠᠵᠠᠷ ᠵᠦᠢ ᠶᠢᠨ ᠣᠷᠴᠢᠨ ᠲᠣᠭᠤᠷᠢᠨ ᠢ ᠵᠠᠳᠠᠯᠤᠨ᠂ ᠣᠯᠠᠨ ᠲᠠᠯ᠎ᠠ ᠶᠢᠨ ᠰᠠᠨᠠᠯ ᠬᠤᠷᠢᠶᠠᠵᠤ᠂ ᠬᠠᠮᠤᠭ   ᠰᠢᠯᠢᠳᠡᠭ ᠪᠠᠶᠢᠷᠢ ᠶᠢ ᠰᠣᠩᠭᠤᠵᠤ᠂ ᠰᠣᠬᠤᠷ ᠪᠠᠯᠠᠢ ᠵᠠᠮ᠂ ᠭᠠᠯ ᠤᠨᠲᠠᠷᠠᠭᠠᠬᠤ ᠵᠠᠮ ᠢ ᠡᠵᠡᠯᠡᠬᠦ ᠦᠭᠡᠢ᠂  ᠬᠤᠲᠠ ᠶᠢᠨ ᠠᠷᠠᠳ ᠣᠯᠠᠨ ᠎ ᠢ ᠦᠢᠮᠡᠭᠦᠯᠬᠦ ᠦᠭᠡᠢ ᠪᠠᠢᠬᠤ ᠤᠷᠢᠳᠠᠯ ᠳᠣᠣᠷ᠎ᠠ᠂  ᠰᠢᠨᠵᠢᠯᠡᠬᠦ ᠤᠬᠠᠭᠠᠨ  ᠮᠡᠷᠭᠡᠵᠢᠯ ᠤᠨ ᠵᠠᠮ᠂ ᠮᠢᠨ ᠱᠢᠨ ᠵᠠᠮ᠂ ᠸᠠᠨ ᠴᠢᠤᠸᠠᠨ ᠵᠢᠶᠠ ᠶᠤᠸᠠᠨ᠂ ᠾᠧᠩ ᠸᠧᠢ ᠵᠠᠮ ᠵᠡᠷᠭᠡ ᠭᠠᠵᠠᠷ ᠲᠤ  ᠨᠡᠢᠲᠡ 4 ᠲᠦᠷ ᠴᠠᠭ ᠤᠨ ᠵᠢᠯ ᠤᠨ ᠪᠠᠷᠠᠭ᠎ᠠ ᠶᠢᠨ ᠵᠠᠬ᠎ᠠ ᠳᠡᠯᠭᠡᠭᠦᠷ ᠢ ᠪᠠᠢᠭᠤᠯᠵᠤ᠂ ᠨᠡᠢᠲᠡ 320 ᠳᠡᠯᠭᠡᠭᠦᠷ  ᠭᠠᠷᠭᠠᠵᠠᠢ᠃ ᠲᠦᠷ ᠴᠠᠭ ᠤᠨ ᠴᠠᠭᠠᠨ ᠰᠠᠷ᠎ᠠ ᠶᠢᠨ ᠪᠠᠷᠠᠭᠠᠨ ᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠴᠠᠭ ᠤᠨ  ᠬᠢᠵᠠᠭᠠᠷ ᠨᠢ 2024 ᠣᠨ ᠤ 1 ᠰᠠᠷ᠎ᠠ ᠶᠢᠨ 15᠎ ᠤ ᠡᠳᠦᠷ ᠠᠴᠠ 2024 ᠣᠨ ᠤ 2 ᠰᠠᠷ᠎ᠠ ᠶᠢᠨ 9᠎ ᠤ ᠡᠳᠦᠷ  ᠪᠣᠯᠲᠠᠯ᠎ᠠ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠨᠢ ᠰᠢᠨ᠎ᠡ ᠵᠢᠯ ᠤᠨ ᠬᠤᠤᠰ ᠤᠶᠠᠩᠭ᠎ᠠ᠂ ᠰᠢᠬᠢᠷ ᠤᠨ ᠭᠤᠤᠯ  ᠪᠠᠷᠠᠭ᠎ᠠ᠂ ᠳ᠋ᠧᠩᠯᠦ ᠵᠢᠴᠢ ᠨᠠᠭᠠᠳᠤᠮ ᠤᠨ ᠬᠡᠷᠡᠭᠰᠡᠯ ᠵᠡᠷᠭᠡ ᠵᠢᠯ ᠤᠨ ᠪᠠᠷᠠᠭ᠎ᠠ ᠪᠣᠯᠤᠨ᠎ᠠ᠂ ᠬᠤᠸᠠᠷ ᠫᠤᠤᠵᠢᠩ  ᠪᠣᠷᠣᠯᠠᠭᠤᠯᠬᠤ ᠶᠢ ᠴᠢᠩᠭ᠎ᠠ ᠴᠠᠭᠠᠵᠠᠯᠠᠵᠤ᠂ ᠬᠦᠢᠳᠡᠨ ᠬᠡᠯᠬᠢᠶᠡᠲᠦ ᠢᠳᠡᠭᠡᠨ ᠪᠣᠷᠣᠯᠠᠭᠤᠯᠬᠤ ᠶᠢ ᠴᠢᠩᠭ᠎ᠠ ᠴᠠᠭᠠᠵᠠᠯᠠᠵᠤ  ᠂ ᠲᠤᠬᠠᠶ ᠶᠢᠨ ᠲᠠᠯᠠᠪᠤᠷ ᠲᠤ ᠨᠢᠲᠤᠯᠵᠤ ᠡᠳ᠋ᠰᠢᠭᠦᠯᠬᠦ ᠶᠢ ᠴᠢᠩᠭ᠎ᠠ ᠴᠠᠭᠠᠵᠠᠯᠠᠵᠤ᠂ ᠡᠷᠬᠢᠨ ᠲᠣᠭᠤᠷᠢᠨ ᠤ ᠣᠷᠴᠢᠨ  ᠲᠣᠭᠤᠷᠢᠨ ᠵᠢᠴᠢ ᠡᠵᠡᠩᠨᠡᠯᠲᠡ ᠶᠢᠨ ᠡᠮᠬᠢ ᠵᠢᠷᠤᠮ ᠢ ᠤᠬᠠᠮᠰᠠᠷ ᠠᠴᠠ ᠪᠠᠨ ᠬᠠᠮᠠᠭᠠᠯᠠᠵᠤ᠂ ᠡᠵᠡᠩᠨᠡᠯᠲᠡ ᠶᠢᠨ ᠡᠳ᠋  ᠪᠣᠳᠠᠰ ᠢ ᠲᠡᠷᠢ ᠲᠡᠭᠰᠢ ᠲᠠᠯᠪᠢᠵᠤ᠂ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠨ᠎ᠠ᠃           ᠲᠠᠷᠠᠭᠠᠴᠢ ᠶᠢᠨ ᠠᠯᠬᠤᠮ ᠳᠤ᠂ ᠮᠠᠨ ᠤ ᠶᠡᠭᠡ ᠠᠩᠭᠢ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ  ᠪᠠᠶᠢᠴᠠᠭᠠᠬᠤ ᠬᠦᠴᠦᠨ ᠢᠶᠠᠨ ᠨᠡᠮᠡᠭᠳᠡᠭᠦᠯᠵᠦ᠂ ᠲᠦᠷ ᠴᠠᠭ ᠤᠨ ᠴᠠᠭᠠᠨ ᠰᠠᠷ᠎ᠠ ᠶᠢᠨ ᠪᠠᠷᠠᠭᠠᠨ ᠤ ᠵᠠᠬ᠎ᠠ ᠳᠡᠯᠭᠡᠭᠦᠷ ᠤᠨ  ᠡᠷᠬᠢᠨ ᠲᠣᠭᠤᠷᠢᠨ ᠤ ᠬᠤᠲᠠ ᠶᠢᠨ ᠦᠵᠡᠮᠵᠢ ᠶᠢᠨ ᠡᠮᠬᠢ ᠳᠢᠭᠯᠢᠮ ᠤᠨ ᠬᠠᠮᠢᠶᠠᠷᠤᠯᠲᠠ ᠶᠢ ᠴᠢᠩᠭᠠᠳᠬᠠᠵᠤ᠂  ᠲᠣᠭᠲᠠᠭᠠᠯ ᠶᠣᠰᠣᠭᠠᠷ ᠲᠣᠭᠲᠠᠭᠠᠭᠰᠠᠨ ᠪᠤᠰᠤ ᠣᠷᠣᠨ ᠪᠦᠰᠡ ᠳᠤ ᠳᠤᠷ᠎ᠠ ᠪᠠᠷ ᠢᠶᠠᠨ ᠵᠠᠮ ᠡᠵᠡᠯᠡᠨ ᠳᠡᠯᠭᠡᠭᠦᠷ  ᠭᠠᠷᠭᠠᠵᠤ ᠲᠠᠸᠠᠷ ᠬᠤᠳᠠᠯᠳᠤᠭᠰᠠᠨ ᠪᠠᠶᠢᠪᠠᠯ᠂ ︽ᠪᠤᠭᠤᠲᠤ ᠬᠤᠲᠠ ᠶᠢᠨ ᠬᠤᠲᠠ ᠶᠢᠨ ᠦᠵᠡᠮᠵᠢ ᠪᠠ ᠣᠷᠴᠢᠨ  ᠲᠣᠭᠤᠷᠢᠨ ᠤ ᠠᠷᠢᠭᠤᠨ ᠴᠡᠪᠡᠷ ᠤᠨ ᠲᠦᠷᠢᠮ︾᠎ ᠢ ᠦᠨᠳᠦᠰᠦᠯᠡᠨ᠂ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ  ᠂ ᠥᠷᠭᠡᠨ ᠣᠯᠠᠨ ᠬᠤᠲᠠ ᠶᠢᠨ ᠠᠷᠠᠳ ᠲᠦᠮᠡᠨ ᠤ ᠴᠡᠪᠡᠷ ᠴᠡᠮᠴᠡᠭᠡᠷ᠂ ᠴᠡᠴᠡᠭᠯᠡᠨ ᠬᠥᠭᠵᠢᠭᠰᠡᠨ᠂ ᠥᠯᠵᠡᠶ  ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠦᠨᠡᠨ ᠬᠦ ᠪᠠᠲᠤᠯᠠᠨ᠎ᠠ᠃
 
ᠢᠷᠡᠯᠲᠡ᠄ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠫᠣᠷᠲ᠋ᠧᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号